ᠴᠠᠭ᠄ 2023 ᠣᠨ ᠤ 2 ᠰᠠᠷ᠎ᠠ ᠶᠢᠨ 13 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ | ᠱᠦᠵᠢ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠪᠦᠦ ᠯᠢᠶᠠᠨ ᠱᠠᠨ ᠨᠠᠢᠮᠠᠨ | ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ 18 ᠳ᠋ᠤᠭᠠᠷ | ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ | ᠬᠤᠷᠠᠯ ᠳᠡᠭᠡᠷ᠎ᠡ ᠨᠠᠢᠮᠠᠨ ᠬᠤᠰᠢᠭᠤᠨ ᠤ 2023 ᠣᠨ ᠳᠤ ᠭᠤᠣᠯᠳᠠᠯᠭ᠎ᠠ ᠲᠠᠢ ᠰᠢᠨ᠎ᠡ ᠪᠠᠷ ᠪᠠᠶᠢᠭᠤᠯᠤᠭᠰᠠᠨ | ᠴᠠᠬᠢᠯᠭᠠᠨ ᠬᠦᠴᠦᠨ ᠤ ᠢᠨᠵᠧᠨᠧᠷᠢᠩ ᠵᠢᠴᠢ ᠨᠠᠢᠮᠠᠨ ᠬᠤᠰᠢᠭᠤᠨ ᠤ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠨᠡᠮᠡᠭᠳᠡᠯ ᠴᠠᠬᠢᠯᠭᠠᠨ ᠲᠣᠣᠷ ᠤᠨ ᠪᠣᠬᠢᠷᠲᠤᠯ ᠦᠭᠡᠢ ᠴᠠᠬᠢᠯᠭᠠᠨ ᠬᠠᠩᠭᠠᠬᠤ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠪᠠ᠃ | ᠬᠤᠷᠠᠯ ᠠᠴᠠ᠂ ᠴᠠᠬᠢᠯᠭᠠᠨ ᠬᠦᠴᠦᠨ ᠤ ᠬᠠᠩᠭᠠᠯᠭ᠎ᠠ ᠨᠢ ᠠᠷᠠᠳ ᠤᠨ ᠠᠮᠢᠳᠤᠷᠠᠯ ᠤᠨ ᠪᠤᠶᠠᠨ ᠵᠢᠷᠭᠠᠯ᠂ | ᠨᠡᠶᠢᠭᠡᠮ ᠤᠨ ᠲᠣᠭᠲᠠᠭᠤᠨ᠂ ᠠᠵᠤ ᠠᠬᠤᠢ ᠶᠢᠨ ᠬᠥᠭᠵᠢᠯᠲᠡ ᠲᠠᠢ ᠬᠤᠯᠪᠣᠭᠳᠠᠵᠤ᠂ ᠴᠠᠬᠢᠯᠭᠠᠨ ᠬᠦᠴᠦᠨ ᠤ | ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠮᠠᠨ ᠤ ᠬᠤᠰᠢᠭᠤᠨ ᠤ ᠴᠠᠬᠢᠯᠭᠠᠨ | ᠬᠠᠩᠭᠠᠬᠤ ᠴᠢᠳᠠᠪᠤᠷᠢ ᠪᠠ ᠴᠠᠬᠢᠯᠭᠠᠨ ᠬᠠᠩᠭᠠᠬᠤ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠴᠠᠬᠢᠯᠭᠠᠨ | ᠬᠦᠴᠦᠨ ᠤ ᠦᠢᠯᠡᠴᠢᠯᠡᠭᠡ ᠶᠢ ᠲᠠᠰᠤᠷᠠᠯᠲᠠ ᠦᠭᠡᠢ ᠰᠢᠯᠢᠳᠡᠭᠵᠢᠭᠦᠯᠬᠦ ᠳᠤ ᠠᠰᠢᠭᠲᠠᠢ ᠶᠤᠮ᠃ ᠡᠭᠦᠨ ᠤ ᠬᠠᠮᠲᠤ᠂ | ᠠᠵᠤ ᠠᠬᠤᠶᠢᠯᠠᠯ ᠤᠨ ᠴᠠᠬᠢᠯᠭᠠᠨ ᠬᠡᠷᠡᠭᠯᠡᠬᠦ ᠥᠪᠡᠷ ᠤᠨ ᠥᠷᠲᠡᠭ ᠢ ᠪᠠᠭᠤᠷᠠᠭᠤᠯᠵᠤ᠂ ᠬᠦᠷᠢᠶᠡᠯᠡᠩ ᠲᠣᠭᠤᠷᠢᠭ ᠤᠨ | ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠠᠢᠮᠠᠨ ᠬᠤᠰᠢᠭᠤᠨ ᠤ | ᠠᠵᠤ ᠠᠬᠤᠢ ᠨᠡᠶᠢᠭᠡᠮ ᠤᠨ ᠨᠠᠩ ᠰᠠᠶᠢᠨ ᠨᠠᠩ ᠲᠦᠷᠭᠡᠨ ᠬᠥᠭᠵᠢᠯᠲᠡ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠬᠦ ᠳᠤ | ᠠᠰᠢᠭᠲᠠᠢ ᠶᠤᠮ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠠᠵᠢᠯ ᠤᠨ ᠡᠷᠴᠢᠮ ᠢᠶᠠᠨ ᠦᠨᠡᠨᠬᠦ | ᠴᠢᠩᠭᠠᠷᠠᠭᠤᠯᠵᠤ᠂ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠴᠠᠬᠢᠯᠭᠠᠨ ᠬᠦᠴᠦᠨ ᠤ ᠲᠥᠷᠥᠯ ᠵᠦᠢᠯ ᠤᠨ | ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠬᠡᠨ ᠠᠬᠢᠭᠤᠯᠵᠤ᠂ ᠲᠥᠷᠥᠯ ᠵᠦᠢᠯ ᠤᠨ ᠤᠷᠤᠭᠰᠢᠲᠠᠢ | ᠬᠡᠷᠡᠭᠵᠢᠭᠦᠯᠦᠭᠳᠡᠬᠦ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠱᠠᠭᠠᠷᠲᠠᠪᠠ᠃ |