ᠨᠠᠢᠮᠠᠨ ᠵᠠᠰᠠᠭ ᠠᠯᠪᠠᠨ ᠦᠰᠦᠭ ﹇2024﹈ 7 ᠳ᠋ᠤᠭᠠᠷ ᠲᠤᠭᠠᠲᠤ | ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠯᠢᠦ ᠬᠤᠤ ᠲᠠᠷᠢᠶᠠᠯᠠᠩ ᠤᠨ | ᠲᠠᠯᠠᠪᠠᠶ ᠶᠢᠨ ᠬᠠᠮᠢᠶᠠᠷᠤᠯᠲᠠ ᠶᠢᠨ ᠵᠥᠪᠯᠡᠯ᠂ ᠬᠤᠰᠢᠭᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ | ᠮᠥᠴᠢᠷ ᠄ | ︽2024 ᠣᠨ ᠤ ᠨᠠᠢᠮᠠᠨ ᠬᠤᠰᠢᠭᠤᠨ ᠤ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ | ︶ ᠤᠨ ᠲᠠᠷᠢᠮᠠᠯ ᠤᠨ ᠦᠢᠯᠡᠰ ᠤᠨ ᠬᠥᠭᠵᠢᠯᠲᠡ ᠶᠢᠨ ᠬᠡᠷᠡᠭᠵᠢᠭᠦᠯᠬᠦ ᠲᠥᠰᠦᠯ︾ ᠢ ᠬᠤᠰᠢᠭᠤᠨ ᠤ ᠠᠷᠠᠳ ᠤᠨ | ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ | ᠪᠣᠳᠠᠲᠠᠶ ᠲᠠᠢ ᠪᠠᠨ ᠤᠶᠠᠯᠳᠤᠭᠤᠯᠤᠨ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠶ | ᠃ | 2024 ᠣᠨ ᠤ 4 ᠰᠠᠷ᠎ᠠ ᠶᠢᠨ 2 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | 2024 ᠣᠨ ᠤ ᠨᠠᠢᠮᠠᠨ ᠬᠤᠰᠢᠭᠤᠨ ᠤ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ | ᠲᠠᠷᠢᠮᠠᠯ ᠤᠨ ᠦᠢᠯᠡᠰ ᠤᠨ ᠬᠥᠭᠵᠢᠯᠲᠡ ᠶᠢᠨ ᠬᠡᠷᠡᠭᠵᠢᠭᠦᠯᠬᠦ ᠲᠥᠰᠦᠯ | ᠪᠥᠬᠦ ᠬᠤᠰᠢᠭᠤᠨ ᠤ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠲᠠᠷᠢᠮᠠᠯ ᠤᠨ | ᠦᠢᠯᠡᠰ ᠤᠨ ᠬᠥᠭᠵᠢᠯᠲᠡ ᠶᠢ ᠤᠯᠠᠮ ᠨᠢᠭᠡ ᠠᠯᠬᠤᠮ ᠲᠦᠷᠭᠡᠳᠬᠡᠵᠦ᠂ ᠮᠠᠯᠴᠢᠨ ᠲᠠᠷᠢᠶᠠᠴᠢᠨ ᠤ ᠣᠷᠣᠯᠭ᠎ᠠ ᠶᠢ | ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ | ᠨᠡᠮᠡᠷᠢᠯᠡᠬᠦ ᠶᠢᠨ ᠲᠥᠯᠥᠭᠡ᠂ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠣᠰ ᠬᠡᠷᠡᠭᠵᠢᠭᠦᠯᠬᠦ | ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠶ ᠰᠡᠳᠬᠢᠴᠡ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ | ᠪᠣᠶ ᠪᠤᠯᠭᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ︽ᠵᠠᠮᠪᠠᠯᠳᠣᠷᠵᠢ︾ ᠰᠣᠶᠣᠯ ᠤᠨ ᠨᠠᠷᠠᠲᠤ | ᠲᠡᠮᠳᠡᠭ ᠤᠨ ᠪᠠᠶᠢᠭᠤᠯᠤᠯᠲᠠ ᠪᠠᠷ ᠭᠤᠤᠯ ᠱᠤᠭᠤᠮ ᠪᠤᠯᠭᠠᠨ᠂ ︽ᠨᠢᠭᠡ ᠢᠵᠢ ᠪᠠᠷᠢᠮᠵᠢᠶᠠᠵᠢᠭᠰᠠᠨ ᠲᠠᠷᠢᠮᠠᠯ ᠤᠨ | ᠰᠢᠰᠲ᠋ᠧᠮ︾ ᠢ ᠳᠡᠯᠭᠡᠷᠡᠭᠦᠯᠵᠦ᠂ ︽ᠬᠤᠶᠠᠷ ᠨᠡᠷᠡᠲᠦ ᠲᠡᠮᠳᠡᠭ︾ ︵ᠵᠠᠮᠪᠠᠯᠳᠣᠷᠵᠢ ᠶᠢᠨ ᠮᠣᠩᠭᠤᠯ ᠡᠮ ᠡᠮᠨᠡᠯᠭᠡ ᠶᠢᠨ | ᠰᠣᠶᠣᠯ ᠤᠨ ᠨᠡᠷᠡᠲᠦ ᠲᠡᠮᠳᠡᠭ ᠪᠠ ᠵᠢᠩᠬᠢᠨᠢ ᠡᠮ ᠤᠨ ᠮᠠᠲ᠋ᠧᠷᠢᠶᠠᠯ ᠤᠨ ᠨᠡᠷᠡᠲᠦ ᠲᠡᠮᠳᠡᠭ︶ ᠢ ᠡᠭᠦᠳᠦᠨ᠂ ︽ | ᠭᠤᠷᠪᠠᠨ ᠭᠤᠤᠯ ᠣᠷᠣᠨ︾ ︵ᠪᠥᠬᠦ ᠬᠤᠲᠠ ᠶᠢᠨ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠲᠠᠷᠢᠮᠠᠯ ᠤᠨ | ᠭᠤᠤᠯ ᠣᠷᠣᠨ᠂ ᠠᠷᠠᠯᠵᠢᠶᠠᠨ ᠤ ᠭᠤᠣᠯ ᠣᠷᠣᠨ᠂ ᠰᠣᠶᠣᠯ ᠤᠨ ᠭᠤᠣᠯ ᠣᠷᠣᠨ︶ ᠢ ᠪᠦᠲᠦᠭᠡᠨ ᠪᠠᠶᠢᠭᠤᠯᠵᠤ᠂ | ᠡᠮ ᠤᠨ ᠮᠠᠲ᠋ᠧᠷᠢᠶᠠᠯ ᠤᠨ ᠠᠵᠤ ᠦᠢᠯᠡᠰ ᠤᠨ ︽ᠳᠥᠷᠪᠡᠵᠢᠭᠦᠯᠬᠦ︾ ︵ᠪᠠᠷᠢᠮᠵᠢᠶᠠᠵᠢᠭᠤᠯᠬᠤ᠂ ᠨᠡᠷ᠎ᠡ ᠲᠡᠮᠳᠡᠭᠴᠢᠯᠡᠬᠦ᠂ | ᠬᠡᠪᠴᠢᠶᠡᠵᠢᠭᠦᠯᠬᠦ᠂ ᠣᠳᠣᠬᠢᠴᠢᠯᠠᠯᠲᠠ︶ ᠶᠢ ᠪᠡᠶᠡᠯᠡᠭᠦᠯᠦᠨ᠎ᠡ ᠃ ᠡᠭᠦᠨ ᠤ ᠬᠠᠮᠲᠤ᠂ ᠨᠠᠢᠮᠠᠨ ᠤ ᠰᠢᠬᠢᠷ ᠡᠪᠡᠰᠦ᠂ | ᠨᠠᠢᠮᠠᠨ ᠤ ᠬᠤᠨᠴᠢᠷ᠂ ᠨᠠᠢᠮᠠᠨ ᠤ ᠲᠤᠭᠤᠯ ᠡᠪᠡᠰᠦ᠂ ᠨᠠᠢᠮᠠᠨ ᠤ ᠬᠤᠷᠳᠤᠨ ᠴᠠᠭᠠᠨ᠂ ᠨᠠᠢᠮᠠᠨ ᠤ ᠱᠦᠭᠦᠷᠭᠡᠨ᠎ᠡ ᠵᠡᠷᠭᠡ | ᠲᠠᠪᠤᠨ ᠵᠢᠩᠬᠢᠨᠢ ᠡᠮ ᠤᠨ ᠮᠠᠲ᠋ᠧᠷᠢᠶᠠᠯ ᠤᠨ ᠲᠥᠷᠥᠯ ᠵᠦᠢᠯ ᠢ ᠳᠡᠯᠭᠡᠷᠡᠭᠦᠯᠬᠦ ᠶᠢ ᠪᠠᠷᠢᠮᠲᠠᠯᠠᠵᠤ᠂ ᠬᠢᠲᠠᠳ ᠡᠮ ᠤᠨ | ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠳᠠᠷᠢᠬᠤ ᠲᠠᠯᠠᠪᠠᠶ ᠶᠢ ᠦᠷᠭᠦᠯᠵᠢᠯᠡᠨ ᠥᠷᠭᠡᠳᠬᠡᠨ᠎ᠡ᠃ | ᠬᠤᠶᠠᠷ᠂ ᠬᠥᠭᠵᠢᠯᠲᠡ ᠶᠢᠨ ᠬᠠᠷᠠᠯᠲᠠ | ᠪᠦᠬᠦ ᠬᠤᠰᠢᠭᠤᠨ ᠤ ᠡᠮ ᠤᠨ ᠮᠠᠲ᠋ᠧᠷᠢᠶᠠᠯ ᠤᠨ ᠲᠠᠷᠢᠮᠠᠯ ᠤᠨ ᠲᠠᠯᠠᠪᠠᠢ ᠶᠢ 20 ᠲᠦᠮᠡᠨ ᠮᠤ᠋ ᠠᠴᠠ | ᠳᠡᠭᠡᠭᠰᠢ ᠳᠤ ᠲᠣᠭᠲᠠᠪᠤᠷᠢᠵᠢᠭᠤᠯᠵᠤ᠂ 22 ᠲᠦᠮᠡᠨ ᠮᠤ᠋ ᠳᠤ ᠬᠦᠷᠭᠡᠬᠦ ᠪᠠᠷ ᠴᠢᠷᠮᠠᠶᠢᠵᠤ᠂ ᠵᠢᠩᠬᠢᠨᠢ ᠡᠮ ᠤᠨ | ᠮᠠᠲ᠋ᠧᠷᠢᠶᠠᠯ ᠤᠨ ᠲᠥᠷᠥᠯ ᠵᠦᠢᠯ ᠤᠨ ᠵᠢᠱᠢᠶ᠎ᠡ ᠦᠵᠡᠭᠦᠯᠬᠦ ᠶᠢ ᠴᠢᠩᠭᠠᠳᠬᠠᠵᠤ᠂ ᠵᠢᠩᠬᠢᠨᠢ ᠡᠮ ᠤᠨ ᠮᠠᠲ᠋ᠧᠷᠢᠶᠠᠯ ᠤᠨ | ᠨᠡᠷ᠎ᠡ ᠠᠯᠳᠠᠷ ᠢ ᠳᠡᠭᠡᠭᠰᠢᠯᠡᠭᠦᠯᠦᠨ᠎ᠡ᠃ ᠭᠠᠷᠤᠯᠲᠠ ᠶᠢᠨ ᠣᠷᠣᠨ ᠤ ᠰᠢᠨ᠎ᠡ ᠰᠣᠷᠭᠤᠭ ᠢ ᠠᠮᠵᠢᠨ ᠬᠢᠬᠦ ᠠᠵᠢᠯ ᠵᠢᠴᠢ | ᠠᠩᠬ᠎ᠠ ᠭᠦᠨᠵᠡᠭᠡᠶ ᠡᠳ᠋ᠰᠢᠭᠦᠯᠬᠦ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠵᠤ᠂ ᠲᠣᠮᠣ ᠡᠷᠡᠭᠦᠯ ᠮᠡᠨᠳᠦ ᠶᠢᠨ ᠠᠵᠤ ᠦᠢᠯᠡᠰ ᠢ ᠨᠠᠶᠢᠳᠠᠪᠤᠷᠢᠵᠢᠭᠤᠯᠬᠤ᠂ ᠬᠡᠯᠬᠢᠶ᠎ᠡ ᠶᠢ ᠤᠷᠲᠤᠳᠬᠠᠨ | ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠬᠦᠴᠦᠷᠬᠡᠭᠵᠢᠭᠦᠯᠬᠦ ᠶᠢ ᠠᠬᠢᠭᠤᠯᠤᠨ᠂ ᠡᠮ ᠤᠨ ᠮᠠᠲ᠋ᠧᠷᠢᠶᠠᠯ ᠤᠨ | ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠯ ᠢ ᠠᠬᠢᠭᠤᠯᠵᠤ᠂ ︽ᠨᠢᠭᠡᠳᠦᠭᠡᠷ ᠠᠵᠤ | ᠦᠢᠯᠡᠰ ᠨᠢ ᠲᠣᠭᠲᠠᠭᠤᠨ᠂ ᠬᠤᠶᠠᠳᠤᠭᠠᠷ ᠠᠵᠤ ᠦᠢᠯᠡᠰ ᠨᠢ ᠬᠦᠴᠦᠷᠬᠡᠭ᠂ ᠭᠤᠷᠪᠠᠳᠤᠭᠠᠷ ᠠᠵᠤ ᠦᠢᠯᠡᠰ ᠨᠢ | ᠰᠢᠪᠲᠤᠯᠤᠯᠲᠠ ᠲᠠᠢ ᠪᠠᠶᠢᠬᠤ︾ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠦᠨ᠎ᠡ᠃ | ᠭᠤᠷᠪᠠ᠂ ᠭᠤᠣᠯᠳᠠᠯᠭ᠎ᠠ ᠲᠠᠢ ᠡᠭᠦᠷᠭᠡ | ︵ᠨᠢᠭᠡ︶ ᠡᠮ ᠤᠨ ᠮᠠᠲ᠋ᠧᠷᠢᠶᠠᠯ ᠤᠨ ᠳᠠᠷᠢᠬᠤ ᠲᠠᠯᠠᠪᠠᠶ ᠶᠢ ᠲᠤᠭᠲᠠᠪᠤᠷᠢᠵᠢᠭᠤᠯᠤᠨ᠎ᠠ᠃5 ᠵᠢᠩᠬᠢᠨᠢ ᠡᠮ ᠤᠨ | ᠮᠠᠲ᠋ᠧᠷᠢᠶᠠᠯ ᠤᠨ ᠲᠥᠷᠥᠯ ᠵᠦᠢᠯ ︵ᠨᠠᠢᠮᠠᠨ ᠤ ᠰᠢᠬᠢᠷ ᠡᠪᠡᠰᠦ᠂ ᠨᠠᠢᠮᠠᠨ ᠤ ᠬᠤᠨᠴᠢᠷ᠂ ᠨᠠᠢᠮᠠᠨ ᠤ ᠭᠠᠰᠢᠭᠤᠨ | ᠣᠷᠬᠤᠳᠠᠶ᠂ ᠨᠠᠢᠮᠠᠨ ᠤ ᠬᠤᠷᠳᠤᠨ ᠴᠠᠭᠠᠨ᠂ ᠨᠠᠢᠮᠠᠨ ᠤ ᠱᠦᠭᠦᠷᠭᠡᠨ᠎ᠡ︶ ᠤᠨ ᠲᠠᠩ ᠲᠥᠷᠥᠯ ᠵᠦᠢᠯ ᠤᠨ ᠳᠠᠷᠢᠬᠤ | ᠲᠠᠯᠠᠪᠠᠶ ᠶᠢ ᠦᠷᠭᠦᠯᠵᠢᠯᠡᠨ ᠥᠷᠭᠡᠳᠬᠡᠨ᠎ᠡ᠃ 2024 ᠣᠨ ᠳᠤ ᠪᠥᠬᠦ ᠬᠤᠰᠢᠭᠤᠨ ᠤ ᠡᠮ ᠤᠨ ᠮᠠᠲ᠋ᠧᠷᠢᠶᠠᠯ | ᠳᠠᠷᠢᠬᠤ ᠲᠠᠯᠠᠪᠠᠶ ᠶᠢ 6.12 ᠲᠦᠮᠡᠨ ᠮᠥ ᠰᠢᠨ᠎ᠡ ᠪᠠᠷ ᠨᠡᠮᠡᠭᠳᠡᠭᠦᠯᠵᠦ᠂ ᠶᠡᠷᠦᠩᠬᠡᠶ ᠲᠠᠯᠠᠪᠠᠶ ᠶᠢ 22 ᠲᠦᠮᠡᠨ | ᠮᠥ ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ ︵ᠡᠯ᠎ᠡ ᠰᠤᠮᠤ ᠰᠢᠶᠠᠩ ᠪᠠᠯᠭᠠᠰᠤ ᠲᠠᠯᠠᠪᠠᠶ ᠶᠢᠨ ᠳᠠᠷᠢᠬᠤ | ᠡᠭᠦᠷᠭᠡ ᠶᠢᠨ ᠬᠤᠪᠢᠶᠠᠷᠢᠯᠠᠯᠲᠠ ᠶᠢᠨ ᠬᠦᠰᠦᠨᠦᠭᠲᠦ ᠶᠢ ᠠᠷᠤ ᠳᠤ ᠳᠠᠭᠠᠯᠳᠤᠭᠤᠯᠪᠠ︶᠃ | ︵ᠬᠤᠶᠠᠷ︶ ᠵᠢᠩᠬᠢᠨᠢ ᠡᠮ ᠤᠨ ᠮᠠᠲ᠋ᠧᠷᠢᠶᠠᠯ ᠤᠨ ᠨᠠᠷᠠᠲᠤ ᠲᠥᠷᠥᠯ ᠲᠡᠮᠳᠡᠭᠲᠦ ᠶᠢ ᠪᠣᠶ ᠪᠤᠯᠭᠠᠨ᠎ᠠ᠃ ᠵᠢᠩᠬᠢᠨᠢ | ᠡᠮ ᠤᠨ ᠮᠠᠲ᠋ᠧᠷᠢᠶᠠᠯ ᠤᠨ ᠲᠥᠷᠥᠯ ᠵᠦᠢᠯ ᠤᠨ ᠤᠯᠤᠰ ᠤᠨ ᠭᠠᠵᠠᠷ ᠵᠦᠶ ᠶᠢᠨ ᠲᠡᠮᠳᠡᠭ ᠢ ᠭᠡᠷᠡᠴᠢᠯᠡᠬᠦ ᠪᠠ ︽ᠮᠧᠩ | ᠥᠰᠥᠭ ᠤᠨ ᠲᠡᠮᠳᠡᠭ︾ ᠢ ᠭᠡᠷᠡᠴᠢᠯᠡᠬᠦ ᠠᠵᠢᠯ ᠢ ᠦᠷᠭᠦᠯᠵᠢᠯᠡᠨ ᠠᠬᠢᠭᠤᠯᠤᠨ᠎ᠠ᠃ ᠣᠲᠣ ᠶᠢᠨ ᠪᠠᠶᠢᠭ᠎ᠠ ᠡᠮ ᠤᠨ | ᠠᠵᠤ ᠠᠬᠤᠶᠢᠯᠠᠯ ︵ᠬᠤᠷᠰᠢᠶ᠎ᠠ︶ ᠢᠶᠠᠷ ᠪᠤᠶᠢᠵᠢᠭᠤᠯᠬᠤ ᠬᠠᠷᠠᠯᠲᠠ ᠪᠣᠯᠭᠠᠵᠤ᠂ 5 ᠵᠢᠩᠬᠢᠨᠢ ᠡᠮ ᠤᠨ ᠮᠠᠲ᠋ᠧᠷᠢᠶᠠᠯ ᠤᠨ | ᠭᠠᠷᠤᠯᠲᠠ ᠶᠢᠨ ᠣᠷᠣᠨ ᠢ ᠰᠣᠷᠭᠤᠭ ᠪᠠᠶᠢᠬᠤ ᠳᠤᠨᠢ ᠬᠡᠷᠴᠢᠵᠦ ᠦᠢᠯᠡᠳᠬᠦ ᠠᠵᠢᠯ ᠢ ᠲᠦᠷᠭᠡᠳᠬᠡᠨ ᠠᠬᠢᠭᠤᠯᠵᠤ᠂ | ᠵᠢᠩᠬᠢᠨᠢ ᠡᠮ ᠤᠨ ᠮᠠᠲ᠋ᠧᠷᠢᠶᠠᠯ ᠤᠨ ᠭᠠᠷᠤᠯᠲᠠ ᠶᠢᠨ ᠣᠷᠣᠨ ᠤ ᠠᠩᠬ᠎ᠠ ᠡᠳ᠋ᠰᠢᠭᠦᠯᠦᠯᠲᠡ ᠶᠢ ᠪᠡᠶᠡᠯᠡᠭᠦᠯᠦᠨ᠎ᠡ᠃ | ︵ᠭᠤᠷᠪᠠ︶ ᠡᠮ ᠤᠨ ᠮᠠᠲ᠋ᠧᠷᠢᠶᠠᠯ ᠤᠨ ᠲᠣᠮᠣ ᠳ᠋ᠠᠶᠢᠲ᠋ᠠ ᠶᠢᠨ ᠡᠬᠢ ᠡᠭᠦᠰᠦᠯ ᠤᠨ ᠲᠤᠭᠲᠠᠯᠴᠠᠭ᠎ᠠ ᠶᠢᠨ | ᠪᠠᠶᠢᠭᠤᠯᠤᠯᠲᠠ ᠶᠢ ᠠᠬᠢᠭᠤᠯᠤᠨ᠎ᠠ᠃ ᠨᠠᠢᠮᠠᠨ ᠬᠤᠰᠢᠭᠤᠨ ᠤ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ | ᠮᠠᠲ᠋ᠧᠷᠢᠶᠠᠯ︶ ᠤᠨ ᠲᠣᠮᠣ ᠳ᠋ᠠᠶᠢᠲ᠋ᠠ ᠶᠢᠨ ᠦᠢᠯᠡᠴᠢᠯᠡᠭᠡᠨ ᠤ ᠲᠠᠪᠴᠠᠩ ᠪᠠ ᠣᠶᠤᠨᠴᠢ ᠡᠮ ᠤᠨ ᠮᠠᠲ᠋ᠧᠷᠢᠶᠠᠯ ᠢ ᠬᠢᠨᠠᠨ | ᠰᠢᠨᠵᠢᠬᠦ ᠰᠢᠰᠲ᠋ᠧᠮ ᠤᠨ ᠥᠷᠲᠡᠭᠡ ᠴᠡᠭ ᠤᠨ ᠪᠣᠳᠠᠲᠠᠶ ᠬᠡᠷᠡᠭᠯᠡᠯᠲᠡ ᠶᠢ ᠠᠬᠢᠭᠤᠯᠵᠤ᠂ ︽ᠨᠠᠢᠮᠠᠨ ᠮᠣᠩᠭᠤᠯ ᠡᠮ ᠤᠨ | ᠨᠡᠪᠲᠡᠷᠡᠯ︾ ᠤᠨ ᠣᠯᠠᠨ ᠨᠡᠶᠢᠲᠡ ᠶᠢᠨ ᠳ᠋ᠤᠭᠠᠷ ᠢ ᠤᠬᠠᠭᠤᠯᠤᠨ ᠳᠡᠯᠭᠡᠷᠡᠭᠦᠯᠬᠦ ᠶᠢ ᠴᠢᠩᠭᠠᠳᠬᠠᠨ᠂ ᠡᠮ ᠤᠨ | ᠮᠠᠲ᠋ᠧᠷᠢᠶᠠᠯ ᠤᠨ ᠠᠵᠤ ᠦᠢᠯᠡᠰ ᠤᠨ ᠮᠡᠳᠡᠭᠡ ᠵᠠᠩᠭᠢ ᠶᠢ ᠪᠥᠬᠦ ᠬᠤᠰᠢᠭᠤᠨ ᠤ ᠬᠡᠪᠴᠢᠶᠡᠨ ᠳᠤ ᠬᠠᠷᠢᠯᠴᠠᠨ | ᠨᠡᠪᠲᠡᠷᠡᠯᠴᠡᠭᠦᠯᠦᠨ ᠠᠭᠤᠰᠤᠯᠴᠠᠭᠤᠯᠬᠤ ᠶᠢ ᠪᠡᠶᠡᠯᠡᠭᠦᠯᠵᠦ᠂ ᠬᠠᠮᠢᠶ᠎ᠠ ᠪᠥᠬᠦᠶ ᠰᠠᠯᠠᠭ᠎ᠠ ᠮᠥᠴᠢᠷ ᠢ ᠵᠣᠬᠢᠴᠠᠭᠤᠯᠤᠨ | ᠬᠢᠨᠠᠨ ᠰᠢᠨᠵᠢᠭᠰᠡᠨ ᠲᠤᠭ᠎ᠠ ᠪᠠᠷᠢᠮᠲᠠ ᠶᠢ ᠨᠠᠢᠮᠠᠨ ᠬᠤᠰᠢᠭᠤᠨ ᠤ ᠲᠣᠮᠣ ᠳ᠋ᠠᠶᠢᠲ᠋ᠠ ᠶᠢᠨ ᠦᠢᠯᠡᠴᠢᠯᠡᠭᠡᠨ ᠤ | ᠲᠠᠪᠴᠠᠩ ᠳᠤ ᠵᠠᠯᠭᠠᠨ ᠣᠷᠣᠭᠤᠯᠵᠤ᠂ ᠵᠢᠩᠬᠢᠨᠢ ᠡᠮ ᠤᠨ ᠮᠠᠲ᠋ᠧᠷᠢᠶᠠᠯ ᠤᠨ ᠣᠭ ᠦᠨᠳᠦᠰᠦ ᠶᠢ ᠨᠢ ᠮᠥᠷᠳᠡᠬᠦ | ᠲᠤᠭᠲᠠᠯᠴᠠᠭ᠎ᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠎ᠡ᠃ | ︵ᠳᠥᠷᠪᠡ︶ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠷᠠᠭᠤᠯᠤᠨ᠎ᠠ | ᠃ ᠥᠨᠳᠥᠷ ᠪᠠᠷᠢᠮᠵᠢᠶᠠᠲᠤ ᠡᠮ ᠤᠨ ᠮᠠᠲ᠋ᠧᠷᠢᠶᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ 3000 ᠮᠦ ᠰᠢᠨ᠎ᠡ ᠪᠠᠷ ᠪᠠᠶᠢᠭᠤᠯᠤᠨ᠎ᠠ | ᠃ ᠡᠮ ᠤᠨ ᠮᠠᠲ᠋ᠧᠷᠢᠶᠠᠯ ᠢ ᠪᠠᠷᠢᠮᠵᠢᠶᠠᠵᠢᠭᠤᠯᠤᠨ ᠳᠠᠷᠢᠬᠤ ᠮᠡᠷᠭᠡᠵᠢᠯ᠂ ᠡᠪᠡᠳᠴᠢᠨ ᠬᠤᠷᠣᠬᠠᠶ ᠶᠢᠨ ᠬᠥᠨᠥᠭᠡᠯ ᠢ | ᠰᠡᠷᠭᠡᠶᠢᠯᠡᠨ ᠬᠤᠷᠢᠭᠯᠠᠬᠤ ᠮᠡᠷᠭᠡᠵᠢᠯ᠂ ᠤᠰᠤ ᠪᠣᠷᠲᠣᠭᠤᠷ ᠢ ᠨᠢᠭᠡ ᠴᠣᠭᠴᠠᠵᠢᠭᠤᠯᠬᠤ ᠮᠡᠷᠭᠡᠵᠢᠯ ᠵᠡᠷᠭᠡ ᠰᠢᠨᠵᠢᠯᠡᠬᠦ | ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠪᠥᠬᠦ ᠬᠦᠴᠦᠨ ᠢᠶᠠᠷ ᠢᠶᠠᠨ ᠪᠥᠬᠦ ᠬᠤᠰᠢᠭᠤᠨ ᠳᠤ ᠳᠡᠯᠭᠡᠷᠡᠭᠦᠯᠦᠨ | ᠬᠡᠷᠡᠭᠯᠡᠵᠦ᠂ ᠡᠮ ᠤᠨ ᠮᠠᠲ᠋ᠧᠷᠢᠶᠠᠯ ᠢ ᠪᠠᠷᠢᠮᠵᠢᠶᠠᠵᠢᠭᠤᠯᠤᠨ᠂ ᠬᠡᠪᠴᠢᠶᠡᠵᠢᠭᠦᠯᠦᠨ ᠳᠠᠷᠢᠬᠤ ᠮᠡᠷᠭᠡᠵᠢᠯ ᠤᠨ ᠬᠢᠷᠢ | ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ | ︵ᠲᠠᠪᠤ︶ ᠲᠣᠰ ᠭᠠᠵᠠᠷ ᠤᠨ ᠡᠮ ᠤᠨ ᠮᠠᠲ᠋ᠧᠷᠢᠶᠠᠯ ᠤᠨ ᠦᠷ᠎ᠡ ᠴᠢᠬᠢ ᠬᠠᠩᠭᠠᠬᠤ ᠰᠢᠰᠲ᠋ᠧᠮᠵᠢ ᠶᠢ | ᠪᠠᠶᠢᠭᠤᠯᠤᠨ᠎ᠠ᠃ ᠥᠨᠳᠥᠷ ᠪᠠᠷᠢᠮᠵᠢᠶᠠᠲᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢᠶᠠᠷ ᠰᠠᠭᠤᠷᠢ ᠪᠣᠯᠭᠠᠵᠤ᠂ | ᠵᠢᠩᠬᠢᠨᠢ ᠪᠠᠶᠢᠭᠠᠯᠢᠯᠢᠭ ᠭᠠᠷᠤᠯᠲᠠ ᠲᠠᠢ ᠡᠮ ᠤᠨ ᠮᠠᠲ᠋ᠧᠷᠢᠶᠠᠯ ᠤᠨ ᠦᠷ᠎ᠡ ᠴᠢᠬᠢ ᠶᠢᠨ ᠦᠷᠡᠵᠢᠭᠦᠯᠦᠨ ᠪᠤᠶᠢᠵᠢᠭᠤᠯᠬᠤ | ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠵᠢᠩᠬᠢᠨᠢ ᠪᠠᠶᠢᠭᠠᠯᠢᠯᠢᠭ ᠭᠠᠷᠤᠯᠲᠠ ᠲᠠᠢ ᠡᠮ ᠤᠨ ᠮᠠᠲ᠋ᠧᠷᠢᠶᠠᠯ ᠤᠨ | ᠰᠢᠯᠢᠳᠡᠭ ᠰᠠᠶᠢᠨ ᠦᠷ᠎ᠡ ᠡᠳ᠋ ᠤᠨ ᠡᠬᠢ ᠪᠠᠶᠠᠯᠢᠭ ᠢ ᠰᠣᠩᠭᠤᠨ ᠪᠤᠶᠢᠵᠢᠭᠤᠯᠬᠤ᠂ ᠥᠷᠭᠡᠳᠬᠡᠨ ᠦᠷᠡᠵᠢᠭᠦᠯᠬᠦ | ᠲᠠᠪᠤᠨ ᠠᠵᠢᠯ ᠢ ᠦᠷᠭᠦᠯᠵᠢᠯᠡᠨ ᠥᠷᠨᠢᠭᠦᠯᠵᠦ᠂ ᠲᠤᠰ ᠭᠠᠵᠠᠷ ᠤᠨ ᠵᠠᠬ᠎ᠠ ᠳᠡᠯᠭᠡᠭᠦᠷ ᠤᠨ ᠦᠷ᠎ᠡ ᠴᠢᠬᠢ ᠶᠢᠨ | ᠬᠠᠩᠭᠠᠯᠭ᠎ᠠ ᠶᠢ ᠠᠯᠬᠤᠮ ᠠᠯᠬᠤᠮ ᠢᠶᠠᠷ ᠬᠠᠩᠭᠠᠵᠤ᠂ ᠵᠢᠩᠬᠢᠨᠢ ᠪᠠᠶᠢᠭᠠᠯᠢᠯᠢᠭ ᠭᠠᠷᠤᠯᠲᠠ ᠲᠠᠢ ᠡᠮ ᠤᠨ | ᠮᠠᠲ᠋ᠧᠷᠢᠶᠠᠯ ᠤᠨ ᠰᠠᠭᠤᠷᠢ ᠢᠷᠡᠯᠲᠡ ᠨᠢ ᠴᠡᠪᠡᠷ ᠲᠡᠭᠰᠢ᠂ ᠶᠠᠰᠤ ᠴᠢᠨᠠᠷ ᠨᠢ ᠰᠢᠯᠢᠳᠡᠭ ᠰᠠᠶᠢᠨ ᠪᠠᠶᠢᠬᠤ ᠶᠢ ᠦᠨᠡᠨᠬᠦ | ᠪᠠᠲᠤᠯᠠᠵᠤ᠂ ᠲᠤᠰ ᠭᠠᠵᠠᠷ ᠤᠨ ᠵᠢᠩᠬᠢᠨᠢ ᠭᠠᠷᠤᠯᠲᠠ ᠲᠠᠢ ᠡᠮ ᠤᠨ ᠮᠠᠲ᠋ᠧᠷᠢᠶᠠᠯ ᠤᠨ ᠰᠢᠯᠢᠳᠡᠭ ᠲᠥᠷᠥᠯ ᠵᠦᠢᠯ ᠤᠨ | ᠦᠶ᠎ᠡ ᠰᠣᠯᠢᠵᠤ ᠰᠢᠨᠡᠴᠢᠯᠡᠬᠦ ᠶᠢ ᠪᠡᠶᠡᠯᠡᠭᠦᠯᠦᠨ᠎ᠠ᠃ | ︵ᠵᠢᠷᠭᠤᠭ᠎ᠠ︶ ᠴᠢᠳᠠᠪᠤᠷᠢᠲᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠷᠠᠭᠤᠯᠤᠨ᠎ᠠ | ᠃ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠠᠺᠠᠳᠧᠮᠢᠴᠢ ᠲᠤᠰᠬᠠᠶ ᠮᠡᠷᠭᠡᠵᠢᠯᠲᠡᠨ ᠤ ᠠᠵᠢᠯ ᠤᠨ ᠥᠷᠲᠡᠭᠡ ᠪᠠᠷ | ᠵᠢᠯᠣᠭᠤᠳᠤᠮᠵᠢ ᠪᠣᠯᠭᠠᠵᠤ᠂ ᠤᠯᠤᠰ ᠤᠨ ᠬᠢᠲᠠᠳ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠮᠡᠷᠭᠡᠵᠢᠯ ᠤᠨ | ᠰᠢᠰᠲ᠋ᠧᠮ ᠤᠨ ᠨᠠᠢᠮᠠᠨ ᠬᠤᠰᠢᠭᠤᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠥᠷᠲᠡᠭᠡ᠂ ᠣᠲᠣ ᠦᠶ᠎ᠡ ᠶᠢᠨ ᠬᠢᠲᠠᠳ | ᠡᠮ ᠤᠨ ᠡᠬᠢ ᠪᠠᠶᠠᠯᠢᠭ ᠤᠨ ᠬᠥᠳᠡᠯᠦᠩᠭᠦᠶ ᠬᠢᠨᠠᠨ ᠬᠡᠮᠵᠢᠯᠲᠡ ᠶᠢᠨ ᠮᠡᠳᠡᠭᠡ ᠵᠠᠩᠭᠢ ᠪᠠ ᠮᠡᠷᠭᠡᠵᠢᠯ ᠤᠨ | ᠦᠢᠯᠡᠴᠢᠯᠡᠭᠡᠨ ᠤ ᠲᠥᠪ ᠤᠨ ᠨᠠᠢᠮᠠᠨ ᠥᠷᠲᠡᠭᠡ᠂ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ | ᠳ᠋ᠣᠺᠲ᠋ᠣᠷ ᠤᠨ ᠦᠢᠯᠡᠴᠢᠯᠡᠭᠡᠨ ᠤ ᠥᠷᠲᠡᠭᠡ ᠶᠢᠨ ︽ᠳᠥᠷᠪᠡᠨ ᠥᠷᠲᠡᠭᠡ ᠶᠢ ᠨᠢᠭᠡᠳᠬᠡᠬᠦ︾ ᠲᠠᠪᠴᠠᠩ ᠤᠨ | ᠪᠠᠶᠢᠭᠤᠯᠤᠯᠲᠠ ᠶᠢ ᠠᠬᠢᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠡᠷᠴᠢᠮ ᠢ ᠲᠠᠰᠤᠷᠠᠯᠲᠠ ᠥᠬᠡᠶ | ᠴᠢᠩᠭᠠᠷᠠᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ ᠶᠢ | ᠠᠬᠢᠭᠤᠯᠤᠨ᠎ᠠ᠃ ᠪᠥᠬᠦ ᠬᠤᠰᠢᠭᠤᠨ ᠤ ᠡᠮ ᠤᠨ ᠮᠠᠲ᠋ᠧᠷᠢᠶᠠᠯ ᠳᠠᠷᠢᠬᠤ ᠲᠠᠷᠢᠶᠠᠴᠢᠨ ᠡᠷᠦᠬᠡ᠂ ᠮᠡᠷᠭᠡᠵᠢᠯᠲᠡᠨ᠂ | ᠡᠮ ᠤᠨ ᠠᠵᠤ ᠠᠬᠤᠶᠢᠯᠠᠯ ᠤᠨ ᠬᠠᠮᠢᠶ᠎ᠠ ᠪᠥᠬᠦᠶ ᠬᠥᠮᠦᠰ ᠢ ᠵᠣᠬᠢᠶᠠᠨ ᠪᠠᠶᠢᠭᠤᠯᠵᠤ᠂ ᠲᠤᠬᠠᠶᠢᠯᠠᠭᠰᠠᠨ ᠠᠵᠢᠯ ᠤᠨ | ᠪᠣᠯᠪᠠᠰᠤᠷᠠᠯ᠂ ᠭᠠᠳᠠᠭᠰᠢ ᠭᠠᠷᠴᠤ ᠲᠣᠭᠤᠷᠢᠨ ᠦᠵᠡᠵᠦ ᠰᠤᠷᠤᠯᠴᠠᠬᠤ ᠵᠡᠷᠭᠡ ᠠᠵᠢᠯᠯᠠᠭ᠎ᠠ ᠶᠢ ᠥᠷᠨᠢᠭᠦᠯᠵᠦ᠂ ᠠᠵᠢᠯ | ᠡᠷᠭᠢᠯᠡᠭᠰᠡᠳ ᠤᠨ ᠲᠤᠰᠬᠠᠶ ᠮᠡᠷᠭᠡᠵᠢᠯ ᠤᠨ ᠬᠢᠷᠢ ᠲᠦᠪᠰᠢᠨ ᠤ ᠳᠡᠭᠡᠭᠰᠢᠯᠡᠯᠲᠡ ᠶᠢ ᠠᠬᠢᠭᠤᠯᠵᠤ᠂ ᠮᠠᠨ ᠤ | ᠬᠤᠰᠢᠭᠤᠨ ᠤ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠬᠡᠪᠴᠢᠶᠡᠵᠢᠭᠰᠡᠨ᠂ ᠲᠤᠰᠬᠠᠶᠢᠵᠢᠭᠰᠠᠨ᠂ ᠲᠥᠷᠥᠯ | ᠲᠡᠮᠳᠡᠭᠵᠢᠭᠰᠡᠨ ᠬᠥᠭᠵᠢᠯᠲᠡ ᠶᠢ ᠠᠬᠢᠭᠤᠯᠤᠨ᠎ᠠ᠃ | ᠳᠥᠷᠪᠡ᠂ ᠳᠠᠷᠢᠬᠤ ᠵᠠᠭᠪᠤᠷ | ︵ᠨᠢᠭᠡ︶ ᠲᠠᠷᠢᠬᠤ ᠠᠷᠭ᠎ᠠ ᠮᠠᠶ᠋ᠢᠭ | 1. ᠪᠠᠷᠢᠮᠵᠢᠶᠠᠵᠢᠭᠤᠯᠤᠨ ᠰᠢᠯᠵᠢᠭᠦᠯᠦᠨ ᠵᠠᠶᠢᠯᠠᠬᠤ᠃ ᠦᠷ᠎ᠡ ᠨᠢ ᠪᠠᠭ᠎ᠠ᠂ ᠨᠠᠬᠢᠶᠠᠯᠠᠬᠤ ᠨᠣᠷᠮ᠎ᠠ ᠨᠢ ᠳᠤᠤᠷ᠎ᠠ᠂ | ᠰᠠᠯᠬᠢ ᠶᠢ ᠡᠰᠡᠷᠭᠦᠴᠡᠨ ᠭᠠᠩ ᠢ ᠡᠰᠡᠷᠭᠦᠴᠡᠬᠦ ᠴᠢᠳᠠᠪᠤᠷᠢ ᠨᠢ ᠪᠠᠭᠤᠷᠠᠶ ᠮᠥᠷᠲᠡᠭᠡᠨ ᠲᠠᠷᠢᠮᠠᠯ ᠤᠨ ᠭᠠᠵᠠᠷ ᠤᠨ | ᠲᠠᠷᠢᠶᠠᠨ ᠳᠠᠪᠬᠤᠷᠭ᠎ᠠ ᠨᠢ ᠨᠡᠯᠢᠶᠡᠳ ᠭᠦᠢᠬᠡᠨ ᠭᠠᠵᠠᠷ ᠲᠤ ᠰᠢᠯᠵᠢᠭᠦᠯᠦᠨ ᠵᠠᠶᠢᠯᠠᠬᠤ ᠠᠷᠭ᠎ᠠ ᠠᠪᠴᠤ ᠳᠠᠷᠢᠨ᠎ᠠ᠃ | ᠲᠣᠬᠢᠷᠠᠬᠤ ᠲᠥᠷᠥᠯ ᠵᠦᠢᠯ ᠭᠡᠪᠡᠯ᠄ ᠰᠢᠬᠢᠷ ᠡᠪᠡᠰᠦ᠂ ᠬᠤᠨᠴᠢᠷ᠂ ᠱᠦᠭᠦᠷᠭᠡᠨ᠎ᠡ᠂ ᠰᠢᠩᠬᠤᠨ ᠴᠡᠴᠡᠭ᠂ ᠴᠢᠨ᠋ᠸ᠎ᠡ | ᠶᠢᠨ ᠬᠠᠯᠲᠠᠷ᠂ ᠤᠯᠠᠭᠠᠨ ᠴᠠᠨ᠎ᠠ ᠵᠡᠷᠭᠡ᠃ | 2. ᠪᠠᠷᠢᠮᠵᠢᠶᠠᠵᠢᠭᠤᠯᠤᠨ ᠰᠢᠭᠤᠳ ᠲᠠᠷᠢᠬᠤ᠃ ᠦᠷ᠎ᠡ ᠨᠢ ᠶᠡᠭᠡ᠂ ᠨᠠᠬᠢᠶᠠᠯᠠᠬᠤ ᠨᠣᠷᠮ᠎ᠠ ᠨᠢ ᠥᠨᠳᠥᠷ | ᠪᠥᠭᠡᠳ ᠲᠠᠷᠢᠮᠠᠯ ᠤᠨ ᠭᠠᠵᠠᠷ ᠨᠢ ᠥᠩ ᠰᠢᠮᠡᠯᠢᠭ ᠰᠡᠶᠢᠷᠡᠭ᠂ ᠬᠠᠭᠠᠯᠪᠤᠷᠢᠯᠠᠬᠤ ᠳᠠᠪᠬᠤᠷᠭ᠎ᠠ ᠨᠢ ᠭᠦᠨ ᠵᠤᠵᠠᠭᠠᠨ᠂ | ᠣᠷᠭᠠᠨᠢᠭ ᠪᠣᠳᠠᠰ ᠤᠨ ᠠᠭᠤᠯᠤᠭᠳᠠᠴᠠ ᠪᠠᠷ ᠥᠨᠳᠥᠷ ᠡᠯᠡᠰᠦᠷᠬᠡᠭ ᠬᠥᠷᠥᠰᠥᠨ ᠳᠤ ᠰᠢᠭᠤᠳ ᠲᠠᠷᠢᠬᠤ ᠠᠷᠭ᠎ᠠ | ᠮᠠᠶ᠋ᠢᠭ ᠢ ᠠᠪᠴᠤ ᠲᠠᠷᠢᠨ᠎ᠠ᠃ ᠲᠣᠬᠢᠷᠠᠬᠤ ᠲᠥᠷᠥᠯ ᠵᠦᠢᠯ ᠭᠡᠪᠡᠯ᠄ ᠲᠤᠭᠤᠯ ᠡᠪᠡᠰᠦ᠂ ᠬᠤᠷᠳᠤᠨ ᠴᠠᠭᠠᠨ᠂ | ᠱᠦᠭᠦᠷᠭᠡᠨ᠎ᠡ᠂ ᠪᠠᠪᠤ᠂ ᠳᠥᠷᠪᠡᠯᠵᠢ ᠡᠪᠡᠰᠦ ᠵᠡᠷᠭᠡ᠃ | 3. ᠳᠠᠭᠤᠷᠢᠶᠠᠮᠠᠯ ᠬᠡᠭᠡᠷ᠎ᠡ ᠶᠢᠨ ᠲᠠᠷᠢᠮᠠᠯ᠃ ᠥᠰᠥᠯᠲᠡ ᠶᠢᠨ ᠨᠥᠬᠦᠴᠡᠯ ᠤᠨ ᠱᠠᠭᠠᠷᠳᠠᠯᠭ᠎ᠠ ᠳᠣᠣᠷ᠎ᠠ᠂ | ᠵᠣᠬᠢᠴᠠᠬᠤ ᠴᠢᠳᠠᠪᠤᠷᠢ ᠪᠠᠷ ᠴᠢᠩᠭ᠎ᠠ ᠡᠭᠦᠯᠳᠡᠷ ᠨᠢ ᠲᠥᠪᠯᠡᠷᠡᠨ ᠵᠠᠯᠭᠠᠯᠳᠤᠭᠰᠠᠨ᠂ ᠬᠠᠷᠢᠴᠠᠩᠭᠤᠶ ᠪᠠᠷ | ᠬᠥᠳᠡᠯᠭᠡᠭᠡᠨ ᠢᠶᠠᠷ ᠨᠡᠯᠢᠶᠡᠳ ᠪᠠᠭ᠎ᠠ ᠡᠯᠡᠰᠦᠷᠬᠡᠭ ᠭᠠᠵᠠᠷ᠂ ᠠᠭᠤᠯᠠᠷᠬᠠᠭ ᠭᠠᠵᠠᠷ᠂ ᠠᠲᠠᠷ ᠭᠠᠵᠠᠷ᠂ ᠰᠡᠶᠢᠷᠡᠭ | ᠣᠶᠢᠲᠤ ᠭᠠᠵᠠᠷ ᠲᠤ ᠬᠥᠮᠦᠨ ᠤ ᠬᠦᠴᠦ ᠪᠠᠷ ᠳᠠᠭᠤᠷᠢᠶᠠᠨ ᠲᠠᠷᠢᠵᠤ ᠪᠣᠯᠤᠨ᠎ᠠ᠃ ᠲᠣᠬᠢᠷᠠᠬᠤ ᠲᠥᠷᠥᠯ ᠵᠦᠢᠯ ᠭᠡᠪᠡᠯ | ᠄ ᠭᠠᠰᠢᠭᠤᠨ ᠣᠷᠬᠤᠳᠠᠶ᠂ ᠰᠢᠬᠢᠷ ᠡᠪᠡᠰᠦ᠂ ᠴᠢᠨ᠋ᠸ᠎ᠡ ᠶᠢᠨ ᠬᠠᠯᠲᠠᠷ᠂ ᠤᠯᠠᠭᠠᠨ ᠴᠠᠨ᠎ᠠ ᠵᠡᠷᠭᠡ᠃ | 4 . ᠠᠮᠢ ᠠᠬᠤᠶ ᠶᠢᠨ ᠲᠠᠷᠢᠮᠠᠯ᠃ ᠣᠶᠢᠲᠤ ᠭᠠᠵᠠᠷ ᠤᠨ ᠠᠮᠢ ᠠᠬᠤᠶ ᠶᠢᠨ ᠴᠢᠳᠠᠮᠵᠢ ᠶᠢ ᠬᠠᠮᠠᠭᠠᠯᠠᠭᠰᠠᠨ | ᠤᠷᠢᠲᠠᠯ ᠳᠤᠤᠷ᠎ᠠ᠂ ᠣᠷᠣᠭᠤᠯᠤᠯᠲᠠ ᠶᠢᠨ ᠡᠳ᠋ ᠤᠨ ᠬᠡᠷᠡᠭᠯᠡᠯᠲᠡ ᠶᠢ ᠴᠢᠩᠭ᠎ᠠ ᠡᠵᠡᠮᠳᠡᠵᠦ᠂ ᠠᠮᠢ ᠠᠬᠤᠶ ᠶᠢᠨ | ᠤᠬᠠᠭᠠᠨ ᠤ ᠣᠭ ᠶᠣᠰᠣ ᠪᠠ ᠣᠲᠣ ᠦᠶ᠎ᠡ ᠶᠢᠨ ᠮᠡᠷᠭᠡᠵᠢᠯ ᠢᠶᠠᠷ ᠲᠦᠰᠢᠭ ᠪᠣᠯᠭᠠᠵᠤ᠂ ᠪᠣᠬᠢᠷᠲᠤᠯ ᠥᠬᠡᠶ ᠴᠢᠨᠠᠷ | ᠰᠠᠶᠢᠲᠠᠶ ᠡᠮ ᠤᠨ ᠮᠠᠲ᠋ᠧᠷᠢᠶᠠᠯ ᠢ ᠪᠤᠶᠢᠵᠢᠭᠤᠯᠤᠨ᠎ᠠ᠃ ᠬᠥᠭᠵᠢᠭᠦᠯᠬᠦ ᠲᠣᠬᠢᠷᠠᠮᠵᠢᠲᠠᠶ ᠡᠭᠦᠯᠳᠡᠷ ᠭᠡᠪᠡᠯ᠄ ᠭᠠᠰᠢᠭᠤᠨ | ᠣᠷᠬᠤᠳᠠᠶ᠂ ᠤᠯᠠᠭᠠᠨ ᠴᠠᠨ᠎ᠠ᠂ ᠴᠢᠨ᠋ᠸ᠎ᠡ ᠶᠢᠨ ᠬᠠᠯᠲᠠᠷ ᠵᠡᠷᠭᠡ᠃ | ︵ᠬᠤᠶᠠᠷ︶ ᠲᠠᠷᠢᠬᠤ ᠣᠷᠣᠨ ᠪᠦᠰᠡ᠃ ᠤᠯᠤᠰ ᠤᠨ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ | ᠪᠣᠯᠭᠠᠬᠤ︾᠂ ︽ᠠᠮᠤ ᠪᠤᠳᠠᠭᠠᠨ ᠤ ᠪᠤᠰᠤ ᠪᠣᠯᠭᠠᠬᠤ︾ ᠱᠠᠭᠠᠷᠳᠠᠯᠭ᠎ᠠ ᠶᠣᠰᠣᠭᠠᠷ᠂ ᠨᠠᠢᠮᠠᠨ ᠬᠤᠰᠢᠭᠤᠨ ᠤ ᠭᠠᠵᠠᠷ | ᠰᠢᠷᠣᠶ ᠶᠢᠨ ᠡᠬᠢ ᠪᠠᠶᠠᠯᠢᠭ ᠤᠨ ᠪᠣᠳᠠᠲᠤ ᠪᠠᠶᠢᠳᠠᠯ ᠢ ᠭᠦᠢᠴᠡᠳ ᠪᠣᠳᠣᠯᠬᠢᠯᠠᠵᠤ᠂ ᠳᠤᠤᠷᠠᠬᠢ ᠣᠷᠣᠨ ᠪᠦᠰᠡ ᠪᠠᠷ | ᠯᠠᠪᠯᠠᠯᠲᠠ ᠪᠣᠯᠭᠠᠨ᠎ᠠ᠄ | 1. ᠡᠩ ᠤᠨ ᠲᠠᠷᠢᠶᠠᠨ ᠭᠠᠵᠠᠷ ᠢ ᠬᠡᠪᠴᠢᠶᠡᠵᠢᠭᠦᠯᠦᠨ ᠲᠠᠷᠢᠬᠤ᠄ ᠪᠠᠷᠢᠮᠵᠢᠶᠠᠵᠢᠭᠤᠯᠤᠨ ᠲᠠᠷᠢᠬᠤ | ᠮᠡᠷᠭᠡᠵᠢᠯ ᠢᠶᠠᠷ ᠲᠦᠰᠢᠭ ᠪᠣᠯᠭᠠᠵᠤ᠂ ᠮᠠᠰᠢᠨᠴᠢᠯᠠᠨ ᠠᠵᠢᠯᠯᠠᠵᠤ ᠪᠣᠯᠬᠤ ᠡᠮ ᠬᠡᠷᠡᠭᠯᠡᠬᠦ ᠳᠤ ᠲᠣᠬᠢᠷᠠᠬᠤ ᠭᠠᠵᠠᠷ ᠰᠢᠷᠣᠶ | ︵ᠲᠠᠷᠢᠶᠠᠨ ᠭᠠᠵᠠᠷ ᠪᠤᠰᠤ ᠪᠠᠷ ᠭᠤᠤᠯ ᠪᠣᠯᠭᠠᠭᠰᠠᠨ︶ ᠶᠢ ᠰᠤᠩᠭᠤᠨ ᠡᠮ ᠤᠨ ᠮᠠᠲ᠋ᠧᠷᠢᠶᠠᠯ ᠤᠨ ᠪᠠᠷᠢᠮᠵᠢᠶᠠᠵᠢᠭᠤᠯᠤᠨ | ᠂ ᠬᠡᠪᠴᠢᠶᠡᠵᠢᠭᠦᠯᠦᠨ ᠲᠠᠷᠢᠬᠤ ᠶᠢ ᠬᠥᠭᠵᠢᠭᠦᠯᠦᠨ᠎ᠡ᠃ | 2. ᠣᠶ ᠶᠢᠨ ᠬᠤᠷᠮᠣᠶ ᠶᠢᠨ ᠲᠠᠷᠢᠮᠠᠯ᠄ ᠰᠠᠭᠤᠷᠢ ᠨᠥᠬᠦᠴᠡᠯ ᠢᠶᠠᠷ ᠨᠡᠯᠢᠶᠡᠳ ᠰᠠᠶᠢᠨ ᠪᠣᠰᠤᠭ᠎ᠠ ᠮᠤᠳᠤ | ᠪᠠᠶᠢᠬᠤ ᠦᠭᠡᠢ ᠣᠶᠢᠲᠤ ᠭᠠᠵᠠᠷ ᠪᠠ ᠠᠵᠤ ᠠᠬᠤᠶ ᠶᠢᠨ ᠣᠶᠢᠲᠤ ᠭᠠᠵᠠᠷ ᠢ ᠰᠣᠩᠭᠤᠵᠤ᠂ ᠣᠶ ᠶᠢᠨ ᠬᠤᠷᠮᠣᠶ ᠶᠢᠨ | ᠳᠠᠭᠤᠷᠢᠶᠠᠮᠠᠯ ᠬᠡᠭᠡᠷ᠎ᠡ ᠶᠢᠨ ᠲᠠᠷᠢᠮᠠᠯ᠂ ᠣᠶ ᠶᠢᠨ ᠬᠤᠷᠮᠣᠶ ᠶᠢᠨ ᠠᠮᠢ ᠠᠬᠤᠶ ᠶᠢᠨ ᠲᠠᠷᠢᠮᠠᠯ ᠳᠠᠷᠢᠨ᠎ᠠ᠃ | 3. ᠠᠭᠤᠯᠠᠷᠬᠠᠭ ᠭᠠᠵᠠᠷ᠂ ᠡᠯᠡᠰᠦᠷᠬᠡᠭ ᠭᠠᠵᠠᠷ᠂ ᠠᠲᠠᠷ ᠭᠠᠵᠠᠷ ᠲᠤ ᠲᠠᠷᠢᠬᠤ᠄ ᠠᠵᠤ ᠠᠬᠤᠶ ᠶᠢᠨ ᠦᠷ᠎ᠡ | ᠠᠰᠢᠭ ᠢᠶᠠᠷ ᠳᠤᠤᠷ᠎ᠠ ᠰᠢᠭ ᠡᠯᠡᠰᠦᠷᠬᠡᠭ ᠭᠠᠵᠠᠷ᠂ ᠠᠭᠤᠯᠠᠷᠬᠠᠭ ᠭᠠᠵᠠᠷ᠂ ᠠᠲᠠᠷ ᠭᠠᠵᠠᠷ ᠢ ᠰᠣᠩᠭᠤᠵᠤ᠂ ᠡᠮ ᠤᠨ | ᠮᠠᠲ᠋ᠧᠷᠢᠶᠠᠯ ᠤᠨ ᠠᠮᠢ ᠠᠬᠤᠶ ᠶᠢᠨ ᠲᠠᠷᠢᠮᠠᠯ᠂ ᠳᠠᠭᠤᠷᠢᠶᠠᠮᠠᠯ ᠬᠡᠭᠡᠷ᠎ᠡ ᠶᠢᠨ ᠲᠠᠷᠢᠮᠠᠯ ᠲᠠᠷᠢᠬᠤ ᠬᠡᠷᠡᠭᠲᠡᠶ᠃ | 4. ᠬᠦᠷᠢᠶ᠎ᠡ ᠬᠠᠰᠢᠶᠠᠨ ᠤ ᠲᠠᠷᠢᠮᠠᠯ᠄ ᠬᠦᠷᠢᠶ᠎ᠡ ᠬᠠᠰᠢᠶᠠᠨ ᠤ ᠲᠠᠯᠠᠪᠠᠶ ᠨᠡᠯᠢᠶᠡᠳ ᠶᠡᠭᠡ᠂ ᠵᠣᠬᠢᠬᠤ ᠡᠮ ᠤᠨ | ᠮᠠᠲ᠋ᠧᠷᠢᠶᠠᠯ ᠳᠠᠷᠢᠬᠤ ᠰᠠᠭᠤᠷᠢ ᠲᠠᠢ ᠭᠠᠴᠠᠭ᠎ᠠ ᠲᠣᠰᠬᠤᠨ ᠢ ᠰᠣᠩᠭᠤᠵᠤ᠂ ᠬᠦᠷᠢᠶ᠎ᠡ ᠬᠠᠰᠢᠶᠠᠨ ᠤ ᠡᠮ ᠤᠨ | ᠮᠠᠲ᠋ᠧᠷᠢᠶᠠᠯ ᠳᠠᠷᠢᠬᠤ ᠶᠢ ᠬᠥᠭᠵᠢᠭᠦᠯᠵᠦ᠂ ᠠᠵᠤ ᠠᠬᠤᠶ ᠶᠢᠨ ᠥᠨᠳᠥᠷ ᠦᠨ᠎ᠡ ᠥᠷᠲᠡᠭ ᠲᠠᠢ ᠡᠮ ᠤᠨ ᠮᠠᠲ᠋ᠧᠷᠢᠶᠠᠯ | ᠳᠠᠷᠢᠬᠤ ᠵᠠᠭᠪᠤᠷ ᠢ ᠰᠦᠪᠡᠭᠴᠢᠯᠡᠨ᠎ᠡ᠃ | ᠲᠠᠪᠤ᠂ ᠲᠠᠯᠠᠪᠠᠶ ᠶᠢ ᠪᠦᠷᠢᠳᠬᠡᠬᠦ ᠠᠷᠭ᠎ᠠ ᠮᠠᠶ᠋ᠢᠭ | ᠰᠢᠶᠠᠩ ᠪᠠᠯᠭᠠᠰᠤ ᠠᠴᠠ ᠲᠠᠷᠢᠬᠤ ᠲᠠᠯᠠᠪᠠᠢ ᠶᠢ ᠳᠡᠭᠡᠭᠰᠢ ᠮᠡᠳᠡᠭᠦᠯᠦᠨ᠂ ᠬᠤᠰᠢᠭᠤᠨ ᠤ ᠡᠮ ᠤᠨ | ᠮᠠᠲ᠋ᠧᠷᠢᠶᠠᠯ ᠢ ᠰᠤᠳᠤᠯᠤᠨ ᠬᠥᠭᠵᠢᠭᠦᠯᠬᠦ ᠲᠥᠪ ᠠᠴᠠ ᠰᠤᠭᠤᠴᠢᠨ ᠪᠠᠶᠢᠴᠠᠭᠠᠵᠤ ᠳᠠᠬᠢᠨ ᠬᠢᠨᠠᠬᠤ ᠲᠠᠯᠠᠪᠠᠢ ᠶᠢ | ᠪᠦᠷᠢᠳᠬᠡᠬᠦ ᠠᠷᠭ᠎ᠠ ᠶᠢ ᠬᠡᠷᠡᠭᠯᠡᠨ᠎ᠡ᠃ ᠪᠣᠳᠠᠲᠠᠶ ᠨᠢ ᠳᠤᠤᠷᠠᠬᠢ ᠮᠡᠲᠦ᠄ ︵ᠨᠢᠭᠡ︶ ᠡᠯ᠎ᠡ ᠰᠤᠮᠤ ᠰᠢᠶᠠᠩ ᠪᠠᠯᠭᠠᠰᠤ ︵ | ᠲᠠᠯᠠᠪᠠᠶ︶ ᠨᠢ 2024 ᠣᠨ ᠤ 6 ᠰᠠᠷ᠎ᠠ ᠶᠢᠨ ᠰᠢᠨᠡᠳ ᠢᠶᠠᠷ ᠬᠠᠷᠢᠶ᠎ᠠ ᠣᠷᠣᠨ ᠤ ᠳᠣᠲᠣᠷᠠᠬᠢ ᠡᠮ ᠤᠨ | ᠮᠠᠲ᠋ᠧᠷᠢᠶᠠᠯ ᠤᠨ ᠰᠢᠨ᠎ᠡ ᠪᠠᠷ ᠨᠡᠮᠡᠭᠳᠡᠭᠰᠡᠨ ᠲᠠᠯᠠᠪᠠᠶ ︵ᠣᠯᠠᠨ ᠵᠢᠯ ᠤᠨ ᠲᠦᠭᠦᠬᠡᠶ ᠡᠮ ᠤᠨ ᠮᠠᠲ᠋ᠧᠷᠢᠶᠠᠯ ᠢ ᠳᠠᠬᠢᠨ | ᠳᠠᠪᠲᠠᠨ ᠳᠡᠭᠡᠭᠰᠢ ᠮᠡᠳᠡᠭᠦᠯᠬᠦ ᠠᠴᠠ ᠵᠠᠶᠢᠯᠠᠰᠬᠢᠬᠦ ᠬᠡᠷᠡᠭᠲᠡᠢ︶ ᠶᠢ ᠪᠦᠷᠢᠳᠭᠡᠨ ᠳᠡᠭᠡᠭᠰᠢ ᠮᠡᠳᠡᠭᠦᠯᠬᠦ ᠬᠡᠷᠡᠭᠲᠡᠶ᠂ | ᠳᠡᠭᠡᠭᠰᠢ ᠮᠡᠳᠡᠭᠦᠯᠬᠦ ᠲᠠᠯᠠᠪᠠᠶ ᠨᠢ ᠡᠷᠬᠡᠪᠰᠢ ᠣᠨᠣᠪᠴᠢᠲᠠᠶ ᠪᠥᠭᠡᠳ ᠨᠠᠷᠢᠨ ᠪᠣᠳᠠᠲᠠᠶ ︵ᠲᠠᠯᠠᠪᠠᠶ ᠶᠢ ᠬᠢᠨᠠᠨ | ᠬᠠᠷᠭᠤᠭᠤᠯᠤᠭᠰᠠᠨ ᠵᠥᠷᠢᠶ᠎ᠡ ᠶᠢᠨ ᠨᠣᠷᠮ᠎ᠠ ᠶᠢ ᠪᠠᠭᠤᠷᠠᠭᠤᠯᠬᠤ︶ ᠪᠠᠶᠢᠵᠤ᠂ ᠬᠤᠳᠠᠯ ᠢᠶᠠᠷ ᠮᠡᠳᠡᠭᠦᠯᠬᠦ ᠵᠢᠴᠢ ᠠᠳᠠᠯᠢ | ᠨᠢᠭᠡ ᠭᠠᠵᠠᠷ ᠲᠤ ᠳᠠᠬᠢᠨ ᠳᠠᠪᠲᠠᠨ ᠳᠡᠭᠡᠭᠰᠢ ᠮᠡᠳᠡᠭᠦᠯᠬᠦ ᠵᠡᠷᠭᠡ ᠲᠠᠯᠠᠪᠠᠶ ᠶᠢᠨ ᠦᠨᠡᠨ ᠪᠣᠳᠠᠲᠠᠶ ᠪᠤᠰᠤ ᠪᠠᠶᠢᠳᠠᠯ ᠢ | ᠡᠷᠡᠰ ᠬᠤᠷᠢᠭᠯᠠᠬᠤ ᠬᠡᠷᠡᠭᠲᠡᠶ᠃ ᠳᠡᠭᠡᠭᠰᠢ ᠮᠡᠳᠡᠭᠦᠯᠬᠦ ᠲᠤᠭ᠎ᠠ ᠶᠢ ᠡᠯ᠎ᠡ ᠰᠤᠮᠤ ᠰᠢᠶᠠᠩ ᠪᠠᠯᠭᠠᠰᠤ ︵ᠲᠠᠯᠠᠪᠠᠶ︶ ᠶᠢᠨ | ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠢᠶᠠᠷ ᠭᠠᠷ ᠤᠨ ᠥᠰᠥᠭ ᠵᠢᠷᠤᠭᠤᠯᠵᠤ᠂ ᠵᠠᠰᠠᠭ ᠤᠨ ᠣᠷᠳᠣᠨ ᠤ | ᠲᠠᠮᠠᠭ᠎ᠠ ᠶᠢ ᠳᠠᠷᠤᠭᠰᠠᠨ ᠤ ᠳᠠᠷᠠᠭ᠎ᠠ ᠳᠡᠭᠡᠭᠰᠢ ᠬᠤᠰᠢᠭᠤᠨ ᠤ ᠡᠮ ᠤᠨ ᠮᠠᠲ᠋ᠧᠷᠢᠶᠠᠯ ᠢ ᠰᠤᠳᠤᠯᠤᠨ ᠬᠥᠭᠵᠢᠭᠦᠯᠬᠦ | ᠲᠥᠪ ᠲᠤ ᠮᠡᠳᠡᠭᠦᠯᠦᠨ᠎ᠡ᠃ ︵ᠬᠤᠶᠠᠷ︶ ᠬᠤᠰᠢᠭᠤᠨ ᠤ ᠡᠮ ᠤᠨ ᠮᠠᠲ᠋ᠧᠷᠢᠶᠠᠯ ᠢ ᠰᠤᠳᠤᠯᠤᠨ ᠬᠥᠭᠵᠢᠭᠦᠯᠬᠦ | ᠲᠥᠪ ᠠᠴᠠ ᠡᠯ᠎ᠡ ᠰᠤᠮᠤ ᠰᠢᠶᠠᠩ ᠪᠠᠯᠭᠠᠰᠤ ︵ᠲᠠᠯᠠᠪᠠᠶ︶ ᠶᠢᠨ ᠰᠢᠨ᠎ᠡ ᠪᠠᠷ ᠨᠡᠮᠡᠭᠳᠡᠭᠰᠡᠨ ᠲᠠᠯᠠᠪᠠᠶ ᠶᠢ ᠦᠨᠳᠦᠰᠦᠯᠡᠨ | ᠳᠡᠭᠡᠭᠰᠢ ᠮᠡᠳᠡᠭᠦᠯᠵᠦ᠂ 6 ᠰᠠᠷ᠎ᠠ ᠶᠢᠨ ᠳᠤᠮᠳᠠᠴᠢ ᠠᠴᠠ 7 ᠰᠠᠷ᠎ᠠ ᠶᠢᠨ ᠬᠤᠭᠤᠷᠣᠨᠳᠣ ᠰᠢᠨ᠎ᠡ ᠪᠠᠷ ᠨᠡᠮᠡᠭᠳᠡᠭᠰᠡᠨ | ᠲᠠᠯᠠᠪᠠᠶ ᠶᠢ ᠰᠤᠭᠤᠴᠢᠨ ᠪᠠᠶᠢᠴᠠᠭᠠᠵᠤ ᠳᠠᠬᠢᠨ ᠬᠢᠨᠠᠬᠤ ᠠᠵᠢᠯ ᠢ ᠥᠷᠨᠢᠭᠦᠯᠦᠨ᠎ᠡ᠃ | ᠵᠢᠷᠭᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠬᠤᠰᠢᠭᠤᠨ ᠤ | ᠵᠠᠰᠠᠭ ᠤᠨ ᠣᠷᠳᠣᠨ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠲᠠᠷᠢᠮᠠᠯ ᠤᠨ | ᠦᠢᠯᠡᠰ ᠤᠨ ᠬᠥᠭᠵᠢᠯᠲᠡ ᠶᠢᠨ ᠤᠳᠤᠷᠢᠳᠬᠤ ᠳᠤᠭᠤᠶᠢᠯᠠᠩ ᠪᠠᠶᠢᠭᠤᠯᠵᠤ᠂ ᠪᠥᠬᠦ ᠬᠤᠰᠢᠭᠤᠨ ᠤ ᠡᠮ ᠤᠨ | ᠮᠠᠲ᠋ᠧᠷᠢᠶᠠᠯ ᠳᠠᠷᠢᠬᠤ ᠠᠵᠢᠯ ᠢ ᠵᠣᠬᠢᠶᠠᠨ ᠪᠠᠶᠢᠭᠤᠯᠵᠤ ᠵᠣᠬᠢᠴᠠᠭᠤᠯᠤᠨ᠎ᠠ᠃ ᠡᠯ᠎ᠡ ᠰᠤᠮᠤ ᠰᠢᠶᠠᠩ ᠪᠠᠯᠭᠠᠰᠤ ︵ | ᠲᠠᠯᠠᠪᠠᠶ︶ ᠵᠣᠬᠢᠴᠠᠩᠭᠤᠶ ᠤᠳᠤᠷᠢᠳᠬᠤ ᠪᠠᠶᠢᠭᠤᠯᠤᠮᠵᠢ ᠪᠠᠶᠢᠭᠤᠯᠵᠤ᠂ ᠡᠮ ᠤᠨ ᠮᠠᠲ᠋ᠧᠷᠢᠶᠠᠯ ᠢ ᠳᠡᠯᠭᠡᠷᠡᠭᠦᠯᠦᠨ | ᠲᠠᠷᠢᠬᠤ ᠠᠵᠢᠯ ᠢ ᠪᠣᠳᠠᠲᠠᠶ ᠬᠠᠷᠢᠭᠤᠴᠠᠬᠤ ᠬᠡᠷᠡᠭᠲᠡᠶ᠃ | ︵ᠬᠤᠶᠠᠷ︶ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠬᠤ ᠲᠤᠭᠲᠠᠯᠴᠠᠭ᠎ᠠ ᠶᠢ ᠲᠡᠭᠦᠯᠳᠡᠷᠵᠢᠭᠦᠯᠦᠨ᠎ᠡ | ᠃ ᠡᠮ ᠤᠨ ᠮᠠᠲ᠋ᠧᠷᠢᠶᠠᠯ ᠢ ᠰᠤᠳᠤᠯᠤᠨ ᠬᠥᠭᠵᠢᠭᠦᠯᠬᠦ ᠲᠥᠪ ᠲᠦᠷᠦᠭᠦᠯᠡᠨ᠂ ᠥᠪᠥᠷ ᠮᠣᠩᠭᠤᠯ ᠤᠨ ᠶᠡᠭᠡ | ᠰᠤᠷᠭᠠᠭᠤᠯᠢ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠬᠢᠲᠠᠳ ᠡᠮ | ᠡᠮᠨᠡᠯᠭᠡ ᠰᠤᠳᠤᠯᠬᠤ ᠭᠠᠵᠠᠷ᠂ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ᠂ ᠴᠢᠩᠳᠣᠤ ᠶᠢᠨ | ᠲᠠᠷᠢᠶᠠᠯᠠᠩ ᠤᠨ ᠶᠡᠭᠡ ᠰᠤᠷᠭᠠᠭᠤᠯᠢ ᠪᠠ ᠲᠦᠩᠯᠢᠶᠣᠤ ᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ | ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ | ᠣᠷᠳᠣ ᠬᠤᠭᠤᠴᠠᠭᠠᠨ ᠤ ᠪᠦᠲᠦᠮᠵᠢᠲᠡᠶ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠵᠤ᠂ ᠮᠠᠨ ᠤ ᠬᠤᠰᠢᠭᠤᠨ ᠤ | ᠡᠮ ᠤᠨ ᠮᠠᠲ᠋ᠧᠷᠢᠶᠠᠯ ᠢ ᠳᠠᠷᠢᠬᠤ᠂ ᠪᠣᠯᠪᠠᠰᠤᠷᠠᠭᠤᠯᠬᠤ ᠮᠡᠷᠭᠡᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠨᠠᠢᠮᠠᠨ ᠬᠤᠰᠢᠭᠤᠨ ᠤ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠠᠺᠠᠳᠧᠮᠢᠴᠢ ᠲᠤᠰᠬᠠᠶ ᠮᠡᠷᠭᠡᠵᠢᠯᠲᠡᠨ ᠤ | ᠠᠵᠢᠯ ᠤᠨ ᠥᠷᠲᠡᠭᠡ᠂ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠳ᠋ᠣᠺᠲ᠋ᠣᠷ ᠤᠨ | ᠦᠢᠯᠡᠴᠢᠯᠡᠭᠡᠨ ᠤ ᠥᠷᠲᠡᠭᠡ ᠪᠠᠷ ᠲᠦᠰᠢᠭ ᠪᠣᠯᠭᠠᠵᠤ᠂ ᠡᠯ᠎ᠡ ᠲᠥᠷᠥᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ | ᠲᠥᠷᠥᠯᠵᠦ᠋ᠢᠯ ᠢ ᠨᠠᠶᠢᠳᠠᠪᠤᠷᠢᠵᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠵᠦ᠂ | ᠮᠡᠷᠭᠡᠵᠢᠯ ᠤᠨ ᠰᠢᠨ᠎ᠡ ᠶᠢ ᠡᠭᠦᠳᠬᠦ ᠦᠢᠯᠡᠴᠢᠯᠡᠭᠡᠨ ᠤ ᠲᠠᠪᠴᠠᠩ ᠢ ᠪᠠᠶᠢᠭᠤᠯᠤᠨ᠎ᠠ᠃ | ︵ᠭᠤᠷᠪᠠ︶ ᠬᠢᠨᠠᠯᠲᠠ ᠲᠠᠯᠪᠢᠵᠤ ᠰᠢᠯᠭᠠᠨ ᠬᠢᠨᠠᠬᠤ ᠶᠢ ᠴᠢᠩᠭᠠᠳᠬᠠᠨ᠎ᠠ᠃ ᠡᠯ᠎ᠡ ᠭᠠᠵᠠᠷ ᠣᠷᠣᠨ ᠡᠯ᠎ᠡ | ᠰᠠᠯᠠᠭ᠎ᠠ ᠮᠥᠴᠢᠷ ᠤᠳ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠡᠭᠦᠷᠭᠡ ᠪᠠᠨ ᠨᠠᠷᠢᠯᠢᠭᠵᠢᠭᠤᠯᠤᠨ᠂ | ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠰᠢᠮᠳᠠᠭᠤᠯᠤᠨ ᠵᠢᠯᠣᠭᠤᠳᠬᠤ᠂ ᠰᠢᠯᠭᠠᠨ ᠬᠢᠨᠠᠬᠤ᠂ ᠦᠨᠡᠯᠡᠬᠦ ᠵᠡᠷᠭᠡ | ᠳᠦᠷᠢᠮ ᠢ ᠪᠠᠶᠢᠭᠤᠯᠤᠨ᠂ ᠠᠵᠢᠯ ᠢᠶᠠᠨ ᠥᠷᠨᠢᠭᠦᠯᠦᠭᠰᠡᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ | ᠰᠢᠮᠳᠠᠭᠤᠯᠤᠨ ᠵᠢᠯᠣᠭᠤᠳᠬᠤ ᠶᠢᠨ ᠬᠠᠮᠲᠤ ᠵᠢᠯ ᠤᠨ ᠡᠴᠦᠰ ᠤᠨ ᠰᠢᠯᠭᠠᠨ ᠬᠢᠨᠠᠬᠤ ᠦᠨᠳᠦᠰᠦᠯᠡᠯ ᠪᠣᠯᠭᠠᠵᠤ᠂ | ᠤᠳᠤᠷᠢᠳᠤᠯᠭ᠎ᠠ ᠶᠢ ᠪᠣᠳᠠᠲᠠᠶᠢᠵᠢᠭᠤᠯᠬᠤ᠂ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ᠂ ᠠᠵᠢᠯ ᠢ | ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠨ᠎ᠠ᠃ | | | | | | ᠳᠠᠷᠢᠬᠤ ᠡᠭᠦᠷᠭᠡ ᠶᠢᠨ ᠬᠤᠪᠢᠶᠠᠷᠢᠯᠠᠯᠲᠠ ᠶᠢᠨ ᠬᠦᠰᠦᠨᠦᠭᠲᠦ.docx | | docx | |