1 — 4 ᠳ᠋ᠦ᠋ᠭᠡᠷ ᠰᠠᠷ᠎ᠠ ᠳᠤ᠂ ᠪᠥᠬᠦ ᠬᠤᠰᠢᠭᠤᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ 118 ᠪᠠᠶᠢᠵᠤ᠂ 15.26 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠪᠥᠬᠦ ᠵᠢᠯ ᠤᠨ ᠬᠠᠷᠠᠯᠲᠠ ᠡᠭᠦᠷᠭᠡ ᠶᠢᠨ 24.61% ᠶᠢ | ᠡᠵᠡᠯᠡᠨ᠂ ᠠᠳᠠᠯᠢ ᠬᠤᠭᠤᠴᠠᠭᠠᠨ ᠤ ᠬᠢ ᠠᠴᠠ 2.8% ᠪᠠᠷ ᠨᠡᠮᠡᠭᠳᠡᠵᠦ᠂ ᠪᠡᠯᠡ ᠣᠷᠣᠭᠤᠯᠤᠯᠲᠠ ᠶᠢᠨ ᠲᠤᠭ᠎ᠠ | ᠪᠥᠬᠦ ᠬᠤᠲᠠ ᠶᠢᠨ ᠬᠤᠶᠠᠳᠤᠭᠠᠷ ᠲᠤ ᠣᠷᠣᠪᠠ᠃ ᠡᠭᠦᠨ ᠳᠤ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ 12. | 09 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.3% ᠪᠠᠷ ᠨᠡᠮᠡᠭᠳᠡᠪᠡ᠃ | ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ 0.26 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 35.2% ᠢᠶᠠᠷ | ᠪᠠᠭᠤᠷᠠᠪᠠ︔ ᠬᠤᠶᠠᠳᠤᠭᠠᠷ ᠠᠵᠤ ᠦᠢᠯᠡᠰ 12.09 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ | ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 11.3% ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ | 2.91 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ | ᠬᠢ ᠠᠴᠠ 18.6% ᠪᠠᠷ ᠪᠠᠭᠤᠷᠠᠪᠠ᠃ | ᠨᠠᠢᠮᠠᠨ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ | 2023 ᠣᠨ ᠤ 5 ᠰᠠᠷ᠎ᠠ ᠶᠢᠨ 17 ᠤ ᠡᠳᠦᠷ | | |