ᠲᠠᠶᠢᠯᠤᠮᠵᠢ᠄ ᠨᠠᠢᠮᠠᠨ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ 19  ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠠᠯ
ᠨᠡᠶᠢᠲᠡᠯᠡᠭᠰᠡᠨ ᠴᠠᠭ᠄
2023/12/22
      ᠴᠠᠭ᠄ 2023 ᠣᠨ ᠤ 2 ᠰᠠᠷ᠎ᠠ ᠶᠢᠨ 24 ᠤ ᠡᠳᠦᠷ       2 ᠳ᠋ᠤᠭᠠᠷ ᠰᠠᠷ᠎ᠠ ᠶᠢᠨ 24 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠪᠦᠦ ᠯᠢᠶᠠᠨ ᠱᠠᠨ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠠᠷᠪᠠ ᠶᠢᠰᠦᠳᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠠᠨ ᠬᠤᠷᠠᠯᠳᠤᠭᠤᠯᠵᠤ᠂ ᠣᠢ ᠶᠢᠨ ᠬᠤᠷᠮᠣᠢ ᠶᠢᠨ ᠲᠠᠷᠢᠮᠠᠯ ᠤᠨ ᠬᠤᠯᠪᠣᠭᠳᠠᠯ  ᠪᠦᠬᠦᠢ ᠠᠵᠢᠯ ᠢ ᠴᠢᠩᠭ᠎ᠠ ᠵᠢᠷᠤᠮᠵᠢᠭᠤᠯᠬᠤ ᠶᠢ ᠰᠤᠳᠤᠯᠵᠤ᠂ ︽ᠨᠠᠢᠮᠠᠨ ᠬᠤᠰᠢᠭᠤᠨ ᠤ ᠠᠲᠠᠷ ᠬᠠᠭᠠᠯᠪᠤᠷᠢᠯᠠᠬᠤ ᠶᠢ ᠴᠠᠭᠠᠵᠠᠯᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠲᠦᠷ ᠬᠡᠷᠡᠭᠵᠢᠭᠦᠯᠬᠦ ᠠᠷᠭ᠎ᠠ︾ ︽ᠨᠠᠢᠮᠠᠨ ᠬᠤᠰᠢᠭᠤᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠲᠥᠰᠥᠯ ︵ᠲᠤᠷᠰᠢᠨ ᠬᠡᠷᠡᠭᠵᠢᠭᠦᠯᠬᠦ︶︾ ᠵᠡᠷᠭᠡ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠤᠨ ᠶᠠᠷᠢᠯᠴᠠᠪᠠ᠃       ᠬᠤᠷᠠᠯ ᠠᠴᠠ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠪᠠᠷ ᠬᠥᠭᠵᠢᠭᠦᠯᠬᠦ ᠶᠢ ᠢᠮᠠᠭᠲᠠ ᠪᠠᠷᠢᠮᠲᠠᠯᠠᠵᠤ᠂ ᠣᠶ ᠰᠢᠭᠤᠢ ᠶᠢᠨ ᠡᠬᠢ ᠪᠠᠶᠠᠯᠢᠭ ᠢ ᠥᠨᠢᠳᠡ ᠦᠷᠭᠦᠯᠵᠢᠯᠡᠨ ᠠᠰᠢᠭᠯᠠᠬᠤ ᠶᠢ ᠦᠨᠡᠨᠬᠦ ᠪᠠᠲᠤᠯᠠᠬᠤ᠂ ᠣᠶᠢᠲᠤ ᠭᠠᠵᠠᠷ ᠤᠨ ᠬᠡᠷᠡᠭᠴᠡᠭᠡ ᠶᠢ ᠥᠯᠥ ᠬᠤᠪᠢᠷᠠᠭᠤᠯᠬᠤ ᠤᠷᠢᠲᠠᠯ ᠳᠣᠣᠷ᠎ᠠ᠂ ᠭᠠᠵᠠᠷ ᠣᠷᠣᠨ  ᠳᠤᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠬᠦ ᠠᠷᠭ᠎ᠠ ᠮᠠᠶ᠋ᠢᠭ ᠢ ᠠᠪᠴᠤ᠂ ᠣᠶ ᠶᠢᠨ ᠬᠤᠷᠮᠣᠢ ᠶᠢᠨ ᠠᠵᠤ ᠠᠬᠤᠢ ᠶᠢ ᠢᠳᠡᠪᠬᠢᠲᠡᠢ ᠬᠥᠭᠵᠢᠭᠦᠯᠵᠦ᠂ ᠣᠶ ᠰᠢᠭᠤᠢ ᠶᠢᠨ ᠡᠬᠢ ᠪᠠᠶᠠᠯᠢᠭ ᠢ ᠵᠦᠢ ᠵᠣᠬᠢᠰᠲᠠᠢ ᠠᠰᠢᠭᠯᠠᠨ᠂ ᠣᠶᠢᠲᠤ ᠭᠠᠵᠠᠷ ᠤᠨ ᠦᠢᠯᠡᠳᠪᠦᠷᠢᠯᠡᠯ ᠤᠨ ᠬᠦᠴᠦᠨ ᠢ ᠳᠡᠭᠡᠭᠰᠢᠯᠡᠭᠦᠯᠵᠦ᠂ ᠣᠶᠢᠲᠤ ᠲᠠᠷᠢᠶᠠᠴᠢᠳ ᠤᠨ ᠠᠰᠢᠭ ᠣᠷᠣᠯᠭ᠎ᠠ ᠶᠢ ᠨᠡᠮᠡᠭᠳᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃       ᠬᠤᠷᠠᠯ ᠠᠴᠠ᠂ ᠰᠢ ᠶᠢᠨ ᠫᠢᠩ  ᠤᠨ ᠠᠮᠢ ᠠᠬᠤᠢ ᠶᠢᠨ ᠪᠣᠯᠪᠠᠰᠤᠨ  ᠤ ᠦᠵᠡᠯ ᠰᠠᠨᠠᠭ᠎ᠠ ᠶᠢ ᠴᠢᠨᠠᠭᠰᠢᠳᠠ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ︾ ᠭᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠤᠢ ᠰᠢᠭᠤᠢ ᠡᠪᠡᠰᠦ ᠤᠷᠭᠤᠮᠠᠯ ᠤᠨ ᠬᠤᠴᠢᠯᠭ᠎ᠠ ᠶᠢ ᠬᠠᠮᠠᠭᠠᠯᠠᠬᠤ ᠪᠠ ᠰᠡᠷᠭᠦᠭᠡᠬᠦ ᠶᠢ ᠴᠢᠩᠭᠠᠳᠬᠠᠵᠤ᠂ ᠠᠮᠢ ᠠᠬᠤᠢ ᠶᠢᠨ ᠵᠠᠰᠠᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠶᠢᠨ ᠬᠠᠮᠲᠤ ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠲᠦᠷᠭᠡᠳᠬᠡᠨ ᠠᠬᠢᠭᠤᠯᠵᠤ᠂ ᠰᠢᠨᠵᠢᠯᠡᠬᠦ ᠤᠬᠠᠭᠠᠨᠴᠢ ᠪᠣᠬᠢᠷᠲᠤᠯ ᠦᠭᠡᠢ ᠲᠡᠵᠢᠭᠡᠨ ᠦᠷᠡᠵᠢᠭᠦᠯᠬᠦ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃       ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠢᠮᠠᠭᠲᠠ ᠪᠠᠷᠢᠮᠲᠠᠯᠠᠵᠤ᠂ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢ ᠡᠷᠡᠰ ᠰᠡᠷᠭᠡᠶᠢᠯᠡᠨ ᠠᠷᠢᠯᠭᠠᠬᠤ ᠬᠡᠷᠡᠭᠲᠡᠢ᠃ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠵᠤ᠂ ᠡᠬᠢ ᠡᠭᠦᠰᠦᠯ ᠠᠴᠠ ᠨᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ᠂ ᠭᠡᠨᠡᠳᠲᠡ ᠶᠢᠨ ᠬᠡᠷᠡᠭ ᠡᠭᠦᠰᠬᠦ ᠶᠢ ᠪᠦᠬᠦ ᠬᠦᠴᠦᠨ ᠢᠶᠠᠷ ᠢᠶᠠᠨ ᠰᠡᠷᠭᠡᠶᠢᠯᠡᠨ ᠡᠵᠡᠮᠳᠡᠵᠦ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠵᠤ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃       ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ 
 
ᠢᠷᠡᠯᠲᠡ᠄ ᠨᠠᠢᠮᠠᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06000874号