1 — 10 ᠳ᠋ᠤᠭᠠᠷ ᠰᠠᠷ᠎ᠠ ᠳᠤ ᠮᠠᠨ ᠤ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠪᠦᠬᠦᠯᠢ ᠴᠣᠭᠴᠠ ᠶᠢᠨ ᠠᠵᠢᠯᠯᠠᠭᠠᠨ ᠲᠣᠭᠲᠠᠭᠤᠨ ᠢᠶᠠᠷ ᠳᠡᠭᠡᠭᠰᠢᠯᠡᠪᠡ
ᠨᠡᠶᠢᠲᠡᠯᠡᠭᠰᠡᠨ ᠴᠠᠭ᠄
2023/12/8
      ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠲᠤᠰ ᠰᠠᠷ᠎ᠠ ᠶᠢᠨ ᠨᠡᠮᠡᠭᠳᠡᠯ ᠤᠨ ᠬᠤᠷᠳᠤᠴᠠ ᠰᠥᠭᠡᠷᠭᠦ ᠪᠠᠶᠢᠭᠰᠠᠨ ᠠᠴᠠ ᠪᠠᠨ ᠵᠢᠩᠬᠢᠨᠢᠴᠢᠯᠡᠵᠦ᠂ ᠪᠦᠬᠦᠯᠢ ᠴᠣᠭᠴᠠ ᠶᠢᠨ ᠠᠵᠢᠯᠯᠠᠭᠠᠨ ᠲᠣᠭᠲᠠᠭᠤᠨ ᠢᠶᠠᠷ ᠳᠡᠭᠡᠭᠰᠢᠯᠡᠪᠡ᠃ 10 ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ 6% ᠪᠠᠶᠢᠵᠤ᠂ ᠰᠥᠭᠡᠷᠭᠦ ᠪᠠᠶᠢᠭᠰᠠᠨ ᠠᠴᠠ ᠪᠠᠨ ᠵᠢᠩᠬᠢᠨᠢᠴᠢᠯᠡᠵᠦ᠂ ᠳᠡᠭᠡᠷ᠎ᠡ ᠰᠠᠷ᠎ᠠ ᠶᠢᠨ ᠬᠢ ᠠᠴᠠ 24.6 ᠵᠠᠭᠤᠨ ᠤ ᠬᠤᠪᠢ ᠶᠢᠨ ᠴᠡᠭ ᠨᠡᠮᠡᠭᠳᠡᠨ᠂ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ 4.5% ᠪᠠᠶᠢᠵᠤ᠂ ᠳᠡᠭᠡᠷ᠎ᠡ ᠰᠠᠷ᠎ᠠ ᠶᠢᠨ ᠬᠢ ᠠᠴᠠ 0.3 ᠵᠠᠭᠤᠨ ᠤ ᠬᠤᠪᠢ ᠶᠢᠨ ᠴᠡᠭ ᠳᠡᠭᠡᠭᠰᠢᠯᠡᠵᠦ᠂ 7 ᠰᠠᠷ᠎ᠠ ᠳᠠᠷᠠᠭᠠᠯᠠᠨ ᠪᠠᠭᠤᠷᠠᠭᠰᠠᠨ ᠪᠠᠶᠢᠳᠠᠯ ᠢ ᠬᠤᠪᠢᠷᠠᠭᠤᠯᠵᠤ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ᠳᠥᠷᠪᠡᠳᠦᠭᠡᠷ ᠲᠤ ᠣᠷᠣᠵᠠᠢ᠃       ᠭᠤᠷᠪᠠᠨ ᠶᠡᠭᠡ ᠲᠥᠷᠥᠯ ᠵᠦᠢᠯ ᠠᠴᠠ ᠦᠵᠡᠪᠡᠯ᠂ ᠠᠭᠤᠷᠬᠠᠢ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 54.1% ᠪᠠᠷ ᠪᠠᠭᠤᠷᠠᠪᠠ︔ ᠦᠢᠯᠡᠳᠬᠦ ᠦᠢᠯᠡᠰ ᠠᠳᠠᠯᠢ ᠬᠤᠭᠤᠴᠠᠭᠠᠨ ᠤ  ᠬᠢ ᠠᠴᠠ 7.3% ᠪᠠᠷ ᠨᠡᠮᠡᠭᠳᠡᠪᠡ︔ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠠᠳᠠᠯᠢ ᠬᠤᠭᠤᠴᠠᠭᠠᠨ ᠤ ᠬᠢ ᠠᠴᠠ 10.5% ᠪᠠᠷ ᠨᠡᠮᠡᠭᠳᠡᠪᠡ᠃       ᠠᠵᠤ ᠠᠬᠤᠢ ᠶᠢᠨ ᠲᠥᠷᠥᠯ ᠬᠡᠯᠪᠡᠷᠢ ᠠᠴᠠ ᠦᠵᠡᠪᠡᠯ᠂ ᠤᠯᠤᠰ ᠤᠨ ᠥᠮᠴᠢᠯᠡᠯ ᠤᠨ ᠬᠤᠪᠢ ᠡᠵᠡᠮᠳᠡᠭᠰᠡᠨ ᠠᠵᠤ ᠠᠬᠤᠶᠢᠯᠠᠯ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 4.1% ᠪᠠᠷ ᠪᠠᠭᠤᠷᠠᠪᠠ︔ ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ ᠠᠳᠠᠯᠢ ᠬᠤᠭᠤᠴᠠᠭᠠᠨ ᠤ ᠬᠢ ᠠᠴᠠ9.2% ᠪᠠᠷ ᠨᠡᠮᠡᠭᠳᠡᠪᠡ︔       ᠭᠤᠣᠯᠳᠠᠯᠭ᠎ᠠ ᠲᠠᠢ ᠠᠵᠢᠯ ᠲᠥᠷᠥᠯ ᠠᠴᠠ ᠦᠵᠡᠪᠡᠯ᠂ ᠲᠠᠷᠢᠶᠠᠯᠠᠩ ᠬᠤᠯᠢᠰᠢᠨ ᠢᠳᠡᠭᠡᠨ ᠪᠣᠯᠪᠠᠰᠤᠷᠠᠭᠤᠯᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 63.4% ᠪᠠᠷ ᠨᠡᠮᠡᠭᠳᠡᠪᠡ︔ ᠲᠡᠮᠦᠷᠯᠢᠭ ᠪᠤᠰᠤ ᠠᠭᠤᠷᠬᠠᠢ ᠶᠢᠨ ᠪᠦᠲᠦᠭᠡᠭᠳᠡᠬᠦᠨ ᠤ ᠦᠢᠯᠡᠰ ᠠᠳᠠᠯᠢ ᠬᠤᠭᠤᠴᠠᠭᠠᠨ ᠤ ᠬᠢ ᠠᠴᠠ 26.4% ᠪᠠᠷ ᠨᠡᠮᠡᠭᠳᠡᠪᠡ︔ ᠴᠠᠬᠢᠯᠭᠠᠨ ᠬᠦᠴᠦᠨ ᠤ ᠦᠢᠯᠡᠳᠪᠦᠷᠢᠯᠡᠯ ᠤᠨ ᠦᠢᠯᠡᠰ ᠠᠳᠠᠯᠢ ᠬᠤᠭᠤᠴᠠᠭᠠᠨ ᠤ ᠬᠢ ᠠᠴᠠ 11.2% ᠪᠠᠷ ᠨᠡᠮᠡᠭᠳᠡᠪᠡ︔ ᠲᠡᠮᠦᠷ ᠤᠨ ᠬᠠᠶᠢᠯᠤᠰᠢ ᠪᠣᠯᠪᠠᠰᠤᠷᠠᠭᠤᠯᠬᠤ ᠦᠢᠯᠡᠰ ᠠᠳᠠᠯᠢ ᠬᠤᠭᠤᠴᠠᠭᠠᠨ ᠤ ᠬᠢ ᠠᠴᠠ 39.8%  ᠪᠠᠷ ᠪᠠᠭᠤᠷᠠᠪᠠ᠃                             ᠨᠠᠢᠮᠠᠨ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ                             2023 ᠣᠨ ᠤ 11 ᠰᠠᠷ᠎ᠠ ᠶᠢᠨ 16 ᠤ ᠡᠳᠦᠷ 
 
ᠢᠷᠡᠯᠲᠡ᠄ ᠨᠠᠢᠮᠠᠨ ᠬᠤᠰᠢᠭᠤᠨ ᠤ ᠲᠤᠭ᠎ᠠ ᠪᠦᠷᠢᠳᠭᠡᠯ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06000874号