2023 ᠣᠨ ᠤ ᠨᠠᠶᠮᠠᠨ ᠬᠤᠰᠢᠭᠤᠨ ᠤ ᠲᠠᠷᠢᠶᠠᠨ ᠭᠠᠵᠠᠷ ᠤᠨ ᠡᠭᠡᠯᠵᠢᠯᠡᠨ ᠳᠠᠷᠢᠬᠤ ᠠᠵᠢᠯ ᠤᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠨᠠᠶᠮᠠᠨ ᠬᠤᠰᠢᠭᠤᠨ ᠤ ᠠᠷᠠᠳ ᠤᠨ ᠵᠠᠰᠠᠭ  ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/7/19
      ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠯᠢᠦ ᠬᠤᠤ ᠲᠠᠷᠢᠶᠠᠯᠠᠩ ᠤᠨ ᠲᠠᠯᠠᠪᠠᠶ ᠶᠢᠨ ᠬᠠᠮᠢᠶᠠᠷᠤᠯᠲᠠ ᠶᠢᠨ ᠵᠥᠪᠯᠡᠯ᠄       ︽2023 ᠣᠨ ᠤ ᠨᠠᠶᠮᠠᠨ ᠬᠤᠰᠢᠭᠤᠨ ᠤ ᠲᠠᠷᠢᠶᠠᠨ ᠭᠠᠵᠠᠷ ᠤᠨ ᠡᠭᠡᠯᠵᠢᠯᠡᠨ ᠳᠠᠷᠢᠬᠤ ᠠᠵᠢᠯ ᠤᠨ ᠬᠡᠷᠡᠭᠵᠢᠭᠦᠯᠬᠦ ᠲᠥᠰᠦᠯ︾ ᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠶ ᠰᠠᠶᠢᠲᠤᠷ ᠠᠳᠬᠤᠬᠤ ᠬᠡᠷᠡᠭᠲᠡᠶ᠃                                    2023 ᠣᠨ ᠤ 6 ᠰᠠᠷ᠎ᠠ ᠶᠢᠨ 12 ᠤᠨ ᠡᠳᠦᠷ       ︵ᠲᠤᠰ ᠪᠢᠴᠢᠭ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶      2023 ᠣᠨ ᠤ ᠨᠠᠶᠮᠠᠨ ᠬᠤᠰᠢᠭᠤᠨ ᠤ ᠲᠠᠷᠢᠶᠠᠨ ᠭᠠᠵᠠᠷ ᠤᠨ ᠡᠭᠡᠯᠵᠢᠯᠡᠨ ᠳᠠᠷᠢᠬᠤ ᠠᠵᠢᠯ ᠤᠨ ᠬᠡᠷᠡᠭᠵᠢᠭᠦᠯᠬᠦ ᠲᠥᠰᠦᠯ       ᠨᠠᠮ ᠤᠨ ᠬᠤᠷᠢᠳᠤᠭᠠᠷ ᠶᠡᠭᠡ ᠬᠤᠷᠠᠯ᠂ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠪᠠ 2023 ᠣᠨ ᠤ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠪᠠ  ︽2023 ᠣᠨ ᠤ ᠲᠦᠩᠯᠢᠶᠣᠤ ᠬᠤᠲᠠ ᠶᠢᠨ ᠲᠠᠷᠢᠶᠠᠨ ᠭᠠᠵᠠᠷ ᠤᠨ ᠡᠭᠡᠯᠵᠢᠯᠡᠨ ᠳᠠᠷᠢᠬᠤ ᠠᠵᠢᠯ ᠤᠨ ᠬᠡᠷᠡᠭᠵᠢᠭᠦᠯᠬᠦ ᠲᠥᠰᠦᠯ ︾ ᠤᠨ ᠱᠠᠭᠠᠷᠳᠠᠯᠭ᠎ᠠ ᠶᠣᠰᠣᠭᠠᠷ᠂ ᠰᠢᠷ᠎ᠠ ᠪᠤᠷᠴᠠᠭ ᠤᠨ ᠲᠣᠰᠣᠯᠢᠭ ᠲᠠᠷᠢᠮᠠᠯ ᠳᠠᠷᠢᠬᠤ ᠶᠢ ᠲᠣᠭᠲᠠᠪᠤᠷᠢᠵᠢᠭᠤᠯᠵᠤ᠂ ᠲᠠᠷᠢᠶᠠᠨ ᠭᠠᠵᠠᠷ ᠤᠨ ᠬᠦᠴᠦ ᠰᠢᠮ᠎ᠡ ᠶᠢ ᠳᠡᠭᠡᠭᠰᠢᠯᠡᠭᠦᠯᠬᠦ᠂ ᠲᠠᠷᠢᠶᠠᠯᠠᠩ ᠤᠨ ᠪᠦᠲᠦᠭᠡᠭᠳᠡᠬᠦᠨ ᠤ ᠦᠶᠯᠡᠳᠪᠦᠷᠢᠯᠡᠯ ᠤᠨ ᠬᠥᠳᠡᠯᠦᠩᠭᠦᠶ ᠲᠣᠬᠢᠷᠠᠭᠤᠯᠭ᠎ᠠ᠂ ᠲᠠᠷᠢᠮᠠᠯ ᠤᠨ ᠦᠶᠯᠡᠰ ᠤᠨ ᠪᠣᠬᠢᠷᠲᠤᠯ ᠥᠬᠡᠶ ᠬᠥᠭᠵᠢᠯᠲᠡ ᠶᠢ ᠵᠣᠬᠢᠴᠠᠭᠤᠯᠤᠨ ᠠᠬᠢᠭᠤᠯᠵᠤ᠂ ᠥᠪᠡᠷᠮᠢᠴᠡ ᠣᠨᠴᠠᠯᠢᠭ ᠲᠠᠢ ᠡᠭᠡᠯᠵᠢᠯᠡᠨ ᠳᠠᠷᠢᠬᠤ ᠲᠦᠷᠢᠮ ᠢ ᠲᠦᠷᠭᠡᠳᠬᠡᠨ ᠪᠠᠶᠢᠭᠤᠯᠵᠤ᠂ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠣᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃        ᠨᠢᠭᠡ᠂ ᠶᠡᠷᠦᠩᠬᠡᠢ ᠱᠠᠭᠠᠷᠳᠠᠯᠭ᠎ᠠ        ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ  ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ  ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠪᠦᠲᠦᠨ᠂ ᠣᠨᠣᠪᠴᠢᠲᠠᠶ᠂ ᠪᠥᠬᠦ ᠲᠠᠯ᠎ᠠ ᠪᠠᠷ ᠲᠤᠭᠤᠰᠢᠯᠠᠭᠤᠯᠤᠨ᠂ ᠣᠳᠣᠬᠠᠨ ᠤ ᠪᠠ ᠠᠯᠤᠰ ᠬᠡᠲᠦ ᠶᠢ ᠨᠢᠭᠡᠳᠦᠯᠲᠡᠶ ᠲᠥᠯᠥᠪᠵᠢᠭᠦᠯᠵᠦ᠂ ᠦᠶᠯᠡᠳᠪᠦᠷᠢᠯᠡᠯ ᠪᠠ ᠠᠮᠢ ᠠᠬᠤᠶ ᠶᠢ ᠵᠣᠬᠢᠴᠠᠭᠤᠯᠤᠨ᠂ ᠭᠠᠵᠠᠷ ᠬᠡᠷᠡᠭᠯᠡᠬᠦ ᠪᠠ ᠭᠠᠵᠠᠷ ᠠᠷᠠᠴᠢᠯᠠᠬᠤ ᠶᠢ ᠬᠠᠮᠲᠤ ᠳᠤᠨᠢ ᠬᠠᠷᠠᠭᠠᠯᠵᠠᠵᠤ᠂ ᠲᠠᠷᠢᠶᠠᠨ ᠭᠠᠵᠠᠷ ᠤᠨ ᠡᠭᠡᠯᠵᠢᠯᠡᠨ ᠳᠠᠷᠢᠬᠤ ᠲᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠠᠬᠢᠵᠢᠭᠦᠯᠵᠦ᠂ ᠠᠮᠤ ᠪᠤᠳᠠᠭ᠎ᠠ ᠲᠣᠰᠣᠨ ᠤ ᠦᠶᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠠᠮᠤ ᠪᠤᠳᠠᠭ᠎ᠠ ᠲᠣᠰᠣᠨ ᠤ ᠦᠶᠯᠡᠳᠪᠦᠷᠢᠯᠡᠯ ᠤᠨ ᠴᠢᠨᠠᠷ ᠰᠠᠶᠢᠲᠠᠶ ᠬᠥᠭᠵᠢᠯᠲᠡ ᠶᠢ ᠳᠣᠪᠣᠶᠢᠯᠭᠠᠨ᠂ ᠰᠢᠷ᠎ᠠ ᠪᠤᠷᠴᠠᠭ ᠲᠣᠰᠣᠯᠢᠭ ᠲᠠᠷᠢᠮᠠᠯ ᠤᠨ ᠦᠶᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠳᠤ ᠠᠰᠢᠭᠲᠠᠶ ᠲᠤᠯᠭᠠᠭᠤᠷᠢᠯᠠᠯ  ᠬᠠᠩᠭᠠᠬᠤ ᠬᠡᠷᠡᠭᠲᠡᠢ᠃       ︵ᠨᠢᠭᠡ︶ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠠᠬᠢᠵᠢᠭᠦᠯᠦᠨ᠎ᠡ᠃ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ᠳᠤᠷᠠᠳᠤᠨ ᠭᠠᠷᠭᠠᠭᠰᠠᠨ ︽ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠦᠬᠦ ᠲᠠᠯ᠎ᠠ ᠪᠠᠷ ᠪᠠᠬᠢᠵᠢᠭᠦᠯᠬᠦ︾ ᠪᠤᠯ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠲᠤᠬᠠᠢ ᠨᠡᠩ ᠥᠨᠳᠥᠷ ᠱᠠᠭᠠᠷᠳᠠᠯᠭ᠎ᠠ ᠪᠣᠯᠬᠤ ᠮᠥᠷᠲᠡᠭᠡᠨ ᠪᠠᠰᠠ ᠠᠮᠤ ᠪᠤᠳᠠᠭᠠᠨ ᠤ ᠠᠮᠤᠷ ᠲᠦᠪᠰᠢᠨ ᠤ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠬᠦ ᠲᠤᠬᠠᠢ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠪᠣᠯᠤᠨ᠎ᠠ᠃ ᠲᠠᠷᠢᠶᠠᠨ ᠭᠠᠵᠠᠷ  ᠤᠨ ᠡᠭᠡᠯᠵᠢᠯᠡᠨ ᠲᠠᠷᠢᠬᠤ ᠠᠵᠢᠯ ᠤᠨ ᠦᠵᠡᠭᠦᠯᠬᠦ ᠭᠠᠵᠠᠷ ᠰᠢᠷᠣᠶ ᠶᠢ ᠰᠢᠮᠡᠵᠢᠭᠦᠯᠬᠦ᠂ ᠦᠶᠯᠡᠳᠪᠦᠷᠢᠯᠡᠯ ᠠᠮᠢ ᠠᠬᠤᠶ  ᠶᠢ ᠵᠣᠬᠢᠴᠠᠭᠤᠯᠤᠨ ᠠᠬᠢᠭᠤᠯᠬᠤ ᠳᠤ ᠦᠵᠡᠭᠦᠯᠬᠦ ᠵᠠᠩᠭᠢᠯᠠᠭ᠎ᠠ ᠶᠢᠨ ᠦᠶᠯᠡᠳᠦᠯ ᠢ ᠭᠦᠶᠴᠡᠳ ᠪᠠᠳᠠᠷᠠᠭᠤᠯᠵᠤ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠲᠠᠷᠢᠶᠠᠨ ᠭᠠᠵᠠᠷ ᠤᠨ ᠭᠠᠵᠠᠷ ᠤᠨ ᠰᠢᠮ᠎ᠡ ᠶᠢ ᠦᠷᠭᠦᠯᠵᠢᠯᠡᠨ ᠳᠡᠭᠡᠭᠰᠢᠯᠡᠭᠦᠯᠵᠦ᠂ ᠠᠮᠤ ᠪᠤᠳᠠᠭ᠎ᠠ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠠᠮᠤᠷ ᠲᠦᠪᠰᠢᠨ ᠬᠠᠩᠭᠠᠯᠭ᠎ᠠ  ᠶᠢ ᠪᠠᠲᠤᠯᠠᠬᠤ ᠰᠠᠭᠤᠷᠢ ᠴᠢᠳᠠᠪᠤᠷᠢ ᠶᠢ ᠴᠢᠩᠭᠠᠳᠬᠠᠬᠤ ᠬᠡᠷᠡᠭᠲᠡᠶ᠃       ︵ᠬᠤᠶᠠᠷ︶ ᠰᠢᠷ᠎ᠠ ᠪᠤᠷᠴᠠᠭ ᠤᠨ ᠲᠣᠰᠣᠯᠢᠭ ᠲᠠᠷᠢᠮᠠᠯ ᠤᠨ ᠦᠶᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ ᠃ ᠰᠢᠷ᠎ᠠ ᠪᠤᠷᠴᠠᠭ ᠤᠨ ᠲᠣᠰᠣᠯᠢᠭ ᠲᠠᠷᠢᠮᠠᠯ ᠤᠨ ᠦᠢᠯᠡᠳᠪᠦᠷᠢᠯᠡᠬᠦ ᠴᠢᠳᠠᠪᠤᠷᠢ ᠪᠠ ᠥᠪᠡᠷ ᠢ  ᠪᠠᠨ ᠬᠠᠩᠭᠠᠬᠤ ᠨᠤᠷᠮ᠎ᠠ ᠶᠢ ᠳᠡᠭᠡᠭᠰᠢᠯᠡᠭᠦᠯᠬᠦ ᠪᠣᠯ ᠡᠷᠬᠡᠪᠰᠢ ᠪᠡᠶᠡᠯᠡᠭᠦᠯᠬᠦ ᠤᠯᠤᠰ ᠲᠦᠷᠦ ᠶᠢᠨ ᠡᠭᠦᠷᠭᠡ ᠮᠥᠨ᠃ ᠲᠠᠷᠢᠶᠠᠨ ᠭᠠᠵᠠᠷ ᠤᠨ ᠡᠭᠡᠯᠵᠢᠯᠡᠨ ᠳᠠᠷᠢᠬᠤ ᠲᠠᠷᠢᠮᠠᠯ ᠤᠨ ᠪᠦᠲᠦᠴᠡ ᠶᠢᠨ ᠲᠣᠬᠢᠷᠠᠭᠤᠯᠤᠯᠲᠠ ᠪᠠ ᠲᠠᠷᠢᠶᠠᠯᠠᠩ ᠤᠨ ᠪᠦᠲᠦᠭᠡᠭᠳᠡᠬᠦᠨ ᠤ ᠦᠶᠯᠡᠳᠪᠦᠷᠢᠯᠡᠯ ᠤᠨ ᠬᠥᠳᠡᠯᠦᠩᠭᠦᠶ ᠲᠣᠬᠢᠷᠠᠭᠤᠯᠤᠯᠲᠠ ᠳᠤᠮᠳᠠᠬᠢ ᠴᠢᠬᠤᠯᠠ ᠦᠶᠯᠡᠳᠦᠯ ᠢ ᠭᠦᠶᠴᠡᠳ ᠪᠠᠳᠠᠷᠠᠭᠤᠯᠵᠤ᠂ ᠰᠢᠨ᠎ᠡ ᠨᠢᠭᠡ ᠡᠭᠡᠯᠵᠢ ᠶᠢᠨ ᠮᠢᠩᠭᠠᠨ ᠳ᠋ᠦᠩᠰᠢᠭᠤᠷ ᠵᠢᠩ ᠠᠮᠤ ᠪᠤᠳᠠᠭᠠᠨ ᠤ ᠦᠶᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ᠂ ᠤᠯᠤᠰ ᠤᠨ ᠰᠢᠷ᠎ᠠ ᠪᠤᠷᠴᠠᠭ ᠪᠠ ᠲᠣᠰᠣᠯᠢᠭ ᠲᠠᠷᠢᠮᠠᠯ ᠤᠨ ᠦᠶᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠲᠦᠷᠭᠡᠳᠬᠡᠨ ᠠᠬᠢᠭᠤᠯᠵᠤ᠂ ᠮᠠᠨ ᠤ ᠬᠤᠰᠢᠭᠤᠨ ᠤ ᠰᠢᠷ᠎ᠠ ᠪᠤᠷᠴᠠᠭ ᠤᠨ ᠦᠶᠯᠡᠳᠪᠦᠷᠢᠯᠡᠯ ᠤᠨ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠶ᠃       ︵ᠭᠤᠷᠪᠠ︶ ᠠᠮᠤ ᠪᠤᠳᠠᠭ᠎ᠠ ᠲᠣᠰᠣᠨ ᠤ ᠦᠶᠯᠡᠳᠪᠦᠷᠢᠯᠡᠯ ᠤᠨ ᠴᠢᠨᠠᠷ ᠰᠠᠶᠢᠲᠠᠶ ᠬᠥᠭᠵᠢᠯᠲᠡ ᠶᠢ ᠳᠣᠪᠣᠶᠢᠯᠭᠠᠨ᠎ᠠ᠃ ᠠᠮᠤ ᠪᠤᠳᠠᠭ᠎ᠠ ᠪᠠ ᠲᠣᠰᠣᠯᠢᠭ ᠲᠠᠷᠢᠮᠠᠯ ᠤᠨ ᠦᠶᠯᠡᠳᠪᠦᠷᠢᠯᠡᠯ ᠤᠨ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠬᠦ ᠪᠠ ᠬᠡᠮᠵᠢᠶ᠎ᠡ ᠶᠢ ᠵᠦᠶ ᠵᠣᠬᠢᠰᠲᠠᠶ ᠨᠡᠮᠡᠭᠳᠡᠭᠦᠯᠬᠦ ᠶᠢ ᠠᠬᠢᠭᠤᠯᠬᠤ ᠪᠣᠯ ᠲᠠᠷᠢᠮᠠᠯ ᠤᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠳᠣᠲᠣᠭᠠᠳᠤ ᠱᠠᠭᠠᠷᠳᠠᠯᠭ᠎ᠠ ᠮᠥᠨ᠃ ᠲᠠᠷᠢᠶᠠᠨ ᠭᠠᠵᠠᠷ ᠤᠨ ᠡᠭᠡᠯᠵᠢᠯᠡᠨ ᠳᠠᠷᠢᠬᠤ  ᠪᠣᠬᠢᠷᠲᠤᠯ ᠥᠬᠡᠶ ᠦᠶᠯᠡᠳᠪᠦᠷᠢᠯᠡᠯ ᠤᠨ ᠠᠷᠭ᠎ᠠ ᠬᠡᠯᠪᠡᠷᠢ ᠶᠢ ᠳᠡᠯᠭᠡᠷᠡᠭᠦᠯᠬᠦ᠂ ᠪᠣᠬᠢᠷᠲᠤᠯ ᠥᠬᠡᠶ ᠳᠠᠷᠢᠬᠤ ᠲᠦᠷᠢᠮ  ᠳᠤ ᠦᠵᠡᠭᠦᠯᠬᠦ ᠬᠥᠲᠥᠯᠥᠨ ᠳᠠᠭᠠᠭᠤᠯᠬᠤ ᠦᠶᠯᠡᠳᠦᠯ ᠢ ᠭᠦᠶᠴᠡᠳ ᠪᠠᠳᠠᠷᠠᠭᠤᠯᠵᠤ᠂ ᠡᠯ᠎ᠡ ᠲᠥᠷᠥᠯ ᠤᠨ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ᠂ ᠡᠪᠡᠳᠴᠢᠨ ᠬᠤᠷᠣᠬᠠᠶ ᠶᠢᠨ ᠬᠥᠨᠥᠭᠡᠯ ᠢ ᠨᠢᠭᠡᠳᠦᠯᠲᠡᠶ ᠰᠡᠷᠭᠡᠶᠢᠯᠡᠵᠦ ᠨᠢᠭᠡᠳᠦᠯᠲᠡᠶ ᠵᠠᠰᠠᠬᠤ ᠪᠠ ᠪᠣᠬᠢᠷᠲᠤᠯ ᠥᠬᠡᠶ ᠰᠡᠷᠭᠡᠶᠢᠯᠡᠨ ᠡᠵᠡᠮᠳᠡᠬᠦ᠂ ᠪᠣᠬᠢᠷᠲᠤᠯ ᠥᠬᠡᠶ ᠳᠠᠷᠢᠵᠤ ᠲᠡᠵᠢᠭᠡᠬᠦ ᠤᠷᠴᠢᠯ ᠲᠠᠷᠢᠶᠠᠯᠠᠩ ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠡᠬᠢ ᠪᠠᠶᠠᠯᠢᠭ ᠢ ᠵᠦᠶ ᠵᠣᠬᠢᠰᠲᠠᠶ ᠠᠰᠢᠭᠯᠠᠬᠤ ᠶᠢ ᠦᠷᠭᠦᠯᠵᠢᠯᠡᠨ ᠠᠬᠢᠭᠤᠯᠤᠨ᠎ᠠ᠃      ᠬᠤᠶᠠᠷ᠂ ᠭᠤᠣᠯ ᠡᠭᠦᠷᠭᠡ       ︵ᠨᠢᠭᠡ︶ ᠡᠭᠡᠯᠵᠢᠯᠡᠨ ᠳᠠᠷᠢᠬᠤ ᠣᠷᠣᠨ ᠪᠦᠰᠡ ᠪᠠ ᠬᠡᠪᠴᠢᠶ᠎ᠡ᠃ ᠮᠡᠳᠡᠭᠦᠯᠬᠦ ᠰᠠᠨᠠᠮᠵᠢ ᠶᠢ ᠦᠨᠳᠦᠰᠦᠯᠡᠪᠡᠯ᠂ 2023 ᠣᠨ ᠤ ᠲᠠᠷᠢᠶᠠᠨ ᠭᠠᠵᠠᠷ ᠤᠨ ᠡᠭᠡᠯᠵᠢᠯᠡᠨ ᠳᠠᠷᠢᠬᠤ ᠠᠵᠢᠯ ᠪᠥᠬᠦ ᠬᠤᠰᠢᠭᠤᠨ ᠤ ᠡᠯ᠎ᠡ ᠰᠤᠮᠤ ᠰᠢᠶᠠᠩ ᠪᠠᠯᠭᠠᠰᠤ  ︵ᠲᠠᠯᠠᠪᠠᠶ ︶ ᠳᠤ ᠬᠤᠯᠪᠣᠭᠳᠠᠨ᠎ᠠ᠃ ᠳᠡᠭᠡᠳᠦ ᠱᠠᠲᠤᠨ ᠤ ᠱᠠᠭᠠᠷᠳᠠᠯᠭ᠎ᠠ ᠶᠣᠰᠣᠭᠠᠷ᠂ 2022 ᠣᠨ  ᠠᠴᠠ ᠡᠮᠦᠨ᠎ᠡ ᠪᠡᠶᠡᠯᠡᠭᠦᠯᠦᠭᠡᠳᠦᠶ ᠡᠭᠦᠷᠭᠡ ᠶᠢ 2023 ᠣᠨ ᠳᠤ ᠪᠦᠬᠦᠨ ᠢ ᠪᠡᠶᠡᠯᠡᠭᠦᠯᠦᠨ᠎ᠡ᠃ 2023 ᠣᠨ ᠳᠤ᠂ ᠮᠠᠨ ᠤ ᠬᠤᠰᠢᠭᠤᠨ ᠤ ᠲᠠᠷᠢᠶᠠᠨ ᠭᠠᠵᠠᠷ ᠤᠨ ᠡᠭᠡᠯᠵᠢᠯᠡᠨ ᠳᠠᠷᠢᠬᠤ ᠡᠭᠦᠷᠭᠡ ᠶᠢᠨ ᠲᠠᠯᠠᠪᠠᠶ 16.05 ᠲᠦᠮᠡᠨ ᠮᠥ  ᠳᠤ ᠬᠥᠷᠪᠡ᠃ ᠡᠭᠦᠨ ᠳᠤ᠂ 2021 ᠣᠨ ᠳᠤ ᠲᠠᠷᠢᠶᠠᠨ ᠭᠠᠵᠠᠷ ᠤᠨ ᠡᠭᠡᠯᠵᠢᠯᠡᠨ ᠳᠠᠷᠢᠬᠤ ᠡᠭᠦᠷᠭᠡ ᠶᠢᠨ ᠲᠠᠯᠠᠪᠠᠶ 2.19 ᠲᠦᠮᠡᠨ ᠮᠥ ᠶᠢ ᠪᠡᠶᠡᠯᠡᠭᠦᠯᠦᠭᠰᠡᠨ ᠥᠬᠡᠶ᠂ 2022 ᠣᠨ ᠳᠤ ᠲᠠᠷᠢᠶᠠᠨ ᠭᠠᠵᠠᠷ ᠤᠨ ᠡᠭᠡᠯᠵᠢᠯᠡᠨ ᠳᠠᠷᠢᠬᠤ ᠡᠭᠦᠷᠭᠡ ᠶᠢᠨ ᠲᠠᠯᠠᠪᠠᠶ 0.86 ᠲᠦᠮᠡᠨ ᠮᠥ  ᠪᠡᠶᠡᠯᠡᠭᠦᠯᠦᠭᠰᠡᠨ ᠥᠬᠡᠶ᠂ 2023 ᠣᠨ ᠳᠤ 13 ᠲᠦᠮᠡᠨ ᠮᠥ ᠲᠠᠷᠢᠶᠠᠨ ᠭᠠᠵᠠᠷ ᠤᠨ ᠡᠭᠡᠯᠵᠢᠯᠡᠨ ᠳᠠᠷᠢᠬᠤ ᠡᠭᠦᠷᠭᠡ ᠶᠢᠨ ᠲᠠᠯᠠᠪᠠᠶ ᠶᠢ ᠰᠢᠨ᠎ᠡ ᠪᠠᠷ  ᠨᠡᠮᠡᠭᠳᠡᠭᠦᠯᠦᠨ᠎ᠡ᠃       ︵ᠬᠤᠶᠠᠷ︶ ᠮᠡᠷᠭᠡᠵᠢᠯ ᠤᠨ ᠠᠷᠭ᠎ᠠ ᠵᠠᠮ ᠪᠠ ᠡᠭᠡᠯᠵᠢᠯᠡᠨ ᠳᠠᠷᠢᠬᠤ ᠬᠡᠯᠪᠡᠷᠢ᠃ ᠠᠮᠤ ᠪᠤᠳᠠᠭᠠᠨ ᠤ ᠤᠨᠠᠯᠲᠠ  ᠶᠢ ᠲᠣᠭᠲᠠᠭᠤᠨ ᠪᠠᠶᠢᠯᠭᠠᠬᠤ ᠪᠠ ᠲᠠᠷᠢᠮᠠᠯ ᠤᠨ ᠦᠶᠯᠡᠰ ᠤᠨ ᠪᠦᠲᠦᠴᠡ ᠶᠢ ᠲᠣᠬᠢᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠷ᠎ᠠ ᠪᠤᠷᠴᠠᠭ ᠳᠠᠷᠢᠬᠤ ᠶᠢ ᠥᠷᠭᠡᠳᠬᠡᠬᠦ ᠡᠭᠦᠷᠭᠡ ᠲᠠᠢ ᠤᠶᠠᠯᠳᠤᠭᠤᠯᠤᠨ᠂ ᠡᠷᠳᠡᠨᠢ ᠰᠢᠰᠢ ᠬᠢᠭᠡᠳ ᠰᠢᠷ᠎ᠠ ᠪᠤᠷᠴᠠᠭ᠂ ᠡᠯᠳᠡᠪ ᠠᠮᠤ ᠡᠯᠳᠡᠪ ᠪᠤᠷᠴᠠᠭ ᠬᠢᠭᠡᠳ ᠰᠢᠷ᠎ᠠ ᠪᠤᠷᠴᠠᠭ᠂ ᠡᠷᠳᠡᠨᠢ ᠰᠢᠰᠢ ᠬᠢᠭᠡᠳ ᠲᠣᠰᠣᠯᠢᠭ ᠲᠠᠷᠢᠮᠠᠯ᠂ ᠡᠷᠳᠡᠨᠢ ᠰᠢᠰᠢ ᠬᠢᠭᠡᠳ ᠡᠯᠳᠡᠪ ᠠᠮᠤ ᠡᠯᠳᠡᠪ ᠪᠤᠷᠴᠠᠭ᠂ ᠡᠷᠳᠡᠨᠢ ᠰᠢᠰᠢ ᠬᠢᠭᠡᠳ ᠲᠥᠮᠥᠰᠥ  ᠶᠢᠨ ᠲᠥᠷᠥᠯ ᠵᠡᠷᠭᠡ ᠡᠭᠡᠯᠵᠢᠯᠡᠨ ᠳᠠᠷᠢᠬᠤ ᠵᠠᠭᠪᠤᠷ ᠢ ᠭᠤᠤᠯᠳᠠᠯᠭ᠎ᠠ ᠲᠠᠢ ᠬᠡᠷᠡᠭᠵᠢᠭᠦᠯᠵᠦ᠂ ᠬᠥᠷᠥᠰᠥ ᠰᠢᠷᠣᠶ ᠶᠢ ᠰᠠᠶᠢᠵᠢᠷᠠᠭᠤᠯᠤᠨ᠂ ᠭᠠᠵᠠᠷ ᠤᠨ ᠰᠢᠮ᠎ᠡ ᠶᠢ ᠳᠡᠭᠡᠭᠰᠢᠯᠡᠭᠦᠯᠵᠦ᠂ ᠵᠦᠶ ᠵᠣᠬᠢᠰᠲᠠᠶ ᠡᠭᠡᠯᠵᠢᠯᠡᠨ ᠳᠠᠷᠢᠬᠤ ᠵᠠᠭᠪᠤᠷ ᠢ ᠪᠦᠷᠢᠯᠳᠦᠭᠦᠯᠦᠨ᠎ᠡ᠃ ᠡᠯ᠎ᠡ ᠰᠤᠮᠤ ᠰᠢᠶᠠᠩ ᠪᠠᠯᠭᠠᠰᠤ  ︵ᠲᠠᠯᠠᠪᠠᠶ ︶ ᠨᠤᠭᠤᠳ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠲᠠᠷᠢᠶᠠᠯᠠᠬᠤ ᠡᠷᠦᠬᠡ ᠶᠢ ᠬᠥᠲᠥᠯᠥᠨ ᠵᠢᠯᠣᠭᠤᠳᠴᠤ ᠪᠠᠶᠢᠭᠠᠳ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠳᠤ ᠨᠡᠶᠢᠴᠡᠭᠰᠡᠨ ᠡᠭᠡᠯᠵᠢᠯᠡᠨ ᠳᠠᠷᠢᠬᠤ ᠵᠠᠭᠪᠤᠷ ᠢ ᠢᠳᠡᠪᠬᠢᠲᠡᠶ ᠥᠷᠨᠢᠭᠦᠯᠵᠦ᠂ ᠵᠢᠮᠢᠰ  ᠤᠨ ᠮᠣᠳᠣ ᠵᠡᠷᠭᠡ ᠤᠷᠲᠤ ᠨᠠᠰᠤᠲᠤ ᠠᠵᠤ ᠠᠬᠤᠶ ᠶᠢᠨ ᠣᠶ᠂ ᠲᠦᠬᠦᠭᠡᠷᠦᠮᠵᠢᠲᠦ ᠲᠠᠷᠢᠶᠠᠯᠠᠩ ᠵᠡᠷᠭᠡ ᠠᠮᠤ ᠪᠤᠳᠠᠭᠠᠨ  ᠤ ᠦᠶᠯᠡᠳᠪᠦᠷᠢᠯᠡᠬᠦ ᠴᠢᠳᠠᠪᠤᠷᠢ ᠶᠢ ᠨᠥᠯᠥᠭᠡᠯᠡᠬᠦ᠂ ᠲᠠᠷᠢᠶᠠᠨ ᠭᠠᠵᠠᠷ ᠤᠨ ᠬᠦᠴᠦ ᠰᠢᠮ᠎ᠡ ᠶᠢ ᠰᠡᠷᠭᠦᠭᠡᠬᠦ ᠳᠤ ᠠᠰᠢᠭ ᠥᠬᠡᠶ ᠲᠠᠷᠢᠮᠠᠯ ᠢ ᠡᠭᠡᠯᠵᠢᠯᠡᠨ ᠳᠠᠷᠢᠬᠤ ᠪᠠᠷ ᠲᠣᠬᠢᠷᠠᠭᠤᠯᠵᠤ ᠪᠣᠯᠬᠤ ᠥᠬᠡᠶ᠃       ︵ᠭᠤᠷᠪᠠ︶ ᠡᠭᠡᠯᠵᠢᠯᠡᠨ ᠳᠠᠷᠢᠬᠤ ᠭᠠᠵᠠᠷ ᠶᠢᠨ ᠨᠠᠶᠢᠳᠠᠪᠤᠷᠢᠵᠢᠭᠤᠯᠤᠯᠲᠠ᠃ ᠡᠯ᠎ᠡ ᠭᠠᠵᠠᠷ ᠤᠨ ᠬᠢᠨ ᠡᠭᠡᠯᠵᠢᠯᠡᠨ ᠳᠠᠷᠢᠬᠤ ᠱᠠᠭᠠᠷᠳᠠᠯᠭ᠎ᠠ ᠶᠣᠰᠣᠭᠠᠷ᠂ ᠲᠠᠷᠢᠶᠠᠨ ᠭᠠᠵᠠᠷ ᠢ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠶ ᠶᠢᠨ ᠪᠠᠶᠢᠴᠠᠭᠠᠯᠲᠠ ᠶᠢᠨ ᠬᠡᠪᠴᠢᠶᠡᠨ ᠳᠤ ᠨᠠᠶᠢᠳᠠᠪᠤᠷᠢᠵᠢᠭᠤᠯᠤᠭᠰᠠᠨ ᠬᠠᠤᠯᠢ ᠶᠣᠰᠣᠨ ᠤ ᠲᠠᠷᠢᠶᠠᠨ ᠭᠠᠵᠠᠷ  ︵ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠶ ᠶᠢᠨ ᠪᠠᠶᠢᠴᠠᠭᠠᠯᠲᠠ ᠳᠤ ᠣᠶ ᠰᠢᠭᠤᠶ ᠶᠢᠨ ᠭᠠᠵᠠᠷ᠂ ᠮᠣᠳᠣ ᠣᠭᠲᠣᠯᠤᠭᠰᠠᠨ ᠭᠠᠵᠠᠷ᠂ ᠨᠢᠭᠡᠨᠲᠡ ᠳᠠᠷᠢᠭᠰᠠᠨ ᠣᠷᠣᠯᠠᠨ ᠠᠷᠠᠴᠢᠯᠠᠵᠤ ᠪᠠᠶᠢᠭ᠎ᠠ ᠣᠶᠢᠲᠤ ᠭᠠᠵᠠᠷ᠂ ᠬᠠᠤᠯᠢ ᠶᠢ ᠵᠥᠷᠢᠴᠡᠨ ᠬᠠᠭᠠᠯᠪᠤᠷᠢᠯᠠᠭᠰᠠᠨ ᠨᠤᠲᠤᠭ ᠪᠡᠯᠴᠢᠭᠡᠷ ᠪᠠ ᠣᠶᠢᠲᠤ ᠭᠠᠵᠠᠷ ᠢ ᠲᠠᠷᠢᠶᠠᠨ ᠭᠠᠵᠠᠷ ᠤᠨ ᠬᠡᠰᠡᠭ ᠪᠣᠯᠭᠠᠭᠰᠠᠨ ᠢ ᠪᠠᠭᠲᠠᠭᠠᠬᠤ ᠥᠬᠡᠶ︶᠃ ᠭᠤᠤᠯᠳᠠᠭᠤ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠪᠠᠷ ᠡᠲᠡᠭᠡᠳ ᠪᠣᠯᠭᠠᠵᠤ᠂ ᠭᠠᠵᠠᠷ ᠲᠠᠷᠢᠶ᠎ᠠ ᠶᠢ ᠠᠯᠢ ᠴᠢᠳᠠᠬᠤ ᠪᠠᠷ ᠬᠠᠷᠢᠴᠠᠩᠭᠤᠶ ᠪᠠᠷ ᠲᠥᠪᠯᠡᠷᠡᠭᠦᠯᠦᠨ ᠵᠠᠯᠭᠠᠯᠳᠤᠭᠤᠯᠵᠤ ᠂ ᠨᠥᠬᠦᠴᠡᠯ ᠲᠠᠢ ᠭᠠᠵᠠᠷ ᠣᠷᠣᠨ ᠨᠢ ᠪᠦᠬᠦᠶᠢᠯᠡ ᠲᠣᠰᠬᠤᠨ ᠢᠶᠠᠷ ᠨᠢ ᠠᠬᠢᠭᠤᠯᠬᠤ ᠶᠢ ᠬᠡᠷᠡᠭᠵᠢᠭᠦᠯᠵᠦ᠂ ᠲᠠᠷᠢᠶᠠᠴᠢᠨ ᠡᠷᠦᠬᠡ ᠡᠭᠡᠯᠵᠢᠯᠡᠨ ᠳᠠᠷᠢᠬᠤ ᠡᠭᠦᠷᠭᠡ ᠶᠢ ᠰᠠᠶᠢᠨ ᠳᠤᠷ᠎ᠠ ᠠᠴᠠ ᠪᠠᠨ ᠡᠭᠦᠷᠭᠡᠯᠡᠵᠦ ᠪᠣᠯᠤᠨ᠎ᠠ᠃ ᠡᠭᠡᠯᠵᠢᠯᠡᠨ ᠳᠠᠷᠢᠬᠤ ᠲᠥᠷᠥᠯ ᠵᠦᠶᠯ ᠬᠢᠭᠡᠳ ᠭᠤᠤᠯᠯᠠᠬᠤ ᠠᠵᠤ ᠦᠶᠯᠡᠰ᠂ ᠭᠤᠤᠯᠯᠠᠬᠤ ᠲᠥᠷᠥᠯ ᠵᠦᠶᠯ ᠢ ᠲᠡᠳᠬᠦᠨ ᠪᠣᠶᠢᠵᠢᠭᠤᠯᠬᠤ ᠲᠠᠢ ᠤᠶᠠᠯᠳᠤᠭᠤᠯᠤᠨ ᠠᠬᠢᠭᠤᠯᠵᠤ᠂ ᠮᠠᠨ ᠤ ᠬᠤᠰᠢᠭᠤᠨ ᠤ ᠣᠲᠣ ᠶᠢᠨ ᠪᠠᠶᠢᠭ᠎ᠠ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠪᠠ ᠲᠠᠷᠢᠶᠠᠯᠠᠩ ᠢ ᠳᠡᠮᠵᠢᠬᠦ ᠲᠥᠷᠥᠯ ᠵᠦᠶᠯ ᠲᠠᠢ ᠪᠦᠲᠦᠮᠵᠢᠲᠡᠶ ᠨᠢᠭᠡᠳᠬᠡᠨ᠎ᠡ᠃ ᠠᠳᠠᠯᠢ ᠨᠢᠭᠡᠨ ᠭᠠᠵᠠᠷ ᠨᠢ ᠣᠯᠠᠨ ᠲᠠᠷᠢᠶᠠᠴᠢᠨ ᠡᠷᠦᠬᠡ ᠳᠤ ᠬᠤᠯᠪᠣᠭᠳᠠᠪᠠᠯ᠂ ᠲᠠᠷᠢᠶᠠᠴᠢᠨ ᠡᠷᠦᠬᠡ ᠪᠠᠷ ᠨᠢᠭᠡᠴᠢ ᠪᠣᠯᠭᠠᠨ᠂ ᠡᠷᠦᠬᠡ ᠬᠤᠪᠢᠶᠠᠨ ᠲᠤᠭ᠎ᠠ ᠪᠠᠷᠢᠮᠲᠠ ᠴᠤᠭᠯᠠᠭᠤᠯᠵᠤ᠂ ᠲᠠᠷᠢᠶᠠᠴᠢᠨ ᠡᠷᠦᠬᠡ᠂ ᠭᠠᠵᠠᠷ ᠬᠡᠰᠡᠭ᠂ ᠣᠷᠣᠨ ᠪᠠᠶᠢᠷᠢ᠂ ᠲᠠᠷᠢᠮᠠᠯ ᠤᠨ ᠲᠥᠷᠥᠯ ᠵᠦᠶᠯ᠂ ᠲᠠᠯᠠᠪᠠᠶ ᠨᠢ ᠲᠣᠳᠣᠷᠬᠠᠶ ᠪᠠᠶᠢᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠶ᠃ ᠲᠤᠭ᠎ᠠ ᠪᠠᠷᠢᠮᠲᠠ ᠶᠢ ᠴᠤᠭᠯᠠᠭᠤᠯᠵᠤ ᠳᠠᠭᠤᠰᠤᠭᠰᠠᠨ ᠤ ᠳᠠᠷᠠᠭ᠎ᠠ᠂ ᠰᠢᠶᠠᠩ ᠪᠠᠯᠭᠠᠰᠤ ᠪᠠᠷ ᠨᠢᠭᠡᠴᠢ ᠪᠣᠯᠭᠠᠨ ᠬᠤᠷᠢᠶᠠᠩᠭᠤᠶᠢᠯᠠᠭᠠᠳ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠳᠤ ᠮᠡᠳᠡᠭᠦᠯᠦᠨ᠎ᠡ᠃      ᠭᠤᠷᠪᠠ᠂ ᠨᠦᠬᠦᠪᠦᠷᠢ ᠤᠯᠭᠤᠬᠤ ᠬᠡᠪᠴᠢᠶ᠎ᠡ᠂ ᠪᠠᠷᠢᠮᠵᠢᠶ᠎ᠠ ᠵᠢᠴᠢ ᠡᠳᠡᠭᠡᠳ      ᠰᠢᠷ᠎ᠠ ᠪᠤᠷᠴᠠᠭ ᠲᠣᠰᠣᠯᠢᠭ ᠲᠠᠷᠢᠮᠠᠯ ᠤᠨ ᠲᠠᠯᠠᠪᠠᠶ ᠶᠢ ᠲᠣᠭᠲᠠᠭᠤᠨ ᠪᠠᠶᠢᠯᠭᠠᠬᠤ ᠶᠡᠷᠦᠩᠬᠡᠶ ᠱᠠᠭᠠᠷᠳᠠᠯᠭ᠎ᠠ ᠶᠢ ᠬᠠᠮᠲᠤ ᠳᠤᠨᠢ ᠬᠠᠷᠠᠭᠠᠯᠵᠠᠵᠤ᠂ ᠡᠯ᠎ᠡ ᠭᠠᠵᠠᠷ ᠤᠨ ᠬᠢᠨ ᠤ ᠲᠤᠰ ᠵᠢᠯ ᠤᠨ ᠡᠭᠡᠯᠵᠢᠯᠡᠨ ᠲᠠᠷᠢᠬᠤ ᠡᠭᠦᠷᠭᠡ ᠪᠠᠨ ᠪᠡᠶᠡᠯᠡᠭᠦᠯᠬᠦ ᠶᠢ ᠵᠣᠷᠢᠭᠵᠢᠭᠤᠯᠬᠤ ᠶᠢᠨ ᠲᠤᠰᠠᠳᠠ᠂ ︽ᠬᠡᠨ ᠡᠭᠡᠯᠵᠢᠯᠡᠨ ᠲᠠᠷᠢᠪᠠᠯ ᠲᠡᠷᠡ ᠠᠰᠢᠭ ᠬᠦᠷᠲᠡᠬᠦ︾ ᠵᠠᠷᠴᠢᠮ ᠤᠨ ᠶᠣᠰᠣᠭᠠᠷ᠂ ᠡᠭᠡᠯᠵᠢᠯᠡᠨ ᠲᠠᠷᠢᠬᠤ ᠶᠢ ᠰᠢᠭᠤᠳ ᠬᠡᠷᠡᠭᠵᠢᠭᠦᠯᠵᠦ ᠪᠠᠶᠢᠭ᠎ᠠ ᠲᠠᠷᠢᠶᠠᠯᠠᠬᠤ ᠡᠷᠦᠬᠡ  ︵ᠪᠤᠶᠤ ᠰᠢᠭᠤᠳ ᠡᠭᠡᠯᠵᠢᠯᠡᠨ ᠲᠠᠷᠢᠬᠤ ᠶᠢ ᠬᠡᠷᠡᠭᠵᠢᠭᠦᠯᠵᠦ ᠪᠠᠶᠢᠭ᠎ᠠ ᠪᠤᠰᠤᠳ ᠰᠢᠨ᠎ᠡ ᠮᠠᠶ᠋ᠢᠭ ᠤᠨ ᠡᠵᠡᠩᠨᠡᠯᠲᠡ ᠶᠢᠨ ᠭᠤᠣᠯ ᠴᠣᠭᠴᠠ︶ ᠳᠤ ᠨᠦᠬᠦᠪᠦᠷᠢ ᠣᠯᠭᠤᠨ᠎ᠠ᠂ ᠨᠦᠬᠦᠪᠦᠷᠢ ᠣᠯᠭᠤᠬᠤ ᠪᠠᠷᠢᠮᠵᠢᠶ᠎ᠠ ᠨᠢ ᠮᠦ ᠪᠦᠷᠢ ᠳᠡᠭᠡᠨ 150 ᠲᠥᠭᠦᠷᠢᠭ ᠪᠣᠯᠤᠨ᠎ᠠ᠃ ᠡᠭᠦᠨ ᠤ ᠬᠠᠮᠲᠤ᠂ 2023 ᠣᠨ ᠳᠤ ᠲᠥᠪ ᠤᠨ ᠡᠳ᠋ ᠤᠨ ᠵᠠᠰᠠᠭ ᠠᠴᠠ ᠲᠠᠷᠢᠶᠠᠨ ᠭᠠᠵᠠᠷ ᠤᠨ ᠡᠭᠡᠯᠵᠢᠯᠡᠨ ᠳᠠᠷᠢᠬᠤ ᠳᠤ ᠵᠣᠬᠢᠰᠲᠠᠶ ᠨᠥᠬᠦᠪᠥᠷᠢ ᠥᠭᠴᠦ᠂ 2021 ᠣᠨ ᠳᠤ ᠡᠷᠳᠡᠨᠢ ᠰᠢᠰᠢ ᠵᠡᠷᠭᠡ ᠪᠤᠰᠤᠳ ᠲᠠᠷᠢᠮᠠᠯ ᠢ ᠳᠠᠷᠢᠵᠤ᠂ 2022 ᠣᠨ ᠳᠤ ᠰᠢᠷ᠎ᠠ ᠪᠤᠷᠴᠠᠭ ᠢ ᠡᠭᠡᠯᠵᠢᠯᠡᠨ ᠳᠠᠷᠢᠵᠤ᠂ 2023 ᠣᠨ ᠳᠤ ᠮᠥᠨ ᠰᠢᠷ᠎ᠠ ᠪᠤᠷᠴᠠᠭ ᠳᠠᠷᠢᠭᠰᠠᠨ ᠪᠠᠶᠢᠪᠠᠯ᠂ 2023 ᠣᠨ ᠳᠤ ᠲᠠᠷᠢᠶᠠᠨ ᠭᠠᠵᠠᠷ ᠤᠨ ᠡᠭᠡᠯᠵᠢᠯᠡᠨ ᠳᠠᠷᠢᠬᠤ ᠳᠤ ᠨᠥᠬᠦᠪᠥᠷᠢ ᠥᠭᠬᠦ ᠬᠡᠪᠴᠢᠶᠡᠨ ᠳᠤ ᠣᠷᠣᠭᠤᠯᠤᠨ᠎ᠠ᠃ ᠰᠢᠷ᠎ᠠ ᠪᠤᠷᠴᠠᠭ ᠡᠷᠳᠡᠨᠢ ᠰᠢᠰᠢ ᠶᠢᠨ ᠪᠦᠰᠡᠯᠢᠭ ᠨᠡᠶᠢᠯᠡᠮᠡᠯ ᠲᠠᠷᠢᠬᠤ ᠭᠠᠵᠠᠷ ᠤᠨ ᠨᠥᠬᠦᠪᠥᠷᠢᠯᠡᠬᠦ ᠪᠠᠷᠢᠮᠵᠢᠶ᠎ᠠ ᠨᠢ ᠮᠦ ᠪᠦᠷᠢ ᠳᠡᠭᠡᠨ 75 ᠲᠥᠭᠦᠷᠢᠭ ᠪᠣᠯᠤᠨ᠎ᠠ᠃      ᠲᠦᠷᠪᠡ᠂ ᠠᠵᠢᠯ ᠤᠨ ᠠᠭᠤᠯᠭ᠎ᠠ ᠪᠠ ᠱᠠᠭᠠᠷᠳᠠᠯᠭ᠎ᠠ       ︵ᠨᠢᠭᠡ︶ ᠮᠡᠳᠡᠭᠦᠯᠬᠦ ᠳᠡᠰ ᠳᠠᠷᠠᠭᠠᠯᠠᠯ ᠢ ᠴᠢᠩᠭ᠎ᠠ ᠬᠢᠨᠠᠨ ᠬᠠᠷᠭᠤᠭᠤᠯᠬᠤ ᠬᠡᠷᠡᠭᠲᠡᠶ᠃       1. ᠮᠡᠳᠡᠭᠦᠯᠬᠦ᠂ ᠢᠯᠡ ᠨᠡᠶᠢᠲᠡᠯᠡᠬᠦ᠃ ᠡᠭᠡᠯᠵᠢᠯᠡᠨ ᠳᠠᠷᠢᠬᠤ ᠶᠢ ᠬᠡᠷᠡᠭᠵᠢᠭᠦᠯᠦᠭᠰᠡᠨ ᠲᠠᠷᠢᠶᠠᠴᠢᠨ ᠡᠷᠦᠬᠡ ᠪᠤᠶᠤ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠤᠯ ᠴᠣᠭᠴᠠ ᠨᠢ ᠦᠨᠡᠨ ᠪᠣᠳᠠᠲᠠᠶ ᠪᠠᠷ ᠲᠣᠰᠬᠤᠨ ᠤ ᠠᠷᠠᠳ ᠤᠨ ᠵᠥᠪᠯᠡᠯ ᠳᠤ ᠭᠤᠶᠤᠴᠢᠯᠠᠨ ᠮᠡᠳᠡᠭᠦᠯᠵᠦ᠂ ᠲᠣᠰᠬᠤᠨ ᠤ ᠠᠷᠠᠳ ᠤᠨ ᠵᠥᠪᠯᠡᠯ ᠨᠢ 2023 ᠣᠨ ᠤ ᠲᠠᠷᠢᠶᠠᠨ ᠭᠠᠵᠠᠷ ᠤᠨ ᠡᠭᠡᠯᠵᠢᠯᠡᠨ ᠳᠠᠷᠢᠬᠤ ᠱᠠᠭᠠᠷᠳᠠᠯᠭ᠎ᠠ ᠳᠤ ᠨᠡᠶᠢᠴᠡᠭᠰᠡᠨ ᠲᠠᠷᠢᠮᠠᠯ ᠤᠨ ᠲᠠᠯᠠᠪᠠᠶ ᠂ ᠲᠠᠷᠢᠮᠠᠯ ᠤᠨ ᠲᠥᠷᠥᠯ ᠵᠦᠶᠯ ᠪᠠ ᠲᠠᠷᠢᠶᠠᠨ ᠭᠠᠵᠠᠷ ᠤᠨ ᠣᠷᠣᠨ ᠪᠠᠶᠢᠷᠢ ᠵᠡᠷᠭᠡ ᠮᠡᠳᠡᠭᠡ ᠵᠠᠩᠭᠢ ᠶᠢ ᠳᠡᠩᠰᠡᠯᠡᠨ ᠲᠡᠮᠳᠡᠭᠯᠡᠵᠦ᠂ ᠬᠠᠷᠭᠤᠭᠤᠯᠤᠨ ᠬᠤᠷᠢᠶᠠᠩᠭᠤᠶᠢᠯᠠᠭᠰᠠᠨ ᠤ ᠳᠠᠷᠠᠭ᠎ᠠ᠂ ᠡᠭᠡᠯᠵᠢᠯᠡᠨ ᠳᠠᠷᠢᠬᠤ ᠶᠢ ᠬᠡᠷᠡᠭᠵᠢᠭᠦᠯᠦᠭᠰᠡᠨ ᠲᠠᠷᠢᠶᠠᠴᠢᠨ ᠡᠷᠦᠬᠡ ᠪᠤᠶᠤ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠤᠯ ᠴᠣᠭᠴᠠ ᠭᠠᠷ ᠤᠨ ᠥᠰᠥᠭ ᠵᠢᠷᠤᠵᠤ ᠨᠤᠲᠠᠯᠠᠨ ᠲᠣᠭᠲᠠᠭᠠᠵᠤ᠂ ᠭᠠᠴᠠᠭ᠎ᠠ ᠲᠣᠰᠬᠤᠨ  ︵ᠬᠤᠪᠢᠶᠠᠷᠢ ᠲᠠᠯᠠᠪᠠᠶ︶ ᠢᠶᠠᠷ ᠨᠢᠭᠡᠴᠢ ᠪᠣᠯᠭᠠᠨ 7 ᠡᠳᠦᠷ ᠠᠴᠠ ᠳᠡᠭᠡᠭᠰᠢ ᠵᠠᠷᠯᠠᠨ ᠨᠡᠶᠢᠲᠡᠯᠡᠨ᠎ᠡ ᠃ ᠣᠯᠠᠨ ᠲᠦᠮᠡᠨ ᠣᠨᠳᠣᠣ ᠰᠠᠨᠠᠯ ᠦᠭᠡᠶ ᠪᠣᠯ ᠭᠠᠴᠠᠭ᠎ᠠ ᠲᠣᠰᠬᠤᠨ ᠢᠶᠠᠷ ᠨᠢᠭᠡᠴᠢ ᠪᠣᠯᠭᠠᠨ ᠳᠡᠭᠡᠭᠰᠢ ᠲᠤᠬᠠᠶ ᠶᠢᠨ ᠭᠠᠵᠠᠷ ᠤᠨ ᠰᠤᠮᠤ ᠰᠢᠶᠠᠩ ᠪᠠᠯᠭᠠᠰᠤ ᠶᠢᠨ ᠵᠠᠰᠠᠭ ᠤᠨ ᠣᠷᠳᠣᠨ ᠳᠤ ᠮᠡᠳᠡᠭᠦᠯᠦᠨ ᠳᠠᠩᠰᠠᠯᠠᠭᠤᠯᠤᠨ᠎ᠠ᠃       ᠪᠤᠰᠤᠳ ᠲᠠᠷᠢᠶᠠᠯᠠᠩ ᠮᠠᠯ ᠠᠵᠤ ᠠᠬᠤᠶ ᠣᠶ ᠰᠢᠭᠤᠶ ᠲᠠᠯᠠᠪᠠᠶ ︵ᠬᠥᠮᠥᠷᠭᠡ᠂ ᠥᠷᠲᠡᠭᠡ᠂ ᠭᠠᠵᠠᠷ ︶ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠶᠣᠰᠣᠭᠠᠷ᠂ ᠪᠠᠶᠢᠭ᠎ᠠ ᠭᠠᠵᠠᠷ ᠤᠨ ᠢᠶᠠᠨ ᠰᠤᠮᠤ ᠰᠢᠶᠠᠩ ᠪᠠᠯᠭᠠᠰᠤ  ᠶᠢᠨ ᠵᠠᠰᠠᠭ ᠤᠨ ᠣᠷᠳᠣᠨ  ︵ᠬᠠᠮᠢᠶᠠᠷᠤᠯᠲᠠ ᠶᠢᠨ ᠺᠣᠮᠢᠰ︶ ᠳᠤ ᠮᠡᠳᠡᠭᠦᠯᠵᠦ᠂ ᠰᠤᠮᠤ ᠰᠢᠶᠠᠩ ᠪᠠᠯᠭᠠᠰᠤ ᠶᠢᠨ ᠵᠠᠰᠠᠭ ᠤᠨ ᠣᠷᠳᠣᠨ  ︵ᠬᠠᠮᠢᠶᠠᠷᠤᠯᠲᠠ ᠶᠢᠨ ᠺᠣᠮᠢᠰ ︶ ᠨᠢ ᠭᠠᠴᠠᠭ᠎ᠠ ᠲᠣᠰᠬᠤᠨ ᠤ ᠮᠡᠳᠡᠭᠦᠯᠬᠦ ᠳᠡᠰ ᠳᠠᠷᠠᠭᠠᠯᠠᠯ  ᠤᠨ ᠶᠣᠰᠣᠭᠠᠷ ᠬᠢᠨᠠᠵᠤ ᠳᠡᠭᠡᠭᠰᠢ ᠮᠡᠳᠡᠭᠦᠯᠦᠨ᠎ᠡ᠃       2. ᠪᠠᠶᠢᠴᠠᠭᠠᠬᠤ᠂ ᠰᠤᠭᠤᠴᠢᠨ ᠪᠠᠶᠢᠴᠠᠭᠠᠬᠤ᠃ ᠭᠠᠴᠠᠭ᠎ᠠ ᠲᠣᠰᠬᠤᠨ  ︵ᠬᠤᠪᠢᠶᠠᠷᠢ ᠲᠠᠯᠠᠪᠠᠶ︶ ᠤ ᠲᠠᠷᠢᠶᠠᠨ ᠭᠠᠵᠠᠷ ᠤᠨ ᠡᠭᠡᠯᠵᠢᠯᠡᠨ ᠳᠠᠷᠢᠬᠤ ᠶᠢ ᠭᠤᠶᠤᠴᠢᠯᠠᠨ ᠮᠡᠳᠡᠭᠦᠯᠬᠦ ᠠᠵᠢᠯ ᠳᠠᠭᠤᠰᠤᠭᠰᠠᠨ ᠤ ᠳᠠᠷᠠᠭ᠎ᠠ᠂ ᠡᠯ᠎ᠡ ᠭᠠᠵᠠᠷ ᠤᠨ ᠬᠢᠨ ᠬᠠᠮᠢᠶ᠎ᠠ ᠪᠥᠬᠦᠶ ᠬᠥᠮᠦᠰ ᠢ ᠵᠣᠬᠢᠶᠠᠨ ᠪᠠᠶᠢᠭᠤᠯᠵᠤ ᠬᠠᠷᠢᠶᠠᠲᠤ ᠣᠷᠣᠨ ᠤ ᠳᠣᠲᠣᠷ᠎ᠠ ᠪᠥᠬᠦ ᠲᠠᠯ᠎ᠠ  ᠶᠢᠨ ᠪᠠᠶᠢᠴᠠᠭᠠᠯᠲᠠ ᠬᠢᠵᠦ᠂ ᠳᠡᠭᠡᠭᠰᠢ ᠮᠡᠳᠡᠭᠦᠯᠦᠭᠰᠡᠨ ᠲᠤᠭ᠎ᠠ ᠪᠠᠷᠢᠮᠲᠠ ᠶᠢᠨ ᠦᠨᠡᠨ ᠪᠣᠳᠠᠲᠠᠶ᠂ ᠵᠥᠪ ᠣᠨᠣᠪᠴᠢᠲᠠᠶ ᠪᠠᠶᠢᠬᠤ ᠶᠢ ᠪᠠᠲᠤᠯᠠᠨ᠎ᠠ᠃ ᠬᠤᠰᠢᠭᠤᠨ ᠤ ᠤᠳᠤᠷᠢᠳᠬᠤ ᠳᠤᠭᠤᠶᠢᠯᠠᠩ ᠤᠨ ᠠᠯᠪᠠᠨ ᠬᠡᠷ ᠡᠯ᠎ᠡ ᠭᠠᠵᠠᠷ ᠤᠨ ᠲᠠᠷᠢᠶᠠᠨ ᠭᠠᠵᠠᠷ ᠤᠨ ᠡᠭᠡᠯᠵᠢᠯᠡᠨ ᠳᠠᠷᠢᠬᠤ ᠠᠵᠢᠯ ᠢ ᠬᠢᠨᠠᠨ ᠬᠠᠷᠭᠤᠭᠤᠯᠵᠤ ᠳᠠᠭᠤᠰᠤᠭᠰᠠᠨ ᠤ ᠳᠠᠷᠠᠭ᠎ᠠ᠂ ᠬᠠᠮᠢᠶ᠎ᠠ ᠪᠥᠬᠦᠶ ᠬᠥᠮᠦᠰ ᠢ ᠵᠣᠬᠢᠶᠠᠨ ᠪᠠᠶᠢᠭᠤᠯᠵᠤ ᠭᠤᠤᠯᠳᠠᠯᠭ᠎ᠠ ᠲᠠᠢ ᠰᠤᠭᠤᠴᠢᠨ ᠪᠠᠶᠢᠴᠠᠭᠠᠯᠲᠠ ᠬᠢᠨ᠎ᠠ᠃       3. ᠬᠢᠨᠠᠨ ᠬᠠᠷᠭᠤᠭᠤᠯᠵᠤ᠂ ᠬᠤᠷᠢᠶᠠᠩᠭᠤᠶᠢᠯᠠᠬᠤ᠃ ᠡᠯ᠎ᠡ ᠭᠠᠵᠠᠷ ᠤᠳ ᠭᠠᠴᠠᠭ᠎ᠠ ᠲᠣᠰᠬᠤᠨ ᠤ ᠳᠡᠭᠡᠭᠰᠢ ᠮᠡᠳᠡᠭᠦᠯᠦᠭᠰᠡᠨ ᠠᠭᠤᠯᠭ᠎ᠠ ᠶᠢ ᠬᠢᠨᠠᠨ ᠬᠠᠷᠭᠤᠭᠤᠯᠵᠤ ᠬᠤᠷᠢᠶᠠᠩᠭᠤᠶᠢᠯᠠᠭᠰᠠᠨ ᠤ ᠳᠠᠷᠠᠭ᠎ᠠ᠂ ᠲᠤᠰ ᠬᠠᠷᠢᠶ᠎ᠠ ᠣᠷᠣᠨ  ᠤ ᠪᠠᠨ ᠳᠣᠲᠣᠷᠠᠬᠢ ᠭᠠᠴᠠᠭ᠎ᠠ ᠲᠣᠰᠬᠤᠨ ᠢᠶᠠᠷ ᠨᠢᠭᠡᠴᠢ ᠪᠣᠯᠭᠠᠭᠰᠠᠨ ᠨᠦᠬᠦᠪᠦᠷᠢ ᠣᠯᠭᠤᠬᠤ ᠡᠲᠡᠭᠡᠳ᠂ ᠨᠦᠬᠦᠪᠦᠷᠢ ᠣᠯᠭᠤᠬᠤ ᠲᠠᠯᠠᠪᠠᠶ ᠪᠣᠯᠤᠨ ᠨᠦᠬᠦᠪᠦᠷᠢ ᠣᠯᠭᠤᠬᠤ ᠭᠠᠵᠠᠷ ᠤᠨ ᠣᠷᠣᠨ ᠪᠠᠶᠢᠷᠢ ᠵᠡᠷᠭᠡ ᠮᠡᠳᠡᠭᠡ ᠵᠠᠩᠭᠢ ᠶᠢᠨ ᠨᠡᠶᠢᠲᠡ ᠳᠤ ᠵᠠᠷᠯᠠᠬᠤ ᠬᠦᠰᠦᠨᠦᠭᠲᠦ᠂ ᠨᠡᠶᠢᠲᠡ ᠳᠤ ᠵᠠᠷᠯᠠᠬᠤ ᠵᠢᠷᠤᠭ ᠰᠡᠭᠦᠳᠡᠷ ᠪᠣᠯᠤᠨ ᠨᠡᠶᠢᠲᠡ ᠳᠤ ᠵᠠᠷᠯᠠᠬᠤ ᠦᠷ᠎ᠡ ᠳ᠋ᠦᠩ ᠤᠨ ᠮᠡᠳᠡᠭᠦᠯᠦᠯᠲᠡ ᠶᠢ ᠬᠠᠮᠲᠤ ᠳᠤᠨᠢ ᠠᠯᠪᠠᠨ ᠶᠣᠰᠣᠨ ᠤ ᠪᠢᠴᠢᠭ ᠮᠠᠲ᠋ᠧᠷᠢᠶᠠᠯ ᠤᠨ ᠬᠡᠯᠪᠡᠷᠢ ︵ᠡᠯᠧᠺᠲᠷᠣᠨ ᠬᠡᠪᠯᠡᠯ ᠪᠠᠭᠲᠠᠨ᠎ᠠ︶ ᠪᠠᠷ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠳᠤ ᠮᠡᠳᠡᠭᠦᠯᠦᠨ ᠬᠦᠷᠭᠡᠬᠦ ᠶᠢᠨ ᠬᠠᠮᠲᠤ ᠳᠡᠭᠡᠭᠰᠢ ᠮᠡᠳᠡᠭᠦᠯᠬᠦ ᠬᠤᠯᠪᠣᠭᠳᠠᠯ ᠪᠦᠬᠦᠢ ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ ᠲᠤ ᠬᠠᠷᠢᠭᠤᠴᠠᠨ᠎ᠠ᠃ ᠡᠭᠦᠨ ᠤ ᠬᠠᠮᠲᠤ ᠰᠠᠶᠢᠨ ᠳᠤᠷ᠎ᠠ ᠠᠴᠠ ᠪᠠᠨ ᠡᠭᠦᠷᠭᠡ ᠡᠭᠦᠷᠭᠡᠯᠡᠭᠰᠡᠨ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠪᠤᠶᠤ ᠲᠠᠷᠢᠶᠠᠴᠢᠨ ᠲᠠᠢ ᠡᠭᠡᠯᠵᠢᠯᠡᠨ ᠳᠠᠷᠢᠬᠤ ᠬᠡᠯᠡᠯᠴᠡᠭᠡᠷ ᠲᠣᠭᠲᠠᠵᠤ᠂ ᠨᠢᠭᠡ ᠵᠢᠯ ᠳᠤ ᠨᠢᠭᠡ ᠤᠳᠠᠭ᠎ᠠ ᠬᠡᠯᠡᠯᠴᠡᠭᠡᠷ ᠲᠣᠭᠲᠠᠵᠤ᠂ ᠬᠠᠮᠢᠶ᠎ᠠ ᠪᠥᠬᠦᠶ ᠬᠠᠷᠢᠭᠤᠴᠠᠯᠭ᠎ᠠ ᠪᠠ ᠡᠭᠦᠷᠭᠡ ᠶᠢ ᠲᠣᠳᠣᠷᠬᠠᠶᠢᠯᠠᠵᠤ᠂ ᠬᠡᠯᠡᠯᠴᠡᠭᠡᠷ ᠤᠨ ᠪᠢᠴᠢᠭ ᠢ ᠠᠳᠠᠯᠢ ᠬᠡᠯᠪᠡᠷᠢ ᠶᠢᠨ 3 ᠬᠤᠪᠢ ᠪᠢᠴᠢᠵᠦ᠂ ᠡᠭᠡᠯᠵᠢᠯᠡᠨ ᠳᠠᠷᠢᠬᠤ ᠡᠭᠦᠷᠭᠡ ᠶᠢ ᠡᠭᠦᠷᠭᠡᠯᠡᠭᠰᠡᠨ ᠲᠠᠷᠢᠶᠠᠴᠢᠨ ᠡᠷᠦᠬᠡ᠂ ᠰᠤᠮᠤ ᠰᠢᠶᠠᠩ ᠪᠠᠯᠭᠠᠰᠤ ᠪᠠ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠲᠣᠰ ᠲᠣᠰ ᠬᠠᠳᠠᠭᠠᠯᠠᠨ᠎ᠠ ᠃ 2021 ᠣᠨ ᠳᠤ ᠨᠢᠭᠡᠨᠲᠡ ᠲᠠᠷᠢᠶᠠᠴᠢᠳ ᠲᠠᠢ ᠭᠤᠷᠪᠠᠨ ᠵᠢᠯ ᠤᠨ ᠡᠭᠡᠯᠵᠢᠯᠡᠨ ᠳᠠᠷᠢᠬᠤ ᠬᠡᠯᠡᠯᠴᠡᠭᠡᠷ ᠲᠣᠭᠲᠠᠭᠰᠠᠨ ᠪᠠᠶᠢᠪᠠᠯ᠂ ᠲᠠᠷᠢᠮᠠᠯ᠂ ᠨᠥᠬᠦᠪᠥᠷᠢ ᠶᠢᠨ ᠪᠠᠷᠢᠮᠵᠢᠶ᠎ᠠ᠂ ᠠᠷᠭ᠎ᠠ ᠮᠠᠶ᠋ᠢᠭ ᠵᠡᠷᠭᠡ ᠶᠢ ᠦᠷᠭᠦᠯᠵᠢᠯᠡᠨ ᠪᠣᠯᠵᠣᠨ ᠲᠣᠭᠲᠠᠭᠰᠠᠨ ᠠᠭᠤᠯᠭ᠎ᠠ ᠶᠣᠰᠣᠭᠠᠷ ᠬᠡᠷᠡᠭᠵᠢᠭᠦᠯᠵᠦ᠂ ᠲᠠᠷᠢᠶᠠᠴᠢᠨ ᠡᠷᠦᠬᠡ ᠶᠢᠨ ᠰᠠᠶᠢᠨ ᠳᠤᠷ᠎ᠠ ᠶᠢᠨ ᠰᠠᠭᠤᠷᠢᠨ ᠳᠡᠭᠡᠷ᠎ᠡ ᠪᠠᠰᠠ ᠡᠨᠡ ᠵᠢᠯ ᠤᠨ ᠲᠥᠰᠦᠯ ᠢ ᠯᠠᠪᠯᠠᠯᠲᠠ ᠪᠣᠯᠭᠠᠨ ᠬᠡᠷᠡᠭᠵᠢᠭᠦᠯᠵᠦ ᠪᠣᠯᠤᠨ᠎ᠠ᠃       ︵ᠬᠤᠶᠠᠷ ︶ ᠪᠡᠯᠡ ᠮᠥᠩᠭᠦ ᠣᠯᠭᠤᠬᠤ ᠳᠡᠰ ᠳᠠᠷᠠᠭᠠᠯᠠᠯ ᠢ ᠵᠢᠷᠤᠮᠵᠢᠭᠤᠯᠬᠤ ᠬᠡᠷᠡᠭᠲᠡᠶ᠃       ᠲᠠᠷᠢᠶᠠᠨ ᠭᠠᠵᠠᠷ ᠤᠨ ᠡᠭᠡᠯᠵᠢᠯᠡᠨ ᠳᠠᠷᠢᠬᠤ ᠲᠠᠯᠠᠪᠠᠶ᠂ ᠨᠥᠬᠦᠪᠥᠷᠢ ᠣᠯᠭᠤᠬᠤ ᠡᠲᠡᠭᠡᠳ ᠪᠠ ᠨᠥᠬᠦᠪᠥᠷᠢ ᠣᠯᠭᠤᠬᠤ ᠪᠠᠷᠢᠮᠵᠢᠶ᠎ᠠ ᠶᠢ ᠨᠡᠶᠢᠲᠡᠯᠡᠭᠰᠡᠨ ᠦᠷ᠎ᠡ ᠳ᠋ᠦᠩ ᠢ ᠦᠨᠳᠦᠰᠦᠯᠡᠨ᠂  ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠠᠴᠠ ︽  ᠪᠦᠷᠢᠨ ᠴᠢᠳᠠᠮᠵᠢᠲᠤ ᠺᠠᠷᠲ︾ ᠪᠤᠶᠤ ᠲᠠᠷᠢᠶᠠᠯᠠᠩ ᠤᠨ ᠦᠶᠯᠡᠳᠪᠦᠷᠢᠯᠡᠯ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ᠶᠢᠨ ᠲᠠᠩᠰᠠᠨ ᠡᠷᠦᠬᠡ ᠪᠠᠷ ᠳᠠᠮᠵᠢᠭᠤᠯᠤᠨ ᠨᠥᠬᠦᠪᠥᠷᠢ ᠣᠯᠭᠤᠬᠤ ᠡᠲᠡᠭᠡᠳ ᠳᠤ ᠴᠠᠭ ᠲᠤᠬᠠᠶ ᠳᠤᠨᠢ ᠣᠯᠭᠤᠨ᠎ᠠ᠃ ᠠᠵᠢᠯ ᠤᠨ ᠢᠯᠡ ᠲᠣᠳᠣᠷᠬᠠᠶ ᠪᠠᠶᠢᠬᠤ ᠶᠢ ᠪᠠᠲᠤᠯᠠᠬᠤ ᠶᠢᠨ ᠲᠥᠯᠥᠭᠡ᠂ ᠬᠤᠰᠢᠭᠤᠨ  ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ ᠲᠣᠬᠢᠷᠠᠭᠤᠯᠵᠤ᠂ ᠣᠯᠠᠨ ᠲᠦᠮᠡᠨ ᠤ ᠬᠢᠨᠠᠯᠲᠠ ᠶᠢ ᠬᠦᠯᠢᠶᠡᠨ᠎ᠡ᠃ ᠤᠲᠠᠰᠤ᠄ 4213879᠃       ︵ᠭᠤᠷᠪᠠ ︶ ᠳᠠᠩᠰᠠ ᠡᠪᠬᠡᠮᠡᠯ ᠤᠨ ᠬᠠᠮᠢᠶᠠᠷᠤᠯᠲᠠ ᠶᠢ ᠵᠢᠷᠤᠮᠵᠢᠭᠤᠯᠬᠤ ᠬᠡᠷᠡᠭᠲᠡᠶ᠃      ᠲᠠᠷᠢᠶᠠᠨ ᠭᠠᠵᠠᠷ ᠤᠨ ᠡᠭᠡᠯᠵᠢᠯᠡᠨ ᠳᠠᠷᠢᠬᠤ ᠲᠥᠷᠥᠯ ᠵᠦᠶᠯ ᠤᠨ ᠲᠠᠩᠰᠠ ᠡᠪᠬᠡᠮᠡᠯ ᠪᠣᠯ ᠲᠠᠯᠠᠪᠠᠶ ᠶᠢ ᠬᠠᠷᠭᠤᠭᠤᠯᠤᠨ ᠪᠠᠶᠢᠴᠠᠭᠠᠬᠤ᠂ ᠨᠥᠬᠦᠪᠥᠷᠢ ᠣᠯᠭᠤᠬᠤ᠂ ᠬᠢᠨᠠᠨ ᠪᠤᠳᠤᠯᠲᠠ ᠶᠢ ᠬᠦᠯᠢᠶᠡᠬᠦ ᠴᠢᠬᠤᠯᠠ ᠦᠨᠳᠦᠰᠦᠯᠡᠯ ᠮᠥᠨ᠃ ᠡᠯ᠎ᠡ ᠭᠠᠵᠠᠷ  ᠲᠠᠷᠢᠶᠠᠨ ᠭᠠᠵᠠᠷ ᠤᠨ ᠡᠭᠡᠯᠵᠢᠯᠡᠨ ᠳᠠᠷᠢᠬᠤ ᠨᠥᠬᠦᠪᠥᠷᠢ ᠶᠢᠨ ᠨᠠᠷᠢᠨ ᠲᠠᠩᠰᠠ ᠡᠪᠬᠡᠮᠡᠯ ᠢ ᠪᠠᠶᠢᠭᠤᠯᠤᠨ ᠪᠦᠷᠢᠨᠰᠢᠭᠦᠯᠵᠥ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ  ᠤᠨ ᠲᠣᠪᠴᠢᠶ᠎ᠠ ᠨᠥᠬᠦᠪᠥᠷᠢ ᠮᠦᠩᠭᠦ ᠶᠢᠨ ᠬᠤᠷᠢᠶᠠᠩᠭᠤᠶ ᠬᠦᠰᠦᠨᠦᠭᠲᠦ ᠶᠢ ᠪᠦᠷᠢᠳᠭᠡᠨ᠎ᠡ᠃ ᠭᠠᠴᠠᠭ᠎ᠠ ᠲᠣᠰᠬᠤᠨ ᠨᠥᠬᠦᠪᠥᠷᠢ ᠭᠥᠷᠳᠡᠬᠦ ᠮᠠᠯᠵᠢᠬᠤ ᠲᠠᠷᠢᠶᠠᠯᠠᠬᠤ ᠡᠷᠦᠬᠡ ᠶᠢᠨ ᠨᠠᠷᠢᠨ ᠲᠣᠳᠣᠷᠬᠠᠶ ᠲᠠᠩᠰᠠ ᠶᠢ ᠨᠢᠭᠡ ᠬᠡᠯᠪᠡᠷᠢ ᠶᠢᠨ ᠭᠤᠷᠪᠠᠨ ᠬᠤᠪᠢ ᠵᠣᠬᠢᠶᠠᠵᠤ᠂ ᠨᠢᠭᠡ ᠬᠤᠪᠢ ᠶᠢ ᠨᠢ ᠲᠣᠰᠬᠤᠨ ᠳᠤ ᠦᠯᠡᠳᠡᠭᠡᠨ ᠵᠠᠰᠠᠭ ᠵᠠᠬᠢᠷᠭᠠᠨ ᠤ ᠵᠠᠷᠯᠠᠨ ᠨᠡᠶᠢᠲᠡᠯᠡᠬᠦ ᠳᠤ ᠬᠡᠷᠡᠭᠯᠡᠵᠦ᠂ ᠨᠢᠭᠡ ᠬᠤᠪᠢ ᠶᠢ ᠨᠢ ᠰᠤᠮᠤ ᠰᠢᠶᠠᠩ ᠪᠠᠯᠭᠠᠰᠤ ᠶᠢᠨ ᠡᠳ᠋ ᠤᠨ ᠵᠠᠰᠠᠭ ᠤᠨ ᠭᠠᠵᠠᠷ ᠲᠤ ᠮᠡᠳᠡᠭᠦᠯᠦᠨ ᠨᠥᠬᠦᠪᠥᠷᠢ ᠪᠠᠯᠠ ᠮᠥᠩᠭᠦ ᠣᠯᠭᠤᠬᠤ ᠦᠨᠳᠦᠰᠦᠯᠡᠯ ᠪᠣᠯᠭᠠᠵᠤ᠂ ᠨᠢᠭᠡ ᠬᠤᠪᠢ ᠶᠢ ᠨᠢ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠳᠤ ᠮᠡᠳᠡᠭᠦᠯᠦᠨ ᠳᠠᠩᠰᠠᠯᠠᠭᠤᠯᠤᠨ᠎ᠠ᠃ ᠡᠭᠡᠯᠵᠢᠯᠡᠨ ᠳᠠᠷᠢᠬᠤ ᠠᠵᠢᠯ ᠲᠠᠢ ᠬᠤᠯᠪᠣᠭᠳᠠᠬᠤ ᠪᠢᠴᠢᠭ ᠮᠠᠲ᠋ᠧᠷᠢᠶᠠᠯ᠂ ᠲᠥᠰᠦᠯ᠂ ᠵᠥᠪᠯᠡᠯᠴᠡᠭᠡᠷ᠂ ᠡᠬᠡ ᠲᠠᠩᠰᠠ᠂ ᠵᠢᠷᠤᠭᠲᠤ ᠳᠡᠪᠲᠡᠷ᠂ ᠬᠡᠷᠡᠯ ᠵᠢᠷᠤᠭ ᠵᠡᠷᠭᠡ ᠮᠠᠲ᠋ᠧᠷᠢᠶᠠᠯ ᠢ ᠴᠥᠮ ᠬᠤᠷᠢᠶᠠᠨ ᠴᠤᠭᠯᠠᠭᠤᠯᠵᠤ ᠡᠮᠬᠢᠯᠡᠨ ᠲᠠᠩᠰᠠ ᠡᠪᠬᠡᠮᠡᠯ ᠳᠤ ᠣᠷᠣᠭᠤᠯᠵᠤ᠂ ᠵᠢᠷᠤᠮᠵᠢᠯ ᠲᠠᠢ ᠪᠥᠭᠡᠳ ᠪᠦᠷᠢᠨ ᠪᠦᠲᠦᠨ ᠪᠠᠶᠢᠯᠭᠠᠵᠤ᠂ ᠲᠤᠰᠬᠠᠶ ᠬᠥᠮᠦᠨ ᠢᠶᠠᠷ ᠬᠠᠷᠢᠴᠠᠭᠤᠯᠤᠨ᠎ᠠ᠃      ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ       ︵ᠨᠢᠭᠡ︶ ᠲᠠᠨᠢᠯᠲᠠ ᠪᠠᠨ ᠳᠡᠭᠡᠭᠰᠢᠯᠡᠭᠦᠯᠦᠨ᠎ᠡ᠃ ᠢᠳᠡᠭᠡᠨ ᠤ ᠦᠵᠡᠯᠲᠡ᠂ ᠠᠮᠤ ᠪᠤᠳᠠᠭᠠᠨ ᠤ ᠦᠵᠡᠯᠲᠡ ᠶᠢ ᠪᠤᠢ ᠪᠣᠯᠭᠠᠬᠤ ᠪᠠ ᠠᠮᠤ ᠪᠤᠳᠠᠭᠠᠨ ᠤ ᠠᠮᠤᠷ ᠲᠦᠪᠰᠢᠨ ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠱᠠᠭᠠᠷᠳᠠᠯᠭ᠎ᠠ ᠶᠢ ᠦᠨᠳᠦᠰᠦᠯᠡᠨ᠂ ᠠᠮᠤ ᠪᠤᠳᠠᠭ᠎ᠠ ᠪᠠ ᠲᠣᠰᠣᠯᠢᠭ ᠵᠦᠢᠯ ᠤᠨ ᠦᠢᠯᠡᠳᠪᠦᠷᠢᠯᠡᠯ ᠢ ᠬᠥᠭᠵᠢᠭᠦᠯᠬᠦ ᠶᠢ ᠲᠤᠪᠤᠶᠢᠮ᠎ᠠ ᠪᠠᠶᠢᠷᠢᠨ ᠳᠤ ᠲᠠᠯᠪᠢᠨ᠎ᠠ᠃ ᠡᠯ᠎ᠡ ᠭᠠᠵᠠᠷ ᠤᠨ ᠭᠤᠤᠯ ᠤᠳᠤᠷᠢᠳᠤᠯᠭ᠎ᠠ ᠪᠡᠶ᠎ᠡ ᠪᠠᠷ ᠢᠶᠠᠨ ᠠᠳᠬᠤᠵᠤ᠂ ᠶᠡᠷᠦᠩᠬᠡᠶ ᠬᠠᠷᠢᠭᠤᠴᠠᠯᠭ᠎ᠠ ᠶᠢ ᠬᠠᠷᠢᠭᠤᠴᠠᠨ᠂ ᠲᠥᠷᠥ ᠶᠢᠨ ᠪᠣᠳᠣᠯᠭ᠎ᠠ ᠲᠣᠭᠲᠠᠭᠠᠬᠤ᠂ ᠠᠵᠢᠯ ᠪᠠᠶᠢᠷᠢᠯᠠᠭᠤᠯᠬᠤ᠂ ᠪᠡᠯᠡ ᠮᠥᠩᠭᠦ ᠣᠷᠣᠭᠤᠯᠬᠤ ᠲᠠᠯ᠎ᠠ ᠪᠠᠷ ᠦᠨᠡᠨ ᠪᠣᠳᠠᠲᠠᠶ ᠬᠢᠵᠦ᠂ ᠪᠣᠳᠠᠲᠠᠶ ᠠᠷᠭ᠎ᠠ ᠭᠠᠷᠭᠠᠵᠤ᠂ ᠡᠭᠦᠷᠭᠡ ᠪᠣᠯᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠡᠭᠡᠯᠵᠢᠯᠡᠨ ᠲᠠᠷᠢᠬᠤ ᠠᠵᠢᠯ ᠤᠨ ᠪᠦᠲᠦᠮᠵᠢᠲᠡᠶ ᠥᠷᠨᠢᠵᠦ᠂ ᠪᠣᠳᠠᠲᠤ ᠦᠷ᠎ᠡ ᠪᠦᠲᠦᠮᠵᠢ ᠣᠯᠬᠤ ᠶᠢ ᠲᠦᠯᠬᠢᠨ ᠠᠬᠢᠭᠤᠯᠤᠨ᠎ᠠ᠃       ︵ᠬᠤᠶᠠᠷ︶ ᠤᠳᠤᠷᠢᠳᠤᠯᠭ᠎ᠠ ᠶᠢᠨ ᠵᠣᠬᠢᠶᠠᠨ ᠪᠠᠶᠢᠭᠤᠯᠤᠯᠲᠠ ᠪᠠᠨ ᠴᠢᠩᠭᠠᠳᠬᠠᠨ᠎ᠠ᠃ ᠬᠤᠰᠢᠭᠤᠨ ᠤ ᠵᠠᠰᠠᠭ  ᠤᠨ ᠣᠷᠳᠣᠨ ᠤ ᠭᠤᠤᠯ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠲᠠᠷᠢᠶᠠᠨ ᠭᠠᠵᠠᠷ ᠤᠨ ᠡᠭᠡᠯᠵᠢᠯᠡᠨ ᠳᠠᠷᠢᠬᠤ ᠠᠵᠢᠯ ᠤᠨ ᠤᠳᠤᠷᠢᠳᠬᠤ ᠳᠤᠭᠤᠶᠢᠯᠠᠩ ᠪᠠ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ ᠳᠠᠷᠤᠭ᠎ᠠ ᠪᠠᠷ ᠮᠡᠷᠭᠡᠵᠢᠯ ᠤᠨ ᠬᠠᠷᠢᠭᠤᠴᠠᠯᠭᠠᠲᠠᠨ ᠪᠣᠯᠭᠠᠭᠰᠠᠨ ᠲᠤᠰᠬᠠᠶ ᠮᠡᠷᠭᠡᠵᠢᠯᠲᠡᠨ ᠤ ᠵᠢᠯᠣᠭᠤᠳᠬᠤ ᠳᠤᠭᠤᠶᠢᠯᠠᠩ ᠢ ᠪᠠᠶᠢᠭᠤᠯᠤᠨ᠎ᠠ᠃ ᠡᠯ᠎ᠡ ᠭᠠᠵᠠᠷ ᠤᠨ ᠬᠢᠨ ᠲᠠᠷᠢᠶᠠᠨ ᠭᠠᠵᠠᠷ ᠤᠨ ᠡᠭᠡᠯᠵᠢᠯᠡᠨ ᠳᠠᠷᠢᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠳᠤᠷᠢᠳᠤᠯᠭ᠎ᠠ ᠪᠠᠨ ᠴᠢᠩᠭᠠᠳᠬᠠᠨ᠂ ᠲᠥᠰᠦᠯ ᠤᠨ ᠱᠠᠭᠠᠷᠳᠠᠯᠭ᠎ᠠ ᠶᠣᠰᠣᠭᠠᠷ᠂ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠨᠠᠶᠢᠳᠠᠪᠤᠷᠢᠵᠢᠭᠤᠯᠤᠯᠲᠠ ᠶᠢ ᠬᠠᠮᠲᠤ ᠪᠠᠷ ᠠᠬᠢᠭᠤᠯᠬᠤ ᠬᠡᠷᠡᠭᠲᠡᠶ ᠃ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠯ᠎ᠡ ᠭᠠᠵᠠᠷ ᠤᠨ ᠬᠢᠨ ᠲᠠᠷᠢᠶᠠᠴᠢᠨ ᠡᠷᠦᠬᠡ ᠪᠤᠶᠤ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠲᠠᠢ ᠡᠭᠡᠯᠵᠢᠯᠡᠨ ᠳᠠᠷᠢᠬᠤ ᠬᠡᠯᠡᠯᠴᠡᠭᠡᠷ ᠲᠣᠭᠲᠠᠵᠤ᠂ ᠬᠠᠮᠢᠶ᠎ᠠ ᠪᠥᠬᠦᠶ ᠡᠷᠬᠡ ᠠᠰᠢᠭ᠂ ᠬᠠᠷᠢᠭᠤᠴᠠᠯᠭ᠎ᠠ ᠪᠠ ᠡᠭᠦᠷᠭᠡ ᠶᠢ ᠲᠣᠳᠣᠷᠬᠠᠶᠢᠯᠠᠵᠤ᠂ ᠬᠠᠷᠢᠭᠤᠴᠠᠯᠭ᠎ᠠ ᠂ ᠡᠭᠦᠷᠭᠡ᠂ ᠴᠠᠭ ᠬᠤᠭᠤᠴᠠᠭ᠎ᠠ ᠭᠤᠷᠪᠠ ᠶᠢ ᠨᠠᠶᠢᠳᠠᠪᠤᠷᠢᠵᠢᠭᠤᠯᠬᠤ ᠶᠢ  ᠪᠠᠲᠤᠯᠠᠨ᠎ᠠ᠃       ︵ᠭᠤᠷᠪᠠ︶ ᠬᠢᠨᠠᠨ ᠵᠢᠯᠣᠭᠤᠳᠴᠤ ᠪᠠᠶᠢᠴᠠᠭᠠᠬᠤ ᠶᠢ ᠴᠢᠩᠭᠠᠷᠠᠭᠤᠯᠤᠨ᠎ᠠ᠃ ᠬᠤᠰᠢᠭᠤᠨ ᠠᠴᠠ ᠨᠢᠭᠡᠳᠦᠯᠲᠡᠶ ᠲᠥᠯᠥᠪᠯᠡᠬᠦ᠂ ᠰᠢᠶᠠᠩ ᠠᠴᠠ ᠬᠢᠨᠠᠨ ᠬᠠᠮᠢᠶᠠᠷᠬᠤ᠂ ᠲᠣᠰᠬᠤᠨ ᠠᠴᠠ ᠨᠠᠶᠢᠳᠠᠪᠤᠷᠢᠵᠢᠭᠤᠯᠬᠤ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠵᠤ᠂ ᠡᠭᠡᠯᠵᠢᠯᠡᠨ ᠳᠠᠷᠢᠬᠤ ᠲᠠᠩᠰᠠ ᠡᠪᠬᠡᠮᠡᠯ ᠢ ᠪᠠᠶᠢᠭᠤᠯᠤᠨ ᠪᠦᠷᠢᠨᠰᠢᠭᠦᠯᠵᠦ᠂ ᠡᠭᠡᠯᠵᠢᠯᠡᠨ ᠳᠠᠷᠢᠬᠤ ᠡᠭᠦᠷᠭᠡ ᠶᠢ ᠣᠨᠣᠪᠴᠢᠲᠠᠶ ᠨᠠᠶᠢᠳᠠᠪᠤᠷᠢᠵᠢᠭᠤᠯᠤᠨ᠎ᠠ᠃ ᠡᠭᠡᠯᠵᠢᠯᠡᠨ ᠳᠠᠷᠢᠬᠤ ᠰᠢᠶᠠᠩ ᠪᠠᠯᠭᠠᠰᠤ ᠪᠠ ᠭᠠᠴᠠᠭ᠎ᠠ ᠲᠣᠰᠬᠤᠨ ᠨᠢ ᠡᠭᠡᠯᠵᠢᠯᠡᠨ ᠳᠠᠷᠢᠬᠤ ᠲᠠᠷᠢᠶᠠᠴᠢᠨ ᠡᠷᠦᠬᠡ᠂ ᠲᠠᠷᠢᠶ᠎ᠠ᠂ ᠲᠠᠯᠠᠪᠠᠶ ᠪᠠ ᠨᠥᠬᠦᠪᠥᠷᠢ ᠤᠨ ᠲᠤᠭ᠎ᠠ ᠶᠢ ᠴᠠᠭ ᠲᠤᠬᠠᠶ ᠳᠤᠨᠢ ᠵᠠᠷᠯᠠᠨ ᠨᠡᠶᠢᠲᠡᠯᠡᠵᠦ᠂ ᠨᠡᠶᠢᠭᠡᠮ ᠤᠨ ᠬᠢᠨᠠᠯᠲᠠ ᠲᠠᠯᠪᠢᠯᠲᠠ ᠶᠢ ᠬᠦᠯᠢᠶᠡᠨ᠎ᠡ᠃ ᠬᠤᠰᠢᠭᠤᠨ ᠤ ᠵᠠᠰᠠᠭ ᠤᠨ ᠣᠷᠳᠣᠨ ᠲᠣᠭᠲᠠᠮᠠᠯ ᠬᠤᠭᠤᠴᠠᠭ᠎ᠠ ᠲᠠᠢ ᠪᠠᠷ ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠬᠢᠨᠠᠨ ᠵᠢᠯᠣᠭᠤᠳᠬᠤ ᠠᠵᠢᠯ ᠥᠷᠨᠢᠭᠦᠯᠵᠦ᠂ ᠨᠢᠭᠡ ᠰᠢᠶᠠᠩ ᠪᠠᠯᠭᠠᠰᠤ᠂ ᠨᠢᠭᠡ ᠲᠣᠰᠬᠤᠨ ᠢ ᠴᠤ ᠣᠷᠬᠢᠭᠳᠠᠭᠤᠯᠬᠤ ᠥᠬᠡᠶ᠂ ᠡᠭᠡᠯᠵᠢᠯᠡᠨ ᠳᠠᠷᠢᠬᠤ ᠡᠭᠦᠷᠭᠡ ᠶᠢ ᠨᠠᠶᠢᠳᠠᠪᠤᠷᠢᠵᠢᠭᠤᠯᠤᠭᠰᠠᠨ ᠥᠬᠡᠶ ᠡᠵᠡᠩᠨᠡᠭᠴᠢ ᠶᠢᠨ ᠨᠥᠬᠦᠪᠥᠷᠢ ᠮᠦᠩᠭᠦ ᠶᠢ ᠴᠠᠭ ᠲᠤᠬᠠᠶ ᠳᠤᠨᠢ ᠬᠤᠷᠢᠶᠠᠨ ᠠᠪᠬᠤ ᠶᠢᠨ ᠬᠠᠮᠲᠤ ᠦᠨᠡᠨᠴᠢ ᠢᠲᠡᠭᠡᠮᠵᠢ ᠶᠢᠨ ᠲᠠᠩᠰᠠ ᠡᠪᠬᠡᠮᠡᠯ ᠳᠤ ᠪᠤᠳᠤᠵᠤ ᠤᠷᠤᠭᠤᠯᠤᠨ᠎ᠠ︔ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠡᠭᠡᠯᠵᠢᠯᠡᠨ ᠳᠠᠷᠢᠬᠤ ᠲᠠᠯᠠᠪᠠᠶ ᠶᠢ ᠬᠢᠨᠠᠨ ᠬᠠᠷᠭᠤᠭᠤᠯᠬᠤ ᠶᠢ ᠬᠠᠷᠢᠭᠤᠴᠠᠵᠤ᠂ ᠡᠳ᠋ ᠤᠨ ᠵᠠᠰᠠᠭ ᠤᠨ ᠰᠠᠯᠠᠭ᠎ᠠ ᠮᠥᠴᠢᠷ᠂ ᠬᠢᠨᠠᠨ ᠪᠤᠳᠤᠬᠤ ᠰᠠᠯᠠᠭ᠎ᠠ ᠮᠥᠴᠢᠷ ᠪᠠᠯᠠ ᠮᠥᠩᠭᠦ ᠶᠢ ᠣᠯᠭᠤᠬᠤ ᠳᠤ ᠬᠢᠨᠠᠯᠲᠠ ᠲᠠᠯᠪᠢᠬᠤ ᠪᠠ ᠰᠤᠭᠤᠴᠢᠨ ᠪᠠᠶᠢᠴᠠᠭᠠᠬᠤ ᠶᠢ ᠬᠠᠷᠢᠭᠤᠴᠠᠵᠤ᠂ ᠡᠯ᠎ᠡ ᠵᠦᠶᠯ ᠤᠨ ᠬᠤᠳᠠᠯ ᠬᠠᠭᠤᠷᠮᠠᠭ ᠢᠶᠠᠷ ᠵᠣᠬᠢᠶᠠᠬᠤ ᠂ ᠨᠥᠬᠦᠪᠥᠷᠢ ᠶᠢ ᠮᠡᠬᠡᠯᠡᠨ ᠠᠪᠬᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠬᠠᠮᠢᠶ᠎ᠠ ᠪᠥᠬᠦᠶ ᠬᠠᠷᠢᠭᠤᠴᠠᠯᠭᠠᠲᠠᠨ ᠢ ᠴᠢᠩᠭ᠎ᠠ ᠰᠢᠶᠳᠪᠦᠷᠢᠯᠡᠨ᠎ᠡ᠃ ᠪᠡᠯᠡ ᠮᠥᠩᠭᠦ ᠶᠢ ᠦᠯᠡᠳᠡᠭᠡᠨ ᠠᠪᠬᠤ᠂ ᠬᠤᠳᠠᠯ ᠢᠶᠠᠷ ᠮᠡᠳᠡᠭᠦᠯᠵᠦ ᠬᠠᠭᠤᠷᠮᠠᠭᠯᠠᠨ ᠠᠪᠬᠤ᠂ ᠨᠡᠭᠦᠯᠭᠡᠨ ᠬᠡᠷᠡᠭᠯᠡᠭᠰᠡᠨ ᠪᠥᠭᠡᠳ ᠴᠡᠭᠴᠡᠯᠡᠨ ᠰᠠᠶᠢᠵᠢᠷᠠᠭᠤᠯᠤᠭᠰᠠᠨ ᠨᠢ ᠬᠦᠷᠦᠯᠴᠡᠬᠦ ᠦᠭᠡᠶ ᠰᠠᠯᠠᠭ᠎ᠠ ᠮᠥᠴᠢᠷ ᠪᠣᠯᠤᠨ ᠬᠤᠪᠢ ᠬᠥᠮᠦᠨ ᠢ ᠬᠤᠰᠢᠭᠤᠨ ᠤ ᠬᠢᠨᠠᠯᠲᠠ ᠲᠠᠯᠪᠢᠬᠤ ᠪᠠ ᠰᠠᠬᠢᠯᠭ᠎ᠠ ᠪᠠᠲᠤ ᠪᠠᠶᠢᠴᠠᠭᠠᠬᠤ ᠰᠠᠯᠠᠭ᠎ᠠ ᠮᠥᠴᠢᠷ ᠲᠤ ᠮᠡᠳᠡᠭᠦᠯᠦᠨ ᠪᠠᠶᠢᠴᠠᠭᠠᠨ ᠰᠢᠶᠳᠪᠦᠷᠢᠯᠡᠭᠦᠯᠵᠦ᠂ ᠬᠦᠨᠳᠦ ᠨᠣᠴᠢᠲᠠᠶ ᠶᠢ  ᠨᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠤᠯᠢ ᠴᠠᠭᠠᠵᠠ ᠶᠢᠨ ᠬᠠᠷᠢᠭᠤᠴᠠᠯᠭ᠎ᠠ ᠨᠡᠬᠡᠮᠵᠢᠯᠡᠨ᠎ᠡ᠃       ︵ᠳᠥᠷᠪᠡ ︶ ᠬᠢᠨᠠᠮᠠᠭᠠᠶ ᠳ᠋ᠦᠩᠨᠡᠨ ᠤᠬᠠᠭᠤᠯᠤᠨ᠎ᠠ᠃ ᠡᠯ᠎ᠡ ᠵᠦᠶᠯ ᠤᠨ ᠵᠠᠭᠤᠴᠢ ᠪᠣᠯᠤᠨ ᠲᠤᠬᠠᠶ ᠶᠢᠨ ᠲᠠᠯᠠᠪᠠᠶ ᠶᠢᠨ ᠦᠵᠡᠭᠦᠯᠦᠯᠭᠡ᠂ ᠲᠤᠷᠰᠢᠯᠭ᠎ᠠ ᠶᠢᠨ ᠰᠣᠯᠢᠯᠴᠠᠭ᠎ᠠ᠂ ᠨᠡᠶᠢᠲᠡᠯᠢᠭ ᠵᠢᠱᠢᠶ᠎ᠡ ᠦᠵᠡᠭᠦᠯᠬᠦ ᠵᠡᠷᠭᠡ ᠠᠷᠭ᠎ᠠ ᠮᠠᠶ᠋ᠢᠭ ᠢ ᠭᠦᠶᠴᠡᠳ ᠠᠰᠢᠭᠯᠠᠨ᠂ ᠲᠥᠷᠥ ᠶᠢᠨ ᠪᠣᠳᠣᠯᠭ᠎ᠠ ᠪᠣᠯᠤᠨ ᠦᠷ᠎ᠡ ᠪᠦᠲᠦᠮᠵᠢ ᠶᠢ ᠤᠬᠠᠭᠤᠯᠬᠤ ᠡᠷᠴᠢᠮ  ᠢᠶᠠᠨ ᠨᠡᠮᠡᠭᠳᠡᠭᠦᠯᠵᠦ᠂ ᠥᠷᠭᠡᠨ ᠣᠯᠠᠨ ᠲᠠᠷᠢᠶᠠᠴᠢᠨ ᠲᠦᠮᠡᠨ᠂ ᠰᠢᠨ᠎ᠡ ᠮᠠᠶ᠋ᠢᠭ ᠤᠨ ᠡᠵᠡᠩᠨᠡᠯᠲᠡ ᠶᠢᠨ ᠭᠤᠤᠯ ᠴᠣᠭᠴᠠ ᠳᠤ ᠤᠯᠤᠰ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ᠂ ᠪᠦᠬᠦ ᠲᠠᠯ᠎ᠠ ᠪᠠᠷ᠂ ᠣᠨᠣᠪᠴᠢᠲᠠᠶ ᠣᠶᠢᠯᠠᠭᠠᠭᠤᠯᠵᠤ᠂ ᠲᠠᠷᠢᠶᠠᠴᠢᠳ ᠤᠨ ᠡᠭᠡᠯᠵᠢᠯᠡᠨ ᠲᠠᠷᠢᠬᠤ ᠶᠢ ᠬᠡᠷᠡᠭᠵᠢᠭᠦᠯᠬᠦ ᠢᠳᠡᠪᠬᠢᠵᠢᠯ ᠪᠣᠯᠤᠨ ᠰᠠᠨᠠᠭᠠᠴᠢᠯᠠᠭᠠᠲᠤ ᠴᠢᠨᠠᠷ ᠢ ᠳᠠᠶᠢᠴᠢᠯᠠᠨ᠎ᠠ᠃ ᠡᠭᠡᠯᠵᠢᠯᠡᠨ ᠳᠠᠷᠢᠬᠤ ᠠᠵᠢᠯ ᠢ ᠨᠠᠷᠢᠨ ᠬᠢᠨᠠᠮᠠᠭᠠᠶ ᠳ᠋ᠦᠩᠨᠡᠵᠦ᠂ ᠮᠡᠷᠭᠡᠵᠢᠯ  ᠤᠨ ᠵᠠᠭᠪᠤᠷ ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠵᠢᠱᠢᠭᠰᠡᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠬᠤ ᠶᠢᠨ ᠬᠠᠮᠲᠤ 11 ᠰᠠᠷ᠎ᠠ ᠶᠢᠨ 20 ᠤ ᠡᠳᠦᠷ ᠠᠴᠠ ᠡᠮᠦᠨ᠎ᠡ ᠣᠨ ᠤ ᠳ᠋ᠦᠩᠨᠡᠯᠲᠡ ᠶᠢᠨ ᠮᠡᠳᠡᠭᠦᠯᠦᠯᠲᠡ  ᠪᠠᠨ ᠬᠤᠲᠠ ᠶᠢᠨ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠳᠤ ᠮᠡᠳᠡᠭᠦᠯᠦᠨ ᠬᠦᠷᠭᠡᠨ᠎ᠡ᠃

 
ᠢᠷᠡᠯᠲᠡ᠄ ᠨᠠᠢᠮᠠᠨ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06000874号