1 — 8 ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠲᠣᠰ ᠰᠠᠷ᠎ᠠ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ -12.1% ᠪᠠᠶᠢᠵᠤ᠂ ᠳᠡᠭᠡᠷ᠎ᠡ ᠰᠠᠷ᠎ᠠ ᠶᠢᠨ | ᠬᠢ ᠠᠴᠠ 6.9 ᠵᠠᠭᠤᠨ ᠤ ᠬᠤᠪᠢ ᠶᠢᠨ ᠴᠡᠭ ᠪᠠᠭᠤᠷᠠᠵᠤ᠂ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ 8. | 6% ᠂ ᠳᠡᠭᠡᠷ᠎ᠡ ᠰᠠᠷ᠎ᠠ ᠶᠢᠨ ᠬᠢ ᠠᠴᠠ 3.5 ᠵᠠᠭᠤᠨ ᠤ ᠬᠤᠪᠢ ᠶᠢᠨ ᠴᠡᠭ ᠪᠠᠭᠤᠷᠠᠵᠤ᠂ 6 ᠰᠠᠷ᠎ᠠ ᠳᠠᠷᠠᠭᠠᠯᠠᠨ | ᠪᠠᠭᠤᠷᠠᠵᠤ᠂ ᠲᠣᠰ ᠰᠠᠷ᠎ᠠ ᠶᠢᠨ ᠨᠡᠮᠡᠭᠳᠡᠯ ᠤᠨ ᠬᠤᠷᠳᠤᠴᠠ ᠪᠥᠬᠦ ᠬᠤᠲᠠ ᠶᠢᠨ ᠳᠣᠯᠣᠳᠤᠭᠠᠷ ᠲᠤ ᠣᠷᠣᠵᠤ᠂ | ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ᠬᠤᠶᠠᠳᠤᠭᠠᠷ ᠲᠤ ᠣᠷᠣᠵᠠᠢ᠃ | ᠭᠤᠷᠪᠠᠨ ᠶᠡᠭᠡ ᠲᠥᠷᠥᠯ ᠵᠦᠢᠯ ᠠᠴᠠ ᠦᠵᠡᠪᠡᠯ᠂ ᠠᠭᠤᠷᠬᠠᠢ ᠮᠠᠯᠲᠠᠬᠤ ᠦᠢᠯᠡᠰ ᠤᠨ ᠨᠡᠮᠡᠭᠳᠡᠯ ᠥᠷᠲᠡᠭ | ᠠᠳᠠᠯᠢ ᠬᠤᠭᠤᠴᠠᠭᠠᠨ ᠤ ᠬᠢ ᠠᠴᠠ 55.3% ᠪᠠᠷ ᠪᠠᠭᠤᠷᠠᠪᠠ︔ ᠦᠢᠯᠡᠳᠬᠦ ᠦᠢᠯᠡᠰ ᠠᠳᠠᠯᠢ ᠬᠤᠭᠤᠴᠠᠭᠠᠨ ᠤ | ᠬᠢ ᠠᠴᠠ 5.8% ᠪᠠᠷ ᠨᠡᠮᠡᠭᠳᠡᠵᠦ᠂ ᠳᠡᠭᠡᠷ᠎ᠡ ᠰᠠᠷ᠎ᠠ ᠶᠢᠨ ᠬᠢ ᠠᠴᠠ 8.4 ᠵᠠᠭᠤᠨ ᠤ ᠬᠤᠪᠢ ᠶᠢᠨ ᠴᠡᠭ | ᠪᠠᠭᠤᠷᠠᠪᠠ︔ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ | ᠪᠠ ᠬᠠᠩᠭᠠᠯᠭ᠎ᠠ ᠶᠢᠨ ᠦᠢᠯᠡᠰ ᠠᠳᠠᠯᠢ ᠬᠤᠭᠤᠴᠠᠭᠠᠨ ᠤ ᠬᠢ ᠠᠴᠠ 4.8% ᠪᠠᠷ ᠨᠡᠮᠡᠭᠳᠡᠪᠡ᠃ | ᠠᠵᠤ ᠠᠬᠤᠢ ᠶᠢᠨ ᠲᠥᠷᠥᠯ ᠬᠡᠯᠪᠡᠷᠢ ᠠᠴᠠ ᠦᠵᠡᠪᠡᠯ᠂ ᠤᠯᠤᠰ ᠤᠨ ᠥᠮᠴᠢᠯᠡᠯ ᠤᠨ ᠬᠤᠪᠢ ᠡᠵᠡᠮᠳᠡᠭᠰᠡᠨ | ᠠᠵᠤ ᠠᠬᠤᠶᠢᠯᠠᠯ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 3.6% ᠪᠠᠷ ᠨᠡᠮᠡᠭᠳᠡᠪᠡ︔ | ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ ᠠᠳᠠᠯᠢ ᠬᠤᠭᠤᠴᠠᠭᠠᠨ ᠤ ᠬᠢ ᠠᠴᠠ 4.1% ᠪᠠᠷ ᠨᠡᠮᠡᠭᠳᠡᠪᠡ | ᠭᠤᠣᠯᠳᠠᠯᠭ᠎ᠠ ᠲᠠᠢ ᠠᠵᠢᠯ ᠲᠥᠷᠥᠯ ᠠᠴᠠ ᠦᠵᠡᠪᠡᠯ᠂ ᠲᠠᠷᠢᠶᠠᠯᠠᠩ ᠪᠠ ᠬᠤᠯᠢᠰᠢᠨ ᠢᠳᠡᠭᠡᠨ ᠤ ᠵᠦᠢᠯ ᠤᠨ | ᠡᠳ᠋ᠰᠢᠭᠦᠯᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 86.4% ᠪᠠᠷ ᠨᠡᠮᠡᠭᠳᠡᠵᠦ᠂ | ᠳᠡᠭᠡᠷ᠎ᠡ ᠰᠠᠷ᠎ᠠ ᠶᠢᠨ ᠬᠢ ᠠᠴᠠ 12.3 ᠵᠠᠭᠤᠨ ᠤ ᠬᠤᠪᠢ ᠶᠢᠨ ᠴᠡᠭ ᠪᠠᠭᠤᠷᠠᠪᠠ︔ ᠲᠡᠮᠦᠷ ᠤᠨ ᠬᠠᠶᠢᠯᠤᠰᠢ ᠶᠢᠨ | ᠲᠡᠮᠦᠷᠯᠢᠭ ᠪᠣᠯᠪᠠᠰᠤᠷᠠᠭᠤᠯᠬᠤ ᠦᠢᠯᠡᠰ ᠠᠳᠠᠯᠢ ᠬᠤᠭᠤᠴᠠᠭᠠᠨ ᠤ ᠬᠢ ᠠᠴᠠ 36.3% ᠪᠠᠷ ᠪᠠᠭᠤᠷᠠᠵᠤ᠂ ᠴᠠᠭᠠᠷᠢᠭ | ᠬᠠᠷᠢᠴᠠᠯ ᠢᠶᠠᠷ 6.7 ᠵᠠᠭᠤᠨ ᠤ ᠬᠤᠪᠢ ᠶᠢᠨ ᠴᠡᠭ ᠪᠠᠭᠤᠷᠠᠪᠠ︔ ᠲᠡᠮᠦᠷᠯᠢᠭ ᠪᠤᠰᠤ ᠠᠭᠤᠷᠬᠠᠢ ᠶᠢᠨ | ᠪᠦᠲᠦᠭᠡᠭᠳᠡᠬᠦᠨ ᠤ ᠦᠢᠯᠡᠰ ᠠᠳᠠᠯᠢ ᠬᠤᠭᠤᠴᠠᠭᠠᠨ ᠤ ᠬᠢ ᠠᠴᠠ 3.9% ᠪᠠᠷ ᠪᠠᠭᠤᠷᠠᠵᠤ᠂ ᠳᠡᠭᠡᠷ᠎ᠡ ᠰᠠᠷ᠎ᠠ ᠶᠢᠨ | ᠬᠢ ᠠᠴᠠ 5.1 ᠵᠠᠭᠤᠨ ᠤ ᠬᠤᠪᠢ ᠶᠢᠨ ᠴᠡᠭ ᠪᠠᠭᠤᠷᠠᠪᠠ︔ ᠴᠠᠬᠢᠯᠭᠠᠨ ᠬᠦᠴᠦᠨ ᠤ ᠦᠢᠯᠡᠳᠪᠦᠷᠢᠯᠡᠯ ᠤᠨ ᠦᠢᠯᠡᠰ | ᠠᠳᠠᠯᠢ ᠬᠤᠭᠤᠴᠠᠭᠠᠨ ᠤ ᠬᠢ ᠠᠴᠠ 4.5% ᠪᠠᠷ ᠨᠡᠮᠡᠭᠳᠡᠵᠦ᠂ ᠳᠡᠭᠡᠷ᠎ᠡ ᠰᠠᠷ᠎ᠠ ᠶᠢᠨ ᠬᠢ ᠠᠴᠠ ᠪᠠᠨ 0.3 | ᠵᠠᠭᠤᠨ ᠤ ᠬᠤᠪᠢ ᠶᠢᠨ ᠴᠡᠭ ᠪᠠᠭᠤᠷᠠᠪᠠ᠃ |