1 — 4 ᠳ᠋ᠦ᠋ᠭᠡᠷ ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠤᠨ ᠲᠣᠰ ᠰᠠᠷ᠎ᠠ ᠶᠢᠨ ᠨᠡᠮᠡᠭᠳᠡᠯ ᠤᠨ ᠬᠤᠷᠳᠤᠴᠠ ᠨᠢ 13.6% ᠪᠠᠶᠢᠵᠤ᠂ | ᠨᠡᠶᠢᠲᠡ ᠨᠡᠮᠡᠭᠳᠡᠯ ᠤᠨ ᠬᠤᠷᠳᠤᠴᠠ ᠨᠢ 27.2%᠂ ᠳᠡᠭᠡᠷ᠎ᠡ ᠰᠠᠷ᠎ᠠ ᠶᠢᠨ ᠬᠢ ᠠᠴᠠ 5.4 ᠵᠠᠭᠤᠨ ᠤ ᠬᠤᠪᠢ ᠶᠢᠨ | ᠴᠡᠭ ᠪᠠᠭᠤᠷᠠᠵᠤ᠂ ᠲᠣᠰ ᠰᠠᠷ᠎ᠠ ᠶᠢᠨ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ᠬᠤᠶᠠᠳᠤᠭᠠᠷ ᠲᠤ ᠣᠷᠣᠪᠠ | ᠃ | ᠭᠤᠷᠪᠠᠨ ᠶᠡᠭᠡ ᠲᠥᠷᠥᠯ ᠵᠦᠢᠯ ᠠᠴᠠ ᠦᠵᠡᠪᠡᠯ᠂ ᠠᠭᠤᠷᠬᠠᠢ ᠮᠠᠯᠲᠠᠬᠤ ᠦᠢᠯᠡᠰ ᠤᠨ ᠨᠡᠮᠡᠭᠳᠡᠯ ᠥᠷᠲᠡᠭ | ᠠᠳᠠᠯᠢ ᠬᠤᠭᠤᠴᠠᠭᠠᠨ ᠤ ᠬᠢ ᠠᠴᠠ 52.3% ᠪᠠᠷ ᠪᠠᠭᠤᠷᠠᠪᠠ︔ ᠦᠢᠯᠡᠳᠬᠦ ᠦᠢᠯᠡᠰ ᠠᠳᠠᠯᠢ ᠬᠤᠭᠤᠴᠠᠭᠠᠨ ᠤ | ᠬᠢ ᠠᠴᠠ 43.3% ᠪᠠᠷ ᠨᠡᠮᠡᠭᠳᠡᠪᠡ︔ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠢ ᠬᠡᠢ ᠵᠢᠴᠢ | ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠠᠳᠠᠯᠢ ᠬᠤᠭᠤᠴᠠᠭᠠᠨ ᠤ ᠬᠢ ᠠᠴᠠ 6.1% ᠪᠠᠷ | ᠪᠠᠭᠤᠷᠠᠪᠠ᠃ | ᠠᠵᠤ ᠠᠬᠤᠢ ᠶᠢᠨ ᠲᠥᠷᠥᠯ ᠬᠡᠯᠪᠡᠷᠢ ᠠᠴᠠ ᠦᠵᠡᠪᠡᠯ᠂ ᠤᠯᠤᠰ ᠤᠨ ᠥᠮᠴᠢᠯᠡᠯ ᠤᠨ ᠬᠤᠪᠢ ᠡᠵᠡᠮᠳᠡᠭᠰᠡᠨ | ᠠᠵᠤ ᠠᠬᠤᠶᠢᠯᠠᠯ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 0.3% ᠪᠠᠷ ᠨᠡᠮᠡᠭᠳᠡᠪᠡ︔ ᠬᠤᠪᠢ | ᠶᠢᠨ ᠡᠵᠡᠩᠨᠡᠭᠰᠡᠨ ᠠᠵᠤ ᠠᠬᠤᠶᠢᠯᠠᠯ ᠠᠳᠠᠯᠢ ᠬᠤᠭᠤᠴᠠᠭᠠᠨ ᠠᠴᠠ 46.1% ᠪᠠᠷ ᠨᠡᠮᠡᠭᠳᠡᠵᠡᠢ᠃ | ᠭᠤᠣᠯᠳᠠᠯᠭ᠎ᠠ ᠲᠠᠢ ᠠᠵᠢᠯ ᠲᠥᠷᠥᠯ ᠠᠴᠠ ᠦᠵᠡᠪᠡᠯ᠂ ᠲᠠᠷᠢᠶᠠᠯᠠᠩ ᠬᠤᠯᠢᠰᠢᠨ ᠢᠳᠡᠭᠡᠨ ᠪᠣᠯᠪᠠᠰᠤᠷᠠᠭᠤᠯᠬᠤ | ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 108.7% ᠪᠠᠷ ᠨᠡᠮᠡᠭᠳᠡᠪᠡ︔ ᠲᠡᠮᠦᠷ ᠤᠨ | ᠬᠠᠶᠢᠯᠤᠰᠢ ᠶᠢᠨ ᠲᠡᠮᠦᠷᠯᠢᠭ ᠪᠣᠯᠪᠠᠰᠤᠷᠠᠭᠤᠯᠬᠤ ᠦᠢᠯᠡᠰ ᠠᠳᠠᠯᠢ ᠬᠤᠭᠤᠴᠠᠭᠠᠨ ᠤ ᠬᠢ ᠠᠴᠠ 8.0% ᠢᠶᠠᠷ | ᠨᠡᠮᠡᠭᠳᠡᠪᠡ︔ ᠲᠡᠮᠦᠷᠯᠢᠭ ᠪᠤᠰᠤ ᠠᠭᠤᠷᠬᠠᠢ ᠶᠢᠨ ᠪᠦᠲᠦᠭᠡᠭᠳᠡᠬᠦᠨ ᠤ ᠦᠢᠯᠡᠰ ᠠᠳᠠᠯᠢ ᠬᠤᠭᠤᠴᠠᠭᠠᠨ ᠤ ᠬᠢ ᠠᠴᠠ | 18.1% ᠪᠠᠷ ᠨᠡᠮᠡᠭᠳᠡᠪᠡ︔ ᠴᠠᠬᠢᠯᠭᠠᠨ ᠬᠦᠴᠦᠨ ᠤ ᠦᠢᠯᠡᠳᠪᠦᠷᠢᠯᠡᠯ ᠤᠨ ᠦᠢᠯᠡᠰ ᠠᠳᠠᠯᠢ ᠬᠤᠭᠤᠴᠠᠭᠠᠨ ᠤ | ᠬᠢ ᠠᠴᠠ 9.7% ᠪᠠᠷ ᠪᠠᠭᠤᠷᠠᠪᠠ᠃ | ᠨᠠᠢᠮᠠᠨ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ | 2023 ᠣᠨ ᠤ 5 ᠰᠠᠷ᠎ᠠ ᠶᠢᠨ 17 ᠤ ᠡᠳᠦᠷ |