4 ᠰᠠᠷ᠎ᠠ ᠶᠢᠨ 30 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠪᠦᠦ ᠯᠢᠶᠠᠨ ᠱᠠᠨ ᠨᠠᠢᠮᠠᠨ ᠬᠤᠰᠢᠭᠤᠨ ᠤ ᠠᠷᠪᠠᠨ | ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ 35 ᠳ᠋ᠤᠭᠠᠷ ᠤᠳᠠᠭ᠎ᠠ ᠶᠢᠨ ᠪᠠᠶᠢᠩᠭᠤ ᠶᠢᠨ | ᠬᠤᠷᠠᠯ ᠢ ᠡᠷᠭᠢᠯᠡᠨ ᠬᠤᠷᠠᠯᠳᠤᠭᠤᠯᠵᠤ᠂ ︽ᠨᠠᠢᠮᠠᠨ ᠬᠤᠰᠢᠭᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠶ | ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠮᠡᠳᠡᠭᠦᠯᠦᠯᠲᠡ︾ ᠶᠢ ᠬᠢᠨᠠᠨ | ᠵᠥᠪᠯᠡᠵᠦ᠂ ᠲᠣᠭᠠᠴᠢᠯᠠᠭᠰᠠᠨ ᠡᠭᠦᠳᠡᠨ ᠫᠠᠶᠢᠰᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ᠂ ᠵᠢᠪᠡᠷᠡᠬᠦ | ᠥᠬᠡᠶ ᠪᠣᠯᠣᠳ ᠤᠨ ᠠᠵᠤ ᠦᠢᠯᠡᠰ ᠤᠨ ᠬᠦᠷᠢᠶᠡᠯᠡᠩ ᠤᠨ ᠬᠥᠭᠵᠢᠯᠲᠡ ᠵᠡᠷᠭᠡ ᠶᠠᠪᠤᠳᠠᠯ ᠢ ᠰᠤᠳᠤᠯᠪᠠ᠃ | ᠬᠤᠷᠠᠯ ᠠᠴᠠ᠂ ︽ᠠᠷᠪᠢᠴᠢ ᠭᠠᠮᠲᠠᠢ ᠠᠮᠢᠳᠤᠷᠠᠬᠤ︾ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠵᠠᠰᠠᠭ | ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠢᠨᠠᠯᠲᠠ | ᠬᠠᠮᠢᠶᠠᠷᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠳᠬᠠᠵᠤ᠂ ᠰᠤᠯᠠ ᠲᠠᠯᠪᠢᠭᠳᠠᠵᠤ ᠪᠠᠶᠢᠭ᠎ᠠ ᠡᠳ᠋ | ᠬᠦᠷᠦᠩᠭᠡ ᠶᠢ ᠪᠦᠲᠦᠮᠵᠢᠲᠡᠢ ᠠᠮᠢᠯᠠᠭᠤᠯᠵᠤ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢ ᠤᠷᠳᠤ | ᠬᠤᠭᠤᠴᠠᠭ᠎ᠠ ᠪᠠᠷ ᠵᠢᠷᠤᠮᠵᠢᠭᠤᠯᠤᠨ ᠰᠠᠶᠢᠲᠤᠷ ᠬᠠᠮᠢᠶᠠᠷᠴᠤ ᠰᠠᠶᠢᠲᠤᠷ ᠬᠡᠷᠡᠭᠯᠡᠵᠦ᠂ ᠡᠳ᠋ ᠬᠦᠷᠦᠩᠭᠡ ᠶᠢᠨ | ᠠᠯᠳᠠᠭᠳᠠᠬᠤ ᠶᠢ ᠴᠢᠩᠭ᠎ᠠ ᠰᠡᠷᠭᠡᠶᠢᠯᠡᠵᠦ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠡᠷᠡᠭᠯᠡᠯᠲᠡ ᠶᠢᠨ | ᠦᠷ᠎ᠡ ᠠᠰᠢᠭ ᠢ ᠬᠠᠮᠤᠭ ᠤᠨ ᠶᠡᠭᠡ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠠᠷᠠᠳ ᠤᠨ ᠲᠥᠯᠥᠭᠡ ᠭᠡᠬᠦ ᠵᠣᠷᠢᠯᠲᠠ ᠶᠢ ᠪᠠᠲᠤ ᠪᠤᠢ ᠪᠣᠯᠭᠠᠵᠤ᠂ ᠬᠤᠳᠠᠯᠳᠤᠭ᠎ᠠ ᠡᠷᠬᠢᠯᠡᠬᠦ | ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠠᠵᠤ ᠠᠬᠤᠶᠢᠯᠠᠯ ᠤᠯᠠᠨ ᠲᠦᠮᠡᠨ ᠤ ︽ᠬᠢᠵᠦ ᠴᠢᠳᠠᠬᠤ | ᠦᠭᠡᠢ᠂ ᠦᠵᠡᠵᠦ ᠣᠶᠢᠯᠠᠭᠠᠬᠤ ᠦᠭᠡᠢ᠂ ᠲᠣᠳᠣᠷᠬᠠᠢ ᠠᠰᠠᠭᠤᠵᠤ ᠴᠢᠳᠠᠬᠤ ᠦᠭᠡᠢ︾ ᠪᠠᠶᠢᠬᠤ ᠵᠡᠷᠭᠡ | ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠲᠣᠭᠠᠴᠢᠯᠠᠬᠤ᠂ | ᠤᠶᠤᠨᠴᠢᠯᠠᠬᠤ᠂ ᠨᠠᠷᠢᠯᠢᠬᠵᠢᠭᠤᠯᠬᠤ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠤᠨ | ᠦᠢᠯᠡᠴᠢᠯᠡᠭᠡ ᠶᠢ ︽ᠶᠡᠷᠦᠩᠬᠡᠶᠢᠯᠡᠭᠰᠡᠨ ᠴᠤᠩᠬᠤᠪᠴᠢ︾ ᠠᠴᠠ ︽ᠭᠡᠷ ᠤᠨ ᠡᠭᠦᠳᠡ︾ ᠲᠡᠶᠢᠰᠢ ᠤᠷᠲᠤᠳᠬᠠᠬᠤ ᠶᠢ | ᠠᠬᠢᠭᠤᠯᠵᠤ᠂ ︽ᠪᠠᠭ᠎ᠠ ᠡᠭᠦᠳᠡᠨ ᠫᠠᠶᠢᠰᠠ︾ ᠪᠠᠷ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡᠨ ᠤ ︽ᠶᠡᠭᠡ | ᠳᠡᠭᠡᠭᠰᠢᠯᠡᠯᠲᠡ︾ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠨᠢᠺᠧᠯ ᠰᠠᠭᠤᠷᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠪᠣᠯ ᠮᠠᠨ ᠤ ᠬᠤᠰᠢᠭᠤᠨ ᠤ | ᠭᠤᠤᠯᠯᠠᠬᠤ ᠠᠵᠤ ᠦᠢᠯᠡᠰ ᠤᠨ ᠨᠢᠭᠡ ᠪᠠᠶᠢᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ | ᠴᠢᠬᠤᠯᠠ ᠠᠬᠢᠭᠤᠯᠬᠤ ᠦᠢᠯᠡᠳᠦᠯ ᠲᠠᠢ ᠶᠤᠮ᠃ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ | ᠨᠥᠬᠦᠪᠥᠷᠢᠯᠡᠵᠦ ᠬᠡᠯᠬᠢᠶ᠎ᠡ ᠶᠢ ᠬᠦᠴᠦᠷᠬᠡᠭᠵᠢᠭᠦᠯᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ | ᠦᠢᠯᠡᠴᠢᠯᠡᠭᠡᠨ ᠤ ᠪᠠᠲᠤᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠲᠥᠷᠥᠯ ᠵᠦᠢᠯ ᠢ ᠠᠬᠢᠭᠤᠯᠬᠤ ᠳᠤᠮᠳᠠ | ᠣᠷᠣᠰᠢᠵᠤ ᠪᠠᠶᠢᠭ᠎ᠠ ᠬᠦᠴᠢᠷ ᠠᠰᠠᠭᠤᠳᠠᠯ ᠢ ᠢᠳᠡᠪᠬᠢᠲᠡᠶ ᠵᠣᠬᠢᠴᠠᠭᠤᠯᠤᠨ ᠰᠢᠢᠳᠪᠦᠷᠢᠯᠡᠵᠦ᠂ ᠲᠥᠷᠥᠯ ᠵᠦᠢᠯ ᠢ | ᠡᠷᠲᠡᠬᠡᠨ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠬᠤ ᠶᠢ ᠦᠨᠡᠨ ᠬᠦ ᠪᠠᠲᠤᠯᠠᠵᠤ᠂ ᠴᠢᠨᠠᠷ ᠰᠠᠶᠢᠲᠠᠶ | ᠬᠥᠭᠵᠢᠯᠲᠡ ᠶᠢ ᠪᠡᠶᠡᠯᠡᠭᠦᠯᠬᠦ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠶ ᠭᠡᠵᠦ | ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | | | | | | |