1 —10 ᠳ᠋ᠤᠭᠠᠷ ᠰᠠᠷ᠎ᠠ ᠳᠤ᠂ ᠪᠥᠬᠦ ᠬᠤᠰᠢᠭᠤᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ 150 ᠪᠠᠶᠢᠵᠤ᠂ ᠪᠥᠬᠦ ᠵᠢᠯ ᠤᠨ ᠬᠠᠷᠠᠯᠲᠠ | ᠡᠭᠦᠷᠭᠡ ᠶᠢᠨ 95.89% ᠶᠢ ᠡᠵᠡᠯᠡᠵᠥ᠂ ᠠᠳᠠᠯᠢ ᠬᠤᠭᠤᠴᠠᠭᠠᠨ ᠤ ᠬᠢ ᠠᠴᠠ 37.3% ᠪᠠᠷ ᠨᠡᠮᠡᠭᠳᠡᠨ᠂ ᠪᠡᠯᠡ | ᠣᠷᠣᠭᠤᠯᠤᠯᠲᠠ ᠶᠢᠨ ᠲᠤᠭ᠎ᠠ ᠪᠥᠬᠦ ᠬᠤᠲᠠ ᠶᠢᠨ ᠬᠤᠶᠠᠳᠤᠭᠠᠷ ᠲᠤ ᠣᠷᠣᠪᠠ᠃ ᠡᠭᠦᠨ ᠳᠤ᠄ ᠠᠵᠤ | ᠦᠢᠯᠡᠳᠪᠦᠷᠢ ᠶᠢᠨ ᠪᠡᠯᠡ ᠣᠷᠣᠭᠤᠯᠤᠯᠲᠠ ᠪᠥᠬᠦ ᠬᠤᠲᠠ ᠶᠢᠨ ᠬᠤᠶᠠᠳᠤᠭᠠᠷ ᠲᠤ ᠣᠷᠣᠵᠤ᠂ ᠠᠳᠠᠯᠢ | ᠬᠤᠭᠤᠴᠠᠭᠠᠨ ᠤ ᠬᠢ ᠠᠴᠠ 75.3% ᠪᠠᠷ ᠨᠡᠮᠡᠭᠳᠡᠪᠡ︔ ᠠᠷᠠᠳ ᠤᠨ ᠪᠡᠯᠡ ᠣᠷᠣᠭᠤᠯᠤᠯᠲᠠ ᠪᠥᠬᠦ ᠬᠤᠲᠠ ᠶᠢᠨ | ᠬᠤᠶᠠᠳᠤᠭᠠᠷ ᠲᠤ ᠣᠷᠣᠵᠤ᠂ ᠠᠳᠠᠯᠢ ᠬᠤᠭᠤᠴᠠᠭᠠᠨ ᠤ ᠬᠢ ᠠᠴᠠ 48.5% ᠪᠠᠷ ᠨᠡᠮᠡᠭᠳᠡᠪᠡ᠃ | ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 16.3% ᠪᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ | ᠠᠳᠠᠯᠢ ᠬᠤᠭᠤᠴᠠᠭᠠᠨ ᠤ ᠬᠢ ᠠᠴᠠ 75.3% ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠪᠡᠯᠡ | ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 46.6% ᠪᠠᠷ ᠪᠠᠭᠤᠷᠠᠪᠠ᠃ | | ᠨᠠᠢᠮᠠᠨ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ | 2023 ᠣᠨ ᠤ 11 ᠰᠠᠷ᠎ᠠ ᠶᠢᠨ 20 ᠤ ᠡᠳᠦᠷ | |