2023 ᠣᠨ ᠤ 1 ᠰᠠᠷ᠎ᠠ ᠶᠢᠨ 29 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠪᠦᠦ ᠯᠢᠶᠠᠨ ᠱᠠᠨ ᠨᠠᠢᠮᠠᠨ ᠬᠤᠰᠢᠭᠤᠨ ᠤ | ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ 17 ᠳ᠋ᠤᠭᠠᠷ ᠤᠳᠠᠭᠠᠨ ᠤ | ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠳᠡᠭᠡᠷ᠎ᠡ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠬᠢᠵᠠᠭᠠᠷᠯᠠᠭᠰᠠᠨ ᠲᠤᠭ᠎ᠠ ᠠᠴᠠ | ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠬᠤᠯᠪᠣᠭᠳᠠᠯ ᠪᠦᠬᠦᠢ ᠤᠴᠢᠷ ᠢ ᠰᠤᠳᠤᠯᠤᠨ | ᠶᠠᠷᠢᠯᠴᠠᠪᠠ᠃ | ᠬᠤᠷᠠᠯ ᠠᠴᠠ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠣᠯ ᠰᠢᠨ᠎ᠡ ᠨᠡᠮᠡᠭᠳᠡᠯ ᠤᠨ ᠬᠡᠮᠵᠢᠶ᠎ᠡ ᠶᠢ | ᠶᠡᠬᠡᠰᠬᠡᠬᠦ᠂ ᠰᠢᠨ᠎ᠡ ᠬᠥᠳᠡᠯᠭᠡᠬᠦ ᠬᠦᠴᠦᠨ ᠢ ᠬᠦᠴᠦᠷᠬᠡᠭᠵᠢᠭᠦᠯᠬᠦ ᠶᠢᠨ ᠵᠠᠩᠭᠢᠯᠠᠭ᠎ᠠ ᠶᠢᠨ ᠭᠠᠷᠳᠠᠴᠠ ᠮᠥᠨ᠂ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ᠂ ᠬᠤᠳᠠ ᠶᠢᠨ ᠥᠷᠢᠰᠦᠯᠳᠦᠬᠦ ᠬᠦᠴᠦᠨ ᠢ ᠲᠦᠷᠭᠡᠨ ᠳᠡᠭᠡᠭᠰᠢᠯᠡᠭᠦᠯᠬᠦ | ᠴᠢᠬᠤᠯᠠ ᠠᠷᠭ᠎ᠠ ᠵᠠᠮ ᠮᠥᠨ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠠᠮᠢ ᠠᠬᠤᠢ ᠶᠢ ᠲᠡᠷᠢᠭᠦᠨ ᠳᠤ | ᠲᠠᠯᠪᠢᠬᠤ᠂ ᠪᠣᠬᠢᠷᠲᠤᠯ ᠦᠭᠡᠢ ᠪᠠᠷ ᠬᠥᠭᠵᠢᠭᠦᠯᠬᠦ︾ ᠵᠠᠷᠴᠢᠮ ᠢ ᠪᠠᠷᠢᠮᠲᠠᠯᠠᠨ᠂ ᠮᠠᠨ ᠤ ᠬᠤᠰᠢᠭᠤᠨ ᠤ ᠭᠤᠣᠯᠯᠠᠬᠤ | ᠠᠵᠤ ᠦᠢᠯᠡᠰ᠂ ᠳᠠᠪᠠᠭᠤᠯᠢᠭ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠠᠷᠠᠯᠵᠢᠶᠠᠴᠢᠨ ᠤᠷᠢᠬᠤ | ᠠᠷᠭ᠎ᠠ ᠮᠠᠶ᠋ᠢᠭ ᠢ ᠰᠢᠯᠢᠳᠡᠭᠵᠢᠭᠦᠯᠦᠨ᠂ ᠠᠷᠠᠯᠵᠢᠶᠠᠴᠢᠨ ᠤᠷᠢᠬᠤ ᠠᠷᠭ᠎ᠠ ᠵᠠᠮ ᠢ ᠥᠷᠭᠡᠳᠬᠡᠵᠦ᠂ ᠠᠵᠠ ᠲᠣᠬᠢᠶᠠᠯ ᠢ | ᠠᠮᠵᠢᠨ᠂ ︽ᠭᠠᠳᠠᠭᠰᠢ ᠭᠠᠷᠬᠤ᠂ ᠣᠷᠣᠭᠤᠯᠵᠤ ᠠᠪᠴᠢᠷᠠᠬᠤ︾ ᠬᠦᠴᠦᠷᠬᠡᠭ ᠶᠡᠭᠡ ᠰᠦᠷ ᠬᠦᠴᠦᠨ ᠢ ᠪᠣᠶ | ᠪᠣᠯᠭᠠᠵᠤ᠂ ᠨᠠᠢᠮᠠᠨ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ | ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ 2023 ᠣᠨ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢ | ᠬᠡᠷᠡᠭᠵᠢᠭᠦᠯᠬᠦ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠵᠢᠯ ᠮᠥᠨ᠃ ᠡᠯ᠎ᠡ | ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ | ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠢ ᠶᠢᠨ ᠠᠵᠢᠯ ᠤᠨ | ᠬᠤᠷᠠᠯ ᠠᠴᠠ ᠲᠣᠭᠲᠠᠭᠠᠭᠰᠠᠨ ᠠᠵᠢᠯ ᠤᠨ ᠰᠡᠳᠬᠢᠮᠵᠢ ᠶᠢᠨ ᠲᠣᠭᠤᠷᠢᠨ ᠳᠤ ︽ᠲᠥᠷᠥᠯ ᠵᠦᠢᠯ ᠢᠶᠠᠷ ᠭᠤᠣᠯ | ᠪᠣᠯᠭᠠᠬᠤ︾ ᠣᠶᠢᠯᠠᠭᠠᠭᠳᠠᠬᠤᠨ ᠢ ᠤᠯᠠᠮ ᠨᠢᠭᠡ ᠠᠯᠬᠤᠮ ᠪᠠᠲᠤ ᠪᠠᠬᠢ ᠪᠣᠶ ᠪᠣᠯᠭᠠᠵᠤ᠂ ᠪᠡᠯᠡ ᠣᠷᠣᠭᠤᠯᠤᠯᠲᠠ ᠶᠢᠨ | ︽ᠰᠠᠭᠤᠷᠢ ᠴᠢᠯᠠᠭᠤ︾ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠥᠷᠥᠯ ᠵᠦᠢᠯ ᠤᠨ ᠨᠥᠭᠡᠴᠡᠯᠡᠬᠦ ᠠᠵᠢᠯ ᠢ | ᠭᠦᠨᠵᠡᠭᠡᠢ ᠪᠥᠭᠡᠳ ᠪᠣᠳᠠᠲᠠᠢ ᠪᠠᠷ ᠬᠢᠬᠦ ᠬᠡᠷᠡᠭᠲᠡᠢ︔ ᠡᠯᠧᠮᠧᠨ᠋ᠲ ᠤᠨ ᠪᠠᠲᠤᠯᠠᠭ᠎ᠠ ᠶᠢ ᠴᠢᠩᠭ᠎ᠠ ᠠᠳᠬᠤᠵᠤ᠂ ︽ | ᠲᠦᠷᠦᠯ ᠵᠦᠢᠯ ᠤᠨ ᠬᠠᠮᠢᠶᠠᠷᠤᠭᠴᠢ︾᠂ ᠬᠠᠪᠰᠤᠷᠤᠨ ᠡᠷᠬᠢᠯᠡᠬᠦ ᠣᠷᠣᠯᠠᠨ ᠭᠦᠢᠴᠡᠳᠬᠡᠬᠦ᠂ ᠵᠥᠪᠳᠡᠯᠴᠡᠨ | ᠰᠤᠳᠤᠯᠤᠨ ᠮᠠᠭᠠᠳᠯᠠᠬᠤ ᠵᠡᠷᠭᠡ ᠳᠦᠷᠢᠮ ᠲᠣᠭᠲᠠᠴᠠ ᠶᠢ ᠤᠯᠠᠮ ᠴᠢᠨᠠᠭᠰᠢᠳᠠ ᠨᠠᠷᠢᠯᠢᠭᠵᠢᠭᠤᠯᠤᠨ | ᠨᠠᠶᠢᠳᠠᠪᠤᠷᠢᠵᠢᠭᠤᠯᠵᠤ᠂ ᠦᠢᠯᠡᠴᠢᠯᠡᠭᠡᠨ ᠤ ᠬᠠᠮᠢᠶᠠᠷᠤᠯᠲᠠ ᠶᠢ ᠰᠠᠶᠢᠲᠤᠷ ᠬᠢᠵᠦ᠂ ᠭᠠᠵᠠᠷ ᠬᠡᠷᠡᠭᠯᠡᠬᠦ᠂ ᠪᠡᠯᠡ ᠮᠥᠩᠭᠦ᠂ | ᠬᠢᠨᠠᠨ ᠵᠥᠪᠰᠢᠶᠡᠷᠡᠬᠦ ᠵᠡᠷᠭᠡ ᠪᠠᠲᠤᠯᠠᠭ᠎ᠠ ᠶᠢ ᠴᠢᠩᠭᠠᠳᠬᠠᠵᠤ᠂ ᠲᠦᠷᠦᠯ ᠵᠦᠢᠯ ᠤᠨ ᠲᠦᠷᠭᠡᠨ ᠪᠦᠲᠦᠭᠡᠨ | ᠪᠠᠶᠢᠭᠤᠯᠤᠯᠲᠠ᠂ ᠲᠦᠷᠭᠡᠨ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ︔ ᠲᠣᠭᠲᠠᠴᠠ ᠶᠢᠨ | ᠪᠠᠶᠢᠭᠤᠯᠤᠯᠲᠠ ᠶᠢ ᠴᠢᠩᠭ᠎ᠠ ᠠᠳᠬᠤᠵᠤ᠂ ᠴᠢᠬᠤᠯᠠ ᠶᠡᠭᠡ ᠢᠨᠵᠧᠨᠧᠷᠢᠩ ᠤᠨ ᠭᠤᠣᠯᠳᠠᠯᠭ᠎ᠠ ᠲᠠᠢ ᠲᠦᠷᠦᠯ | ᠵᠦᠢᠯ ᠤᠨ ᠲᠣᠬᠢᠷᠠᠭᠤᠯᠤᠯᠲᠠ ᠶᠢᠨ ᠲᠣᠭᠲᠠᠴᠠ ᠪᠣᠯᠣᠨ ᠱᠠᠯᠠᠪᠳᠠᠭᠤᠯᠤᠨ ᠪᠠᠶᠢᠴᠠᠭᠠᠵᠤ ᠬᠢᠨᠠᠨ ᠵᠢᠯᠤᠭᠤᠳᠬᠤ | ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠱᠠᠲᠤ ᠱᠠᠲᠤ ᠪᠠᠷ ᠳᠠᠷᠤᠯᠲᠠ ᠥᠭᠴᠦ᠂ ᠡᠯ᠎ᠡ ᠵᠦᠢᠯ ᠤᠨ | ᠠᠵᠢᠯ ᠢ ᠪᠣᠳᠠᠲᠠᠢ ᠠᠳᠬᠤᠵᠤ ᠰᠠᠶᠢᠲᠤᠷ ᠠᠳᠬᠤᠵᠤ ᠦᠷ᠎ᠡ ᠪᠦᠲᠦᠮᠵᠢ ᠭᠠᠷᠭᠠᠬᠤ ᠶᠢ ᠪᠠᠲᠤᠯᠠᠬᠤ ᠬᠡᠷᠡᠭᠲᠡᠢ ᠭᠡᠵᠦ | ᠴᠢᠬᠤᠯᠠᠴᠢᠯᠠᠪᠠ᠃ | | | |