1 — 9 ᠳ᠋ᠦ᠋ᠭᠡᠷ ᠰᠠᠷ᠎ᠠ ᠳᠤ ᠨᠠᠢᠮᠠᠨ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠪᠤᠷᠤᠯᠠᠭᠤᠯᠤᠬᠰᠠᠨ ᠪᠥᠬᠦ ᠬᠡᠮᠵᠢᠶ᠎ᠡ ᠨᠡᠶᠢᠲᠡ 20 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 2.1% ᠪᠠᠷ ᠨᠡᠮᠡᠭᠳᠡᠨ᠂ ᠶᠡᠷᠦᠩᠬᠡᠢ ᠬᠡᠮᠵᠢᠶ᠎ᠡ ᠨᠢ ᠪᠥᠬᠦ ᠬᠤᠲᠠ ᠶᠢᠨ | ᠳᠥᠷᠪᠡᠳᠦᠭᠡᠷ ᠲᠤ ᠣᠷᠣᠵᠤ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ᠲᠠᠪᠤᠳᠤᠭᠠᠷ ᠲᠤ ᠣᠷᠣᠵᠤ᠂ | ᠡᠮᠦᠨ᠎ᠡ ᠬᠠᠭᠠᠰ ᠵᠢᠯ ᠤᠨ ᠬᠢ ᠠᠴᠠ ᠬᠤᠶᠠᠷ ᠨᠡᠷᠡᠰ ᠳᠡᠭᠡᠭᠰᠢᠯᠡᠵᠡᠢ᠃ | ᠪᠣᠷᠤᠯᠠᠭᠤᠯᠭ᠎ᠠ ᠶᠢᠨ ᠨᠢᠭᠡᠴᠢ ᠶᠢᠨ ᠪᠠᠶᠢᠭ᠎ᠠ ᠭᠠᠵᠠᠷ ᠢᠶᠠᠷ ᠬᠤᠪᠢᠶᠠᠪᠠᠯ᠂ 1 — 9 ᠳ᠋ᠦ᠋ᠭᠡᠷ ᠰᠠᠷ᠎ᠠ ᠳᠤ᠂ ᠪᠥᠬᠦ | ᠬᠤᠰᠢᠭᠤᠨ ᠤ ᠬᠤᠲᠠ ᠪᠠᠯᠭᠠᠰᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠤᠬᠰᠠᠨ ᠲᠤᠭ᠎ᠠ | 13.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.9% ᠪᠠᠷ ᠨᠡᠮᠡᠭᠳᠡᠵᠦ᠂ | ᠬᠥᠳᠡᠭᠡ ᠲᠣᠰᠬᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠤᠬᠰᠠᠨ ᠲᠤᠭ᠎ᠠ 6.4 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.4% ᠪᠠᠷ ᠨᠡᠮᠡᠭᠳᠡᠵᠡᠢ᠃ | ᠬᠡᠷᠡᠭᠯᠡᠭᠡᠨ ᠤ ᠲᠥᠷᠥᠯ ᠵᠦᠢᠯ ᠢᠶᠠᠷ ᠬᠤᠪᠢᠶᠠᠪᠠᠯ᠂ ᠪᠥᠬᠦ ᠬᠤᠰᠢᠭᠤᠨ ᠤ ᠲᠠᠸᠠᠷ ᠤᠨ ᠵᠢᠵᠢᠭᠯᠡᠨ | ᠪᠤᠷᠤᠯᠠᠭᠤᠯᠤᠬᠰᠠᠨ ᠬᠡᠮᠵᠢᠶ᠎ᠡ 17.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 2.2% ᠪᠠᠷ ᠨᠡᠮᠡᠭᠳᠡᠵᠦ᠂ ᠢᠳᠡᠭᠡᠨ ᠤᠮᠳᠠᠭᠠᠨ ᠤ ᠣᠷᠣᠯᠭ᠎ᠠ 2.4 ᠳ᠋ᠦᠩᠰᠢᠭᠤᠷ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 1.3% ᠪᠠᠷ ᠨᠡᠮᠡᠭᠳᠡᠵᠡᠢ᠃ | | ᠨᠠᠢᠮᠠᠨ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ | 2023 ᠣᠨ ᠤ 10 ᠰᠠᠷ᠎ᠠ ᠶᠢᠨ 15 ᠤ ᠡᠳᠦᠷ | | |