︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠲᠡᠭᠡᠭᠡᠪᠦᠷᠢ ᠶᠢᠨ ᠳᠦᠷᠢᠮ︾ ᠪᠣᠯᠣᠨ ︽ | ᠵᠠᠮ ᠲᠡᠭᠡᠭᠡᠪᠦᠷᠢ ᠶᠢᠨ ᠠᠶᠠᠨᠴᠢᠳ ᠤᠨ ᠲᠡᠭᠡᠭᠡᠪᠦᠷᠢ ᠵᠢᠴᠢ ᠠᠶᠠᠨᠴᠢᠳ ᠤᠨ ᠲᠡᠭᠡᠭᠡᠪᠦᠷᠢ ᠶᠢᠨ ᠥᠷᠲᠡᠭᠡᠨ ᠤ | ᠬᠠᠮᠢᠶᠠᠷᠤᠯᠲᠠ ᠶᠢᠨ ᠲᠣᠭᠲᠠᠭᠠᠯ︾ ᠵᠡᠷᠭᠡ ᠬᠤᠯᠪᠣᠭᠳᠠᠯ ᠪᠦᠬᠦᠢ ᠬᠠᠤᠯᠢ ᠲᠣᠭᠲᠠᠭᠠᠯ ᠢ ᠦᠨᠳᠦᠰᠦᠯᠡᠪᠡᠯ᠂ ᠠᠷᠠᠳ | ᠣᠯᠠᠨ ᠤ ᠶᠠᠪᠤᠵᠤ ᠰᠠᠭᠤᠬᠤ ᠳᠤ ᠲᠥᠬᠦᠮ ᠦᠵᠡᠭᠦᠯᠬᠦ ᠶᠢᠨ ᠲᠥᠯᠥᠭᠡ᠂ ᠮᠠᠨ ᠤ ᠬᠤᠰᠢᠭᠤᠨ ᠤ ᠬᠥᠳᠡᠭᠡ | ᠲᠣᠰᠬᠤᠨ ᠤ ᠠᠶᠠᠨᠴᠢᠳ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠪᠣᠳᠠᠲᠠᠢ ᠲᠠᠢ ᠤᠶᠠᠯᠳᠤᠭᠤᠯᠤᠨ᠂ ᠡᠳᠦᠭᠡ | 20 ᠵᠤᠷᠪᠤᠰ ᠰᠢᠶᠠᠨ ᠤ ᠳᠣᠲᠣᠷᠠᠬᠢ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ᠂ 1 ᠵᠤᠷᠪᠤᠰ | ᠬᠥᠷᠰᠢ ᠵᠡᠷᠭᠡᠯᠡᠳᠡᠭᠡ ᠰᠢᠶᠠᠨ ᠤ ᠬᠤᠭᠤᠷᠣᠨᠳᠣᠬᠢ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ ︵ | ᠳᠠᠭᠠᠯᠳᠤᠭᠤᠯᠤᠯ 1 ᠢ ᠦᠵᠡ︶ ᠤᠨ ᠡᠵᠡᠩᠨᠡᠭᠴᠢ ᠶᠢ ᠨᠡᠶᠢᠭᠡᠮ ᠠᠴᠠ ᠢᠯᠡ ᠪᠠᠷ ᠡᠯᠰᠡᠨ᠎ᠡ᠂ ᠪᠣᠳᠠᠲᠠᠢ | ᠭᠦᠢᠴᠡᠳᠬᠡᠬᠦ ᠵᠦᠢᠯᠡᠰ ᠢ ᠳᠣᠣᠷᠠᠬᠢ ᠮᠡᠲᠦ ᠵᠠᠷᠯᠠᠶ᠎ᠠ᠄ | ᠨᠢᠭᠡ᠂ ᠭᠤᠶᠤᠴᠢᠯᠠᠬᠤ ᠨᠥᠬᠦᠴᠡᠯ | 1. ᠵᠠᠮ ᠬᠠᠷᠢᠯᠴᠠᠭᠠᠨ ᠤ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ ᠤᠨ | ᠡᠵᠡᠩᠨᠡᠭᠴᠢ ᠡᠵᠡᠩᠨᠡᠯᠲᠡ ᠶᠢᠨ ᠠᠶᠠᠨᠴᠢᠳ ᠤᠨ ᠲᠡᠷᠭᠡ 1 ᠠᠴᠠ ᠳᠡᠭᠡᠭᠰᠢ ︵1 ᠪᠠᠭᠲᠠᠨ᠎ᠠ︶ ᠪᠠᠶᠢᠵᠤ᠂ ᠠᠳᠠᠯᠢ | ᠨᠥᠬᠦᠴᠡᠯ ᠤᠨ ᠳᠣᠣᠷ᠎ᠠ ᠵᠠᠮ ᠬᠠᠷᠢᠯᠴᠠᠭᠠᠨ ᠤ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ ᠤᠨ | ᠡᠵᠡᠩᠨᠡᠯᠲᠡ ᠶᠢᠨ ᠬᠢᠷᠢ ᠬᠡᠮ ᠲᠠᠢ ᠠᠵᠤ ᠠᠬᠤᠶᠢᠯᠠᠯ ᠢ ᠤᠷᠢᠳ ᠢᠶᠠᠷ ᠪᠤᠳᠤᠯᠬᠢᠯᠠᠨ᠎ᠠ︔ | 2. ᠠᠳᠠᠯᠢ ᠨᠢᠭᠡᠨ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ ᠳᠤ 2 ᠪᠤᠶᠤ 2 ᠠᠴᠠ | ᠳᠡᠭᠡᠭᠰᠢ ᠭᠤᠶᠤᠴᠢᠯᠠᠭᠴᠢ ᠭᠤᠶᠤᠴᠢᠯᠠᠭᠰᠠᠨ ᠪᠠᠶᠢᠪᠠᠯ᠂ ᠬᠤᠪᠢ ᠶᠢᠨ ᠭᠤᠶᠤᠴᠢᠯᠠᠭᠴᠢ ᠲᠣᠰ ᠡᠭᠡᠯᠵᠢ ᠶᠢᠨ | ᠱᠤᠭᠤᠮ ᠤᠨ ᠠᠶᠤᠯᠭᠦᠢ ᠦᠢᠯᠡᠳᠪᠦᠷᠢᠯᠡᠯ ᠤᠨ ᠲᠥᠰᠥᠯ ᠪᠠ ᠪᠣᠯᠣᠮᠵᠢᠲᠤ ᠮᠡᠳᠡᠭᠦᠯᠦᠯᠲᠡ ᠪᠠᠨ ᠬᠠᠩᠭᠠᠬᠤ ᠬᠡᠷᠡᠭᠲᠡᠢ︔ | ᠠᠵᠤ ᠠᠬᠤᠶᠢᠯᠠᠯ ᠤᠨ ᠭᠤᠶᠤᠴᠢᠯᠠᠭᠴᠢ ᠨᠢ ᠺᠣᠮᠫᠠᠨᠢ ᠶᠢᠨ ᠲᠣᠪᠴᠢ ᠲᠠᠨᠢᠯᠴᠠᠭᠤᠯᠭ᠎ᠠ ︵ᠠᠶᠤᠯᠭᠦᠢ | ᠦᠢᠯᠡᠳᠪᠦᠷᠢᠯᠡᠯ ᠤᠨ ᠪᠠᠶᠢᠳᠠᠯ᠂ ᠳᠡᠭᠡᠷ᠎ᠡ ᠵᠢᠯ ᠤᠨ ᠠᠵᠤ ᠠᠬᠤᠶᠢᠯᠠᠯ ᠤᠨ ᠶᠠᠰᠤ ᠴᠢᠨᠠᠷ ᠤᠨ ᠢᠲᠡᠭᠡᠯ ᠬᠦᠨᠳᠦ ᠶᠢ | ᠬᠢᠨᠠᠨ ᠰᠢᠯᠭᠠᠭᠰᠠᠨ ᠦᠷ᠎ᠡ ᠳ᠋ᠦᠩ ᠢ ᠪᠠᠭᠲᠠᠭᠠᠨ᠎ᠠ︶ ᠪᠣᠯᠣᠨ ᠲᠣᠰ ᠡᠭᠡᠯᠵᠢ ᠶᠢᠨ ᠱᠤᠭᠤᠮ ᠤᠨ ᠪᠣᠯᠣᠮᠵᠢᠲᠤ | ᠮᠡᠳᠡᠭᠦᠯᠦᠯᠲᠡ ᠶᠢ ᠬᠠᠩᠭᠠᠬᠤ ᠬᠡᠷᠡᠭᠲᠡᠢ᠃ | ᠬᠤᠶᠠᠷ᠂ ᠭᠤᠶᠤᠴᠢᠯᠠᠬᠤ ᠴᠠᠭ᠄ 2023 ᠣᠨ ᠤ 6 ᠰᠠᠷ᠎ᠠ ᠶᠢᠨ 8 ᠤ ᠡᠳᠦᠷ ᠠᠴᠠ 2023 ᠣᠨ ᠤ 7 | ᠰᠠᠷ᠎ᠠ ᠶᠢᠨ 12 ᠤᠨ ᠡᠳᠦᠷ ᠪᠣᠯᠲᠠᠯ᠎ᠠ᠃ | ᠭᠤᠷᠪᠠ᠂ ᠭᠤᠶᠤᠴᠢᠯᠠᠬᠤ ᠭᠠᠵᠠᠷ᠄ ᠨᠠᠢᠮᠠᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠶᠡᠭᠡ ᠲᠢᠩᠬᠢᠮ ᠤᠨ 3 ᠳ᠋ᠤᠭᠠᠷ ᠳᠠᠪᠬᠤᠷᠭ᠎ᠠ ᠶᠢᠨ ᠶᠡᠷᠦᠩᠬᠡᠶᠢᠯᠡᠭᠰᠡᠨ ᠭᠥᠯᠢᠶᠡᠨ ᠠᠪᠴᠤ ᠰᠢᠢᠳᠪᠦᠷᠢᠯᠡᠬᠦ ᠴᠣᠩᠬᠤ᠃ | ᠳᠥᠷᠪᠡ᠂ ᠭᠤᠶᠤᠴᠢᠯᠠᠬᠤ ᠮᠠᠲ᠋ᠧᠷᠢᠶᠠᠯ | ︵ᠨᠢᠭᠡ︶ ︽ᠵᠠᠮ ᠬᠠᠷᠢᠯᠴᠠᠭᠠᠨ ᠤ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ ᠤᠨ | ᠡᠵᠡᠩᠨᠡᠯᠲᠡ ᠶᠢᠨ ᠭᠤᠶᠤᠴᠢᠯᠠᠯ ᠤᠨ ᠬᠦᠰᠦᠨᠦᠭᠲᠦ︾ ︵ᠳᠠᠭᠠᠯᠳᠤᠭᠤᠯᠤᠯ 2 ᠢ ᠦᠵᠡ︶︔ | ︵ᠬᠤᠶᠠᠷ︶ ᠠᠰᠢᠭᠯᠠᠯᠲᠠ ᠳᠤ ᠣᠷᠣᠭᠤᠯᠬᠤ ᠠᠴᠠ ᠡᠮᠦᠨ᠎ᠡ᠂ ᠡᠬᠢᠯᠡᠯᠲᠡ ᠲᠡᠭᠦᠰᠭᠡᠯ ᠤᠨ ᠭᠠᠵᠠᠷ ᠤᠨ | ᠠᠶᠠᠨᠴᠢᠳ ᠤᠨ ᠲᠡᠭᠡᠭᠡᠪᠦᠷᠢ ᠶᠢᠨ ᠦᠷᠳᠡᠭᠡ ᠪᠠ ᠵᠠᠮ ᠵᠠᠭᠤᠷ᠎ᠠ ᠵᠣᠭᠰᠣᠬᠤ ᠠᠮᠠᠯᠠᠯᠲᠠ ᠬᠢᠨ᠎ᠡ᠃ | ᠣᠷᠣᠨ ᠨᠤᠲᠤᠭ ᠤᠨ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠥᠷᠲᠡᠭᠡᠨ ᠳᠤ ᠣᠷᠣᠬᠤ ᠬᠡᠯᠡᠯᠴᠡᠭᠡᠷ | ᠲᠣᠭᠲᠠᠭᠠᠨ᠎ᠠ ︵ᠬᠥᠳᠡᠭᠡ ᠲᠣᠰᠬᠤᠨ ᠤ ᠵᠠᠮ ᠬᠠᠷᠢᠯᠴᠠᠭᠠᠨ ᠤ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ | ᠱᠤᠭᠤᠮ ᠨᠢ ᠬᠥᠳᠡᠭᠡ ᠲᠣᠰᠬᠤᠨ ᠤ ᠨᠢᠭᠡ ᠦᠵᠦᠭᠦᠷ ᠲᠤ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠪᠠᠶᠢᠬᠤ | ᠦᠭᠡᠢ ᠪᠣᠯ᠂ ᠡᠨᠡ ᠦᠵᠦᠭᠦᠷ ᠤᠨ ᠥᠷᠲᠡᠭᠡᠨ ᠳᠤ ᠣᠷᠣᠬᠤ ᠠᠮᠠᠯᠠᠯᠲᠠ ᠬᠢᠬᠦ ᠦᠭᠡᠢ︶︔ | ︵ᠭᠤᠷᠪᠠ︶ ᠲᠡᠭᠡᠭᠡᠪᠦᠷᠢ ᠶᠢᠨ ᠦᠢᠯᠡᠴᠢᠯᠡᠭᠡᠨ ᠤ ᠶᠠᠰᠤ ᠴᠢᠨᠠᠷ ᠤᠨ ᠠᠮᠠᠯᠠᠯᠲᠠ ᠶᠢᠨ ᠪᠢᠴᠢᠭ᠃ | ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ ᠤᠨ ᠡᠵᠡᠩᠨᠡᠯᠲᠡ ᠶᠢᠨ ᠵᠥᠪᠰᠢᠶᠡᠷᠡᠯ ᠢ ᠨᠢᠭᠡᠨᠲᠡ | ᠣᠯᠣᠭᠰᠠᠨ ᠡᠵᠡᠩᠨᠡᠭᠴᠢ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ ᠢ ᠰᠢᠨ᠎ᠡ ᠪᠠᠷ ᠨᠡᠮᠡᠭᠳᠡᠭᠦᠯᠬᠦ ᠪᠠᠷ | ᠭᠤᠶᠤᠴᠢᠯᠠᠬᠤ ᠳᠠᠭᠠᠨ᠂ ᠳᠡᠭᠡᠷ᠎ᠡ ᠳᠤᠷᠠᠳᠤᠭᠰᠠᠨ 3 ᠵᠦᠢᠯ ᠤᠨ ᠮᠠᠲ᠋ᠧᠷᠢᠶᠠᠯ ᠢ ᠬᠠᠩᠭᠠᠬᠤ ᠠᠴᠠ ᠭᠠᠳᠠᠨ᠎ᠠ᠂ ᠪᠠᠰᠠ | ᠳᠣᠣᠷᠠᠬᠢ ᠮᠠᠲ᠋ᠧᠷᠢᠶᠠᠯ ᠢ ᠬᠠᠩᠭᠠᠬᠤ ᠬᠡᠷᠡᠭᠲᠡᠢ᠄ | 1. ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠪᠤᠶᠤ ᠬᠤᠪᠢ ᠶᠢᠨ ᠡᠵᠡᠩᠨᠡᠭᠴᠢ ᠶᠢᠨ ᠭᠠᠷ ᠤᠨ ᠤᠶᠢᠰᠦᠭ | ᠵᠢᠷᠤᠵᠤ ᠲᠠᠮᠠᠭ᠎ᠠ ᠳᠠᠷᠤᠭᠰᠠᠨ ᠣᠷᠣᠭᠤᠯᠬᠤ ᠪᠠᠷ ᠪᠠᠶᠢᠭ᠎ᠠ ᠲᠡᠷᠭᠡ ᠬᠥᠰᠬᠡ ᠪᠠ ᠵᠢᠯᠣᠭᠤᠴᠢ ᠤᠷᠢᠵᠤ ᠬᠡᠷᠡᠭᠯᠡᠬᠦ | ᠠᠮᠠᠯᠠᠯᠲᠠ᠂ ᠡᠭᠦᠨ ᠳᠤ ᠠᠶᠠᠨᠴᠢᠳ ᠤᠨ ᠲᠡᠷᠭᠡ ᠶᠢᠨ ᠲᠤᠭ᠎ᠠ ᠬᠡᠮᠵᠢᠶ᠎ᠡ᠂ ᠲᠤᠶᠢᠷᠦᠯ ᠬᠡᠯᠪᠡᠷᠢ ᠶᠢᠨ ᠵᠡᠷᠭᠡ ᠳᠡᠰ᠂ | ᠮᠡᠷᠭᠡᠵᠢᠯ ᠤᠨ ᠵᠡᠷᠭᠡ ᠳᠡᠰ ᠪᠠᠭᠲᠠᠵᠤ᠂ ᠤᠷᠢᠵᠤ ᠬᠡᠷᠡᠭᠯᠡᠬᠦ ᠵᠢᠯᠣᠭᠤᠴᠢ ᠨᠢ ᠠᠵᠢᠯ ᠡᠷᠬᠢᠯᠡᠬᠦ ᠬᠢᠷᠢ ᠬᠡᠮ ᠲᠠᠢ | ᠪᠠᠶᠢᠬᠤ ᠬᠡᠷᠡᠭᠲᠡᠢ︔ | 2. ᠭᠠᠷᠳᠠᠴᠠ ᠭᠦᠢᠴᠡᠳᠭᠡᠭᠴᠢ ᠶᠢᠨ ᠪᠡᠶ᠎ᠡ ᠶᠢᠨ ᠦᠨᠡᠮᠯᠡᠯ ᠪᠠ ᠨᠠᠶᠢᠳᠠᠯᠭ᠎ᠠ ᠶᠢᠨ ᠪᠢᠴᠢᠭ ᠢ ᠬᠠᠩᠭᠠᠬᠤ | ᠬᠡᠷᠡᠭᠲᠡᠢ᠃ | ᠯᠠᠪᠯᠠᠬᠤ ᠤᠲᠠᠰᠤ᠄ 0475 ︱ 4213776 | | | | | | | ᠨᠠᠶᠮᠠᠨ ᠬᠤᠰᠢᠭᠤᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠵᠠᠰᠠᠭ ᠤᠨ ᠶᠠᠪᠤᠳᠠᠯ | ᠤᠨ ᠦᠶᠯᠡᠴᠢᠯᠡᠭᠡᠨ ᠤ ᠲᠣᠪᠴᠢᠶ᠎ᠠ | 2023 ᠣᠨ ᠤ 6 ᠰᠠᠷ᠎ᠠ ᠶᠢᠨ 8 ᠤ ᠡᠳᠦᠷ | | | | |