ᠨᠠᠢᠮᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠣᠯᠭᠤᠬᠤ ᠲᠤᠬᠠᠶ ᠵᠠᠷᠯᠠᠯ
ᠨᠡᠶᠢᠲᠡᠯᠡᠭᠰᠡᠨ ᠴᠠᠭ᠄
2024/10/12
                         ᠨᠠᠢᠮᠠᠨ ᠵᠠᠰᠠᠭ ᠮᠡᠳᠡᠭᠳᠡᠯ ﹇2024﹈ 6 ᠳ᠋ᠤᠭᠠᠷ ᠲᠤᠭᠠᠲᠤ       ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ︶ ᠳᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠣᠯᠭᠤᠬᠤ ᠵᠢᠯᠣᠭᠤᠳᠬᠤ ᠭᠠᠷᠴᠠᠭ﹀ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠥᠪᠥᠷ ᠬᠠᠤᠯᠢ ᠮᠡᠳᠡᠭᠳᠡᠯ ﹇2024﹈ 21 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠦᠷᠢᠮ︾ ᠢ ᠦᠨᠳᠦᠰᠦᠯᠡᠨ᠂ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠲᠠᠢ ᠤᠶᠠᠯᠳᠤᠭᠤᠯᠤᠨ᠂ ᠡᠯ᠎ᠡ ᠰᠤᠮᠤ ᠰᠢᠶᠠᠩ ᠪᠠᠯᠭᠠᠰᠤᠨ ᠤ ᠳᠠᠭᠠᠭᠠᠨ ᠠᠪᠬᠤ ᠴᠢᠳᠠᠪᠤᠷᠢ ᠶᠢ ᠭᠦᠢᠴᠡᠳ ᠪᠣᠳᠣᠯᠬᠢᠯᠠᠭᠰᠠᠨ ᠰᠠᠭᠤᠷᠢᠨ ᠳᠡᠭᠡᠷ᠎ᠡ᠂ ᠨᠠᠢᠮᠠᠨ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ 34 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠰᠤᠳᠤᠯᠤᠭᠠᠳ᠂ 54 ᠵᠦᠢᠯ ᠤᠨ ᠵᠠᠰᠠᠭ ᠵᠠᠬᠢᠷᠭᠠᠨ ᠤ ᠰᠢᠳᠬᠡᠯ ︵ᠳᠠᠭᠠᠯᠳᠤᠭᠤᠯᠤᠯ ᠢ ᠦᠵᠡ︶ ᠢ ᠡᠯ᠎ᠡ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ ᠡᠷᠬᠡ ᠣᠯᠭᠤᠬᠤ ᠪᠠᠷ ᠲᠤᠭᠲᠠᠵᠠᠢ᠂ ᠡᠳᠦᠭᠡ ᠨᠡᠶᠢᠲᠡᠯᠡᠵᠦ ᠲᠤᠤᠷᠠᠬᠢ ᠱᠠᠭᠠᠷᠲᠠᠯᠠᠭ᠎ᠠ ᠶᠢ ᠳᠤᠷᠠᠳᠤᠶ᠎ᠠ᠃      ᠨᠢᠭᠡ᠂ ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠤᠷᠳᠤᠨ  2024 ᠤᠨ ᠤ 4 ᠰᠠᠷ᠎ᠠ ᠶᠢᠨ 24 ᠤ ᠡᠳᠦᠷ ᠠᠴᠠ ᠡᠬᠢᠯᠡᠨ ︽ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠣᠯᠭᠤᠭᠰᠠᠨ ᠨᠠᠷᠢᠨ ᠳᠠᠩᠰᠠ ︵54 ᠵᠦᠢᠯ︶︾ ᠢ ᠬᠡᠷᠡᠭᠵᠢᠭᠦᠯᠵᠦ᠂ 4 ᠰᠠᠷ᠎ᠠ ᠶᠢᠨ 24  ᠤ ᠡᠳᠦᠷ ᠠᠴᠠ ᠡᠮᠦᠨ᠎ᠡ ᠨᠢᠭᠡᠨᠲᠡ ᠬᠦᠯᠢᠶᠡᠨ ᠠᠪᠴᠤ ᠰᠢᠢᠳᠪᠦᠷᠢᠯᠡᠭᠰᠡᠨ ᠪᠤᠶᠤ ᠬᠡᠷᠡᠭ ᠪᠣᠯᠭᠠᠨ ᠳᠠᠩᠰᠠᠯᠠᠭᠰᠠᠨ ᠵᠠᠰᠠᠭ ᠵᠠᠬᠢᠷᠭᠠᠨ ᠤ ᠰᠢᠳᠭᠡᠯ ᠤᠨ ᠬᠡᠷᠡᠭ ᠢ ᠦᠷᠭᠦᠯᠵᠢᠯᠡᠨ ᠭᠦᠢᠴᠡᠳᠬᠡᠨ᠎ᠡ᠃ ᠡᠯ᠎ᠡ ᠦᠨᠳᠦᠰᠦᠨ ᠱᠠᠲᠤᠨ ᠤ ᠶᠡᠷᠦᠩᠬᠡᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠨᠡᠭᠡ ᠨᠦᠭᠦᠳ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯ ᠤᠨ ᠭᠠᠷᠴᠠᠭ ᠢᠶᠠᠨ ᠴᠠᠭ ᠲᠤᠬᠠᠢ ᠳᠤᠨᠢ ᠲᠤᠬᠢᠷᠠᠭᠤᠯᠬᠤ ᠶᠢᠨ ᠬᠠᠮᠲᠤ ᠨᠡᠢᠲᠡᠯᠡᠬᠦ ᠬᠡᠷᠡᠭᠲᠡᠢ᠃      ᠬᠤᠶᠠᠷ᠂ ᠬᠤᠰᠢᠭᠤᠨ ᠤ  ᠤᠷᠤᠨ ᠲᠤᠭᠠᠨ ᠤ ᠠᠯᠪᠠᠨ ᠭᠡᠷ ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠥᠬᠦᠶ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠬᠢᠭᠡᠳ ᠡᠯ᠎ᠡ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠡᠷᠬᠡ ᠣᠯᠭᠤᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠢ ᠵᠣᠯᠭᠠᠯᠳᠤᠭᠤᠯᠬᠤ ᠠᠵᠢᠯ ᠢ ᠵᠤᠬᠢᠶᠠᠨ ᠪᠠᠶᠢᠭᠤᠯᠬᠤ ᠶᠢ ᠬᠠᠷᠢᠭᠤᠴᠠᠨ᠎ᠠ᠃      ᠭᠤᠷᠪᠠ᠂ ᠬᠤᠰᠢᠭᠤᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠲᠣᠪᠴᠢᠶ᠎ᠠ ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠵᠢᠴᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠳᠤ ᠲᠣᠬᠢᠷᠠᠭᠤᠯᠤᠯᠲᠠ ᠬᠢᠬᠦ ᠵᠢᠴᠢ ᠨᠡᠶᠢᠲᠡᠯᠡᠬᠦ ᠶᠢ ᠬᠠᠷᠢᠭᠤᠴᠠᠨ ᠵᠢᠯᠣᠭᠤᠳᠤᠨ᠎ᠠ᠃      ᠳᠥᠷᠪᠡ᠂ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠴᠢᠳᠠᠪᠤᠷᠢ ᠬᠡᠪ ᠴᠢᠨᠠᠷ ᠢ ᠳᠡᠭᠡᠭᠰᠢᠯᠡᠭᠦᠯᠵᠦ᠂ ᠬᠠᠤᠯᠢ ᠪᠠᠷ ᠵᠠᠰᠠᠬᠤ ᠰᠡᠳᠬᠢᠬᠦᠶ ᠶᠢ ᠴᠢᠩᠭᠠᠷᠠᠭᠤᠯᠤᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠴᠢᠩᠭᠠᠳᠬᠠᠬᠤ ᠶᠢ ᠬᠠᠷᠢᠭᠤᠴᠠᠨ᠎ᠠ᠃      ᠲᠠᠪᠤ᠂ ᠬᠤᠰᠢᠭᠤᠨ ᠤ ᠲᠣᠰ ᠱᠠᠲᠤᠨ ᠤ ᠬᠠᠮᠢᠶ᠎ᠠ ᠪᠥᠬᠦᠶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠡᠷᠬᠡ ᠣᠯᠭᠤᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠢ ᠴᠠᠭ ᠲᠤᠬᠠᠶ ᠳᠤ ᠨᠢ ᠡᠯ᠎ᠡ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠲᠠᠢ ᠵᠣᠯᠭᠠᠭᠤᠯᠵᠤ᠂ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠳ ᠲᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠬᠦᠷᠲᠡᠭᠡᠨ᠎ᠡ᠃       ᠡᠭᠦᠨ ᠤ ᠲᠤᠯᠠ ᠤᠨᠴᠠᠭᠠᠶᠢᠯᠠᠨ ᠮᠡᠳᠡᠭᠳᠡᠪᠡ᠃ 

                                2024 ᠤᠨ ᠤ 4 ᠰᠠᠷ᠎ᠠ ᠶᠢᠨ 24 ᠤ ᠡᠳᠦᠷ

 

 
ᠢᠷᠡᠯᠲᠡ᠄ ᠨᠠᠢᠮᠠᠨ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06000874号