2023 ᠣᠨ ᠤ 1 — 5 ᠳ᠋ᠤᠭᠠᠷ ᠰᠠᠷ᠎ᠠ ᠳᠤ ᠨᠠᠢᠮᠠᠨ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠪᠥᠬᠦ ᠬᠤᠲᠠ ᠶᠢᠨ ᠬᠤᠶᠠᠳᠤᠭᠠᠷ ᠲᠤ ᠣᠷᠣᠪᠠ
ᠨᠡᠶᠢᠲᠡᠯᠡᠭᠰᠡᠨ ᠴᠠᠭ᠄
2023/12/8
      1 — 5 ᠳ᠋ᠤᠭᠠᠷ ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠲᠣᠰ ᠰᠠᠷ᠎ᠠ ᠳᠤ ᠡᠶᠡᠷᠭᠦ ᠪᠠᠶᠢᠭᠰᠠᠨ ᠠᠴᠠ ᠪᠠᠨ ᠰᠥᠭᠡᠷᠭᠦ ᠪᠣᠯᠵᠤ᠂ ᠨᠡᠮᠡᠭᠳᠡᠯ ᠤᠨ ᠬᠤᠷᠳᠤᠴᠠ ᠨᠢ 3 ᠰᠠᠷ᠎ᠠ ᠳᠠᠷᠠᠭᠠᠯᠠᠨ ᠪᠠᠭᠤᠷᠠᠪᠠ᠃ ᠲᠣᠰ ᠰᠠᠷ᠎ᠠ ᠶᠢᠨ ᠨᠡᠮᠡᠭᠳᠡᠯ ᠤᠨ ᠬᠤᠷᠳᠤᠴᠠ ᠨᠢ -1.5% ᠪᠠᠶᠢᠵᠤ᠂ ᠳᠡᠭᠡᠷ᠎ᠡ ᠰᠠᠷ᠎ᠠ ᠶᠢᠨ ᠬᠢ ᠠᠴᠠ 15.1 ᠵᠠᠭᠤᠨ ᠤ ᠬᠤᠪᠢ ᠶᠢᠨ ᠴᠡᠭ ᠪᠠᠭᠤᠷᠠᠵᠤ᠂ ᠨᠡᠮᠡᠭᠳᠡᠯ ᠤᠨ ᠬᠤᠷᠳᠤᠴᠠ ᠨᠢ ᠨᠡᠶᠢᠲᠡ 19.5% ᠪᠠᠶᠢᠵᠤ᠂ ᠳᠡᠭᠡᠷ᠎ᠡ ᠰᠠᠷ᠎ᠠ ᠶᠢᠨ  ᠬᠢ ᠠᠴᠠ 7.7 ᠵᠠᠭᠤᠨ ᠤ ᠬᠤᠪᠢ ᠶᠢᠨ ᠴᠡᠭ ᠪᠠᠭᠤᠷᠠᠵᠤ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ᠬᠤᠶᠠᠳᠤᠭᠠᠷ ᠲᠤ ᠣᠷᠣᠪᠠ᠃       ᠭᠤᠷᠪᠠᠨ ᠶᠡᠭᠡ ᠲᠥᠷᠥᠯ ᠵᠦᠢᠯ ᠠᠴᠠ ᠦᠵᠡᠪᠡᠯ᠂ ᠠᠭᠤᠷᠬᠠᠢ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 48.7% ᠪᠠᠷ ᠪᠠᠭᠤᠷᠠᠪᠠ︔ ᠦᠢᠯᠡᠳᠬᠦ ᠦᠢᠯᠡᠰ ᠠᠳᠠᠯᠢ ᠬᠤᠭᠤᠴᠠᠭᠠᠨ ᠤ  ᠬᠢ ᠠᠴᠠ 26.7% ᠪᠠᠷ ᠨᠡᠮᠡᠭᠳᠡᠪᠡ︔ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠠᠳᠠᠯᠢ ᠬᠤᠭᠤᠴᠠᠭᠠᠨ ᠤ ᠬᠢ ᠠᠴᠠ 2.3% ᠪᠠᠷ ᠪᠠᠭᠤᠷᠠᠪᠠ᠃       ᠠᠵᠤ ᠠᠬᠤᠢ ᠶᠢᠨ ᠲᠥᠷᠥᠯ ᠬᠡᠯᠪᠡᠷᠢ ᠠᠴᠠ ᠦᠵᠡᠪᠡᠯ᠂ ᠤᠯᠤᠰ ᠤᠨ ᠥᠮᠴᠢᠯᠡᠯ ᠤᠨ ᠬᠤᠪᠢ ᠡᠵᠡᠮᠳᠡᠭᠰᠡᠨ ᠠᠵᠤ ᠠᠬᠤᠶᠢᠯᠠᠯ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 1.5% ᠪᠠᠷ ᠨᠡᠮᠡᠭᠳᠡᠪᠡ︔ ᠬᠤᠪᠢ  ᠶᠢᠨ ᠡᠵᠡᠩᠨᠡᠭᠰᠡᠨ ᠠᠵᠤ ᠠᠬᠤᠶᠢᠯᠠᠯ ᠠᠳᠠᠯᠢ ᠬᠤᠭᠤᠴᠠᠭᠠᠨ ᠠᠴᠠ 29.9% ᠪᠠᠷ ᠨᠡᠮᠡᠭᠳᠡᠵᠡᠢ᠃       ᠭᠤᠣᠯᠳᠠᠯᠭ᠎ᠠ ᠲᠠᠢ ᠠᠵᠢᠯ ᠲᠥᠷᠥᠯ ᠠᠴᠠ ᠦᠵᠡᠪᠡᠯ᠂ ᠲᠠᠷᠢᠶᠠᠯᠠᠩ ᠬᠤᠯᠢᠰᠢᠨ ᠢᠳᠡᠭᠡᠨ ᠪᠣᠯᠪᠠᠰᠤᠷᠠᠭᠤᠯᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 87.1% ᠪᠠᠷ ᠨᠡᠮᠡᠭᠳᠡᠪᠡ︔ ᠲᠡᠮᠦᠷ ᠤᠨ ᠬᠠᠶᠢᠯᠤᠰᠢ ᠶᠢᠨ ᠲᠡᠮᠦᠷᠯᠢᠭ ᠪᠣᠯᠪᠠᠰᠤᠷᠠᠭᠤᠯᠬᠤ ᠦᠢᠯᠡᠰ ᠠᠳᠠᠯᠢ ᠬᠤᠭᠤᠴᠠᠭᠠᠨ ᠤ ᠬᠢ ᠠᠴᠠ 9.1% ᠪᠠᠷ ᠪᠠᠭᠤᠷᠠᠪᠠ︔ ᠲᠡᠮᠦᠷᠯᠢᠭ ᠪᠤᠰᠤ ᠠᠭᠤᠷᠬᠠᠢ ᠶᠢᠨ ᠪᠦᠲᠦᠭᠡᠭᠳᠡᠬᠦᠨ ᠤ ᠦᠢᠯᠡᠰ ᠠᠳᠠᠯᠢ ᠬᠤᠭᠤᠴᠠᠭᠠᠨ ᠤ ᠬᠢ ᠠᠴᠠ 13.8% ᠪᠠᠷ ᠨᠡᠮᠡᠭᠳᠡᠪᠡ︔ ᠴᠠᠬᠢᠯᠭᠠᠨ ᠬᠦᠴᠦᠨ ᠤ ᠦᠢᠯᠡᠳᠪᠦᠷᠢᠯᠡᠯ ᠤᠨ ᠦᠢᠯᠡᠰ ᠠᠳᠠᠯᠢ ᠬᠤᠭᠤᠴᠠᠭᠠᠨ ᠤ  ᠬᠢ ᠠᠴᠠ 4.1% ᠪᠠᠷ ᠪᠠᠭᠤᠷᠠᠪᠠ᠃                             ᠨᠠᠢᠮᠠᠨ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ                             2023 ᠣᠨ ᠤ 6 ᠰᠠᠷ᠎ᠠ ᠶᠢᠨ 16 ᠤ ᠡᠳᠦᠷ 
 
ᠢᠷᠡᠯᠲᠡ᠄ ᠨᠠᠢᠮᠠᠨ ᠬᠤᠰᠢᠭᠤᠨ ᠤ ᠲᠤᠭ᠎ᠠ ᠪᠦᠷᠢᠳᠭᠡᠯ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06000874号