2023 ᠣᠨ ᠤ 1 — 7 ᠳ᠋ᠦ᠋ᠭᠡᠷ ᠰᠠᠷ᠎ᠠ ᠳᠤ ᠨᠠᠢᠮᠠᠨ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠪᠥᠬᠦ ᠬᠤᠲᠠ ᠶᠢᠨ ᠬᠤᠶᠠᠳᠤᠭᠠᠷ ᠲᠤ ᠣᠷᠣᠪᠠ
ᠨᠡᠶᠢᠲᠡᠯᠡᠭᠰᠡᠨ ᠴᠠᠭ᠄
2023/12/8
      1 — 7 ᠳ᠋ᠦ᠋ᠭᠡᠷ ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠲᠣᠰ ᠰᠠᠷ᠎ᠠ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ 5.2% ᠪᠠᠶᠢᠵᠤ᠂ ᠳᠡᠭᠡᠷ᠎ᠡ ᠰᠠᠷ᠎ᠠ ᠶᠢᠨ ᠬᠢ ᠠᠴᠠ 6.1 ᠵᠠᠭᠤᠨ ᠤ ᠬᠤᠪᠢ ᠶᠢᠨ ᠴᠡᠭ ᠪᠠᠭᠤᠷᠠᠵᠤ᠂ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠨᠡᠶᠢᠲᠡ 12.1% ᠪᠠᠶᠢᠵᠤ᠂ ᠳᠡᠭᠡᠷ᠎ᠡ ᠰᠠᠷ᠎ᠠ ᠶᠢᠨ ᠬᠢ ᠠᠴᠠ 3.6 ᠵᠠᠭᠤᠨ ᠤ ᠬᠤᠪᠢ  ᠶᠢᠨ ᠴᠡᠭ ᠪᠠᠭᠤᠷᠠᠵᠤ᠂ 5 ᠰᠠᠷ᠎ᠠ ᠳᠠᠷᠠᠭᠠᠯᠠᠨ ᠪᠠᠭᠤᠷᠠᠵᠤ᠂ ᠨᠡᠮᠡᠭᠳᠡᠯ ᠤᠨ ᠬᠤᠷᠳᠤᠴᠠ ᠨᠡᠶᠢᠲᠡ ᠪᠥᠬᠦ ᠬᠤᠲᠠ ᠶᠢᠨ ᠬᠤᠶᠠᠳᠤᠭᠠᠷ ᠲᠤ ᠣᠷᠣᠪᠠ᠃       ᠭᠤᠷᠪᠠᠨ ᠶᠡᠭᠡ ᠲᠥᠷᠥᠯ ᠵᠦᠢᠯ ᠠᠴᠠ ᠦᠵᠡᠪᠡᠯ᠂ ᠠᠭᠤᠷᠬᠠᠢ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 54.6% ᠪᠠᠷ ᠪᠠᠭᠤᠷᠠᠪᠠ︔ ᠦᠢᠯᠡᠳᠬᠦ ᠦᠢᠯᠡᠰ ᠠᠳᠠᠯᠢ ᠬᠤᠭᠤᠴᠠᠭᠠᠨ ᠤ  ᠬᠢ ᠠᠴᠠ 14.2% ᠪᠠᠷ ᠨᠡᠮᠡᠭᠳᠡᠪᠡ︔ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠠᠳᠠᠯᠢ ᠬᠤᠭᠤᠴᠠᠭᠠᠨ ᠤ ᠬᠢ ᠠᠴᠠ 5.1% ᠪᠠᠷ ᠨᠡᠮᠡᠭᠳᠡᠪᠡ᠃       ᠠᠵᠤ ᠠᠬᠤᠢ ᠶᠢᠨ ᠲᠥᠷᠥᠯ ᠬᠡᠯᠪᠡᠷᠢ ᠠᠴᠠ ᠦᠵᠡᠪᠡᠯ᠂ ᠤᠯᠤᠰ ᠤᠨ ᠥᠮᠴᠢᠯᠡᠯ ᠤᠨ ᠬᠤᠪᠢ ᠡᠵᠡᠮᠳᠡᠭᠰᠡᠨ ᠠᠵᠤ ᠠᠬᠤᠶᠢᠯᠠᠯ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 8.9% ᠪᠠᠷ ᠨᠡᠮᠡᠭᠳᠡᠪᠡ︔ ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ ᠠᠳᠠᠯᠢ ᠬᠤᠭᠤᠴᠠᠭᠠᠨ ᠤ ᠬᠢ ᠠᠴᠠ 14.1% ᠪᠠᠷ ᠨᠡᠮᠡᠭᠳᠡᠪᠡ᠃      ᠭᠤᠣᠯᠳᠠᠯᠭ᠎ᠠ ᠲᠠᠢ ᠠᠵᠢᠯ ᠲᠥᠷᠥᠯ ᠠᠴᠠ ᠦᠵᠡᠪᠡᠯ᠂ ᠲᠠᠷᠢᠶᠠᠯᠠᠩ ᠬᠤᠯᠢᠰᠢᠨ ᠢᠳᠡᠭᠡᠨ ᠪᠣᠯᠪᠠᠰᠤᠷᠠᠭᠤᠯᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 98.7% ᠪᠠᠷ ᠨᠡᠮᠡᠭᠳᠡᠪᠡ︔ ᠲᠡᠮᠦᠷ ᠤᠨ ᠬᠠᠶᠢᠯᠤᠰᠢ ᠪᠣᠯᠪᠠᠰᠤᠷᠠᠭᠤᠯᠬᠤ ᠦᠢᠯᠡᠰ ᠠᠳᠠᠯᠢ ᠬᠤᠭᠤᠴᠠᠭᠠᠨ ᠤ ᠬᠢ ᠠᠴᠠ 29.6% ᠪᠠᠷ ᠪᠠᠭᠤᠷᠠᠪᠠ︔ ᠲᠡᠮᠦᠷᠯᠢᠭ ᠪᠤᠰᠤ ᠠᠭᠤᠷᠬᠠᠢ ᠶᠢᠨ ᠪᠦᠲᠦᠭᠡᠭᠳᠡᠬᠦᠨ ᠤ ᠦᠢᠯᠡᠰ ᠠᠳᠠᠯᠢ ᠬᠤᠭᠤᠴᠠᠭᠠᠨ ᠤ ᠬᠢ ᠠᠴᠠ 1.2% ᠪᠠᠷ ᠨᠡᠮᠡᠭᠳᠡᠪᠡ︔ ᠴᠠᠬᠢᠯᠭᠠᠨ ᠬᠦᠴᠦᠨ ᠤ ᠦᠢᠯᠡᠳᠪᠦᠷᠢᠯᠡᠯ ᠤᠨ ᠦᠢᠯᠡᠰ ᠠᠳᠠᠯᠢ ᠬᠤᠭᠤᠴᠠᠭᠠᠨ ᠤ ᠬᠢ ᠠᠴᠠ 4.8%  ᠪᠠᠷ ᠨᠡᠮᠡᠭᠳᠡᠪᠡ᠃                        ᠨᠠᠢᠮᠠᠨ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ                          2023 ᠣᠨ ᠤ 8 ᠰᠠᠷ᠎ᠠ ᠶᠢᠨ 16 ᠤ ᠡᠳᠦᠷ 
 
ᠢᠷᠡᠯᠲᠡ᠄ ᠨᠠᠢᠮᠠᠨ ᠬᠤᠰᠢᠭᠤᠨ ᠤ ᠲᠤᠭ᠎ᠠ ᠪᠦᠷᠢᠳᠭᠡᠯ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06000874号