ᠦᠰᠦᠭ ᠪᠢᠴᠢᠭ ᠤᠨ ᠲᠠᠶᠢᠯᠤᠮᠵᠢ᠄ ︽ᠨᠠᠢᠮᠠᠨ ᠬᠤᠰᠢᠭᠤᠨ ᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢ ᠬᠢᠨᠠᠨ ᠬᠠᠷᠭᠤᠭᠤᠯᠵᠤ ᠨᠤᠲᠠᠯᠠᠬᠤ ᠠᠷᠭ᠎ᠠ︾ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/1/16

      ᠨᠢᠭᠡ᠂ ᠨᠣᠣᠷᠠᠭᠯᠠᠭᠰᠠᠨ ᠠᠬᠤᠢ ᠪᠠᠶᠢᠳᠠᠯ

      ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠲᠥᠷᠥ ᠶᠢᠨ

ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︿ᠨᠡᠶᠢᠭᠡᠮ ᠤᠨ ᠠᠪᠤᠷᠠᠨ ᠲᠤᠰᠠᠯᠠᠬᠤ ᠳᠦᠷᠢᠮ ᠢ ᠥᠭᠡᠷᠡᠴᠢᠯᠡᠨ

ᠲᠡᠭᠦᠯᠳᠡᠷᠵᠢᠭᠦᠯᠬᠦ ᠲᠤᠬᠠᠢ ᠰᠠᠨᠠᠯ﹀ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾︔ ᠠᠷᠠᠳ ᠤᠨ ᠶᠠᠪᠤᠳᠠᠯ ᠤᠨ

ᠶᠠᠮᠤᠨ ᠤ ︽ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢ ᠬᠢᠨᠠᠨ ᠬᠠᠷᠭᠤᠭᠤᠯᠵᠤ ᠨᠤᠲᠠᠯᠠᠬᠤ ᠠᠷᠭ᠎ᠠ︾︔

ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ

ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠨᠡᠶᠢᠭᠡᠮ ᠤᠨ ᠠᠪᠤᠷᠠᠨ

ᠲᠤᠰᠠᠯᠠᠬᠤ ᠳᠦᠷᠢᠮ ᠢ ᠥᠭᠡᠷᠡᠴᠢᠯᠡᠨ ᠲᠡᠭᠦᠯᠳᠡᠷᠵᠢᠭᠦᠯᠬᠦ ᠲᠤᠬᠠᠢ ᠬᠡᠷᠡᠭᠵᠢᠭᠦᠯᠬᠦ ᠠᠷᠭ᠎ᠠ ᠬᠡᠮᠵᠢᠶ᠎ᠡ︾ ︔ ᠥᠪᠡᠷᠲᠡᠭᠡᠨ

ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ

ᠮᠠᠯᠵᠢᠬᠤ ᠲᠠᠷᠢᠶᠠᠯᠠᠬᠤ ᠣᠷᠣᠨ ᠤ ᠤᠳᠤᠷᠢᠳᠬᠤ ᠳᠤᠭᠤᠶᠢᠯᠠᠩ ᠤᠨ ᠠᠯᠪᠠᠨ ᠭᠡᠷ᠂ ᠥᠪᠡᠷᠲᠡᠭᠡᠨ ᠵᠠᠰᠠᠬᠤ ᠣᠷᠣᠨ ᠤ

ᠡᠳ᠋ ᠤᠨ ᠵᠠᠰᠠᠭ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ

ᠮᠠᠨᠳᠤᠭᠤᠯᠬᠤ ᠲᠣᠪᠴᠢᠶ᠎ᠠ   ᠤᠨ ᠳᠠᠷᠤᠮᠠᠯᠯᠠᠨ ᠲᠠᠷᠬᠠᠭᠠᠭᠰᠠᠨ ︽ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ

ᠵᠡᠷᠭᠡ ᠨᠡᠶᠢᠭᠡᠮ ᠤᠨ ᠲᠡᠩᠬᠡᠷᠡᠭᠦᠯᠦᠨ ᠲᠤᠰᠠᠯᠠᠵᠤ ᠦᠨᠳᠦᠰᠦᠨ ᠵᠦᠢᠯ ᠢ ᠪᠠᠲᠤᠯᠠᠬᠤ ᠠᠵᠢᠯ ᠢ ᠤᠯᠠᠮ ᠨᠢᠭᠡ ᠠᠯᠬᠤᠮ

ᠰᠠᠶᠢᠲᠤᠷ ᠬᠢᠬᠦ ᠪᠣᠳᠠᠲᠠᠢ ᠠᠷᠭ᠎ᠠ ᠬᠡᠮᠵᠢᠶ᠎ᠡ ᠶᠢᠨ ᠲᠤᠬᠠᠢ ᠮᠡᠳᠡᠭᠳᠡᠯ︾ ︔ ︽ᠲᠦᠩᠯᠢᠶᠣᠣ ᠬᠤᠲᠠ ᠶᠢᠨ

ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢ ᠬᠢᠨᠠᠨ ᠬᠠᠷᠭᠤᠭᠤᠯᠵᠤ ᠨᠤᠲᠠᠯᠠᠬᠤ ᠠᠷᠭ᠎ᠠ︾ ᠵᠢᠴᠢ ᠤᠯᠤᠰ᠂

ᠥᠪᠡᠷᠲᠡᠭᠡᠨ ᠵᠠᠰᠠᠬᠤ ᠣᠷᠣᠨ᠂ ᠬᠤᠲᠠ ᠶᠢᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠲᠣᠭᠲᠠᠭᠠᠯ᠃

      ᠬᠤᠶᠠᠷ᠂ ᠲᠤᠭᠲᠠᠭᠠᠭᠰᠠᠨ ᠦᠨᠳᠦᠰᠦᠯᠡᠯ

      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠠᠷᠠᠳ ᠤᠨ ᠶᠠᠪᠤᠳᠠᠯ ᠤᠨ ᠶᠠᠮᠤᠨ ᠤ ︿

ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠢᠨᠠᠨ ᠬᠠᠷᠭᠤᠭᠤᠯᠵᠤ ᠨᠤᠲᠠᠯᠠᠬᠤ ᠠᠷᠭ᠎ᠠ﹀ ᠶᠢ ᠤᠯᠠᠮ ᠨᠢᠭᠡ

ᠠᠯᠬᠤᠮ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠮᠡᠳᠡᠭᠳᠡᠯ︾ ︵ᠥᠪᠥᠷ ᠠᠷᠠᠳ ᠤᠨ ᠶᠠᠪᠤᠳᠠᠯ

ᠲᠠᠷᠬᠠᠭᠠᠭᠰᠠᠨ ﹇2021﹈ 121 ᠳ᠋ᠦ᠋ᠭᠡᠷ ᠲᠣᠭᠠᠲᠤ︶᠂ ᠲᠦᠩᠯᠢᠶᠣᠣ ᠬᠤᠲᠠ ᠶᠢᠨ ᠠᠷᠠᠳ ᠤᠨ ᠶᠠᠪᠤᠳᠠᠯ ᠤᠨ

ᠲᠣᠪᠴᠢᠶ᠎ᠠ ᠶᠢᠨ ︽ᠲᠦᠩᠯᠢᠶᠣᠣ ᠬᠤᠲᠠ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠢᠨᠠᠨ

ᠬᠠᠷᠭᠤᠭᠤᠯᠵᠤ ᠨᠤᠲᠠᠯᠠᠬᠤ ᠠᠷᠭ᠎ᠠ︾ ᠶᠢ ᠳᠠᠷᠤᠮᠠᠯᠯᠠᠨ ᠲᠠᠷᠬᠠᠭᠠᠬᠤ ᠲᠤᠬᠠᠢ  ᠮᠡᠳᠡᠭᠳᠡᠯ ︵ᠲᠦᠩᠯᠢᠶᠤᠤ ᠠᠷᠠᠳ ᠤᠨ

ᠶᠠᠪᠤᠳᠠᠯ ᠲᠠᠷᠬᠠᠭᠠᠭᠰᠠᠨ ﹇2021﹈ 27 ᠳ᠋ᠤᠭᠠᠷ ᠲᠣᠭᠠᠲᠤ︶᠃

      ᠭᠤᠷᠪᠠ᠂ ᠲᠤᠭᠲᠠᠭᠠᠭᠰᠠᠨ ᠠᠴᠢ ᠬᠤᠯᠪᠣᠭᠳᠠᠯ

      ᠨᠠᠭᠠᠲᠤ ᠵᠠᠬ᠎ᠠ ᠶᠢᠨ ᠪᠠᠲᠤᠯᠠᠭ᠎ᠠ ᠶᠢᠨ ᠳᠦᠷᠢᠮ ᠢ ᠢᠯᠡ᠂ ᠡᠷᠬᠡ ᠲᠡᠭᠰᠢ᠂ ᠲᠥᠪ ᠭᠤᠥᠯᠴᠢ ᠪᠠᠷ

ᠬᠡᠷᠡᠭᠵᠢᠭᠦᠯᠬᠦ ᠶᠢ ᠦᠨᠡᠨᠬᠦ ᠪᠠᠲᠤᠯᠠᠨ᠎ᠠ᠃

      ᠳᠥᠷᠪᠡ᠂ ᠬᠠᠷᠠᠯᠲᠠ ᠡᠭᠦᠷᠭᠡ

      ᠰᠢ ᠶᠢᠨ ᠫᠢᠩ ᠶᠡᠷᠦᠩᠬᠡᠢ ᠱᠦᠵᠢ ᠶᠢᠨ ᠠᠷᠠᠳ ᠤᠨ ᠶᠠᠪᠤᠳᠠᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ

ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠣᠨ ᠠᠷᠠᠳ ᠤᠨ ᠶᠠᠪᠤᠳᠠᠯ ᠤᠨ ᠶᠠᠮᠤᠨ᠂ ᠥᠪᠥᠷ ᠮᠣᠩᠭᠤᠯ ᠤᠨ ᠥᠪᠡᠷᠲᠡᠭᠡᠨ

ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠲᠦᠩᠯᠢᠶᠣᠣ ᠬᠤᠲᠠ ᠶᠢᠨ ᠠᠷᠠᠳ ᠤᠨ ᠶᠠᠪᠤᠳᠠᠯ ᠤᠨ

ᠲᠣᠪᠴᠢᠶ᠎ᠠ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂  ᠤᠨᠴᠠᠭᠠᠢ

ᠬᠠᠮᠲᠤᠯᠢᠭ ᠲᠤ ᠠᠩᠬᠠᠷᠤᠯ ᠢᠶᠠᠨ ᠲᠥᠪᠯᠡᠷᠡᠭᠦᠯᠦᠨ᠂ ᠣᠯᠠᠨ ᠲᠦᠮᠡᠨ ᠤ ᠠᠩᠬᠠᠷᠤᠯ ᠳᠤ ᠠᠩᠬᠠᠷᠤᠯ ᠢᠶᠠᠨ

ᠲᠥᠪᠯᠡᠷᠡᠭᠦᠯᠵᠦ᠂ ᠠᠷᠠᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ ᠶᠢᠨ ᠬᠢᠵᠠᠭᠠᠷ ᠱᠤᠭᠤᠮ ᠢ ᠦᠨᠡᠨᠬᠦ ᠪᠠᠲᠤ

ᠰᠠᠬᠢᠬᠤ ᠬᠠᠷᠠᠯᠲᠠ ᠱᠠᠭᠠᠷᠳᠠᠯᠭ᠎ᠠ ᠶᠢᠨ ᠲᠣᠭᠤᠷᠢᠨ ᠳᠤ᠂ ︽ᠨᠢᠭᠡ ᠡᠷᠦᠬᠡ ᠶᠢ ᠴᠦ ᠣᠷᠬᠢᠭᠳᠠᠭᠤᠯᠬᠤ ᠦᠭᠡᠢ᠂ ᠨᠢᠭᠡ

ᠬᠥᠮᠥᠨ ᠢ ᠴᠦ ᠣᠷᠬᠢᠭᠳᠠᠭᠤᠯᠬᠤ ᠦᠭᠡᠢ︾ ᠪᠠᠲᠤᠯᠠᠪᠠᠰᠤ ᠵᠣᠬᠢᠬᠤ ᠶᠢ ᠨᠢ ᠪᠦᠬᠦᠨ ᠢ ᠪᠠᠲᠤᠯᠠᠨ᠎ᠠ᠃

      ᠲᠠᠪᠤ᠂ ᠭᠤᠣᠯ ᠠᠭᠤᠯᠭ᠎ᠠ

      1. ᠭᠤᠶᠤᠴᠢᠯᠠᠬᠤ ᠪᠠ ᠭᠥᠯᠢᠶᠡᠨ ᠠᠪᠴᠤ ᠰᠢᠢᠳᠪᠦᠷᠢᠯᠡᠬᠦ᠄ ᠨᠠᠢᠮᠠᠨ ᠬᠤᠰᠢᠭᠤᠨ ᠤ ᠪᠠᠶᠢᠩᠭᠤ ᠰᠠᠭᠤᠭ᠎ᠠ

ᠡᠷᠦᠬᠡ ᠠᠮᠠ ᠶᠢᠨ ᠲᠠᠩᠰᠠ ᠲᠠᠢ ᠰᠠᠭᠤᠭᠠᠯᠢ ᠠᠷᠠᠳ ᠤᠨ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ

ᠪᠦᠷᠢᠯᠳᠦᠭᠦᠨ ᠤ ᠬᠥᠮᠥᠨ ᠳᠤᠮᠳᠠᠴᠢ ᠶᠢᠨ ᠣᠷᠣᠯᠭ᠎ᠠ ᠨᠢ ᠮᠠᠨ ᠤ ᠬᠤᠰᠢᠭᠤᠨ ᠤ ᠠᠮᠢᠳᠤᠷᠠᠯ ᠤᠨ ᠨᠠᠭᠠᠲᠤ ᠵᠠᠬ᠎ᠠ ᠶᠢᠨ

ᠪᠠᠲᠤᠯᠠᠭ᠎ᠠ ᠶᠢᠨ ᠪᠠᠷᠢᠮᠵᠢᠶ᠎ᠠ ᠠᠴᠠ ᠳᠣᠣᠷ᠎ᠠ ᠮᠥᠷᠲᠡᠭᠡᠨ ᠮᠠᠨ ᠤ ᠬᠤᠰᠢᠭᠤᠨ ᠤ ᠠᠮᠢᠳᠤᠷᠠᠯ ᠤᠨ ᠨᠠᠭᠠᠲᠤ ᠵᠠᠬ᠎ᠠ ᠶᠢᠨ

ᠪᠠᠲᠤᠯᠠᠭ᠎ᠠ ᠶᠢᠨ ᠭᠡᠷ ᠪᠦᠯᠢ ᠶᠢᠨ ᠡᠳ᠋ ᠬᠥᠷᠥᠩᠭᠡ ᠶᠢᠨ ᠪᠠᠶᠢᠳᠠᠯ ᠤᠨ ᠲᠣᠭᠲᠠᠭᠠᠯ ᠳᠤ ᠨᠡᠶᠢᠴᠡᠬᠦ ᠭᠡᠷ ᠪᠦᠯᠢ ᠪᠦᠬᠦᠨ

ᠲᠣᠭᠲᠠᠭᠰᠠᠨ ᠲᠠᠰ ᠳᠠᠷᠠᠭᠠᠯᠠᠯ ᠢᠶᠠᠷ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠠᠷᠠᠭᠠᠯᠵᠠᠯ ᠢ

ᠭᠤᠶᠤᠴᠢᠯᠠᠵᠤ ᠪᠣᠯᠣᠨ᠎ᠠ᠃ ᠰᠤᠮᠤ᠂ ᠰᠢᠶᠠᠩ ᠪᠠᠯᠭᠠᠰᠤ᠂ ︵ᠲᠠᠯᠠᠪᠠᠶ︶ ᠶᠢᠨ ᠠᠷᠠᠳ ᠤᠨ ᠵᠠᠰᠠᠭ ᠤᠨ ᠣᠷᠳᠣᠨ

ᠵᠢᠴᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠠᠷᠠᠳ ᠤᠨ ᠶᠠᠪᠤᠳᠠᠯ ᠤᠨ ᠠᠯᠪᠠᠨ ᠭᠡᠷ ᠭᠤᠶᠤᠴᠢᠯᠠᠯ ᠢ

ᠭᠥᠯᠢᠶᠡᠨ ᠠᠪᠴᠤ ᠰᠢᠢᠳᠪᠦᠷᠢᠯᠡᠨ᠎ᠡ︔

      2᠂ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠬᠠᠷᠭᠤᠭᠤᠯᠤᠨ ᠪᠠᠶᠢᠴᠠᠭᠠᠬᠤ᠄ ᠨᠠᠢᠮᠠᠨ ᠬᠤᠰᠢᠭᠤᠨ ᠤ

ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠠᠷᠭᠤᠭᠤᠯᠤᠨ ᠪᠠᠶᠢᠴᠠᠭᠠᠬᠤ ᠲᠥᠪ᠂ ᠰᠤᠮᠤ᠂ ᠰᠢᠶᠠᠩ ᠪᠠᠯᠭᠠᠰᠤ᠂ ︵

ᠲᠠᠯᠠᠪᠠᠶ︶ ᠶᠢᠨ ᠠᠷᠠᠳ ᠤᠨ ᠵᠠᠰᠠᠭ ᠤᠨ ᠣᠷᠳᠣᠨ ᠵᠢᠴᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ

ᠬᠠᠷᠭᠤᠭᠤᠯᠤᠨ ᠪᠠᠶᠢᠴᠠᠭᠠᠬᠤ ᠠᠭᠤᠯᠭ᠎ᠠ ᠳᠤ ᠴᠠᠯᠢᠩ ᠤᠨ ᠴᠢᠨᠠᠷᠲᠠᠢ ᠣᠷᠣᠯᠭ᠎ᠠ᠂ ᠡᠵᠡᠩᠨᠡᠯᠲᠡ ᠶᠢᠨ ᠴᠡᠪᠡᠷ

ᠣᠷᠣᠯᠭ᠎ᠠ᠂ ᠡᠳ᠋ ᠬᠥᠷᠥᠩᠭᠡ ᠶᠢᠨ ᠴᠡᠪᠡᠷ ᠣᠷᠣᠯᠭ᠎ᠠ᠂ ᠰᠢᠯᠵᠢᠭᠦᠯᠦᠭᠰᠡᠨ ᠴᠡᠪᠡᠷ ᠣᠷᠣᠯᠭ᠎ᠠ ᠪᠠᠭᠲᠠᠨ᠎ᠠ︔

      3. ᠡᠷᠦᠬᠡ ᠳᠤ ᠬᠦᠷᠴᠦ ᠪᠠᠶᠢᠴᠠᠭᠠᠯᠲᠠ ᠬᠢᠬᠦ᠄ ᠰᠤᠮᠤ᠂ ᠰᠢᠶᠠᠩ ᠪᠠᠯᠭᠠᠰᠤ᠂ ︵ᠲᠠᠯᠠᠪᠠᠶ︶ ᠶᠢᠨ

ᠠᠷᠠᠳ ᠤᠨ ᠵᠠᠰᠠᠭ ᠤᠨ ᠣᠷᠳᠣᠨ ᠵᠢᠴᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ 100% ᠪᠠᠷ

ᠡᠷᠦᠬᠡ ᠳᠤ ᠬᠦᠷᠴᠦ ᠪᠠᠶᠢᠴᠠᠭᠠᠯᠲᠠ ᠬᠢᠵᠦ᠂ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ 30% ᠶᠢᠨ

ᠬᠠᠷᠢᠴᠠᠯ ᠤᠨ ᠨᠣᠷᠮ᠎ᠠ ᠪᠠᠷ ᠰᠤᠭᠤᠴᠢᠨ ᠪᠠᠶᠢᠴᠠᠭᠠᠨ᠎ᠠ︔

      4. ᠬᠢᠨᠠᠨ ᠬᠠᠷᠭᠤᠭᠤᠯᠵᠤ ᠨᠤᠲᠠᠯᠠᠬᠤ᠄ ᠰᠤᠮᠤ᠂ ᠰᠢᠶᠠᠩ ᠪᠠᠯᠭᠠᠰᠤ᠂ ᠲᠠᠯᠠᠪᠠᠶ ᠶᠢᠨ ᠠᠷᠠᠳ ᠤᠨ ᠵᠠᠰᠠᠭ ᠤᠨ

ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠨᠢ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ

ᠪᠠᠶᠢᠴᠠᠭᠠᠨ ᠬᠠᠷᠭᠤᠭᠤᠯᠤᠭᠰᠠᠨ ᠪᠠᠶᠢᠳᠠᠯ ᠢ ᠦᠨᠳᠦᠰᠦᠯᠡᠨ᠂ ᠠᠩᠬ᠎ᠠ ᠬᠢᠨᠠᠭᠰᠠᠨ ᠰᠠᠨᠠᠯ ᠢᠶᠠᠨ ᠳᠤᠷᠠᠳᠬᠤ ᠶᠢᠨ

ᠬᠠᠮᠲᠤ᠂ ᠭᠤᠶᠤᠴᠢᠯᠠᠭᠰᠠᠨ ᠭᠡᠷ ᠪᠦᠯᠢ ᠶᠢᠨ ᠪᠠᠶᠢᠭ᠎ᠠ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠲᠤ ᠢᠯᠡ

ᠨᠡᠶᠢᠲᠡᠯᠡᠨ᠎ᠡ᠃ ᠵᠠᠷᠯᠠᠨ ᠨᠡᠶᠢᠲᠡᠯᠡᠬᠦ ᠬᠤᠭᠤᠴᠠᠭ᠎ᠠ ᠨᠢ 7 ᠡᠳᠦᠷ︔

      5. ᠬᠠᠮᠢᠶᠠᠷᠤᠯᠲᠠ ᠪᠠ ᠬᠢᠨᠠᠯᠲᠠ᠄  ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠭᠦᠨ ᠨᠢ ᠵᠦᠢ

ᠶᠣᠰᠣᠨ ᠤ ᠤᠴᠢᠷ ᠰᠢᠯᠲᠠᠭᠠᠨ ᠦᠭᠡᠢ ᠪᠠᠷ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠬᠢᠨᠠᠨ

ᠬᠠᠷᠭᠤᠭᠤᠯᠵᠤ ᠨᠤᠲᠠᠯᠠᠬᠤ ᠠᠵᠢᠯ ᠳᠤ ᠬᠠᠮᠵᠢᠯᠴᠠᠬᠤ ᠶᠢ ᠲᠡᠪᠴᠢᠭᠰᠡᠨ ᠪᠠᠶᠢᠪᠠᠯ᠂ ᠬᠤᠰᠢᠭᠤ ᠰᠢᠶᠠᠨ ᠤ ᠱᠠᠲᠤᠨ ᠤ

ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠪᠣᠯᠣᠨ ᠰᠤᠮᠤ ᠰᠢᠶᠠᠩ

ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠨᠢ ᠬᠢᠨᠠᠨ

ᠬᠠᠷᠭᠤᠭᠤᠯᠵᠤ ᠨᠤᠲᠠᠯᠠᠬᠤ ᠲᠠᠰ ᠳᠠᠷᠠᠭᠠᠯᠠᠯ ᠢᠶᠠᠨ ᠵᠣᠭᠰᠣᠭᠠᠵᠤ᠂ ᠨᠠᠭᠠᠲᠤ ᠵᠠᠬ᠎ᠠ ᠶᠢᠨ ᠠᠮᠢᠳᠤᠷᠠᠯ ᠤᠨ

ᠪᠠᠲᠤᠯᠠᠭ᠎ᠠ ᠶᠢᠨ ᠮᠥᠩᠭᠦ ᠶᠢ ᠨᠡᠮᠡᠵᠦ ᠣᠯᠭᠤᠬᠤ᠂ ᠬᠠᠰᠤᠵᠤ ᠣᠯᠭᠤᠬᠤ᠂ ᠲᠠᠷᠬᠠᠭᠠᠬᠤ ᠶᠢ ᠵᠣᠭᠰᠤᠭᠠᠬᠤ ᠲᠣᠭᠲᠠᠭᠠᠯ

ᠭᠠᠷᠭᠠᠵᠤ᠂ ᠬᠠᠤᠯᠢ ᠪᠠᠷ ᠲᠣᠭᠲᠠᠭᠠᠭᠰᠠᠨ ᠤᠴᠢᠷ ᠰᠢᠯᠲᠠᠭᠠᠨ ᠪᠠ ᠲᠣᠭᠲᠠᠭᠠᠭᠰᠠᠨ ᠲᠠᠰ ᠳᠠᠷᠠᠭᠠᠯᠠᠯ ᠳᠤ

ᠨᠡᠶᠢᠴᠡᠭᠰᠡᠨ ᠪᠠᠶᠢᠬᠤ ᠬᠡᠷᠡᠭᠲᠡᠢ︔ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ ᠬᠠᠰᠤᠵᠤ

ᠥᠭᠬᠦ ᠪᠠ ᠲᠠᠷᠬᠠᠭᠠᠬᠤ ᠶᠢ ᠵᠣᠭᠰᠤᠭᠠᠬᠤ ᠪᠠᠷ ᠲᠣᠭᠲᠠᠭᠠᠭᠰᠠᠨ ᠪᠠᠶᠢᠪᠠᠯ᠂ ᠠᠮᠢᠳᠤᠷᠠᠯ ᠤᠨ ᠨᠠᠭᠠᠲᠤ ᠵᠠᠬ᠎ᠠ ᠶᠢᠨ

ᠪᠠᠲᠤᠯᠠᠭ᠎ᠠ ᠶᠢᠨ ᠭᠡᠷ ᠪᠦᠯᠢ ᠶᠢᠨ ᠪᠦᠷᠢᠯᠳᠦᠭᠦᠨ ᠳᠤ ᠮᠡᠳᠡᠭᠳᠡᠬᠦ ᠶᠢᠨ ᠬᠠᠮᠲᠤ ᠤᠴᠢᠷ ᠰᠢᠯᠲᠠᠭᠠᠨ ᠢᠶᠠᠨ ᠪᠢᠴᠢᠭ ᠢᠶᠠᠷ

ᠲᠣᠳᠣᠷᠬᠠᠶᠢᠯᠠᠬᠤ ᠬᠡᠷᠡᠭᠲᠡᠢ᠃

      ᠵᠢᠷᠭᠤᠭ᠎ᠠ᠂ ᠬᠤᠯᠪᠣᠭᠳᠠᠬᠤ ᠬᠡᠪᠴᠢᠶ᠎ᠡ

      ᠨᠠᠢᠮᠠᠨ ᠬᠤᠰᠢᠭᠤᠨ ᠤ ᠪᠠᠶᠢᠩᠭᠤ ᠰᠠᠭᠤᠭ᠎ᠠ ᠡᠷᠦᠬᠡ ᠠᠮᠠ ᠶᠢᠨ ᠲᠠᠩᠰᠠ ᠲᠠᠢ ᠰᠠᠭᠤᠭᠠᠯᠢ ᠠᠷᠠᠳ᠃

ᠲᠠᠶᠢᠯᠤᠮᠵᠢ ᠬᠢᠭᠰᠡᠨ ᠪᠠᠶᠢᠭᠤᠯᠤᠮᠵᠢ᠄ ᠨᠠᠢᠮᠠᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ

ᠲᠠᠶᠢᠯᠪᠤᠷᠢᠯᠠᠭᠴᠢ᠄ ᠢᠦᠢ ᡁᠢ

ᠲᠤᠰᠢᠶᠠᠯ᠄ ᠳᠡᠳ᠋ ᠲᠣᠪᠴᠢᠶᠠᠨ ᠳᠠᠷᠤᠭ᠎ᠠ

ᠬᠠᠷᠢᠯᠴᠠᠬᠤ ᠤᠲᠠᠰᠤ᠄ 0475 ︱ 4212782

 

 
ᠢᠷᠡᠯᠲᠡ᠄ ᠨᠠᠢᠮᠠᠨ ᠬᠤᠰᠢᠭᠤᠨ ᠤ ᠠᠷᠠᠳ ᠤᠨ ᠶᠠᠪᠤᠳᠠᠯ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06000874号