ᠨᠠᠢᠮᠠᠨ ᠵᠠᠰᠠᠭ ᠠᠯᠪᠠᠨ ﹇2024﹈ 47 ᠳ᠋ᠤᠭᠠᠷ ᠲᠣᠭᠠᠲᠤ | ᠬᠤᠰᠢᠭᠤᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠪᠠᠶᠢᠭᠤᠯᠭ᠎ᠠ᠄ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠯ ᠢᠶᠠᠷ᠂ ᠡᠳᠦᠭᠡ ︽2024 ᠣᠨ ᠤ | ᠨᠠᠶᠮᠠᠨ ᠬᠤᠰᠢᠭᠤᠨ ᠤ ᠶᠠᠰᠤ ᠴᠢᠨᠠᠷ ᠢᠶᠠᠷ ᠬᠤᠰᠢᠭᠤ ᠪᠠᠨ ᠬᠦᠴᠦᠷᠬᠡᠭᠵᠢᠭᠦᠯᠬᠦ ᠠᠵᠢᠯ ᠤᠨ ᠭᠤᠤᠯᠳᠠᠯᠭ᠎ᠠ︾ ᠶᠢ | ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠶ ᠰᠠᠶᠢᠲᠤᠷ | ᠠᠳᠬᠤᠭᠠᠷᠠᠢ᠃ | 2024 ᠣᠨ ᠤ 9 ᠰᠠᠷ᠎ᠠ ᠶᠢᠨ 11 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | 2024 ᠣᠨ ᠤ ᠨᠠᠶᠮᠠᠨ ᠬᠤᠰᠢᠭᠤᠨ ᠤ ᠶᠠᠰᠤ ᠴᠢᠨᠠᠷ ᠢᠶᠠᠷ ᠬᠤᠰᠢᠭᠤ ᠪᠠᠨ ᠬᠦᠴᠦᠷᠬᠡᠭᠵᠢᠭᠦᠯᠬᠦ ᠠᠵᠢᠯ ᠤᠨ | ᠭᠤᠤᠯᠳᠠᠯᠭ᠎ᠠ | 2024 ᠣᠨ ᠤ ᠶᠠᠰᠤ ᠴᠢᠨᠠᠷ ᠢᠶᠠᠷ ᠬᠤᠰᠢᠭᠤ ᠪᠠᠨ ᠬᠦᠴᠦᠷᠬᠡᠭᠵᠢᠭᠦᠯᠬᠦ ᠠᠵᠢᠯ ᠨᠢ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠬᠤᠶᠠᠳᠤᠭᠠᠷ | ᠂ ᠭᠤᠷᠪᠠᠳᠤᠭᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ | ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠤᠯᠤᠰ᠂ | ᠥᠪᠡᠷᠲᠡᠭᠡᠨ ᠵᠠᠰᠠᠬᠤ ᠣᠷᠣᠨ ᠪᠠ ᠲᠦᠩᠯᠢᠶᠣᠤ ᠬᠤᠲᠠ ᠶᠢᠨ ᠶᠠᠰᠤ ᠴᠢᠨᠠᠷ ᠤᠨ ᠠᠵᠢᠯ ᠤᠨ ᠲᠤᠬᠠᠶ ᠰᠢᠶᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ︽ᠶᠠᠰᠤ ᠴᠢᠨᠠᠷ ᠢᠶᠠᠷ ᠤᠯᠤᠰ ᠢᠶᠠᠨ ᠬᠦᠴᠦᠷᠬᠡᠭᠵᠢᠭᠦᠯᠬᠦ | ᠪᠥᠲᠥᠭᠡᠨ ᠪᠠᠶᠢᠭᠤᠯᠤᠯᠲᠠ ᠶᠢᠨ ᠬᠥᠲᠥᠯᠪᠦᠷᠢ︾ ᠪᠠᠷ ᠶᠡᠷᠦᠩᠬᠡᠶᠢᠯᠡᠨ ᠵᠢᠯᠣᠭᠤᠳᠣᠭᠤᠯᠵᠤ᠂ ᠦᠶᠯᠡᠳᠬᠦᠨ᠂ | ᠢᠨᠵᠧᠨᠧᠷᠢᠩ ᠪᠠ ᠦᠶᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠪᠠᠷ ᠭᠠᠷᠳᠠᠴᠠ ᠪᠣᠯᠭᠠᠵᠤ᠂ ᠶᠠᠰᠤ | ᠴᠢᠨᠠᠷ ᠢᠶᠠᠷ ᠬᠤᠰᠢᠭᠤ ᠪᠠᠨ ᠬᠦᠴᠦᠷᠬᠡᠭᠵᠢᠭᠦᠯᠬᠦ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ | ᠨᠠᠶᠮᠠᠨ ᠤ ᠴᠢᠨᠠᠷ ᠰᠠᠶᠢᠲᠠᠶ ᠬᠥᠭᠵᠢᠯᠲᠡ ᠳᠤ ᠴᠢᠬᠤᠯᠠ ᠪᠠᠲᠤᠯᠠᠭ᠎ᠠ ᠬᠠᠩᠭᠠᠨ᠎ᠠ᠃ | ᠣᠨ ᠤ ᠶᠠᠰᠤ ᠴᠢᠨᠠᠷ ᠤᠨ ᠬᠠᠷᠠᠯᠲᠠ ᠪᠣᠯ᠄ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ | ᠶᠠᠰᠤ ᠴᠢᠨᠠᠷ ᠤᠨ ᠠᠶᠤᠯ ᠦᠭᠡᠶ ᠶᠢᠨ ᠵᠤᠷᠰᠢᠯᠲᠤ ᠬᠢᠨᠠᠨ ᠬᠡᠮᠵᠢᠵᠦ ᠬᠢᠷᠢ ᠲᠡᠩᠴᠡᠭᠰᠡᠨ ᠨᠣᠷᠮ᠎ᠠ ᠶᠢ 98% ᠠᠴᠠ | ᠳᠡᠭᠡᠭᠰᠢ ᠳᠤ ᠬᠦᠷᠦᠭᠦᠯᠵᠦ᠂ ᠢᠳᠡᠭᠡᠨ ᠢ ᠰᠤᠭᠤᠯᠤᠨ ᠪᠠᠶᠢᠴᠠᠭᠠᠬᠤ ᠠᠰᠠᠭᠤᠳᠠᠯ ᠢ ᠰᠢᠶᠳᠪᠦᠷᠢᠯᠡᠭᠰᠡᠨ ᠨᠣᠷᠮ᠎ᠠ ᠶᠢ | 100% ᠳᠤ ᠬᠦᠷᠦᠭᠦᠯᠵᠦ᠂ ᠠᠵᠤ ᠦᠢᠯᠡᠳᠪᠦᠷᠢ ᠶᠢᠨ ᠦᠢᠯᠡᠳᠬᠦᠨ᠂ ᠢᠳᠡᠭᠡᠨ ᠵᠡᠷᠭᠡ ᠦᠢᠯᠡᠳᠬᠦᠨ ᠤ ᠶᠠᠰᠤ | ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠷᠣᠨ ᠪᠦᠰᠡ ᠶᠢᠨ ᠴᠢᠨᠠᠷᠲᠠᠶ ᠴᠢᠬᠤᠯᠠ ᠶᠡᠭᠡ ᠦᠢᠯᠡᠳᠬᠦᠨ ᠤ | ᠶᠠᠰᠤ ᠴᠢᠨᠠᠷ ᠤᠨ ᠠᠶᠤᠯ ᠦᠭᠡᠶ ᠶᠢᠨ ᠬᠡᠷᠡᠭ ᠭᠠᠷᠭᠠᠬᠤ ᠦᠭᠡᠶ ᠪᠠᠶᠢᠬᠤ ᠬᠡᠷᠡᠭᠲᠡᠢ᠃ ᠵᠠᠮ ᠬᠠᠷᠢᠯᠴᠠᠭ᠎ᠠ ᠶᠢᠨ | ᠢᠨᠵᠧᠨᠧᠷᠢᠩ ᠤᠨ ᠲᠤᠰᠢᠶᠠᠨ ᠳᠠᠭᠤᠰᠬᠠᠭᠰᠠᠨ ᠶᠠᠰᠤ ᠴᠢᠨᠠᠷ ᠤᠨ ᠬᠢᠷᠢ ᠲᠡᠩᠴᠡᠭᠰᠡᠨ ᠨᠣᠷᠮ᠎ᠠ ᠪᠠ ᠲᠣᠮᠣ ᠳᠤᠮᠳᠠ | ᠬᠡᠯᠪᠡᠷᠢ ᠶᠢᠨ ᠢᠨᠵᠧᠨᠧᠷᠢᠩ ᠤᠨ ᠲᠥᠷᠥᠯ ᠵᠦᠶᠯ ᠤᠨ ᠨᠢᠭᠡ ᠤᠳᠠᠭ᠎ᠠ ᠳᠤ ᠰᠢᠯᠭᠠᠨ ᠠᠪᠬᠤ ᠶᠢᠨ ᠬᠢᠷᠢ ᠲᠡᠩᠴᠡᠭᠰᠡᠨ | ᠨᠣᠷᠮ᠎ᠠ ᠶᠢᠨ 100% ᠶᠢ ᠪᠠᠲᠤᠯᠠᠵᠤ᠂ ᠪᠤᠰᠤᠳ ᠢᠨᠵᠧᠨᠧᠷᠢᠩ ᠤᠨ ᠨᠢᠭᠡ ᠤᠳᠠᠭ᠎ᠠ ᠳᠤ ᠰᠢᠯᠭᠠᠨ ᠠᠪᠬᠤ ᠶᠢᠨ | ᠬᠢᠷᠢ ᠲᠡᠩᠴᠡᠭᠰᠡᠨ ᠨᠣᠷᠮ᠎ᠠ ᠶᠢᠨ 98% ᠠᠴᠠ ᠳᠡᠭᠡᠭᠰᠢ ᠶᠢ ᠪᠠᠲᠤᠯᠠᠵᠤ᠂ ᠪᠠᠷᠢᠯᠭ᠎ᠠ ᠶᠢᠨ ᠶᠠᠰᠤ ᠴᠢᠨᠠᠷ ᠤᠨ | ᠬᠦᠨᠳᠦ ᠶᠡᠭᠡ ᠠᠳᠠᠯ ᠭᠠᠷᠤᠭᠰᠠᠨ ᠥᠬᠡᠶ ᠪᠠᠶᠬᠤ ᠬᠡᠷᠡᠭᠲᠡᠶ᠃ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ | ᠦᠢᠯᠡᠰ ᠪᠠ ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠤᠨ᠎ᠠ ᠃ | ᠨᠢᠭᠡ᠂ ᠠᠵᠢᠯ ᠤᠨ ᠬᠠᠮᠲᠤᠷᠠᠯ ᠬᠦᠴᠦᠨ ᠢ ᠨᠢᠭᠲᠠᠷᠠᠭᠤᠯᠵᠤ᠂ ᠶᠠᠰᠤ ᠴᠢᠨᠠᠷ ᠢᠶᠠᠷ ᠬᠤᠰᠢᠭᠤ ᠪᠠᠨ | ᠬᠦᠴᠦᠷᠬᠡᠭᠵᠢᠭᠦᠯᠬᠦ ᠪᠠᠶᠢᠭᠤᠯᠤᠯᠲᠠ ᠶᠢ ᠭᠦᠨᠵᠡᠭᠡᠢ ᠠᠬᠢᠭᠤᠯᠤᠨ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠷᠠᠭᠤᠯᠤᠨ᠎ᠠ ᠃ ︽ᠨᠠᠮ ᠤᠨ ᠬᠤᠷᠢᠶ᠎ᠠ | ᠤᠳᠤᠷᠢᠳᠬᠤ᠂ ᠵᠠᠰᠠᠭ ᠤᠨ ᠣᠷᠳᠣᠨ ᠭᠤᠤᠯᠯᠠᠨ ᠤᠳᠤᠷᠢᠳᠬᠤ᠂ ᠰᠠᠯᠠᠭ᠎ᠠ ᠮᠥᠴᠢᠷ ᠬᠤᠯᠪᠣᠭᠠᠯᠠᠬᠤ᠂ ᠠᠵᠤ | ᠠᠬᠤᠶᠢᠯᠠᠯ ᠭᠤᠤᠯ ᠬᠠᠷᠢᠭᠤᠴᠠᠯᠭ᠎ᠠ ᠡᠭᠦᠷᠭᠡᠯᠡᠬᠦ᠂ ᠨᠡᠶᠢᠭᠡᠮ ᠳᠠᠶᠠᠭᠠᠷ ᠣᠷᠣᠯᠴᠠᠬᠤ︾ ᠶᠡᠭᠡ ᠶᠠᠰᠤ ᠴᠢᠨᠠᠷ ᠤᠨ ᠠᠵᠢᠯ | ᠤᠨ ᠪᠠᠶᠢᠷᠢᠰᠢᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ | ᠶᠠᠰᠤ ᠴᠢᠨᠠᠷ ᠢᠶᠠᠷ ᠬᠤᠰᠢᠭᠤ ᠪᠠᠨ ᠬᠦᠴᠦᠷᠬᠡᠭᠵᠢᠭᠦᠯᠬᠦ ᠠᠵᠢᠯ ᠤᠨ ᠡᠯ᠎ᠡ ᠲᠠᠯ᠎ᠠ᠂ ᠪᠥᠬᠦ ᠶᠠᠪᠤᠴᠠ ᠳᠤ | ᠲᠤᠭᠤᠰᠢᠯᠠᠭᠤᠯᠤᠨ᠎ᠠ᠃ ᠶᠠᠰᠤ ᠴᠢᠨᠠᠷ ᠤᠨ ᠠᠵᠢᠯ ᠤᠨ ᠵᠣᠬᠢᠴᠠᠭᠤᠯᠬᠤ ᠲᠣᠭᠲᠠᠴᠠ ᠶᠢᠨ ᠦᠶᠯᠡᠳᠦᠯ ᠢ ᠭᠦᠶᠴᠡᠳ | ᠪᠠᠳᠠᠷᠠᠭᠤᠯᠵᠤ᠂ ᠠᠵᠢᠯ ᠲᠥᠷᠥᠯ ᠰᠠᠯᠠᠭ᠎ᠠ ᠮᠥᠴᠢᠷ ᠤᠨ ᠬᠦᠴᠦᠨ ᠢ ᠨᠢᠭᠲᠠᠷᠠᠭᠤᠯᠤᠨ᠂ ᠶᠠᠰᠤ ᠴᠢᠨᠠᠷ ᠢ | ᠳᠡᠭᠡᠭᠰᠢᠯᠡᠭᠦᠯᠬᠦ ᠠᠵᠢᠯᠯᠠᠭ᠎ᠠ᠂ ᠶᠠᠰᠤ ᠴᠢᠨᠠᠷ ᠤᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ᠂ ᠶᠠᠰᠤ | ᠴᠢᠨᠠᠷ ᠤᠨ ᠠᠮᠤᠷ ᠲᠦᠪᠰᠢᠨ ᠤ ᠬᠢᠨᠠᠨ ᠬᠠᠮᠢᠶᠠᠷᠤᠯᠲᠠ᠂ ᠶᠠᠰᠤ ᠴᠢᠨᠠᠷ ᠤᠨ ᠬᠢᠨᠠᠨ ᠰᠢᠯᠭᠠᠯᠲᠠ ᠵᠡᠷᠭᠡ ᠶᠠᠰᠤ ᠴᠢᠨᠠᠷ | ᠢᠶᠠᠷ ᠬᠤᠰᠢᠭᠤ ᠪᠠᠨ ᠬᠦᠴᠦᠷᠬᠡᠭᠵᠢᠭᠦᠯᠬᠦ ᠭᠤᠤᠯᠳᠠᠯᠭ᠎ᠠ ᠲᠠᠢ ᠠᠵᠢᠯ ᠢ ᠨᠢᠭᠡᠳᠦᠯᠲᠡᠶ ᠲᠥᠯᠥᠪᠵᠢᠭᠦᠯᠦᠨ | ᠠᠬᠢᠭᠤᠯᠤᠨ᠎ᠠ᠃ ︵ᠬᠠᠷᠢᠭᠤᠴᠠᠬᠤ ᠨᠢᠭᠡᠴᠢ᠄ ᠬᠤᠰᠢᠭᠤᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ | ᠨᠢᠭᠡᠴᠢ︶ | ︵ᠬᠤᠶᠠᠷ︶ ᠦᠵᠦ ᠲᠥᠯᠥᠪᠯᠡᠭᠡ ᠶᠢ ᠴᠢᠩᠭᠠᠳᠬᠠᠨ᠎ᠠ᠃ ᠪᠥᠬᠦ ᠬᠤᠰᠢᠭᠤᠨ ᠤ ᠶᠠᠰᠤ ᠴᠢᠨᠠᠷ ᠤᠨ ᠠᠵᠢᠯ | ᠤᠨ ᠬᠤᠷᠠᠯ ᠢ ᠬᠤᠷᠠᠯᠳᠤᠭᠤᠯᠵᠤ᠂ 2023 ᠣᠨ ᠤ ᠪᠥᠬᠦ ᠬᠤᠰᠢᠭᠤᠨ ᠤ ᠶᠠᠰᠤ ᠴᠢᠨᠠᠷ ᠤᠨ ᠠᠵᠢᠯ ᠢ ᠪᠥᠬᠦ ᠲᠠᠯ᠎ᠠ | ᠪᠠᠷ ᠳ᠋ᠦᠩᠨᠡᠨ᠂ 2024 ᠣᠨ ᠤ ᠭᠤᠤᠯᠳᠠᠯᠭ᠎ᠠ ᠲᠠᠢ ᠠᠵᠢᠯ ᠢ ᠰᠢᠰᠲ᠋ᠧᠮ ᠲᠠᠢ ᠪᠠᠶᠢᠷᠢᠯᠠᠭᠤᠯᠵᠤ᠂ ᠶᠠᠰᠤ ᠴᠢᠨᠠᠷ | ᠢᠶᠠᠷ ᠬᠤᠰᠢᠭᠤ ᠪᠠᠨ ᠬᠦᠴᠦᠷᠬᠡᠭᠵᠢᠭᠦᠯᠬᠦ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ︽ᠶᠠᠰᠤ ᠴᠢᠨᠠᠷ ᠢᠶᠠᠷ | ᠬᠤᠲᠠ ᠪᠠᠨ ᠬᠦᠴᠦᠷᠬᠡᠭᠵᠢᠭᠦᠯᠬᠦ ᠪᠥᠲᠥᠭᠡᠨ ᠪᠠᠶᠢᠭᠤᠯᠤᠯᠲᠠ ᠶᠢᠨ ᠬᠥᠲᠥᠯᠪᠦᠷᠢ︾᠂ ︽ᠲᠦᠩᠯᠢᠶᠣᠤ ᠬᠤᠲᠠ ᠶᠢᠨ | ᠦᠶᠯᠡᠳᠬᠦᠨ᠂ ᠢᠨᠵᠧᠨᠧᠷᠢᠩ ᠪᠠ ᠦᠶᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭᠠᠨ ᠤ ᠲᠥᠰᠦᠯ ︵ | 2023 — 2025 ᠣᠨ︶︾ ᠢ ᠪᠣᠳᠠᠲᠠᠶ ᠨᠠᠷᠢᠯᠢᠭ ᠨᠠᠶᠢᠳᠠᠪᠤᠷᠢᠵᠢᠭᠤᠯᠵᠤ᠂ ︽ᠨᠠᠶᠮᠠᠨ ᠬᠤᠰᠢᠭᠤᠨ ᠤ ᠶᠠᠰᠤ | ᠴᠢᠨᠠᠷ ᠢᠶᠠᠷ ᠬᠤᠰᠢᠭᠤ ᠪᠠᠨ ᠬᠦᠴᠦᠷᠬᠡᠭᠵᠢᠭᠦᠯᠬᠦ ᠪᠥᠲᠥᠭᠡᠨ ᠪᠠᠶᠢᠭᠤᠯᠤᠯᠲᠠ ᠶᠢᠨ ᠬᠥᠲᠥᠯᠪᠦᠷᠢ︾᠂ ︽ᠨᠠᠶᠮᠠᠨ | ᠬᠤᠰᠢᠭᠤᠨ ᠤ ᠦᠶᠯᠡᠳᠬᠦᠨ᠂ ᠢᠨᠵᠧᠨᠧᠷᠢᠩ ᠪᠠ ᠦᠶᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭᠠᠨ ᠤ | ᠲᠥᠰᠦᠯ ︵2023 —2025 ᠣᠨ︶︾ ᠢ ᠲᠤᠭᠲᠠᠭᠠᠨ᠎ᠠ᠃ ︵ᠬᠠᠷᠢᠭᠤᠴᠠᠬᠤ ᠨᠢᠭᠡᠴᠢ᠄ ᠬᠤᠰᠢᠭᠤᠨ | ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠨᠢᠭᠡᠴᠢ︶ | ︵ᠭᠤᠷᠪᠠ︶ ᠶᠠᠰᠤ ᠴᠢᠨᠠᠷ ᠤᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠨ᠎ᠠ᠃ ᠮᠥᠩᠭᠦᠨ | ᠭᠦᠶᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠣᠭᠤᠳᠴᠤ ᠪᠠᠶᠢᠭᠠᠳ ᠠᠷᠠᠳ ᠠᠴᠠ ᠡᠵᠡᠩᠨᠡᠭᠰᠡᠨ ᠪᠠ ᠵᠢᠵᠢᠭ | ᠪᠢᠴᠢᠯ ᠠᠵᠤ ᠠᠬᠤᠶᠢᠯᠠᠯ ᠤᠨ ᠦᠶᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠭᠦᠨᠵᠡᠭᠡᠶ | ᠥᠷᠨᠢᠭᠦᠯᠵᠦ᠂ ᠳᠠᠨᠵᠢᠯᠠᠬᠤ ᠪᠠᠯᠠ ᠲᠣᠬᠢᠷᠠᠭᠤᠯᠭ᠎ᠠ ᠶᠢᠨ ᠲᠤᠬᠠᠶᠢᠯᠠᠭᠰᠠᠨ ᠠᠵᠢᠯ ᠤᠨ ᠬᠡᠮᠵᠢᠶ᠎ᠡ ᠶᠢ ᠨᠡᠮᠡᠭᠳᠡᠭᠦᠯᠦᠨ | ᠬᠡᠪᠴᠢᠶ᠎ᠡ ᠶᠢ ᠥᠷᠭᠡᠳᠬᠡᠬᠦ ᠶᠢ ᠠᠬᠢᠭᠤᠯᠤᠨ᠎ᠠ᠃ ᠮᠥᠩᠭᠦᠨ ᠭᠦᠶᠯᠭᠡᠭᠡᠨ ᠤ ᠪᠠᠶᠢᠭᠤᠯᠤᠮᠵᠢ ᠶᠢ ᠦᠷᠭᠦᠯᠵᠢᠯᠡᠨ | ᠬᠥᠲᠥᠯᠥᠨ ᠵᠢᠯᠣᠭᠤᠳᠴᠤ ᠪᠠᠶᠢᠭᠠᠳ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ᠂ ᠪᠠᠭ᠎ᠠ ᠵᠢᠵᠢᠭ ᠠᠵᠤ | ᠠᠬᠤᠶᠢᠯᠠᠯ ᠵᠢᠴᠢ ᠪᠣᠬᠢᠷᠲᠤᠯ ᠥᠬᠡᠶ ᠳᠣᠤᠷ᠎ᠠ ᠨᠡᠭᠦᠷᠡᠰᠦᠲᠥ᠋ᠷᠥᠭᠴᠢᠲᠦ ᠬᠡᠯᠪᠡᠷᠢ ᠲᠡᠶᠢᠰᠢ ᠰᠢᠯᠵᠢᠬᠦ ᠡᠷᠴᠢᠮ ᠢ | ᠴᠢᠩᠭᠠᠷᠠᠭᠤᠯᠵᠤ᠂ ᠨᠡᠶᠢᠳᠡᠮ ᠠᠰᠢᠭ ᠬᠦᠷᠲᠡᠭᠡᠬᠦ ᠭᠤᠤᠯᠳᠠᠯᠭ᠎ᠠ ᠲᠠᠢ ᠬᠦᠷᠢᠶᠡᠨ ᠳᠠᠬᠢ ᠮᠥᠩᠭᠦᠨ ᠭᠦᠶᠯᠭᠡᠭᠡᠨ ᠤ | ᠳᠡᠮᠵᠢᠯᠭᠡ ᠶᠢ ᠴᠢᠩᠭᠠᠳᠬᠠᠨ᠎ᠠ ᠃ ︵ᠬᠠᠷᠢᠭᠤᠴᠠᠬᠤ ᠨᠢᠭᠡᠴᠢ᠄ ᠤᠯᠤᠰ ᠤᠨ ᠮᠥᠩᠭᠦᠨ ᠭᠦᠢᠯᠭᠡᠭᠡᠨ ᠤ ᠬᠢᠨᠠᠨ | ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠨᠠᠢᠮᠠᠨ ᠬᠤᠰᠢᠭᠤᠨ ᠤ ᠬᠢᠨᠠᠨ ᠬᠠᠮᠢᠶᠠᠷᠤᠯᠲᠠ ᠶᠢᠨ ᠰᠠᠯᠪᠤᠷᠢ | ᠲᠣᠪᠴᠢᠶ᠎ᠠ︶ | ︵ᠳᠥᠷᠪᠡ︶ ᠶᠠᠰᠤ ᠴᠢᠨᠠᠷ ᠤᠨ ᠠᠵᠢᠯ ᠤᠨ ᠰᠢᠯᠭᠠᠨ ᠬᠢᠨᠠᠬᠤ ᠶᠢ ᠭᠦᠨᠵᠡᠭᠡᠶᠢᠷᠡᠭᠦᠯᠦᠨ᠎ᠡ ᠃ ᠬᠤᠰᠢᠭᠤᠨ ᠤ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠶᠡᠷᠦᠩᠬᠡᠶᠢᠯᠡᠨ ᠠᠳᠬᠤᠬᠤ ᠦᠶᠯᠡᠳᠦᠯ ᠢ | ᠪᠠᠳᠠᠷᠠᠭᠤᠯᠵᠤ᠂ ᠪᠥᠬᠦ ᠬᠤᠰᠢᠭᠤᠨ ᠤ ᠣᠶᠢᠷ᠎ᠠ ᠶᠢᠨ ᠵᠢᠯ ᠤᠨ ᠲᠤᠷᠰᠢᠬᠢ ᠶᠠᠰᠤ ᠴᠢᠨᠠᠷ ᠢᠶᠠᠷ ᠬᠤᠰᠢᠭᠤ ᠪᠠᠨ | ᠬᠦᠴᠦᠷᠬᠡᠭᠵᠢᠭᠦᠯᠬᠦ ᠶᠢ ᠠᠬᠢᠭᠤᠯᠬᠤ ᠠᠵᠢᠯ ᠤᠨ ᠳᠤᠮᠳᠠ ᠬᠤᠷᠠᠮᠳᠤᠭᠤᠯᠤᠭᠰᠠᠨ ᠨᠡᠶᠢᠲᠡᠯᠢᠭ ᠲᠤᠷᠰᠢᠯᠭ᠎ᠠ ᠪᠠ ᠠᠷᠭ᠎ᠠ | ᠬᠢᠳᠡᠯ ᠢ ᠨᠠᠷᠢᠨ ᠬᠢᠨᠠᠮᠠᠭᠠᠶ ᠳ᠋ᠦᠩᠨᠡᠵᠦ᠂ 2023 ᠣᠨ ᠤ ᠲᠦᠩᠯᠢᠶᠣᠤ ᠬᠤᠲᠠ ᠶᠢᠨ ᠰᠢᠯᠭᠠᠨ ᠬᠢᠨᠠᠵᠤ ᠬᠠᠷᠢᠭᠤ | ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ᠂ ᠲᠦᠩᠯᠢᠶᠣᠤ ᠬᠤᠲᠠ ᠶᠢᠨ 2024 | ᠣᠨ ᠤ ᠶᠠᠰᠤ ᠴᠢᠨᠠᠷ ᠢ ᠰᠢᠯᠭᠠᠨ ᠬᠢᠨᠠᠬᠤ ᠠᠵᠢᠯ ᠢ ᠢᠳᠡᠪᠬᠢᠲᠡᠶ ᠰᠠᠶᠢᠲᠤᠷ ᠬᠢᠵᠦ᠂ ᠡᠯ᠎ᠡ ᠵᠦᠶᠯ ᠤᠨ ᠰᠢᠮᠳᠠᠭᠤᠯᠤᠨ | ᠪᠠᠶᠢᠴᠠᠭᠠᠵᠤ ᠰᠢᠯᠭᠠᠨ ᠬᠢᠨᠠᠬᠤ ᠭᠦᠶᠴᠡᠳᠬᠡᠯ ᠲᠤᠭ᠎ᠠ ᠶᠢᠨ ᠬᠢᠷᠢ ᠪᠦᠲᠦᠮᠵᠢ ᠶᠢ ᠲᠣᠭᠲᠠᠭᠤᠨ ᠢᠶᠠᠷ ᠳᠡᠭᠡᠭᠰᠢᠯᠡᠭᠦᠯᠬᠦ | ᠪᠠᠷ ᠴᠢᠷᠮᠠᠶᠢᠨ᠎ᠠ᠃ ︵ᠬᠠᠷᠢᠭᠤᠴᠠᠬᠤ ᠨᠢᠭᠡᠴᠢ᠄ ᠬᠤᠰᠢᠭᠤᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ | ᠨᠢᠭᠡᠴᠢ︶ | ︵ᠲᠠᠪᠤ︶ ᠶᠠᠰᠤ ᠴᠢᠨᠠᠷ ᠢ ᠨᠡᠶᠢᠭᠡᠮ ᠢᠶᠠᠷ ᠢᠶᠠᠨ ᠬᠠᠮᠲᠤᠪᠠᠷ ᠵᠠᠰᠠᠬᠤ ᠶᠢ ᠠᠬᠢᠭᠤᠯᠤᠨ᠎ᠠ᠃ ︽ᠶᠠᠰᠤ ᠴᠢᠨᠠᠷ | ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠭᠤᠯᠤᠯᠲᠠ ᠶᠢᠨ ᠬᠥᠲᠥᠯᠪᠦᠷᠢ︾᠂ ︽ᠶᠠᠰᠤ ᠴᠢᠨᠠᠷ ᠢᠶᠠᠷ ᠬᠤᠲᠠ ᠪᠠᠨ | ᠬᠦᠴᠦᠷᠬᠡᠭᠵᠢᠭᠦᠯᠬᠦ ᠪᠠᠶᠢᠭᠤᠯᠤᠯᠲᠠ ᠶᠢᠨ ᠬᠥᠲᠥᠯᠪᠦᠷᠢ︾ ᠶᠢ ᠤᠬᠠᠭᠤᠯᠤᠨ ᠲᠤᠭᠤᠰᠢᠯᠠᠭᠤᠯᠬᠤ ᠡᠷᠴᠢᠮ ᠢᠶᠠᠨ | ᠴᠢᠩᠭᠠᠷᠠᠭᠤᠯᠵᠤ᠂ ᠶᠠᠰᠤ ᠴᠢᠨᠠᠷ ᠤᠨ ᠠᠵᠢᠯ ᠤᠨ ᠲᠥᠷᠥ ᠶᠢᠨ ᠪᠣᠳᠣᠯᠭ᠎ᠠ ᠶᠢ ᠤᠩᠰᠢᠨ ᠲᠠᠶᠢᠯᠪᠤᠷᠢᠯᠠᠬᠤ ᠪᠠ | ᠤᠬᠠᠭᠤᠯᠤᠨ ᠳᠠᠶᠢᠴᠢᠯᠠᠬᠤ ᠶᠢ ᠭᠦᠨᠵᠡᠭᠡᠶ ᠥᠷᠨᠢᠭᠦᠯᠦᠨ᠎ᠡ᠃ ︽ᠪᠥᠬᠦ ᠤᠯᠤᠰ ᠤᠨ ᠶᠠᠰᠤ ᠴᠢᠨᠠᠷ ᠤᠨ ᠰᠠᠷ᠎ᠠ | ᠳᠤᠮᠳᠠᠳᠤ ᠤᠯᠤᠰ ᠤᠨ ᠨᠠᠷᠠᠲᠤ ᠲᠥᠷᠥᠯ ᠲᠡᠮᠳᠡᠭᠲᠦ ᠶᠢᠨ ᠡᠳᠦᠷ︾ ︽ᠳᠡᠯᠡᠬᠡᠶ ᠶᠢᠨ ᠪᠠᠷᠢᠮᠵᠢᠶᠠᠲᠤ ᠡᠳᠦᠷ ᠤᠨ ︿ | ᠳᠡᠯᠡᠬᠡᠶ ᠶᠢᠨ ᠬᠡᠮᠵᠢᠯᠲᠡ ᠶᠢᠨ ᠡᠳᠦᠷ﹀︾ ᠵᠡᠷᠭᠡ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠶᠠᠰᠤ ᠴᠢᠨᠠᠷ ᠢ | ᠪᠠᠶᠢᠭᠤᠯᠭ᠎ᠠ ᠳᠤ ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ᠂ ᠰᠤᠷᠭᠠᠭᠤᠯᠢ ᠳᠤ ᠣᠷᠣᠭᠤᠯᠬᠤ᠂ ᠨᠡᠶᠢᠭᠡᠮ | ᠲᠣᠭᠤᠷᠢᠭ ᠲᠤ ᠣᠷᠣᠭᠤᠯᠬᠤ᠂ ᠰᠢᠶᠠᠩ ᠪᠠᠯᠭᠠᠰᠤᠨ ᠳᠤ ᠣᠷᠣᠭᠤᠯᠬᠤ ᠶᠢ ᠠᠬᠢᠭᠤᠯᠵᠤ᠂ ᠪᠥᠬᠦ ᠠᠷᠠᠳ ᠤᠨ ᠶᠠᠰᠤ | ᠴᠢᠨᠠᠷ ᠤᠨ ᠦᠵᠡᠯ ᠤᠬᠠᠮᠰᠠᠷ ᠪᠠ ᠶᠠᠰᠤ ᠴᠢᠨᠠᠷ ᠤᠨ ᠬᠡᠪ ᠪᠣᠯᠪᠠᠰᠤᠷᠠᠯ ᠢ ᠴᠢᠷᠮᠠᠶᠢᠨ ᠳᠡᠭᠡᠭᠰᠢᠯᠡᠭᠦᠯᠵᠦ᠂ ︽ᠶᠠᠰᠤ | ᠴᠢᠨᠠᠷ ᠢᠶᠠᠷ ᠠᠮᠢ ᠨᠠᠰᠤ ᠪᠣᠯᠭᠠᠵᠤ᠂ ᠶᠠᠰᠤ ᠴᠢᠨᠠᠷ ᠢᠶᠠᠷ ᠬᠥᠭᠡᠭᠡᠴᠡᠯᠳᠦᠯ ᠪᠣᠯᠭᠠᠬᠤ︾ ᠭᠦᠨ ᠵᠤᠵᠠᠭᠠᠨ ᠨᠡᠶᠢᠭᠡᠮ ᠤᠨ | ᠠᠭᠤᠷ ᠠᠮᠢᠰᠬᠤᠯ ᠢ ᠪᠣᠶ ᠪᠣᠯᠭᠠᠨ᠎ᠠ ᠃ ︽ᠳᠡᠯᠡᠬᠡᠢ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠡᠳᠦᠷ︾᠂ ︽ | ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠡᠳᠦᠷ︾ ᠵᠡᠷᠭᠡ ᠴᠢᠬᠤᠯᠠ ᠭᠤᠭᠴᠤᠭ᠎ᠠ ᠳᠤ ᠠᠩᠬᠠᠷᠤᠯ ᠢᠶᠠᠨ | ᠲᠥᠪᠯᠡᠷᠡᠭᠦᠯᠵᠦ᠂ ᠪᠦᠬᠦ ᠬᠤᠰᠢᠭᠤᠨ ᠤ ᠪᠠᠶᠢᠴᠠᠭᠠᠬᠤ ᠪᠠᠶᠢᠭᠤᠯᠭ᠎ᠠ ᠪᠠᠶᠢᠴᠠᠭᠠᠬᠤ ᠠᠵᠢᠯ ᠤᠨ ᠨᠡᠭᠡᠭᠡᠯᠲᠡᠲᠦ ᠡᠳᠦᠷ ᠢ | ᠵᠣᠬᠢᠶᠠᠨ ᠪᠠᠶᠢᠭᠤᠯᠬᠤ᠂ ᠨᠡᠶᠢᠲᠡᠯᠢᠭ ᠬᠡᠷᠡᠭ ᠤᠨ ᠵᠢᠱᠢᠶ᠎ᠡ ᠶᠢ ᠲᠣᠭᠲᠠᠭᠠᠨ ᠲᠠᠷᠬᠠᠭᠠᠬᠤ᠂ ᠬᠠᠤᠯᠢ ᠲᠦᠭᠡᠮᠡᠯᠵᠢᠭᠦᠯᠬᠦ | ᠤᠬᠠᠭᠤᠯᠭ᠎ᠠ ᠶᠢᠨ ᠹᠢᠯᠢᠮ ᠢ ᠨᠡᠶᠢᠲᠡᠯᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠬᠠᠤᠯᠢᠵᠢᠭᠰᠠᠨ ᠬᠤᠳᠠᠯᠳᠤᠭ᠎ᠠ | ᠡᠷᠬᠢᠯᠡᠬᠦ ᠣᠷᠴᠢᠨ ᠨᠥᠬᠦᠴᠡᠯ ᠢ ᠢᠳᠡᠪᠬᠢᠲᠡᠢ ᠪᠤᠢ ᠪᠤᠯᠭᠠᠨ᠎ᠠ᠃ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ | ᠶᠠᠰᠤ ᠴᠢᠨᠠᠷ ᠤᠨ ᠬᠦᠰᠡᠯ ᠱᠠᠭᠠᠷᠳᠠᠯᠭ᠎ᠠ ᠶᠢᠨ ᠲᠣᠭᠤᠷᠢᠨ ᠳᠤ᠂ ᠣᠯᠠᠨ ᠲᠦᠮᠡᠨ ᠢ ᠬᠠᠪᠰᠤᠷᠤᠨ ᠪᠣᠳᠠᠲᠠᠶ | ᠠᠰᠠᠭᠤᠳᠠᠯ ᠢ ᠨᠢ ᠰᠢᠶᠳᠪᠦᠷᠢᠯᠡᠵᠦ᠂ ᠣᠯᠠᠨ ᠲᠦᠮᠡᠨ ᠤ ᠶᠠᠰᠤ ᠴᠢᠨᠠᠷ ᠤᠨ ᠬᠦᠷᠲᠡᠮᠵᠢ ᠶᠢᠨ ᠲᠥᠷᠥᠭᠳᠡᠯ ᠢ | ᠦᠨᠡᠨᠬᠦ ᠳᠡᠭᠡᠭᠰᠢᠯᠡᠭᠦᠯᠦᠨ᠎ᠡ᠃ ︵ᠬᠠᠷᠢᠭᠤᠴᠠᠬᠤ ᠨᠢᠭᠡᠴᠢ᠄ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ | ᠬᠡᠯᠲᠡᠰ᠂ ᠬᠤᠰᠢᠭᠤᠨ ᠤ ᠪᠠᠶᠢᠴᠠᠭᠠᠬᠤ ᠬᠤᠷᠢᠶ᠎ᠠ᠂ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠥᠬᠦᠶ ᠨᠢᠭᠡᠴᠢ | ︶ | ᠬᠤᠶᠠᠷ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠶᠠᠰᠤ ᠴᠢᠨᠠᠷ ᠤᠨ | ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ | ︵ᠵᠢᠷᠭᠤᠭ᠎ᠠ︶ ᠭᠤᠤᠯᠳᠠᠯᠭ᠎ᠠ ᠲᠠᠢ ᠠᠵᠤ ᠦᠶᠯᠡᠰ ᠤᠨ ᠬᠥᠭᠵᠢᠯᠲᠡ ᠶᠢ ᠳᠡᠮᠵᠢᠨ᠎ᠡ᠃ ᠬᠢᠲᠠᠳ ᠡᠮ ᠡᠮᠨᠡᠯᠭᠡ | ︵ᠮᠣᠩᠭᠤᠯ ᠡᠮ ᠡᠮᠨᠡᠯᠭᠡ︶ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠢᠨᠵᠧᠨᠧᠷᠢᠩ ᠤᠨ ᠪᠠᠶᠢᠭᠤᠯᠤᠯᠲᠠ | ᠶᠢ ᠦᠷᠭᠦᠯᠵᠢᠯᠡᠨ ᠴᠢᠩᠭᠠᠳᠬᠠᠵᠤ᠂ ᠰᠢᠶᠠᠨ ᠤ ᠬᠡᠪᠴᠢᠶᠡᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ | ᠶᠢᠨ ᠲᠣᠬᠢᠷᠠᠮᠵᠢᠲᠠᠶ ᠮᠡᠷᠭᠡᠵᠢᠯ ᠢ ᠳᠡᠯᠭᠡᠷᠡᠭᠦᠯᠬᠦ ᠲᠥᠪ ᠤᠨ ᠪᠠᠶᠢᠭᠤᠯᠤᠯᠲᠠ ᠶᠢ ᠠᠬᠢᠭᠤᠯᠤᠨ᠂ ᠬᠢᠲᠠᠳ ᠡᠮ ᠡᠮᠨᠡᠯᠭᠡ | ︵ᠮᠣᠩᠭᠤᠯ ᠡᠮ ᠡᠮᠨᠡᠯᠭᠡ︶ ᠶᠢᠨ ᠦᠶᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠦᠯᠵᠢᠶᠡᠨ ᠤ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ 5G ᠰᠠᠭᠤᠷᠢ ᠥᠷᠲᠡᠭᠡ ᠶᠢ 12 ᠰᠢᠨ᠎ᠡ | ᠪᠠᠷ ᠪᠠᠶᠢᠭᠤᠯᠤᠨ᠎ᠠ᠃ ᠬᠥᠲᠥᠴᠢ ᠠᠵᠤ ᠠᠬᠤᠶᠢᠯᠠᠯ ᠤᠨ ᠲᠤᠰᠬᠠᠶ ᠠᠵᠢᠯ ᠤᠨ ᠬᠡᠯᠪᠡᠷᠢ ᠶᠢᠨ᠂ ᠠᠵᠢᠯ ᠲᠥᠷᠥᠯ ᠤᠨ | ᠬᠡᠯᠪᠡᠷᠢ ᠶᠢᠨ᠂ ᠶᠡᠷᠦᠩᠬᠡᠶᠢᠯᠡᠭᠰᠡᠨ ᠬᠡᠯᠪᠡᠷᠢ ᠶᠢᠨ ᠠᠵᠤ ᠦᠶᠯᠡᠳᠪᠦᠷᠢ ᠶᠢᠨ ᠢᠨᠲ᠋ᠧᠷ ᠰᠦᠯᠵᠢᠶ᠎ᠡ ᠶᠢᠨ ᠲᠠᠪᠴᠠᠩ | ᠪᠠᠶᠢᠭᠤᠯᠬᠤ ᠶᠢ ᠵᠣᠷᠢᠭᠵᠢᠭᠤᠯᠤᠨ᠎ᠠ᠃ ᠦᠢᠯᠡᠳᠬᠦ ᠦᠢᠯᠡᠰ ᠤᠨ ᠲᠣᠭᠠᠴᠢᠯᠠᠭᠰᠠᠨ ᠬᠡᠯᠪᠡᠷᠢ ᠪᠠᠨ ᠬᠤᠪᠢᠷᠠᠭᠤᠯᠬᠤ | ᠲᠤᠷᠰᠢᠯᠲᠠ ᠪᠠ ᠲᠣᠭᠠᠴᠢᠯᠠᠭᠰᠠᠨ ᠬᠡᠯᠪᠡᠷᠢ ᠪᠠᠨ ᠬᠤᠪᠢᠷᠠᠭᠤᠯᠤᠭᠰᠠᠨ ᠬᠡᠪ ᠳᠠᠭᠤᠷᠢᠶᠠᠯ ᠠᠵᠤ ᠠᠬᠤᠶᠢᠯᠠᠯ ᠢ | ᠪᠣᠶᠢᠵᠢᠭᠤᠯᠵᠤ᠂ ᠦᠢᠯᠡᠳᠬᠦ ᠦᠢᠯᠡᠰ ᠤᠨ ᠲᠣᠭᠠᠴᠢᠯᠠᠭᠰᠠᠨ᠂ ᠤᠶᠤᠨᠴᠢᠯᠠᠬᠰᠠᠨ ᠬᠥᠭᠵᠢᠯᠲᠡ ᠶᠢ ᠦᠷᠭᠦᠯᠵᠢᠯᠡᠨ | ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠲᠡᠮᠦᠷ ᠤᠨ ᠬᠠᠶᠢᠯᠤᠰᠢ ᠶᠢᠨ ᠴᠢᠨᠠᠷ ᠰᠠᠶᠢᠲᠠᠶ ᠬᠥᠭᠵᠢᠯᠲᠡ ᠶᠢᠨ | ᠲᠤᠬᠠᠶ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠨᠢᠺᠧᠯ ᠰᠠᠭᠤᠷᠢ ᠬᠠᠶᠢᠯᠤᠰᠢ ᠰᠢᠨ᠎ᠡ ᠮᠠᠲ᠋ᠧᠷᠢᠶᠠᠯ ᠤᠨ ᠠᠵᠤ | ᠦᠶᠯᠡᠰ ᠢ ᠵᠢᠪᠡᠷᠡᠬᠦ ᠥᠬᠡᠶ ᠪᠣᠯᠣᠳ ᠦᠶᠯᠡᠳᠬᠦᠨ ᠳᠠᠰᠢ ᠥᠷᠭᠡᠳᠬᠡᠬᠦ ᠶᠢ ᠠᠬᠢᠭᠤᠯᠤᠨ᠎ᠠ᠃ ᠠᠵᠤ ᠦᠢᠯᠡᠳᠪᠦᠷᠢ | ᠶᠢᠨ ᠡᠨᠧᠷᠭᠢ ᠠᠷᠪᠢᠯᠠᠬᠤ ᠲᠤᠰᠬᠠᠢ ᠬᠢᠨᠠᠨ ᠪᠠᠶᠢᠴᠠᠭᠠᠯᠲᠠ ᠶᠢ ᠬᠡᠷᠡᠭᠵᠢᠭᠦᠯᠵᠦ᠂ ᠠᠵᠤ ᠠᠬᠤᠶᠢᠯᠠᠯ ᠤᠨ ᠡᠨᠧᠷᠭᠢ ᠶᠢᠨ | ᠠᠰᠢᠭᠯᠠᠮᠵᠢ ᠶᠢ ᠳᠡᠭᠡᠭᠰᠢᠯᠡᠭᠦᠯᠦᠨ᠎ᠡ᠃ ︽ᠡᠨᠧᠷᠭᠢ ᠶᠢᠨ ᠠᠰᠢᠭᠯᠠᠮᠵᠢ ᠶᠢᠨ ᠳᠠᠭᠠᠭᠤᠯᠤᠭᠴᠢ︾᠂ ︽ᠤᠰᠤᠨ ᠤ | ᠠᠰᠢᠭᠯᠠᠮᠵᠢ ᠶᠢᠨ ᠳᠠᠭᠠᠭᠤᠯᠤᠭᠴᠢ︾ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠦᠨ᠎ᠡ᠃ ᠪᠣᠬᠢᠷᠲᠤᠯ ᠥᠬᠡᠶ | ᠬᠦᠷᠢᠶᠡᠯᠡᠩ ᠲᠣᠭᠤᠷᠢᠭ᠂ ᠪᠣᠬᠢᠷᠲᠤᠯ ᠥᠬᠡᠶ ᠦᠶᠯᠡᠳᠪᠦᠷᠢ ᠶᠢ ᠡᠭᠦᠳᠦᠨ ᠪᠠᠶᠢᠭᠤᠯᠤᠨ᠎ᠠ᠃ ᠭᠤᠤᠯᠳᠠᠯᠭ᠎ᠠ ᠲᠠᠢ | ᠬᠦᠷᠢᠶᠡᠨ ᠤ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠬᠦ᠂ ᠤᠯᠤᠰ ᠤᠨ ᠥᠮᠴᠢᠯᠡᠯ ᠤᠨ ᠡᠳ᠋ | ᠬᠥᠷᠥᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ︽ᠪᠦᠰᠡᠯᠡᠯᠲᠡ ᠶᠢ ᠰᠢᠪᠲᠤᠯᠬᠤ︾ ᠲᠤᠰᠬᠠᠶ | ᠠᠵᠢᠯᠯᠠᠭ᠎ᠠ ᠶᠢ ᠥᠷᠨᠢᠭᠦᠯᠵᠦ᠂ ᠤᠯᠤᠰ ᠤᠨ ᠥᠮᠴᠢᠯᠡᠯ ᠤᠨ ᠬᠥᠷᠥᠩᠭᠡ ᠶᠢ ᠴᠢᠬᠤᠯᠠ ᠠᠵᠢᠯ ᠲᠥᠷᠥᠯ᠂ | ᠵᠠᠩᠭᠢᠯᠠᠭ᠎ᠠ ᠶᠢᠨ ᠬᠦᠷᠢᠶ᠎ᠡ ᠪᠠ ᠳᠠᠪᠠᠭᠤᠯᠢᠭ ᠠᠵᠤ ᠠᠬᠤᠶᠢᠯᠠᠯ ᠳᠤ ᠲᠥᠪᠯᠡᠷᠡᠭᠦᠯᠬᠦ ᠶᠢ ᠠᠬᠢᠭᠤᠯᠤᠨ᠎ᠠ᠃ ᠬᠤᠲᠠ | ᠬᠥᠳᠡᠭᠡ ᠶᠢᠨ ᠲᠥᠪᠯᠡᠷᠡᠩᠭᠦᠶ ᠢᠯᠴᠢ ᠬᠠᠩᠭᠠᠬᠤ ᠬᠦᠷᠢᠶ᠎ᠡ ᠴᠠᠷᠠᠭ᠎ᠠ ᠶᠢ ᠡᠮᠬᠢᠯᠡᠨ ᠨᠡᠶᠢᠯᠡᠭᠦᠯᠵᠦ ᠳᠠᠬᠢᠨ ᠪᠠᠶᠢᠭᠤᠯᠬᠤ | ᠶᠢ ᠭᠤᠤᠯᠳᠠᠯᠭ᠎ᠠ ᠲᠠᠢ ᠠᠬᠢᠭᠤᠯᠵᠤ᠂ ᠲᠠᠷᠬᠠᠮᠠᠯ ᠮᠠᠶ᠋ᠢᠭ ᠤᠨ ᠬᠡᠷᠡᠯ ᠴᠡᠨᠡᠭ ᠤᠨ ᠣᠷᠣᠨ ᠵᠠᠶ ᠶᠢᠨ ᠡᠬᠢ ᠪᠠᠶᠠᠯᠢᠭ᠂ | ᠣᠶᠤᠨᠴᠢ ᠴᠠᠬᠢᠯᠭᠠᠨ ᠴᠡᠨᠡᠭᠯᠡᠬᠦ ᠱᠣᠩ ᠵᠡᠷᠭᠡ ᠡᠬᠢ ᠪᠠᠶᠠᠯᠢᠭ ᠢ ᠤᠯᠤᠰ ᠤᠨ ᠥᠮᠴᠢᠯᠡᠯᠲᠦ ᠠᠵᠤ ᠠᠬᠤᠶᠢᠯᠠᠯ ᠳᠤ | ᠡᠷᠬᠡ ᠣᠯᠭᠤᠨ ᠨᠡᠭᠡᠭᠡᠨ ᠬᠥᠭᠵᠢᠭᠦᠯᠵᠦ ᠠᠵᠢᠯᠯᠠᠭᠤᠯᠵᠤ᠂ ᠨᠠᠩ ᠶᠡᠭᠡ ᠡᠷᠴᠢᠮ ᠢᠶᠠᠷ ᠰᠢᠨ᠎ᠡ ᠡᠨᠧᠷᠭᠢ ᠶᠢᠨ | ᠨᠡᠭᠡᠭᠡᠯᠲᠡ᠂ ᠲᠣᠭᠠᠴᠢᠯᠠᠭᠰᠠᠨ ᠠᠵᠤ ᠠᠬᠤᠶ ᠵᠡᠷᠭᠡ ᠰᠢᠨ᠎ᠡ ᠪᠠᠷ ᠪᠣᠶ ᠪᠣᠯᠤᠭᠰᠠᠨ ᠠᠵᠤ ᠦᠶᠯᠡᠰ ᠢ ᠪᠠᠶᠢᠷᠢᠰᠢᠭᠤᠯᠵᠤ | ᠂ ᠰᠢᠨ᠎ᠡ ᠡᠵᠡᠩᠨᠡᠯᠲᠡ ᠶᠢᠨ ᠬᠦᠷᠢᠶ᠎ᠡ ᠴᠠᠷᠠᠭ᠎ᠠ ᠪᠠ ᠰᠢᠨ᠎ᠡ ᠠᠵᠤ ᠠᠬᠤᠶ ᠶᠢᠨ ᠨᠡᠮᠡᠭᠳᠡᠯ ᠤᠨ ᠴᠡᠭ ᠢ ᠥᠷᠭᠡᠳᠬᠡᠨ᠎ᠡ᠃ | ︵ᠬᠠᠷᠢᠭᠤᠴᠠᠬᠤ ᠨᠢᠭᠡᠴᠢ᠄ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠠᠵᠤ | ᠦᠶᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠤᠯᠤᠰ ᠤᠨ ᠡᠳ᠋ ᠬᠥᠷᠥᠩᠭᠡ ᠶᠢᠨ ᠵᠥᠪᠯᠡᠯ︶ | ︵ᠳᠣᠯᠤᠭ᠎ᠠ︶ ᠦᠶᠯᠡᠳᠬᠦᠨ ᠤ ᠬᠠᠩᠭᠠᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠰᠦ ᠶᠢᠨ ᠠᠵᠤ | ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ ᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠣᠬᠢᠷᠲᠤᠯ ᠥᠬᠡᠶ᠂ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ | ᠪᠦᠲᠦᠭᠡᠭᠳᠡᠬᠦᠨ ᠢ ᠪᠣᠶᠢᠵᠢᠭᠤᠯᠤᠨ᠂ ᠪᠣᠬᠢᠷᠲᠤᠯ ᠥᠬᠡᠶ ᠢᠳᠡᠭᠡᠨ ᠤ ᠲᠦᠭᠦᠬᠡᠶ ᠮᠠᠲ᠋ᠧᠷᠢᠶᠠᠯ ᠤᠨ | ᠪᠠᠷᠢᠮᠵᠢᠶᠠᠵᠢᠭᠤᠯᠤᠭᠰᠠᠨ ᠦᠶᠯᠡᠳᠪᠦᠷᠢᠯᠡᠯ ᠤᠨ ᠰᠠᠭᠤᠷᠢᠨ ᠭᠠᠵᠠᠷ ᠢ ᠴᠢᠷᠮᠠᠶᠢᠨ ᠡᠭᠦᠳᠦᠨ᠎ᠡ᠃ ᠬᠤᠲᠠ ᠪᠠᠯᠭᠠᠰᠤ | ᠶᠢᠨ ᠰᠢᠲᠠᠮᠠᠬᠠᠶ ᠬᠡᠶ ᠶᠢᠨ ᠬᠡᠷᠡᠭᠰᠡᠯ ᠤᠨ ᠦᠶᠯᠡᠳᠬᠦᠨ ᠤ ᠶᠠᠰᠤ ᠴᠢᠨᠠᠷ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ | ᠶᠢ ᠥᠷᠨᠢᠭᠦᠯᠦᠨ᠎ᠡ᠃ ᠰᠣᠶᠣᠯ ᠤᠨ ᠰᠢᠨ᠎ᠡ ᠶᠢ ᠡᠭᠦᠳᠬᠦ ᠪᠦᠲᠦᠭᠡᠭᠳᠡᠬᠦᠨ ᠢ ᠰᠤᠳᠤᠯᠤᠨ ᠬᠥᠭᠵᠢᠭᠦᠯᠬᠦ ᠶᠢ | ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠲᠠᠸᠠᠷ ᠢ ᠤᠯᠠᠮᠵᠢᠯᠠᠨ ᠵᠠᠯᠭᠠᠮᠵᠢᠯᠠᠵᠤ | ᠰᠢᠨ᠎ᠡ ᠶᠢ ᠡᠭᠦᠳᠬᠦ ᠲᠤᠰᠬᠠᠶ ᠪᠠᠯᠠ ᠮᠥᠩᠭᠦ ᠶᠢ ᠴᠢᠷᠮᠠᠶᠢᠨ ᠣᠯᠵᠤ᠂ ᠰᠣᠶᠣᠯ ᠵᠢᠭᠤᠯᠴᠢᠯᠠᠯ ᠤᠨ ᠠᠵᠤ ᠠᠬᠤᠶᠢᠯᠠᠯ | ᠤᠨ ︽ᠪᠢ ᠲᠠᠯ᠎ᠠ ᠨᠤᠲᠤᠭ ᠲᠠᠢ ᠪᠠᠨ ᠪᠣᠯᠵᠤᠭ᠎ᠠ ᠲᠠᠢ︾ ᠰᠣᠶᠣᠯ ᠵᠢᠭᠤᠯᠴᠢᠯᠠᠯ ᠤᠨ ᠲᠠᠸᠠᠷ ᠤᠨ ᠨᠠᠷᠠᠲᠤ ᠲᠥᠷᠥᠯ | ᠲᠡᠮᠳᠡᠭᠲᠦ ᠶᠢ ᠭᠤᠶᠤᠴᠢᠯᠠᠨ ᠮᠡᠳᠡᠭᠦᠯᠬᠦ ᠶᠢ ᠳᠡᠮᠵᠢᠵᠦ᠂ ᠰᠣᠶᠣᠯ ᠤᠨ ᠰᠢᠨ᠎ᠡ ᠶᠢ ᠡᠭᠦᠳᠬᠦ ᠠᠵᠤ ᠠᠬᠤᠶᠢᠯᠠᠯ ᠢ | ᠵᠣᠬᠢᠶᠠᠨ ᠪᠠᠶᠢᠭᠤᠯᠵᠤ ᠵᠢᠭᠤᠯᠴᠢᠯᠠᠯ ᠤᠨ ᠲᠠᠸᠠᠷ ᠤᠨ ᠪᠦᠲᠦᠭᠡᠯᠴᠢ ᠲᠥᠰᠦᠪᠯᠡᠯ ᠤᠨ ᠤᠷᠤᠯᠳᠤᠭᠠᠨ᠂ ᠰᠣᠶᠣᠯ | ᠵᠢᠭᠤᠯᠴᠢᠯᠠᠯ ᠤᠨ ᠦᠵᠡᠰᠬᠦᠯᠡᠩ ᠴᠤᠭᠯᠠᠭᠠᠨ ᠳᠤ ᠣᠷᠣᠯᠴᠠᠭᠤᠯᠤᠨ᠂ ᠰᠢᠯᠢᠳᠡᠭ ᠰᠣᠶᠣᠯ ᠤᠨ ᠰᠢᠨ᠎ᠡ ᠶᠢ ᠡᠭᠦᠳᠬᠦ | ᠪᠦᠲᠦᠭᠡᠭᠳᠡᠬᠦᠨ ᠢ ᠳᠡᠯᠭᠡᠨ ᠦᠵᠡᠭᠦᠯᠵᠦ ᠲᠠᠨᠢᠯᠴᠠᠭᠤᠯᠤᠨ᠎ᠠ᠃ ︵ᠬᠠᠷᠢᠭᠤᠴᠠᠬᠤ ᠨᠢᠭᠡᠴᠢ᠄ ᠬᠤᠰᠢᠭᠤᠨ ᠤ ᠠᠵᠤ | ᠦᠶᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ︶ | ︵ᠨᠠᠶᠮᠠ︶ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ︽ | ᠲᠦᠩᠯᠢᠶᠣᠤ ᠬᠤᠲᠠ ᠶᠢᠨ ᠢᠨᠵᠧᠨᠧᠷᠢᠩ ᠤᠨ ᠶᠠᠰᠤ ᠴᠢᠨᠠᠷ ᠤᠨ ᠠᠮᠤᠷ ᠲᠦᠪᠰᠢᠨ ᠤ ᠭᠠᠷ ᠠᠪᠤᠯᠭ᠎ᠠ ︵ᠲᠤᠷᠰᠢᠨ | ᠬᠡᠷᠡᠭᠵᠢᠭᠦᠯᠬᠦ︶︾ ᠶᠢ ᠴᠢᠩᠭ᠎ᠠ ᠬᠡᠷᠡᠭᠵᠢᠭᠦᠯᠵᠦ᠂ ᠢᠨᠵᠧᠨᠧᠷᠢᠩ ᠤᠨ ᠶᠠᠰᠤ ᠴᠢᠨᠠᠷ ᠤᠨ ᠠᠮᠤᠷ ᠲᠦᠪᠰᠢᠨ ᠤ | ᠬᠠᠮᠢᠶᠠᠷᠤᠯᠲᠠ ᠶᠢ ᠪᠠᠷᠢᠮᠵᠢᠶᠠᠵᠢᠭᠤᠯᠬᠤ ᠪᠠ ᠵᠢᠷᠤᠮᠵᠢᠭᠤᠯᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ ᠃ | ᠢᠨᠵᠧᠨᠧᠷᠢᠩ ᠤᠨ ᠶᠠᠰᠤ ᠴᠢᠨᠠᠷ᠂ ᠶᠠᠰᠤ ᠴᠢᠨᠠᠷ ᠢ ᠪᠠᠶᠢᠴᠠᠭᠠᠨ ᠬᠡᠮᠵᠢᠬᠦ᠂ ᠪᠧᠲ᠋ᠤᠨ ᠤ ᠶᠠᠰᠤ ᠴᠢᠨᠠᠷ᠂ ᠬᠠᠶᠢᠨ | ᠪᠠᠶᠢᠴᠠᠭᠠᠵᠤ ᠵᠢᠷᠤᠭᠯᠠᠨ ᠲᠥᠯᠥᠪᠯᠡᠬᠦ ᠵᠢᠴᠢ ᠢᠨᠵᠧᠨᠧᠷᠢᠩ ᠤᠨ ᠵᠢᠷᠤᠭ ᠢ ᠬᠢᠨᠠᠨ ᠪᠠᠶᠢᠴᠠᠭᠠᠬᠤ ᠶᠠᠰᠤ ᠴᠢᠨᠠᠷ ᠲᠤ | ᠲᠤᠰᠬᠠᠶ ᠬᠢᠨᠠᠯᠲᠠ ᠲᠠᠯᠪᠢᠵᠤ ᠪᠠᠶᠢᠴᠠᠭᠠᠬᠤ ᠶᠢ ᠥᠷᠨᠢᠭᠦᠯᠵᠦ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠶᠳᠪᠦᠷᠢᠯᠡᠨ᠎ᠡ᠃ ︽ᠨᠠᠶᠮᠠᠨ ᠬᠤᠰᠢᠭᠤᠨ ᠤ 2024 ᠣᠨ ᠤ ᠪᠣᠬᠢᠷᠲᠤᠯ | ᠥᠬᠡᠶ ᠪᠠᠷᠢᠯᠭ᠎ᠠ ᠶᠢᠨ ᠬᠥᠭᠵᠢᠯᠲᠡ ᠶᠢᠨ ᠠᠵᠢᠯᠯᠠᠭᠠᠨ ᠤ ᠲᠥᠯᠥᠪᠯᠡᠭᠡ︾ ᠶᠢ ᠲᠣᠭᠲᠠᠭᠠᠵᠤ᠂ ᠪᠣᠬᠢᠷᠲᠤᠯ ᠥᠬᠡᠶ | ᠪᠠᠷᠢᠯᠭ᠎ᠠ ᠶᠢ ᠬᠡᠪᠴᠢᠶᠡᠵᠢᠭᠦᠯᠦᠨ ᠬᠥᠭᠵᠢᠭᠦᠯᠬᠦ ᠶᠢ ᠳᠥᠯᠭᠢᠨ ᠠᠬᠢᠭᠤᠯᠵᠤ᠂ ᠪᠥᠬᠦ ᠬᠤᠰᠢᠭᠤᠨ ᠤ ᠬᠤᠲᠠ | ᠪᠠᠯᠭᠠᠰᠤᠨ ᠤ ᠶᠡᠷᠦᠩᠬᠡᠶ ᠲᠥᠯᠥᠪᠵᠢᠭᠦᠯᠭᠡ ᠶᠢᠨ ᠲᠣᠭᠤᠷᠢᠭ ᠲᠠᠬᠢ ᠰᠢᠨ᠎ᠡ ᠪᠠᠷ ᠪᠠᠶᠢᠭᠤᠯᠬᠤ ᠪᠠᠷᠢᠯᠭ᠎ᠠ ᠳᠤ | ᠪᠣᠬᠢᠷᠲᠤᠯ ᠥᠬᠡᠶ ᠪᠠᠷᠢᠯᠭ᠎ᠠ ᠶᠢᠨ ᠪᠠᠷᠢᠮᠵᠢᠶ᠎ᠠ ᠶᠢ ᠪᠥᠬᠦ ᠲᠠᠯ᠎ᠠ ᠪᠠᠷ ᠬᠡᠷᠡᠭᠵᠢᠭᠦᠯᠬᠦ ᠶᠢ ᠨᠠᠶᠢᠳᠠᠪᠤᠷᠢᠵᠢᠭᠤᠯᠵᠤ᠂ | 2024 ᠣᠨ ᠳᠤ ᠬᠤᠲᠠ ᠪᠠᠯᠭᠠᠰᠤᠨ ᠤ ᠰᠢᠨ᠎ᠡ ᠪᠠᠷ ᠪᠠᠶᠢᠭᠤᠯᠬᠤ ᠠᠷᠠᠳ ᠤᠨ ᠬᠡᠷᠡᠭᠯᠡᠭᠡᠨ ᠤ ᠪᠠᠷᠢᠯᠭ᠎ᠠ ᠳᠠᠬᠢ | ᠪᠣᠬᠢᠷᠲᠤᠯ ᠥᠬᠡᠶ ᠪᠠᠷᠢᠯᠭ᠎ᠠ ᠶᠢᠨ ᠡᠵᠡᠯᠡᠬᠦ ᠬᠠᠷᠢᠴᠠᠯ ᠢ 100% ᠳᠤ ᠬᠦᠷᠦᠭᠦᠯᠵᠦ᠂ ᠳᠠᠭᠤᠰᠬᠠᠭᠰᠠᠨ ᠬᠤᠲᠠ | ᠪᠠᠯᠭᠠᠰᠤᠨ ᠤ ᠪᠠᠷᠢᠯᠭ᠎ᠠ ᠶᠢᠨ ᠪᠣᠬᠢᠷᠲᠤᠯ ᠥᠬᠡᠶ ᠪᠠᠷᠢᠯᠭ᠎ᠠ ᠶᠢᠨ ᠡᠵᠡᠯᠡᠬᠦ ᠬᠠᠷᠢᠴᠠᠯ ᠢ 95% ᠳᠤ ᠬᠦᠷᠦᠭᠦᠯᠦᠨ᠎ᠡ᠃ | ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠤᠨ ᠪᠦᠲᠦᠭᠡᠭᠳᠡᠬᠦᠨ ᠢ ᠳᠡᠯᠭᠡᠷᠡᠭᠦᠯᠦᠨ ᠬᠡᠷᠡᠭᠯᠡᠬᠦ ᠶᠢ ᠴᠢᠩᠭᠠᠳᠬᠠᠵᠤ | ᠂ 2024 ᠣᠨ ᠳᠤ ᠪᠥᠬᠦ ᠬᠤᠰᠢᠭᠤᠨ ᠤ ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠤᠨ ᠰᠢᠨ᠎ᠡ ᠪᠠᠷ | ᠨᠡᠮᠡᠭᠳᠡᠭᠰᠡᠨ ᠬᠡᠷᠡᠭᠯᠡᠭᠡᠨ ᠤ ᠲᠠᠯᠠᠪᠠᠶ ᠶᠢ 21 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠦᠭᠦᠯᠦᠨ᠎ᠡ᠃ ᠵᠠᠰᠠᠮᠠᠯ | ᠵᠠᠮ ᠤᠨ ᠢᠨᠵᠧᠨᠧᠷᠢᠩ ᠤᠨ ᠠᠶᠤᠯᠭᠦᠢ ᠦᠢᠯᠡᠳᠪᠦᠷᠢᠯᠡᠯ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ | ᠬᠠᠮᠢᠶᠠᠷᠤᠯᠲᠠ ᠶᠢᠨ ᠬᠦᠴᠦᠯᠡᠴᠡ ᠶᠢ ᠴᠢᠩᠭᠠᠳᠬᠠᠵᠤ᠂ ᠪᠦᠬᠦ ᠬᠤᠰᠢᠭᠤᠨ ᠤ ᠵᠠᠰᠠᠮᠠᠯ ᠵᠠᠮ ᠤᠨ ᠢᠨᠵᠧᠨᠧᠷᠢᠩ ᠤᠨ | ᠶᠠᠰᠤ ᠴᠢᠨᠠᠷ ᠲᠤ ᠬᠢᠨᠠᠯᠲᠠ ᠲᠠᠯᠪᠢᠬᠤ ᠲᠥᠯᠥᠪᠯᠡᠭᠡ ᠶᠢ ᠵᠣᠬᠢᠶᠠᠨ ᠪᠠᠶᠢᠭᠤᠯᠤᠨ ᠲᠣᠭᠲᠠᠭᠠᠬᠤ ᠶᠢᠨ ᠬᠠᠮᠲᠤ ᠴᠢᠨᠠᠷ | ᠰᠠᠶᠢᠲᠠᠢ ᠪᠡᠶᠡᠯᠡᠭᠦᠯᠦᠨ᠎ᠡ᠃ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠳᠠᠭᠤᠰᠬᠠᠭᠰᠠᠨ ᠭᠠᠵᠠᠷ | ᠤᠨ ᠪᠠᠷᠢᠮᠵᠢᠶᠠᠵᠢᠭᠤᠯᠤᠭᠰᠠᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ | ᠤ ᠱᠠᠲᠤᠨ ᠤ ᠪᠠᠷᠢᠮᠵᠢᠶᠠᠵᠢᠭᠤᠯᠤᠭᠰᠠᠨ ᠪᠠᠷᠢᠯᠭ᠎ᠠ ᠶᠢᠨ ᠭᠠᠵᠠᠷ ᠢ ᠢᠳᠡᠪᠬᠢᠲᠡᠶ ᠪᠠᠷ ᠪᠣᠶᠢᠵᠢᠭᠤᠯᠤᠨ ᠮᠡᠳᠡᠭᠦᠯᠬᠦ | ᠬᠡᠷᠡᠭᠲᠡᠶ᠃ ᠪᠥᠬᠦ ᠬᠤᠰᠢᠭᠤᠨ ᠤ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠤᠨ ᠶᠠᠰᠤ ᠴᠢᠨᠠᠷ ᠤᠨ | ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠶᠢᠨ ᠠᠵᠢᠯ ᠢ ᠴᠢᠩᠭᠠᠳᠬᠠᠵᠤ᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠢᠲᠡᠭᠡᠮᠵᠢ ᠶᠢᠨ | ᠮᠡᠳᠡᠭᠡ ᠵᠠᠩᠭᠢ ᠪᠠ ᠲᠥᠷᠥᠯ ᠵᠦᠶᠯ ᠤᠨ ᠬᠠᠮᠢᠶᠠᠷᠤᠯᠲᠠ ᠶᠢᠨ ᠲᠠᠪᠴᠠᠩ︾ ᠢ ᠳᠡᠯᠭᠡᠷᠡᠭᠦᠯᠦᠨ ᠬᠡᠷᠡᠭᠯᠡᠵᠦ᠂ ᠬᠢᠨᠠᠯᠲᠠ | ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ︵ᠬᠠᠷᠢᠭᠤᠴᠠᠬᠤ ᠨᠢᠭᠡᠴᠢ᠄ ᠬᠤᠰᠢᠭᠤᠨ ᠤ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ︶ | ︵ᠶᠢᠰᠦ︶ ᠦᠶᠯᠡᠴᠢᠯᠡᠭᠡᠨ ᠤ ᠶᠠᠰᠤ ᠴᠢᠨᠠᠷ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠤᠰᠤ ᠬᠠᠩᠭᠠᠬᠤ | ᠠᠵᠤ ᠠᠬᠤᠶᠢᠯᠠᠯ ᠤᠨ ᠮᠡᠳᠡᠭᠡ ᠵᠠᠩᠭᠢ ᠪᠠᠨ ᠢᠯᠡ ᠪᠣᠯᠭᠠᠬᠤ ᠳᠦᠷᠢᠮ ᠢ ᠨᠠᠶᠢᠳᠠᠪᠤᠷᠢᠵᠢᠭᠤᠯᠬᠤ ᠶᠢ ᠰᠢᠮᠳᠠᠭᠤᠯᠵᠤ᠂ | ᠤᠰᠤᠨ ᠤ ᠴᠢᠨᠠᠷ᠂ ᠤᠰᠤᠨ ᠤ ᠳᠠᠷᠤᠯᠲᠠ᠂ 24 ᠴᠠᠭ ᠤᠨ ᠦᠢᠯᠡᠴᠢᠯᠡᠭᠡᠨ ᠤ ᠤᠲᠠᠰᠤ ᠵᠡᠷᠭᠡ ᠮᠡᠳᠡᠭᠡ ᠵᠠᠩᠭᠢ ᠶᠢ | ᠢᠯᠡ ᠪᠣᠯᠭᠠᠵᠤ᠂ ᠤᠰᠤ ᠬᠠᠩᠭᠠᠬᠤ ᠠᠵᠤ ᠠᠬᠤᠶᠢᠯᠠᠯ ᠬᠢᠭᠡᠳ ᠬᠡᠷᠡᠭᠯᠡᠭᠴᠢ ᠶᠢᠨ ᠮᠡᠳᠡᠭᠡ ᠵᠠᠩᠭᠢ ᠶᠢᠨ ᠪᠠᠬᠢᠯᠡᠯᠲᠡ | ᠶᠢ ᠨᠡᠪᠲᠡᠷᠡᠭᠦᠯᠦᠨ᠎ᠡ᠃ ᠢᠯᠴᠢ ᠬᠠᠩᠭᠠᠬᠤ᠂ ᠰᠢᠲᠠᠮᠠᠬᠠᠶ ᠬᠡᠶ ᠶᠢᠨ ᠠᠵᠤ ᠠᠬᠤᠶᠢᠯᠠᠯ ᠢ ᠵᠢᠯᠣᠭᠤᠳᠴᠤ ᠪᠠᠶᠢᠭᠠᠳ | ᠤᠬᠠᠭᠤᠯᠤᠨ ᠮᠡᠳᠡᠭᠳᠡᠬᠦ ᠵᠠᠮ ᠮᠥᠷ ᠢ ᠨᠢ ᠨᠡᠮᠡᠭᠳᠡᠭᠦᠯᠵᠦ᠂ ᠮᠡᠳᠡᠭᠦᠯᠦᠨ ᠤᠭᠰᠠᠷᠠᠬᠤ ᠲᠤᠬᠠᠶᠢᠯᠠᠭᠰᠠᠨ ᠠᠵᠢᠯ ᠤᠨ | ᠦᠶᠯᠡᠴᠢᠯᠡᠭᠡ᠂ ᠰᠦᠶᠳᠬᠡᠯ ᠬᠤᠷᠢᠶᠠᠬᠤ ᠪᠠᠷᠢᠮᠵᠢᠶ᠎ᠠ᠂ ᠢᠯᠴᠢ ᠵᠣᠭᠰᠣᠭᠠᠵᠤ ᠬᠡᠶ ᠵᠣᠭᠰᠣᠭᠠᠬᠤ ᠵᠡᠷᠭᠡ | ᠦᠶᠯᠡᠴᠢᠯᠡᠭᠡᠨ ᠤ ᠮᠡᠳᠡᠭᠡ ᠵᠠᠩᠭᠢ ᠶᠢ ᠴᠠᠭ ᠲᠤᠬᠠᠶ ᠳᠤᠨᠢ ᠰᠢᠨᠡᠳᠬᠡᠨ ᠨᠡᠶᠢᠲᠡᠯᠡᠨ᠎ᠡ᠃ ᠬᠤᠲᠠ ᠪᠠᠯᠭᠠᠰᠤ ᠶᠢᠨ | ᠰᠢᠲᠠᠮᠠᠬᠠᠶ ᠬᠡᠶ ᠶᠢᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ︽ᠡᠷᠬᠢᠨ | ᠬᠠᠷᠠᠬᠤ︾ ᠠᠵᠢᠯ ᠢ ᠥᠷᠨᠢᠭᠦᠯᠵᠦ᠂ ᠠᠶᠤᠯ ᠲᠦᠭᠰᠢᠭᠦᠷᠢ ᠶᠢᠨ ᠬᠡᠮ ᠰᠣᠭᠤᠭ ᠢ ᠴᠡᠭᠴᠡᠯᠡᠨ ᠵᠠᠰᠠᠬᠤ ᠶᠢ ᠴᠢᠩᠭ᠎ᠠ | ᠠᠩᠬᠠᠷᠴᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠬᠤ ᠶᠢ ᠠᠬᠢᠭᠤᠯᠤᠨ᠎ᠠ᠃ ᠰᠢᠲᠠᠮᠠᠬᠠᠶ | ᠬᠡᠶ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠦᠷᠭᠦᠯᠵᠢᠯᠡᠨ ᠵᠣᠬᠢᠶᠠᠨ ᠪᠠᠶᠢᠭᠤᠯᠵᠤ᠂ ᠬᠢᠨᠠᠯᠲᠠ ᠬᠠᠮᠢᠶᠠᠷᠤᠯᠲᠠ ᠶᠢᠨ | ᠪᠠᠶᠢᠭᠤᠯᠤᠯ ᠲᠣᠭᠲᠠᠴᠠ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠵᠠᠬ᠎ᠠ ᠳᠡᠯᠭᠡᠭᠦᠷ ᠲᠤ ᠵᠥᠪᠰᠢᠶᠡᠷᠡᠨ | ᠣᠷᠣᠭᠤᠯᠬᠤ ᠪᠠᠷᠢᠮᠵᠢᠶ᠎ᠠ ᠶᠢ ᠲᠣᠳᠣᠷᠬᠠᠶᠢᠯᠠᠵᠤ᠂ ᠠᠵᠤ ᠠᠬᠤᠶᠢᠯᠠᠯ ᠤᠨ ᠠᠮᠤᠷ ᠲᠦᠪᠰᠢᠨ ᠲᠣᠭᠲᠠᠭᠤᠨ᠂ ᠬᠠᠤᠯᠢ | ᠲᠣᠭᠲᠠᠭᠠᠯ ᠳᠤ ᠨᠡᠶᠢᠴᠡᠭᠦᠯᠦᠨ ᠡᠵᠡᠩᠨᠡᠬᠦ ᠶᠢ ᠰᠢᠮᠳᠠᠭᠤᠯᠤᠨ᠎ᠠ᠃ ᠤᠶᠤᠨᠲᠤ ᠠᠳᠠᠯ ᠠᠬᠤᠶ ᠶᠢᠨ ᠲᠠᠪᠴᠠᠩ ᠳᠤ | ᠲᠦᠰᠢᠭᠯᠡᠨ᠂ ᠠᠳᠠᠯ ᠠᠬᠤᠶ ᠶᠢᠨ ᠦᠶᠯᠡᠴᠢᠯᠡᠭᠡᠨ ᠤ ᠠᠵᠤ ᠠᠬᠤᠶᠢᠯᠠᠯ ᠢ ᠰᠠᠷ᠎ᠠ ᠪᠠᠷ ᠰᠢᠯᠭᠠᠨ ᠬᠢᠨᠠᠵᠤ ᠦᠨᠡᠯᠡᠬᠦ | ᠶᠢᠨ ᠬᠠᠮᠲᠤ ᠮᠡᠳᠡᠭᠡᠯᠡᠨ᠂ ᠠᠳᠠᠯ ᠠᠬᠤᠶ ᠶᠢᠨ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠢᠲᠡᠭᠡᠮᠵᠢ ᠶᠢᠨ ᠲᠠᠩᠰᠠ | ᠡᠪᠬᠡᠮᠡᠯ ᠪᠠ ︽ᠤᠯᠠᠭᠠᠨ ᠬᠠᠷ᠎ᠠ ᠲᠠᠩᠰᠠ︾ ᠶᠢᠨ ᠲᠦᠷᠢᠮ ᠢ ᠪᠠᠶᠢᠭᠤᠯᠤᠨ᠎ᠠ᠃ 2024 ᠣᠨ ᠤ ᠪᠥᠬᠦ | ᠬᠤᠰᠢᠭᠤᠨ ᠤ ᠰᠢᠯᠢᠳᠡᠭ ᠠᠳᠠᠯ ᠠᠬᠤᠶ ᠶᠢᠨ ᠬᠠᠮᠢᠶᠠᠷᠤᠯᠲᠠ ᠶᠢᠨ ᠲᠥᠷᠥᠯ ᠵᠦᠶᠯ ᠢ ᠰᠢᠯᠭᠠᠷᠠᠭᠤᠯᠬᠤ ᠠᠵᠢᠯ ᠢ | ᠵᠣᠬᠢᠶᠠᠨ ᠪᠠᠶᠢᠭᠤᠯᠤᠨ ᠥᠷᠨᠢᠭᠦᠯᠵᠦ᠂ ᠰᠣᠩᠭᠤᠨ ᠱᠤᠭᠤᠬᠤ ᠪᠠᠷ ᠪᠥᠬᠦ ᠬᠤᠰᠢᠭᠤᠨ ᠤ ᠠᠳᠠᠯ ᠠᠬᠤᠶ ᠶᠢᠨ | ᠦᠶᠯᠡᠴᠢᠯᠡᠭᠡᠨ ᠤ ᠠᠵᠤ ᠠᠬᠤᠶᠢᠯᠠᠯ ᠤᠨ ᠦᠶᠯᠡᠴᠢᠯᠡᠭᠡᠨ ᠤ ᠶᠠᠰᠤ ᠴᠢᠨᠠᠷ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠬᠦ | ᠶᠢ ᠳᠠᠶᠢᠴᠢᠯᠠᠨ᠎ᠠ᠃ ᠬᠥᠳᠡᠭᠡ ᠲᠣᠰᠬᠤᠨ ᠤ ᠠᠶᠠᠨᠴᠢᠳ ᠪᠠ ᠪᠠᠷᠠᠭᠠᠨ ᠤ ᠰᠢᠦᠳᠠᠨ ᠢ ᠠᠭᠤᠰᠤᠯᠳᠤᠭᠤᠯᠤᠨ | ᠬᠥᠭᠵᠢᠭᠦᠯᠬᠦ ᠶᠢ ᠭᠦᠨᠵᠡᠭᠡᠢ ᠠᠬᠢᠭᠤᠯᠵᠤ᠂ ᠬᠥᠳᠡᠭᠡ ᠲᠣᠰᠬᠤᠨ ᠤ ᠤᠯᠠᠨ ᠲᠦᠮᠡᠨ ᠤ ᠶᠠᠪᠤᠵᠤ ᠰᠠᠭᠤᠬᠤ᠂ ᠪᠠᠷᠠᠭ᠎ᠠ | ᠲᠡᠭᠡᠭᠡᠪᠦᠷᠢᠯᠡᠬᠦ ᠪᠠᠷᠠᠭᠠᠨ ᠤ ᠭᠦᠢᠯᠭᠡᠭᠡ᠂ ᠢᠯᠡᠭᠡᠬᠦ ᠦᠢᠯᠡᠴᠢᠯᠡᠭᠡᠨ ᠤ ᠬᠡᠷᠡᠭᠴᠡᠭᠡ ᠶᠢ ᠨᠡᠩ ᠰᠠᠶᠢᠲᠤᠷ ᠬᠠᠩᠭᠠᠨ᠎ᠠ᠃ | ᠥᠪᠡᠷᠲᠡᠭᠡᠨ ᠵᠠᠰᠠᠬᠤ ᠣᠷᠣᠨ ᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ | ︽ᠲᠤᠷᠰᠢᠯᠲᠠ ᠶᠢᠨ ᠰᠢᠶᠠᠨ︾ ᠤ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠴᠢᠨᠠᠷ ᠰᠠᠶᠢᠲᠠᠶ | ᠠᠬᠢᠭᠤᠯᠵᠤ᠂ ᠬᠤᠲᠠ ᠬᠥᠳᠡᠭᠡ ᠶᠢᠨ ᠬᠡᠷᠡᠭᠯᠡᠭᠡ ᠶᠢᠨ ᠰᠢᠨ᠎ᠡ ᠠᠮᠢᠵᠢᠷᠠᠯ ᠤᠨ ᠬᠦᠴᠦᠨ ᠢ ᠪᠥᠬᠦ ᠲᠠᠯ᠎ᠠ ᠪᠠᠷ | ᠬᠥᠭᠵᠢᠭᠡᠨ᠎ᠡ᠃ ᠵᠢᠭᠤᠯᠴᠢᠯᠠᠯ ᠤᠨ ᠦᠶᠯᠡᠴᠢᠯᠡᠭᠡ ᠶᠢ ᠳᠡᠭᠡᠭᠰᠢᠯᠡᠭᠦᠯᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ | ᠥᠷᠨᠢᠭᠦᠯᠵᠦ᠂ ᠪᠣᠯᠪᠠᠰᠤᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠨᠢᠭᠡᠴᠢ᠂ ᠳᠡᠭᠡᠳᠦ ᠲᠠᠰ ᠤᠨ ᠵᠢᠭᠤᠯᠴᠢᠯᠠᠯ ᠤᠨ | ᠬᠤᠷᠢᠶ᠎ᠠ ᠶᠢ ᠢᠳᠡᠪᠬᠢᠲᠡᠶ ᠡᠭᠦᠳᠦᠨ ᠪᠠᠶᠢᠭᠤᠯᠤᠨ᠎ᠠ᠃ ︽ᠲᠦᠩᠯᠢᠶᠣᠤ ᠬᠤᠲᠠ ᠶᠢᠨ ᠰᠣᠶᠣᠯ ᠵᠢᠭᠤᠯᠴᠢᠯᠠᠯ ᠤᠨ | ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠲᠡᠳᠬᠦᠨ ᠳᠡᠮᠵᠢᠬᠦ ᠪᠠ ᠱᠠᠩᠨᠠᠨ ᠬᠥᠬᠢᠭᠦᠯᠬᠦ ᠠᠷᠭ᠎ᠠ︾ ᠶᠢ | ᠨᠠᠶᠢᠳᠠᠪᠤᠷᠢᠵᠢᠭᠤᠯᠬᠤ᠂ ᠨᠥᠬᠦᠴᠡᠯ ᠳᠤ ᠨᠡᠶᠢᠴᠡᠭᠰᠡᠨ ᠵᠣᠴᠢᠳ ᠢ ᠲᠡᠳᠡᠨ ᠣᠷᠣᠭᠤᠯᠬᠤ᠂ ᠨᠡᠷᠡᠲᠦ ᠲᠥᠷᠥᠯ | ᠲᠡᠮᠳᠡᠭᠲᠦ ᠶᠢ ᠡᠭᠦᠳᠦᠨ ᠪᠠᠶᠢᠭᠤᠯᠬᠤ᠂ ᠭᠤᠣᠯᠳᠠᠯᠭ᠎ᠠ ᠲᠠᠢ ᠲᠥᠷᠥᠯ ᠵᠦᠢᠯ ᠢ ᠪᠦᠲᠦᠭᠡᠨ ᠪᠠᠶᠢᠭᠤᠯᠬᠤ ᠵᠡᠷᠭᠡ ᠲᠠᠯ᠎ᠠ | ᠪᠠᠷ ᠱᠠᠩᠨᠠᠨ ᠨᠥᠬᠦᠪᠥᠷᠢ ᠣᠯᠭᠤᠨ᠎ᠠ᠃ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠡᠪ ᠤᠨ ᠬᠠᠤᠯᠢ ᠬᠡᠷᠡᠭᠵᠢᠭᠦᠯᠦᠯᠲᠡ | ᠶᠢᠨ ᠪᠠᠶᠢᠴᠠᠭᠠᠯᠲᠠ᠂ ᠰᠠᠯᠠᠭ᠎ᠠ ᠮᠥᠴᠢᠷ ᠠᠯᠤᠰᠯᠠᠨ ᠬᠠᠮᠲᠤᠷᠠᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠬᠦ | ᠶᠢ ᠴᠢᠩᠭᠠᠳᠬᠠᠵᠤ᠂ ᠵᠦᠶ ᠵᠣᠬᠢᠰ ᠥᠬᠡᠶ ᠳᠣᠤᠷ᠎ᠠ ᠦᠨ᠎ᠡ ᠬᠠᠩᠰᠢ ᠲᠠᠢ᠂ ᠬᠡᠷᠡᠭᠯᠡᠭᠴᠢᠳ ᠢ ᠮᠡᠬᠡᠯᠡᠨ ᠬᠢᠬᠠᠬᠤ᠂ | ᠠᠯᠪᠠᠳᠠᠯᠭ᠎ᠠ ᠪᠠᠷ ᠪᠤᠶᠤ ᠬᠡᠯᠪᠡᠷᠢ ᠶᠢ ᠨᠢ ᠥᠭᠡᠷᠡᠲᠦᠭᠦᠯᠦᠨ ᠠᠯᠪᠠᠳᠠᠵᠤ ᠪᠠᠶᠢᠭᠠᠳ ᠪᠠᠷᠠᠭ᠎ᠠ ᠬᠤᠳᠠᠯᠳᠤᠨ ᠠᠪᠤᠭᠤᠯᠬᠤ | ᠵᠡᠷᠭᠡ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ︽ᠪᠡᠶ᠎ᠡ ᠶᠢᠨ ᠪᠠᠶᠢᠴᠠᠭᠠᠯᠲᠠ ᠶᠢᠨ ᠬᠡᠯᠪᠡᠷᠢ︾ ᠶᠢᠨ | ᠳᠠᠯᠳᠠᠭᠤᠷ ᠰᠤᠷᠪᠤᠯᠵᠢᠯᠠᠵᠤ ᠦᠨᠡᠯᠡᠨ ᠵᠢᠱᠢᠬᠦ ᠠᠵᠢᠯ ᠢ ᠪᠠᠶᠢᠩᠭᠤ ᠥᠷᠨᠢᠭᠦᠯᠦᠨ᠎ᠡ᠃ ᠡᠭᠦᠳᠡᠨ ᠡᠮᠨᠡᠯᠭᠡ ᠶᠢᠨ | ᠴᠤᠪᠤᠷᠠᠯ ᠤᠨ ᠵᠢᠷᠤᠭ ᠲᠥᠯᠥᠪᠯᠡᠭᠡ ᠶᠢ ᠰᠢᠯᠢᠳᠡᠭᠵᠢᠭᠦᠯᠵᠦ᠂ ᠡᠪᠡᠳᠴᠢᠲᠡᠨ ᠤ ᠬᠦᠯᠢᠶᠡᠬᠦ ᠴᠠᠭ ᠢ ᠪᠣᠭᠤᠨᠢᠰᠬᠠᠨ᠂ | ᠡᠮᠴᠢᠯᠡᠭᠡ ᠨᠠᠰᠤᠵᠢᠯ ᠢ ᠤᠶᠠᠯᠳᠤᠭᠤᠯᠬᠤ ᠪᠠᠶᠢᠭᠤᠯᠤᠮᠵᠢ ᠶᠢᠨ ᠵᠢᠷᠤᠮᠵᠢᠯ ᠲᠠᠢ ᠬᠥᠭᠵᠢᠬᠦ ᠶᠢ ᠠᠬᠢᠭᠤᠯᠤᠨ᠎ᠠ᠃ | ᠡᠮᠴᠢᠯᠡᠭᠡ ᠨᠠᠰᠤᠵᠢᠯ ᠢ ᠤᠶᠠᠯᠳᠤᠭᠤᠯᠤᠭᠰᠠᠨ ᠪᠠᠶᠢᠭᠤᠯᠤᠮᠵᠢ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠲᠤᠰᠬᠠᠶ | ᠬᠢᠨᠠᠯᠲᠠ ᠪᠠᠶᠢᠴᠠᠭᠠᠯᠲᠠ ᠶᠢ ᠥᠷᠨᠢᠭᠦᠯᠦᠨ᠎ᠡ ᠃ ᠥᠪᠡᠷᠲᠡᠭᠡᠨ ᠵᠠᠰᠠᠬᠤ ᠣᠷᠣᠨ ᠤ ︽ᠡᠷᠡᠭᠦᠯ ᠮᠡᠨᠳᠦ ᠶᠢ ᠲᠤᠰᠠᠯᠠᠬᠤ | ᠢᠨᠵᠧᠨᠧᠷᠢᠩ︾ ᠤᠨ ᠲᠥᠷᠥᠯ ᠵᠦᠶᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠨᠠᠩ ᠣᠯᠠᠨ | ᠬᠦᠴᠢᠷᠳᠡᠯᠲᠡᠶ ᠵᠡᠮᠳᠡᠭᠴᠦᠳ ᠲᠤ ᠠᠰᠢᠭ ᠬᠦᠷᠲᠡᠭᠡᠨ᠎ᠡ᠃ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡ ᠶᠢ | ᠲᠦᠷᠭᠡᠪᠴᠢᠯᠡᠨ ᠬᠥᠭᠵᠢᠭᠦᠯᠵᠦ᠂ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠦᠢᠯᠡᠰ ᠢ ᠪᠣᠳᠠᠲᠠᠢ | ᠨᠠᠷᠢᠯᠢᠭ ᠨᠠᠶᠢᠳᠠᠪᠤᠷᠢᠵᠢᠭᠤᠯᠤᠨ᠎ᠠ᠃ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠦᠶᠯᠡᠴᠢᠯᠡᠭᠡᠨ ᠤ ᠬᠤᠷᠰᠢᠶ᠎ᠠ ᠶᠢᠨ | ᠶᠠᠰᠤ ᠴᠢᠨᠠᠷ ᠢᠶᠠᠨ ᠳᠡᠭᠡᠭᠰᠢᠯᠡᠭᠦᠯᠦᠨ ᠬᠡᠪᠴᠢᠶ᠎ᠡ ᠪᠠᠨ ᠥᠷᠭᠡᠳᠬᠡᠬᠦ ᠶᠢ ᠠᠬᠢᠭᠤᠯᠵᠤ᠂ ᠲᠠᠪᠤᠨ ᠣᠳᠣᠨ ᠲᠠᠰ ᠤᠨ | ᠬᠥᠳᠡᠭᠡ ᠲᠣᠰᠬᠤᠨ ᠤ ᠶᠡᠷᠦᠩᠬᠡᠶᠢᠯᠡᠭᠰᠡᠨ ᠦᠶᠯᠡᠴᠢᠯᠡᠭᠡᠨ ᠤ ᠬᠤᠷᠰᠢᠶ᠎ᠠ ᠶᠢ 1ᠡᠭᠦᠳᠦᠨ ᠪᠠᠶᠢᠭᠤᠯᠤᠨ᠎ᠠ᠃ ︵ | ᠬᠠᠷᠢᠭᠤᠴᠠᠬᠤ ᠨᠢᠭᠡᠴᠢ᠄ ᠬᠤᠰᠢᠭᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ᠂ | ᠰᠣᠶᠣᠯ ᠵᠢᠭᠤᠯᠴᠢᠯᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠠᠷᠠᠳ ᠤᠨ ᠶᠠᠪᠤᠳᠠᠯ | ᠤᠨ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ︶ | ︵ᠠᠷᠪᠠ︶ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ | ᠴᠢᠩᠭᠠᠷᠠᠭᠤᠯᠤᠨ᠎ᠠ ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ︽ᠪᠦᠰᠡᠯᠡᠯᠲᠡ ᠶᠢ ᠰᠢᠪᠲᠤᠯᠬᠤ︾ | ᠢᠨᠵᠧᠨᠧᠷᠢᠩ ᠳᠤ ᠠᠩᠬᠠᠷᠤᠯ ᠢᠶᠠᠨ ᠲᠥᠪᠯᠡᠷᠡᠭᠦᠯᠵᠦ᠂ ᠡᠷᠳᠡᠨᠢ ᠰᠢᠰᠢ᠂ ᠠᠯᠠᠰᠢᠨ ᠦᠬᠡᠷ᠂ ᠰᠢᠨ᠎ᠡ ᠮᠠᠲ᠋ᠧᠷᠢᠶᠠᠯ | ᠵᠡᠷᠭᠡ ᠬᠦᠷᠢᠶᠡᠨ ᠳᠤ ᠨᠢᠭᠡ ᠪᠦᠯᠦᠭ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠡᠭᠦᠷᠭᠡ ᠶᠢ | ᠬᠡᠷᠡᠭᠵᠢᠭᠦᠯᠦᠨ᠎ᠡ ᠃ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠨ᠂ | ︽ᠮᠧᠩ ᠺᠧ ᠵᠢᠦᠢ︾ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠲᠠᠪᠴᠠᠩ ᠢ ᠰᠠᠶᠢᠲᠤᠷ ᠬᠡᠷᠡᠭᠯᠡᠵᠦ᠂ | ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ᠂ ᠳᠡᠭᠡᠳᠦ ᠰᠢᠨ᠎ᠡ ᠮᠡᠷᠭᠡᠵᠢᠯ | ᠤᠨ ᠠᠵᠤ ᠠᠬᠤᠶᠢᠯᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠢ ᠱᠠᠲᠤᠯᠢᠭ ᠢᠶᠠᠷ | ᠪᠣᠶᠢᠵᠢᠭᠤᠯᠬᠤ ᠲᠣᠭᠲᠠᠴᠠ ᠶᠢ ᠨᠠᠶᠢᠳᠠᠪᠤᠷᠢᠵᠢᠭᠤᠯᠤᠨ᠎ᠠ᠃ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ | ᠤᠨ ᠣᠨᠴᠠ ᠲᠣᠮᠢᠯᠠᠭᠳᠠᠭᠰᠠᠳ ᠤᠨ ᠠᠵᠢᠯᠯᠠᠭ᠎ᠠ ᠶᠢ ᠬᠡᠷᠡᠭᠵᠢᠭᠦᠯᠵᠦ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠠᠵᠢᠯᠯᠠᠬᠤ ᠥᠷᠲᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ | ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ᠂ | ᠮᠡᠷᠭᠡᠵᠢᠯ ᠤᠨ ᠵᠠᠭᠤᠴᠢᠯᠠᠭᠴᠢ ᠵᠡᠷᠭᠡ ᠶᠢ ᠬᠥᠲᠥᠯᠥᠨ ᠵᠢᠯᠣᠭᠤᠳᠴᠤ ᠪᠠᠶᠢᠭᠠᠳ ᠠᠵᠤ ᠠᠬᠤᠶᠢᠯᠠᠯ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠤ ᠲᠤᠶᠢᠯ ᠤᠨ ᠣᠨᠣᠪᠴᠢᠲᠠᠶ ᠦᠶᠯᠡᠴᠢᠯᠡᠭᠦᠯᠦᠨᠡ᠃ ︽ᠰᠢᠨᠵᠢᠯᠡᠬᠦ | ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠪᠠ ᠰᠤᠳᠤᠯᠤᠨ ᠨᠡᠭᠡᠭᠡᠬᠦ | ᠣᠷᠣᠭᠤᠯᠤᠯᠲᠠ ᠶᠢᠨ ᠪᠣᠭᠤᠮᠲᠠ ᠰᠢᠪᠲᠤᠯᠬᠤ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠰᠤᠳᠤᠯᠤᠨ ᠨᠡᠭᠡᠭᠡᠬᠦ | ᠵᠠᠷᠤᠳᠠᠯ ᠢ ᠭᠠᠶᠢᠯᠢ ᠲᠤᠰᠢᠶᠠᠬᠤ ᠠᠴᠠ ᠡᠮᠦᠨ᠎ᠡ ᠨᠡᠮᠡᠵᠦ ᠪᠤᠳᠤᠵᠤ ᠰᠠᠭᠤᠯᠭᠠᠨ ᠠᠪᠬᠤ ᠵᠡᠷᠭᠡ ᠭᠠᠶᠢᠯᠢ ᠲᠠᠲᠠᠪᠤᠷᠢ | ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ | ᠣᠷᠣᠭᠤᠯᠤᠯᠲᠠ ᠪᠠᠨ ᠨᠡᠮᠡᠭᠳᠡᠭᠦᠯᠬᠦ ᠶᠢ ᠳᠡᠮᠵᠢᠵᠦ᠂ ᠪᠥᠬᠦ ᠨᠡᠶᠢᠭᠡᠮ ᠤᠨ ᠰᠤᠳᠤᠯᠤᠨ ᠨᠡᠭᠡᠭᠡᠬᠦ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ ᠰᠢᠨ᠎ᠡ ᠶᠢ ᠡᠭᠦᠳᠬᠦ ᠬᠡᠯᠪᠡᠷᠢ ᠶᠢᠨ᠂ ︽ᠲᠤᠰᠬᠠᠶ ᠨᠠᠷᠢᠯᠢᠭ ᠣᠨᠴᠠᠭᠠᠶ ᠰᠢᠨ᠎ᠡ︾᠂ ︽ᠵᠢᠵᠢᠭ | ᠠᠪᠤᠷᠭᠤ ᠬᠥᠮᠦᠨ︾ ᠠᠵᠤ ᠠᠬᠤᠶᠢᠯᠠᠯ ᠢ ᠪᠣᠶᠢᠵᠢᠭᠤᠯᠬᠤ ᠬᠥᠮᠥᠷᠭᠡ ᠶᠢ ᠪᠠᠶᠢᠭᠤᠯᠵᠤ᠂ ᠰᠢᠨ᠎ᠡ ᠶᠢ ᠡᠭᠦᠳᠬᠦ | ᠴᠢᠳᠠᠪᠤᠷᠢ ᠪᠠᠷ ᠴᠢᠩᠭ᠎ᠠ᠂ ᠵᠠᠬ᠎ᠠ ᠳᠡᠯᠭᠡᠭᠦᠷ ᠤᠨ ᠬᠥᠭᠵᠢᠯᠲᠡ ᠶᠢᠨ ᠢᠷᠡᠭᠡᠳᠦᠶ ᠰᠠᠶᠢᠨ᠂ ᠵᠠᠬ᠎ᠠ ᠳᠡᠯᠭᠡᠭᠦᠷ ᠤᠨ | ᠥᠷᠢᠰᠥᠯᠳᠦᠬᠦ ᠬᠦᠴᠦᠨ ᠲᠠᠢ ᠦᠰᠦᠨ ᠪᠣᠶᠢᠵᠢᠬᠤ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠳᠤ | ᠲᠣᠬᠢᠷᠠᠭᠤᠯᠤᠯᠲᠠ ᠬᠢᠬᠦ ᠶᠢ ᠴᠢᠩᠭᠠᠳᠬᠠᠨ᠎ᠠ ᠃ ︽ᠲᠤᠰᠬᠠᠶ ᠮᠡᠷᠭᠡᠵᠢᠯᠲᠡᠨ + ᠲᠠᠷᠢᠶᠠᠯᠠᠩ ᠤᠨ ᠮᠡᠷᠭᠡᠵᠢᠯ ᠤᠨ | ᠠᠵᠢᠯᠲᠠᠨ + ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠡᠷᠦᠬᠡ + ᠨᠥᠯᠥᠭᠡᠯᠡᠨ ᠳᠠᠶᠢᠴᠢᠯᠠᠬᠤ | ᠡᠷᠦᠬᠡ︾ ᠶᠢᠨ ᠮᠡᠷᠭᠡᠵᠢᠯ ᠤᠨ ᠦᠶᠯᠡᠴᠢᠯᠡᠭᠡᠨ ᠤ ᠵᠠᠭᠪᠤᠷ ᠢ ᠳᠡᠯᠭᠡᠷᠡᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠲᠦᠷᠭᠡᠨ ᠤᠯᠠᠷᠢᠭᠤᠯᠬᠤ ᠶᠢ ᠠᠬᠢᠭᠤᠯᠤᠨ᠎ᠠ᠃ ᠬᠤᠰᠢᠭᠤᠨ | ᠤ ᠬᠠᠷᠢᠶᠠᠲᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠪᠠᠯᠠ ᠣᠷᠣᠭᠤᠯᠤᠯᠲᠠ ᠶᠢᠨ | ᠬᠦᠴᠦᠯᠡᠴᠡ ᠶᠢ ᠨᠡᠮᠡᠭᠳᠡᠭᠦᠯᠵᠦ᠂ ᠬᠤᠰᠢᠭᠤᠨ ᠤ ᠬᠠᠷᠢᠶᠠᠲᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠶᠢ ᠴᠢᠬᠤᠯᠠᠴᠢᠯᠠᠨ ᠳᠡᠭᠡᠭᠰᠢᠯᠡᠭᠦᠯᠵᠦ᠂ ᠬᠤᠰᠢᠭᠤᠨ ᠤ | ᠬᠠᠷᠢᠶᠠᠲᠤ ᠤᠯᠤᠰ ᠤᠨ ᠥᠮᠴᠢᠯᠡᠯᠲᠦ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠰᠤᠳᠤᠯᠤᠨ ᠨᠡᠭᠡᠭᠡᠬᠦ ᠪᠠᠯᠠ ᠣᠷᠣᠭᠤᠯᠤᠯᠲᠠ ᠶᠢ ᠬᠢᠨᠠᠨ ᠰᠢᠯᠭᠠᠬᠤ ᠠᠵᠢᠯ ᠢ | ᠴᠢᠩᠭᠠᠳᠬᠠᠨ᠎ᠠ ᠃ ︵ᠬᠠᠷᠢᠭᠤᠴᠠᠬᠤ ᠨᠢᠭᠡᠴᠢ᠄ ᠬᠤᠰᠢᠭᠤᠨ ᠤ ᠠᠵᠤ ᠦᠶᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠬᠤᠰᠢᠭᠤᠨ | ᠤ ᠭᠠᠶᠢᠯᠢ ᠶᠢᠨ ᠶᠠᠪᠤᠳᠠᠯ ᠤᠨ ᠲᠣᠪᠴᠢᠶ᠎ᠠ︶ | ᠭᠤᠷᠪᠠ᠂ ᠶᠠᠰᠤ ᠴᠢᠨᠠᠷ ᠤᠨ ᠰᠠᠭᠤᠷᠢ ᠶᠢ ᠪᠠᠬᠢᠵᠢᠭᠦᠯᠵᠦ᠂ ᠲᠤᠯᠭᠠᠭᠤᠷᠢᠯᠠᠬᠤ ᠦᠶᠯᠡᠳᠦᠯ ᠢ | ᠴᠢᠩᠭᠠᠷᠠᠭᠤᠯᠤᠨ᠎ᠠ | ︵ᠠᠷᠪᠠᠨ ᠨᠢᠭᠡ︶ ᠶᠠᠰᠤ ᠴᠢᠨᠠᠷ ᠤᠨ ᠰᠠᠭᠤᠷᠢ ᠪᠡᠯᠡᠳᠬᠡᠮᠵᠢ ᠶᠢᠨ ᠦᠶᠯᠡᠴᠢᠯᠡᠭᠡᠨ ᠤ ᠬᠦᠴᠦᠨ ᠴᠢᠳᠠᠪᠤᠷᠢ | ᠶᠢ ᠳᠡᠭᠡᠭᠰᠢᠯᠡᠭᠦᠯᠦᠨ᠎ᠡ᠃ ᠶᠠᠰᠤ ᠴᠢᠨᠠᠷ ᠮᠡᠷᠭᠡᠵᠢᠯ ᠤᠨ ᠬᠠᠮᠵᠢᠯᠴᠠᠨ ᠦᠶᠯᠡᠴᠢᠯᠡᠬᠦ ᠪᠠ ᠵᠠᠰᠠᠭ ᠤᠨ ᠶᠠᠪᠤᠳᠠᠯ ᠤᠨ | ᠦᠶᠯᠡᠴᠢᠯᠡᠭᠡᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠦᠶᠯᠡᠴᠢᠯᠡᠭᠡᠨ ᠢ ᠬᠦᠷᠢᠶᠡᠯᠡᠩ ᠲᠣᠭᠤᠷᠢᠭ ᠲᠤ ᠣᠷᠣᠭᠤᠯᠬᠤ ᠶᠢ ᠪᠡᠶᠡᠯᠡᠭᠦᠯᠦᠨ᠂ ᠥᠪᠡᠷᠲᠡᠭᠡᠨ ᠵᠠᠰᠠᠬᠤ ᠣᠷᠣᠨ ᠤ | ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠬᠦᠷᠢᠶᠡᠯᠡᠩ ᠲᠣᠭᠤᠷᠢᠭ ᠲᠤ ᠣᠷᠣᠭᠤᠯᠬᠤ | ᠲᠤᠷᠰᠢᠯᠲᠠ ᠶᠢᠨ ᠨᠢᠭᠡᠴᠢ ᠶᠢ ᠴᠢᠷᠮᠠᠶᠢᠨ ᠡᠭᠦᠳᠦᠨ ᠪᠠᠶᠢᠭᠤᠯᠤᠨ᠎ᠠ᠃ ᠶᠠᠰᠤ ᠴᠢᠨᠠᠷ ᠢᠶᠠᠷ ᠠᠵᠤ ᠠᠬᠤᠶᠢᠯᠠᠯ ᠢ | ᠬᠦᠴᠦᠷᠬᠡᠭᠵᠢᠭᠦᠯᠵᠦ ᠬᠡᠯᠬᠢᠶᠡᠵᠢᠯ ᠢᠶᠠᠷ ᠰᠢᠶᠠᠨ ᠢ ᠬᠦᠴᠦᠷᠬᠡᠭᠵᠢᠭᠦᠯᠬᠦ ᠠᠵᠢᠯ ᠢ ᠨᠠᠶᠢᠳᠠᠪᠤᠷᠢᠵᠢᠭᠤᠯᠤᠨ ᠠᠬᠢᠭᠤᠯᠵᠤ᠂ | ᠶᠠᠰᠤ ᠴᠢᠨᠠᠷ ᠨᠠᠷᠠᠲᠤ ᠲᠥᠷᠥᠯ ᠲᠡᠮᠳᠡᠭᠲᠦ ᠶᠢ ᠳᠡᠭᠡᠭᠰᠢᠯᠡᠭᠦᠯᠬᠦ ᠵᠢᠱᠢᠶ᠎ᠡ ᠦᠵᠡᠭᠦᠯᠬᠦ ᠣᠷᠣᠨ ᠢ ᠡᠭᠦᠳᠦᠨ | ᠪᠠᠶᠢᠭᠤᠯᠵᠤ᠂ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ | ᠢ ᠨᠡᠮᠡᠭᠳᠡᠭᠦᠯᠵᠦ ᠲᠠᠰ ᠳᠡᠪᠰᠢᠭᠦᠯᠬᠦ ᠶᠢ ᠠᠬᠢᠭᠤᠯᠤᠨ᠎ᠠ᠃ ︵ᠬᠠᠷᠢᠭᠤᠴᠠᠬᠤ ᠨᠢᠭᠡᠴᠢ᠄ ᠬᠤᠰᠢᠭᠤᠨ ᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | ︵ᠠᠷᠪᠠᠨ ᠬᠤᠶᠠᠷ︶ ᠬᠡᠮᠵᠢᠯᠲᠡ ᠶᠢᠨ ᠴᠢᠳᠠᠪᠤᠷᠢ ᠶᠢᠨ ᠲᠤᠯᠭᠠᠭᠤᠷᠢᠯᠠᠯ ᠢ ᠴᠢᠩᠭᠠᠷᠠᠭᠤᠯᠤᠨ᠎ᠠ᠃ ᠵᠠᠬ᠎ᠠ | ᠳᠡᠯᠭᠡᠭᠦᠷ ᠤᠨ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠲᠥᠪ ᠤᠨ ᠮᠡᠷᠭᠡᠵᠢᠯ ᠤᠨ ᠠᠵᠢᠯᠲᠠᠨ ᠢ ᠵᠣᠬᠢᠶᠠᠨ | ᠪᠠᠶᠢᠭᠤᠯᠤᠨ ᠬᠡᠮᠵᠢᠯᠲᠡ ᠶᠢᠨ ᠮᠡᠷᠭᠡᠵᠢᠯ ᠤᠨ ᠦᠶᠯᠡᠴᠢᠯᠡᠭᠡᠨ ᠤ ᠠᠩᠭᠢ ᠶᠢ ᠪᠠᠶᠢᠭᠤᠯᠵᠤ᠂ ︽ᠬᠡᠮᠵᠢᠯᠲᠡ ᠶᠢᠨ | ᠦᠶᠯᠡᠴᠢᠯᠡᠭᠡᠨ ᠤ ᠳᠤᠮᠳᠠ ᠵᠢᠵᠢᠭ ᠠᠵᠤ ᠠᠬᠤᠶᠢᠯᠠᠯ ᠤᠨ ᠠᠶᠠᠯᠠᠯ︾ ᠤᠨ ᠠᠵᠢᠯᠯᠠᠭ᠎ᠠ ᠶᠢ ᠥᠷᠨᠢᠭᠦᠯᠦᠨ᠂ ᠠᠵᠤ | ᠠᠬᠤᠶᠢᠯᠠᠯ ᠢ ᠬᠠᠪᠰᠤᠷᠤᠨ ᠬᠡᠮᠵᠢᠯᠲᠡ ᠶᠢᠨ ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠵᠦ᠂ ᠡᠨᠧᠷᠭᠢ ᠶᠢᠨ | ᠬᠡᠮᠵᠢᠯᠲᠡ ᠪᠠ ᠨᠡᠭᠦᠷᠡᠰᠦᠲᠥ᠋ᠷᠥᠭᠴᠢ ᠶᠢᠨ ᠬᠡᠮᠵᠢᠯᠲᠡ ᠵᠡᠷᠭᠡ ᠬᠡᠮᠵᠢᠯᠲᠡ ᠶᠢᠨ ᠦᠶᠯᠡᠴᠢᠯᠡᠭᠡᠨ ᠢ ᠬᠠᠩᠭᠠᠵᠤ᠂ ᠠᠵᠤ | ᠠᠬᠤᠶᠢᠯᠠᠯ ᠢ ᠬᠠᠪᠰᠤᠷᠤᠨ ᠬᠡᠮᠵᠢᠯᠲᠡ ᠶᠢᠨ ᠠᠰᠠᠭᠤᠳᠠᠯ ᠢ ᠰᠢᠶᠳᠪᠦᠷᠢᠯᠡᠨ᠎ᠡ᠃ ᠳᠤᠮᠳᠠ ᠪᠠᠭ᠎ᠠ ᠠᠵᠤ ᠠᠬᠤᠶᠢᠯᠠᠯ | ᠤᠨ ᠬᠡᠮᠵᠢᠯᠲᠡ ᠶᠢᠨ ᠬᠠᠨᠢᠲᠠᠨ ᠢ ᠬᠠᠪᠰᠤᠷᠤᠨ ᠲᠡᠳᠬᠦᠬᠦ ᠲᠥᠯᠥᠪᠯᠡᠭᠡ ᠶᠢ ᠬᠡᠷᠡᠭᠵᠢᠭᠦᠯᠵᠦ᠂ ᠡᠯ᠎ᠡ ᠠᠵᠤ ᠦᠶᠯᠡᠰ | ᠤᠨ ᠬᠥᠲᠥᠴᠢ ᠠᠵᠤ ᠠᠬᠤᠶᠢᠯᠠᠯ ᠤᠨ ᠬᠡᠮᠵᠢᠯᠲᠡ ᠶᠢᠨ ᠮᠡᠷᠭᠡᠵᠢᠯ ᠤᠨ ᠳᠠᠪᠠᠭᠤᠯᠢᠭ ᠢᠶᠠᠨ ᠪᠠᠳᠠᠷᠠᠭᠤᠯᠬᠤ ᠶᠢ | ᠬᠠᠪᠰᠤᠷᠤᠨ ᠵᠢᠯᠣᠭᠤᠳᠴᠤ᠂ ᠲᠣᠰ ᠠᠵᠢᠯ ᠲᠥᠷᠥᠯ ᠤᠨ ᠳᠤᠮᠳᠠ ᠪᠠᠭ᠎ᠠ ᠠᠵᠤ ᠠᠬᠤᠶᠢᠯᠠᠯ ᠤᠨ ᠬᠡᠮᠵᠢᠯᠲᠡ ᠶᠢᠨ | ᠮᠡᠷᠭᠡᠵᠢᠯ ᠤᠨ ᠬᠥᠭᠵᠢᠯᠲᠡ ᠶᠢ ᠳᠠᠶᠢᠴᠢᠯᠠᠨ᠂ ᠲᠣᠮᠣ ᠳᠤᠮᠳᠠ ᠪᠠᠭ᠎ᠠ ᠠᠵᠤ ᠠᠬᠤᠶᠢᠯᠠᠯ ᠤᠨ ᠬᠡᠮᠵᠢᠯᠲᠡ ᠶᠢᠨ | ᠠᠭᠤᠰᠤᠯᠴᠠᠨ ᠬᠥᠭᠵᠢᠬᠦ ᠶᠢ ᠠᠬᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠬᠦᠴᠦ ᠪᠠᠨ ᠬᠠᠮᠲᠤᠳᠬᠠᠨ ᠪᠣᠶ | ᠪᠣᠯᠭᠠᠨ᠎ᠠ᠃ ︵ᠬᠠᠷᠢᠭᠤᠴᠠᠬᠤ ᠨᠢᠭᠡᠴᠢ᠄ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ︶ | ︵ᠠᠷᠪᠠᠨ ᠭᠤᠷᠪᠠ︶ ︽ᠪᠠᠷᠢᠮᠵᠢᠶᠠᠵᠢᠭᠤᠯᠬᠤ +︾ ᠪᠠᠶᠢᠯᠳᠤᠬᠤ ᠪᠣᠳᠣᠯᠭ᠎ᠠ ᠶᠢ ᠢᠳᠡᠪᠬᠢᠲᠡᠶ ᠠᠬᠢᠭᠤᠯᠤᠨ᠎ᠠ | ᠃ ︽ᠲᠠᠪᠤᠨ ᠶᠡᠭᠡ ᠡᠭᠦᠷᠭᠡ︾ ᠪᠠ ︽ᠵᠢᠷᠭᠤᠭᠠᠨ ᠢᠨᠵᠧᠨᠧᠷᠢᠩ︾ ᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ | ᠲᠥᠪᠯᠡᠷᠡᠭᠦᠯᠵᠦ᠂ ᠠᠵᠤ ᠦᠶᠯᠡᠰ ᠤᠨ ᠠᠵᠤ ᠠᠬᠤᠶ ᠶᠢᠨ ᠬᠥᠭᠵᠢᠯᠲᠡ ᠶᠢᠨ ᠣᠳᠣᠬᠢ ᠪᠠᠶᠢᠳᠠᠯ ᠢ ᠦᠨᠳᠦᠰᠦᠯᠡᠨ᠂ | ᠭᠤᠤᠯᠳᠠᠯᠭ᠎ᠠ ᠪᠠᠨ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ᠂ ᠡᠬᠢ ᠪᠠᠶᠠᠯᠢᠭ ᠢ ᠠᠷᠪᠢᠲᠠᠶ ᠡᠷᠴᠢᠮᠵᠢᠭᠦᠯᠦᠨ | ᠠᠰᠢᠭᠯᠠᠬᠤ ᠵᠡᠷᠭᠡ ᠲᠠᠯ᠎ᠠ ᠳᠤ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠶ ᠪᠠᠷᠢᠮᠵᠢᠶ᠎ᠠ ᠶᠢᠨ | ᠰᠢᠰᠲ᠋ᠧᠮᠵᠢ ᠶᠢᠨ ᠲᠥᠷᠥᠯ ᠵᠦᠶᠯ ᠢ ᠡᠯᠰᠡᠨ ᠴᠤᠭᠯᠠᠭᠤᠯᠵᠤ ᠭᠤᠶᠤᠴᠢᠯᠠᠨ ᠮᠡᠳᠡᠭᠦᠯᠦᠨ᠎ᠡ᠃ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠪᠠᠷᠢᠮᠵᠢᠶ᠎ᠠ ᠵᠢᠴᠢ ᠲᠦᠩᠯᠢᠶᠣᠤ ᠬᠤᠲᠠ ᠶᠢᠨ ᠣᠷᠣᠨ | ᠨᠤᠲᠤᠭ ᠤᠨ ᠪᠠᠷᠢᠮᠵᠢᠶ᠎ᠠ ᠶᠢ ᠲᠣᠭᠲᠠᠭᠠᠵᠤ ᠵᠠᠰᠠᠪᠤᠷᠢ ᠣᠷᠣᠭᠤᠯᠬᠤ ᠲᠥᠷᠥᠯ ᠵᠦᠶᠯ ᠤᠨ ᠡᠯᠰᠡᠨ ᠴᠤᠭᠯᠠᠭᠤᠯᠬᠤ | ᠠᠵᠢᠯ ᠢ ᠥᠷᠨᠢᠭᠦᠯᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠪᠠ ᠠᠵᠤ ᠠᠬᠤᠶᠢᠯᠠᠯ ᠢ ᠬᠥᠲᠥᠯᠥᠨ ᠵᠢᠯᠣᠭᠤᠳᠴᠤ | ᠪᠠᠶᠢᠭᠠᠳ ᠣᠷᠣᠨ ᠨᠤᠲᠤᠭ ᠤᠨ ᠪᠠᠷᠢᠮᠵᠢᠶ᠎ᠠ ᠶᠢ ᠲᠣᠭᠲᠠᠭᠠᠵᠤ ᠵᠠᠰᠠᠪᠤᠷᠢ ᠣᠷᠣᠭᠤᠯᠬᠤ ᠠᠵᠢᠯ ᠢ ᠭᠤᠤᠯᠯᠠᠨ | ᠵᠢᠯᠣᠭᠤᠳᠬᠤ ᠪᠤᠶᠤ ᠣᠷᠣᠯᠴᠠᠭᠤᠯᠤᠨ᠎ᠠ᠃ ᠪᠦᠯᠬᠦᠮ ᠤᠨ ᠪᠠᠷᠢᠮᠵᠢᠶ᠎ᠠ᠂ ᠠᠵᠤ ᠠᠬᠤᠶᠢᠯᠠᠯ ᠤᠨ ᠪᠠᠷᠢᠮᠵᠢᠶᠠᠵᠢᠭᠤᠯᠬᠤ | ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠬᠤ ᠶᠢ ᠴᠢᠩᠭᠠᠳᠬᠠᠵᠤ᠂ ᠨᠡᠶᠢᠭᠡᠮ ᠤᠨ ᠪᠦᠯᠬᠦᠮ᠂ ᠠᠵᠤ ᠠᠬᠤᠶᠢᠯᠠᠯ ᠢ | ᠵᠣᠷᠢᠭᠵᠢᠭᠤᠯᠬᠤ ᠪᠠ ᠬᠥᠲᠥᠯᠥᠨ ᠵᠢᠯᠣᠭᠤᠳᠴᠤ ᠪᠠᠶᠢᠭᠠᠳ ᠨᠠᠩ ᠴᠢᠨᠠᠷ ᠰᠠᠶᠢᠲᠠᠶ ᠪᠠᠷᠢᠮᠵᠢᠶ᠎ᠠ ᠶᠢ ᠢᠯᠡ ᠨᠡᠶᠢᠲᠡᠯᠡᠨ᠎ᠡ | ᠃ ︽2022 — 2024 ᠣᠨ ᠤ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠶᠢᠨ ᠪᠠᠷᠢᠮᠵᠢᠶᠠᠯᠠᠵᠤ ᠪᠠᠷᠢᠮᠵᠢᠶ᠎ᠠ ᠳᠤ ᠬᠦᠷᠦᠭᠦᠯᠦᠨ ᠳᠡᠭᠡᠭᠰᠢᠯᠡᠭᠦᠯᠬᠦ ᠭᠤᠷᠪᠠᠨ ᠵᠢᠯ | ᠤᠨ ᠠᠵᠢᠯᠯᠠᠭᠠᠨ ᠤ ᠲᠥᠯᠥᠪᠯᠡᠭᠡ︾ ᠶᠢ ᠭᠦᠨᠵᠡᠭᠡᠶ ᠠᠬᠢᠭᠤᠯᠵᠤ᠂ ᠨᠡᠶᠢᠭᠡᠮ ᠤᠨ ᠪᠦᠯᠬᠦᠮ ᠨᠡᠶᠢᠲᠡ᠂ ᠠᠵᠤ | ᠠᠬᠤᠶᠢᠯᠠᠯ ᠢ ᠵᠣᠬᠢᠶᠠᠨ ᠪᠠᠶᠢᠭᠤᠯᠤᠨ ᠭᠤᠤᠯᠳᠠᠯᠭ᠎ᠠ ᠲᠠᠢ ᠦᠶᠯᠡᠳᠬᠦᠨ ᠪᠠ ᠦᠶᠯᠡᠴᠢᠯᠡᠭᠡᠨ ᠤ ᠬᠦᠷᠢᠶ᠎ᠡ ᠴᠠᠷᠠᠭ᠎ᠠ ᠳᠤ | ᠪᠠᠷᠢᠮᠵᠢᠶ᠎ᠠ ᠪᠠᠷ ᠠᠵᠤ ᠠᠬᠤᠶᠢᠯᠠᠯ ᠢ ᠬᠦᠴᠦᠷᠬᠡᠭᠵᠢᠭᠦᠯᠬᠦ᠂ ᠪᠠᠷᠢᠮᠵᠢᠶᠠᠯᠠᠵᠤ ᠬᠠᠪᠰᠤᠷᠤᠨ ᠲᠡᠳᠬᠦᠬᠦ ᠠᠵᠢᠯ ᠢ | ᠥᠷᠨᠢᠭᠦᠯᠦᠨ᠂ ᠠᠵᠤ ᠠᠬᠤᠶᠢᠯᠠᠯ ᠤᠨ ᠪᠠᠷᠢᠮᠵᠢᠶ᠎ᠠ ᠶᠢ ᠪᠠᠷᠢᠮᠵᠢᠶᠠᠯᠠᠵᠤ ᠪᠠᠷᠢᠮᠵᠢᠶ᠎ᠠ ᠳᠤ ᠬᠦᠷᠦᠭᠦᠯᠦᠨ ᠦᠷ᠎ᠡ ᠠᠰᠢᠭ | ᠢ ᠤᠬᠠᠭᠤᠯᠬᠤ ᠪᠠ ᠳᠡᠯᠭᠡᠷᠡᠭᠦᠯᠬᠦ ᠶᠢ ᠴᠢᠩᠭᠠᠳᠬᠠᠵᠤ᠂ ᠪᠠᠷᠢᠮᠵᠢᠶᠠᠯᠠᠵᠤ ᠪᠠᠷᠢᠮᠵᠢᠶ᠎ᠠ ᠳᠤ ᠬᠦᠷᠦᠭᠰᠡᠨ ᠠᠵᠤ | ᠠᠬᠤᠶᠢᠯᠠᠯ ᠢ 5 ᠠᠴᠠ ᠳᠡᠭᠡᠭᠰᠢ ᠪᠡᠶᠡᠯᠡᠭᠦᠯᠦᠨ᠎ᠡ᠃ ᠲᠡᠮᠦᠷᠯᠢᠭ᠂ ᠥᠩᠭᠡᠲᠦ ᠲᠡᠮᠦᠷᠯᠢᠭ᠂ ᠪᠠᠷᠢᠯᠭ᠎ᠠ ᠶᠢᠨ | ᠮᠠᠲ᠋ᠧᠷᠢᠶᠠᠯ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠪᠣᠬᠢᠷᠲᠤᠯ ᠥᠬᠡᠶ ᠳᠣᠤᠷ᠎ᠠ ᠨᠡᠭᠦᠷᠡᠰᠦᠲᠥ᠋ᠷᠥᠭᠴᠢᠲᠦ | ᠦᠶᠯᠡᠳᠬᠦᠨ ᠤ ᠬᠠᠩᠭᠠᠯᠭ᠎ᠠ ᠶᠢ ᠳᠡᠯᠭᠡᠷᠡᠭᠦᠯᠦᠨ᠎ᠡ᠃ ᠠᠵᠤ ᠠᠬᠤᠶᠢᠯᠠᠯ ᠳᠤ ᠡᠨᠧᠷᠭᠢ ᠠᠷᠪᠢᠯᠠᠬᠤ ᠣᠨᠣᠰᠢᠯᠠᠯᠲᠠ᠂ | ᠰᠠᠶᠢᠨ ᠳᠤᠷ᠎ᠠ ᠶᠢᠨ ᠴᠢᠨᠠᠷᠲᠠᠶ ᠠᠷᠢᠭᠤᠨ ᠴᠡᠪᠡᠷ ᠦᠶᠯᠡᠳᠪᠦᠷᠢᠯᠡᠯ᠂ ᠪᠠᠷᠢᠮᠵᠢᠶᠠᠲᠤ ︽ᠳᠠᠭᠠᠭᠤᠯᠤᠭᠴᠢ︾ ᠵᠡᠷᠭᠡ | ᠲᠠᠯ᠎ᠠ ᠶᠢᠨ ᠮᠡᠷᠭᠡᠵᠢᠯ ᠤᠨ ᠵᠥᠪᠯᠡᠯᠭᠡ ᠵᠢᠯᠣᠭᠤᠳᠣᠯᠭ᠎ᠠ ᠬᠠᠩᠭᠠᠨ᠎ᠠ᠃ ᠬᠤᠰᠢᠭᠤᠨ ᠤ ᠳᠣᠲᠣᠭᠠᠳᠤ ᠳᠤ ᠣᠯᠠᠨ | ᠤᠯᠤᠰ᠂ ᠤᠯᠤᠰ ︵ᠠᠵᠢᠯ ᠲᠥᠷᠥᠯ︶ ᠤᠨ ᠪᠠᠷᠢᠮᠵᠢᠶ᠎ᠠ ᠲᠣᠭᠲᠠᠭᠠᠭᠰᠠᠨ ᠠᠵᠤ ᠦᠶᠯᠡᠳᠪᠦᠷᠢ ᠶᠢᠨ ᠠᠵᠤ | ᠠᠬᠤᠶᠢᠯᠠᠯ ᠤᠨ ᠥᠪᠡᠷᠲᠡᠭᠡᠨ ᠵᠠᠰᠠᠬᠤ ᠣᠷᠣᠨ ᠤ ᠱᠠᠩᠨᠠᠯ ᠨᠥᠬᠦᠪᠥᠷᠢ ᠶᠢ ᠭᠤᠶᠤᠴᠢᠯᠠᠨ ᠮᠡᠳᠡᠭᠦᠯᠬᠦ ᠶᠢ ᠭᠤᠤᠯᠯᠠᠨ | ᠵᠢᠯᠣᠭᠤᠳᠬᠤ ᠪᠤᠶᠤ ᠣᠷᠣᠯᠴᠠᠬᠤ ᠶᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ᠂ ᠠᠵᠤ ᠠᠬᠤᠶᠢᠯᠠᠯ ᠤᠨ ᠰᠢᠨ᠎ᠡ | ᠶᠢ ᠡᠭᠦᠳᠬᠦ ᠠᠮᠢᠵᠢᠷᠠᠯ ᠤᠨ ᠬᠦᠴᠦᠨ ᠪᠠ ᠳᠠᠯᠳᠠ ᠬᠦᠴᠦᠨ ᠢ ᠬᠥᠭᠵᠢᠭᠡᠨ᠎ᠡ᠃ ᠠᠵᠢᠯ ᠲᠥᠷᠥᠯ ᠤᠨ | ᠬᠤᠳᠠᠯᠳᠤᠭᠠᠴᠢᠳ ᠤᠨ ᠨᠡᠶᠢᠭᠡᠮᠯᠢᠭ ᠤᠨ ᠠᠵᠢᠯ ᠲᠥᠷᠥᠯ ᠤᠨ ᠪᠠᠷᠢᠮᠵᠢᠶ᠎ᠠ ᠲᠣᠭᠲᠠᠭᠠᠬᠤ ᠶᠢ ᠭᠤᠤᠯᠯᠠᠨ | ᠵᠢᠯᠣᠭᠤᠳᠬᠤ ᠪᠤᠶᠤ ᠣᠷᠣᠯᠴᠠᠬᠤ ᠶᠢ ᠵᠣᠷᠢᠭᠵᠢᠭᠤᠯᠤᠨ ᠳᠡᠮᠵᠢᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ | ᠪᠠ ᠬᠤᠳᠠᠯᠳᠤᠭᠠᠴᠢᠳ ᠤᠨ ᠡᠪᠯᠡᠯ ᠢ ᠬᠥᠲᠥᠯᠥᠨ ᠵᠢᠯᠣᠭᠤᠳᠴᠤ ᠪᠠᠶᠢᠭᠠᠳ ᠠᠵᠤ ᠠᠬᠤᠶᠢᠯᠠᠯ ᠤᠨ ᠪᠠᠷᠢᠮᠵᠢᠶ᠎ᠠ ᠶᠢᠨ | ︽ᠳᠠᠭᠠᠭᠤᠯᠤᠭᠴᠢ︾ ᠪᠠ ᠪᠦᠯᠬᠦᠮ ᠤᠨ ᠪᠠᠷᠢᠮᠵᠢᠶ᠎ᠠ ᠶᠢᠨ ︽ᠳᠠᠭᠠᠭᠤᠯᠤᠭᠴᠢ︾ ᠶᠢ ᠴᠢᠷᠮᠠᠶᠢᠨ ᠡᠭᠦᠳᠦᠨ | ᠪᠠᠶᠢᠭᠤᠯᠤᠨ᠎ᠠ᠃ ︵ᠬᠠᠷᠢᠭᠤᠴᠠᠬᠤ ᠨᠢᠭᠡᠴᠢ᠄ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠠᠵᠤ ᠦᠶᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠦᠶᠯᠡᠳᠪᠦᠷᠢ ᠬᠤᠳᠠᠯᠳᠤᠭᠠᠨ ᠤ | ᠬᠤᠯᠪᠣᠭ᠎ᠠ︶ | ︵ᠠᠷᠪᠠᠨ ᠳᠥᠷᠪᠡ︶ ᠭᠡᠷᠡᠴᠢᠯᠡᠬᠦ ᠪᠠ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠠᠵᠢᠯ ᠢ ᠴᠢᠩᠭᠠᠳᠬᠠᠨ᠎ᠠ | ᠃ ᠵᠢᠵᠢᠭ ᠪᠢᠴᠢᠯ ᠠᠵᠤ ᠠᠬᠤᠶᠢᠯᠠᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠶᠢᠨ ᠭᠡᠷᠡᠴᠢᠯᠡᠵᠦ | ᠳᠡᠭᠡᠭᠰᠢᠯᠡᠭᠦᠯᠬᠦ ᠠᠵᠢᠯᠯᠠᠭ᠎ᠠ ᠶᠢ ᠠᠬᠢᠭᠤᠯᠤᠨ᠎ᠠ᠃ ᠭᠡᠷᠡᠴᠢᠯᠡᠬᠦ ᠠᠵᠢᠯᠯᠠᠭ᠎ᠠ ᠶᠢᠨ ᠮᠡᠳᠡᠭᠡ ᠵᠠᠩᠭᠢ ᠶᠢ ᠮᠥᠷᠳᠡᠨ | ᠡᠵᠡᠮᠰᠢᠵᠦ᠂ ᠭᠡᠷᠡᠴᠢᠯᠡᠬᠦ ᠪᠠᠶᠢᠴᠠᠭᠠᠯᠲᠠ ᠶᠢ ᠴᠠᠭ ᠲᠤᠬᠠᠶ ᠳᠤᠨᠢ ᠵᠣᠬᠢᠶᠠᠨ ᠪᠠᠶᠢᠭᠤᠯᠵᠤ᠂ ᠠᠯᠪᠠᠳᠠᠯᠭ᠎ᠠ ᠶᠢᠨ | ᠴᠢᠨᠠᠷᠲᠠᠶ ᠦᠶᠯᠡᠳᠬᠦᠨ ᠪᠠ ᠣᠷᠭᠠᠨᠢᠭ ᠦᠶᠯᠡᠳᠬᠦᠨ ᠤ ᠭᠡᠷᠡᠴᠢᠯᠡᠬᠦ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠶᠢᠨ | ᠪᠠᠶᠢᠴᠠᠭᠠᠯᠲᠠ ᠶᠢᠨ ᠨᠣᠷᠮ᠎ᠠ ᠶᠢ 100% ᠳᠤ ᠬᠦᠷᠦᠭᠦᠯᠦᠨ᠎ᠡ᠃ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ | ᠪᠠᠶᠢᠭᠤᠯᠤᠮᠵᠢ ᠶᠢᠨ ᠲᠤᠰᠬᠠᠶᠢᠯᠠᠨ ᠰᠤᠭᠤᠴᠢᠨ ᠪᠠᠶᠢᠴᠠᠭᠠᠬᠤ ᠠᠵᠢᠯ ᠢ ᠥᠷᠨᠢᠭᠦᠯᠵᠦ᠂ ᠰᠤᠭᠤᠴᠢᠨ ᠪᠠᠶᠢᠴᠠᠭᠠᠵᠤ | ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠪᠠᠶᠢᠭᠤᠯᠤᠮᠵᠢ ᠶᠢᠨ ᠬᠠᠷᠢᠴᠠᠯ ᠢ 25% ᠳᠤ ᠬᠦᠷᠦᠭᠦᠯᠦᠨ᠎ᠡ᠃ ︵ | ᠬᠠᠷᠢᠭᠤᠴᠠᠬᠤ ᠨᠢᠭᠡᠴᠢ᠄ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | ᠳᠥᠷᠪᠡ᠂ ᠠᠮᠤᠷ ᠲᠦᠪᠰᠢᠨ ᠤ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠬᠥᠭᠵᠢᠯᠲᠡ ᠶᠢᠨ ᠶᠡᠭᠡ ᠲᠠᠯ᠎ᠠ | ᠳᠤ ᠦᠢᠯᠡᠴᠢᠯᠡᠨ᠎ᠡ | ︵ᠠᠷᠪᠠᠨ ᠲᠠᠪᠤ︶ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ | ᠰᠦᠯᠵᠢᠶᠡᠨ ᠤ ᠳ᠋ᠠᠶᠢᠲ᠋ᠠ ᠶᠢᠨ ᠠᠮᠤᠷ ᠲᠦᠪᠰᠢᠨ ᠤ ᠪᠠᠶᠢᠴᠠᠭᠠᠯᠲᠠ ᠦᠨᠡᠯᠡᠯᠲᠡ ᠪᠠᠷ ᠭᠠᠷᠳᠠᠴᠠ ᠪᠣᠯᠭᠠᠵᠤ᠂ | ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠭᠤᠣᠯ | ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠤ ᠠᠬᠤᠶᠢᠯᠠᠯ ᠤᠨ ᠲᠤᠭ᠎ᠠ ᠪᠠᠷᠢᠮᠲᠠ ᠶᠢ ᠲᠦᠷᠦᠯ | ᠬᠤᠪᠢᠶᠠᠨ ᠲᠡᠰ ᠬᠤᠪᠢᠶᠠᠨ ᠬᠠᠮᠢᠶᠠᠷᠬᠤ ᠶᠢ ᠴᠢᠩᠭ᠎ᠠ ᠨᠠᠶᠢᠳᠠᠪᠤᠷᠢᠵᠢᠭᠤᠯᠬᠤ ᠶᠢ ᠱᠠᠯᠠᠪᠳᠠᠭᠤᠯᠤᠨ ᠱᠠᠭᠠᠷᠳᠠᠵᠤ᠂ | ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠤ ᠰᠦᠯᠵᠢᠶᠡᠨ ᠤ ᠲᠤᠭ᠎ᠠ ᠪᠠᠷᠢᠮᠲᠠ ᠶᠢᠨ ᠠᠮᠤᠷ ᠲᠦᠪᠰᠢᠨ ᠢ | ᠪᠠᠲᠤᠯᠠᠬᠤ ᠬᠡᠷᠡᠭᠲᠡᠢ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠢᠴᠢ ᠶᠠᠰᠤ ᠴᠢᠨᠠᠷ ᠲᠤ ᠬᠢᠨᠠᠯᠲᠠ ᠲᠠᠯᠪᠢᠬᠤ | ᠵᠠᠷᠤᠳᠠᠯ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠪᠠᠲᠤᠯᠠᠭ᠎ᠠ ᠵᠢᠴᠢ ᠬᠢᠨᠠᠯᠲᠠ ᠬᠠᠮᠢᠶᠠᠷᠤᠯᠲᠠ ᠶᠢᠨ | ᠵᠠᠷᠤᠳᠠᠯ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ | ᠬᠢᠨᠠᠯᠲᠠ ᠬᠠᠮᠢᠶᠠᠷᠤᠯᠲᠠ ᠶᠢᠨ ᠵᠠᠷᠤᠳᠠᠯ᠂ ᠠᠮᠢ ᠠᠬᠤᠶ ᠣᠷᠴᠢᠨ ᠲᠣᠭᠤᠷᠢᠨ ᠤ ᠢᠳᠡᠭᠡᠨ ᠪᠠ ᠡᠮ ᠤᠨ ᠵᠦᠢᠯ ᠤᠨ | ᠬᠠᠤᠯᠢ ᠬᠡᠷᠡᠭᠵᠢᠭᠦᠯᠵᠦ ᠬᠡᠷᠡᠭ ᠰᠢᠶᠳᠪᠦᠷᠢᠯᠡᠬᠦ ᠬᠠᠮᠢᠶ᠎ᠠ ᠪᠦᠬᠦᠢ ᠵᠠᠷᠤᠳᠠᠯ ᠵᠡᠷᠭᠡ ᠶᠢ ᠪᠠᠲᠤᠯᠠᠵᠤ᠂ ᠢᠳᠡᠭᠡᠨ ᠪᠠ ᠡᠮ | ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠪᠠᠲᠤᠯᠠᠨ᠎ᠠ᠃ ︽ᠥᠪᠥᠷ ᠮᠣᠩᠭᠤᠯ | ᠤᠨ ᠥᠪᠡᠷᠲᠡᠭᠡᠨ ᠵᠠᠰᠠᠬᠤ ᠣᠷᠣᠨ ᠤ ᠤᠶᠤᠨᠲᠤ ᠪᠠᠷᠢᠯᠭ᠎ᠠ ᠶᠢᠨ ᠬᠠᠮᠢᠶᠠᠷᠤᠯᠲᠠ ᠦᠶᠯᠡᠴᠢᠯᠡᠭᠡᠨ ᠤ ᠮᠡᠳᠡᠭᠡ ᠵᠠᠩᠭᠢ | ᠶᠢᠨ ᠰᠢᠰᠲ᠋ᠧᠮ︾ ᠢ ᠭᠦᠶᠴᠡᠳ ᠠᠰᠢᠭᠯᠠᠨ᠂ ᠢᠲᠡᠭᠡᠯ ᠠᠯᠳᠠᠭᠰᠠᠨ ᠠᠵᠤ ᠠᠬᠤᠶᠢᠯᠠᠯ ᠪᠠ ᠠᠵᠢᠯ ᠡᠷᠭᠢᠯᠡᠭᠰᠡᠳ ᠤᠨ | ᠬᠠᠮᠢᠶ᠎ᠠ ᠪᠥᠬᠦᠶ ᠮᠡᠳᠡᠭᠡ ᠵᠠᠩᠭᠢ ᠶᠢ ᠴᠠᠭ ᠲᠤᠬᠠᠶ ᠳᠤᠨᠢ ᠳᠠᠮᠵᠢᠭᠤᠯᠵᠤ᠂ ᠬᠤᠰᠢᠭᠤᠨ ᠤ ᠵᠠᠰᠠᠭ ᠤᠨ ᠣᠷᠳᠣᠨ ᠤ | ᠫᠤᠷᠲ᠋ᠧᠯ ᠰᠦᠯᠵᠢᠶ᠎ᠡ ᠪᠠ ᠪᠠᠷᠢᠯᠭ᠎ᠠ ᠶᠢᠨ ᠦᠶᠯᠡᠰ ᠤᠨ ᠨᠡᠶᠢᠭᠡᠮᠯᠢᠭ ᠤᠨ ᠰᠦᠯᠵᠢᠶ᠎ᠡ ᠳᠤ ᠵᠠᠷᠯᠠᠨ ᠨᠡᠶᠢᠲᠡᠯᠡᠨ᠎ᠡ᠃ | ᠰᠤᠭᠤᠴᠢᠨ ᠪᠠᠶᠢᠴᠠᠭᠠᠬᠤ ᠵᠦᠶᠯᠡᠰ ᠤᠨ ᠨᠠᠷᠢᠨ ᠬᠠᠭᠤᠳᠠᠰᠤ ᠶᠢ ᠲᠣᠭᠲᠠᠭᠠᠨ ᠲᠡᠭᠦᠯᠳᠡᠷᠵᠢᠭᠦᠯᠵᠦ᠂ ᠵᠠᠮ | ᠬᠠᠷᠢᠯᠴᠠᠭ᠎ᠠ ᠲᠡᠭᠡᠭᠡᠪᠦᠷᠢ ᠶᠢᠨ ︽ᠬᠤᠶᠠᠷ ᠢ ᠲᠠᠰᠢᠷᠠᠮ ᠢᠶᠠᠷ ᠰᠤᠭᠤᠴᠢᠬᠤ᠂ ᠨᠢᠭᠡ ᠶᠢ ᠢᠯᠡ ᠪᠣᠯᠭᠠᠬᠤ︾ ᠶᠢᠨ | ᠬᠠᠮᠲᠤᠷᠠᠨ ᠰᠤᠭᠤᠴᠢᠨ ᠪᠠᠶᠢᠴᠠᠭᠠᠬᠤ ᠶᠢ ᠥᠷᠨᠢᠭᠦᠯᠦᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠶᠤᠯ ᠥᠬᠡᠶ | ᠦᠶᠯᠡᠳᠪᠦᠷᠢᠯᠡᠯ᠂ ᠦᠶᠯᠡᠳᠬᠦᠨ ᠤ ᠶᠠᠰᠤ ᠴᠢᠨᠠᠷ᠂ ᠭᠤᠤᠯᠳᠠᠯᠭ᠎ᠠ ᠲᠠᠢ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ | ᠵᠢᠴᠢ ᠥᠩᠭᠡᠷᠡᠭᠰᠡᠨ ᠵᠢᠯ ᠤᠳ ᠤᠨ ᠰᠤᠭᠤᠴᠢᠨ ᠪᠠᠶᠢᠴᠠᠭᠠᠬᠤ ᠠᠰᠠᠭᠤᠳᠠᠯ ᠳᠤ ᠬᠤᠯᠪᠣᠭᠳᠠᠭᠰᠠᠨ ᠨᠡᠯᠢᠶᠡᠳ | ᠲᠥᠪᠯᠡᠷᠡᠭᠰᠡᠨ ᠵᠦᠶᠯᠡᠰ ᠢ ᠭᠤᠤᠯᠳᠠᠯᠭ᠎ᠠ ᠲᠠᠢ ᠪᠠᠶᠢᠴᠠᠭᠠᠨ᠎ᠠ᠃ ᠢᠲᠡᠭᠡᠮᠵᠢ ᠰᠠᠶᠢᠲᠠᠶ ᠵᠠᠬ᠎ᠠ ᠳᠡᠯᠭᠡᠭᠦᠷ ᠤᠨ ᠭᠤᠤᠯ | ᠴᠣᠭᠴᠠ ᠶᠢᠨ ᠰᠤᠭᠤᠴᠢᠨ ᠪᠠᠶᠢᠴᠠᠭᠠᠬᠤ ᠬᠠᠷᠢᠴᠠᠯ ᠪᠠ ᠤᠳᠠᠭ᠎ᠠ ᠶᠢ ᠵᠣᠬᠢᠰᠲᠠᠶ ᠪᠠᠭᠠᠰᠬᠠᠵᠤ᠂ ︽ᠬᠠᠷ᠎ᠠ ᠲᠠᠩᠰᠠ︾ | ᠳᠤ ᠵᠢᠭᠰᠠᠭᠠᠨ ᠣᠷᠣᠭᠤᠯᠤᠭᠰᠠᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠰᠤᠭᠤᠴᠢᠨ ᠪᠠᠶᠢᠴᠠᠭᠠᠬᠤ ᠬᠠᠷᠢᠴᠠᠯ | ᠪᠠ ᠤᠳᠠᠭ᠎ᠠ ᠶᠢ ᠵᠣᠬᠢᠰᠲᠠᠶ ᠪᠠᠷ ᠨᠡᠮᠡᠭᠳᠡᠭᠦᠯᠵᠦ᠂ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠰᠢᠯᠵᠢᠭᠦᠯᠦᠨ | ᠲᠤᠰᠢᠶᠠᠭᠰᠠᠨ ᠵᠦᠶᠯᠡᠰ ᠵᠢᠴᠢ ︽12345 ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠷᠠᠳ ᠲᠤ ᠲᠥᠬᠦᠮ | ᠦᠵᠡᠭᠦᠯᠬᠦ ᠬᠠᠯᠠᠮᠰᠢᠯ ᠤᠲᠠᠰᠤ︾ ︽12328 ᠵᠠᠮ ᠬᠠᠷᠢᠯᠴᠠᠭ᠎ᠠ ᠲᠡᠭᠡᠭᠡᠪᠦᠷᠢ ᠶᠢᠨ ᠦᠶᠯᠡᠴᠢᠯᠡᠭᠡᠨ ᠤ ᠬᠢᠨᠠᠯᠲᠠ | ᠲᠠᠯᠪᠢᠬᠤ ᠬᠠᠯᠠᠮᠰᠢᠯ ᠤᠲᠠᠰᠤ︾ ᠶᠢᠨ ᠵᠠᠭᠠᠯᠳᠤᠵᠤ ᠢᠯᠡᠴᠢᠯᠡᠨ ᠮᠡᠳᠡᠭᠦᠯᠦᠭᠰᠡᠨ ᠠᠰᠠᠭᠤᠳᠠᠯ ᠳᠤ ᠴᠢᠭᠯᠡᠭᠦᠯᠬᠦ | ᠴᠢᠨᠠᠷᠲᠠᠶ ᠪᠠᠶᠢᠴᠠᠭᠠᠯᠲᠠ ᠬᠢᠨ᠎ᠠ᠃ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠨᠠᠰᠤᠨ ᠲᠤᠷᠰᠢᠳᠠ | ᠶᠢᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠥᠲᠥᠭᠡᠨ ᠪᠠᠶᠢᠭᠤᠯᠤᠯᠲᠠ ᠳᠤ | ᠣᠷᠣᠯᠴᠠᠭᠰᠠᠨ ᠨᠢᠭᠡᠴᠢ ᠶᠢᠨ ᠭᠡᠷ᠎ᠡ ᠪᠠᠨ ᠭᠦᠶᠴᠡᠳᠬᠡᠬᠦ ᠴᠢᠳᠠᠪᠤᠷᠢ ᠳᠤ ᠪᠠᠶᠢᠴᠠᠭᠠᠯᠲᠠ ᠬᠢᠵᠦ᠂ ᠤᠰᠤᠨ | ᠠᠰᠢᠭᠯᠠᠯᠲᠠ ᠶᠢᠨ ᠪᠠᠷᠢᠯᠭ᠎ᠠ ᠶᠢᠨ ᠲᠥᠷᠥᠯ ᠵᠦᠶᠯ ᠤᠨ ᠬᠠᠤᠯᠢ ᠶᠢᠨ ᠡᠷᠬᠡᠲᠡᠨ ᠤ ᠲᠡᠷᠢᠭᠦᠨ ᠴᠢᠬᠤᠯᠠ | ᠬᠠᠷᠢᠭᠤᠴᠠᠯᠭ᠎ᠠ ᠪᠠ ᠬᠠᠶᠢᠨ ᠪᠠᠶᠢᠴᠠᠭᠠᠬᠤ᠂ ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ | ᠨᠢᠭᠡᠴᠢ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠰᠢᠨᠵᠢᠬᠦ ᠶᠢ | ᠦᠷᠭᠦᠯᠵᠢᠯᠡᠨ ᠥᠷᠨᠢᠭᠦᠯᠵᠦ᠂ ᠶᠠᠰᠤ ᠴᠢᠨᠠᠷ ᠤᠨ ᠠᠮᠤᠷ ᠲᠦᠪᠰᠢᠨ ᠤ ᠬᠠᠤᠯᠢ ᠬᠡᠷᠡᠭᠵᠢᠭᠦᠯᠦᠯᠲᠡ ᠶᠢ | ᠴᠢᠩᠭᠠᠷᠠᠭᠤᠯᠤᠨ᠂ ︽ᠬᠠᠤᠯᠢ ᠠᠴᠠ ᠵᠥᠷᠢᠴᠡᠨ ᠡᠮ ᠬᠡᠷᠡᠭᠯᠡᠬᠦ ᠶᠢ ᠵᠠᠰᠠᠵᠤ ᠬᠢᠵᠠᠭᠠᠷᠯᠠᠬᠤ ᠶᠢ ᠳᠡᠭᠡᠭᠰᠢᠯᠡᠭᠦᠯᠦᠨ | ᠠᠬᠢᠭᠤᠯᠬᠤ︾ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠲᠠᠷᠢᠶᠠᠯᠠᠩ ᠮᠠᠯ ᠤᠨ ᠡᠮ ᠤᠨ | ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢᠨ | ᠲᠠᠪᠴᠠᠩ ᠢ ᠰᠢᠯᠢᠳᠡᠭᠵᠢᠭᠦᠯᠵᠦ᠂ ︽ᠬᠤᠶᠠᠷ ᠢ ᠲᠠᠰᠢᠷᠠᠮ ᠢᠶᠠᠷ ᠰᠤᠭᠤᠴᠢᠵᠤ᠂ ᠨᠢᠭᠡ ᠶᠢ ᠢᠯᠡ ᠪᠣᠯᠭᠠᠬᠤ︾ | ᠬᠢᠨᠠᠯᠲᠠ ᠬᠠᠮᠢᠶᠠᠷᠤᠯᠲᠠ ᠶᠢ ᠥᠷᠭᠡᠳᠬᠡᠨ᠂ ᠰᠠᠯᠠᠭ᠎ᠠ ᠮᠥᠴᠢᠷ ᠤᠳ ᠬᠤᠯᠪᠣᠭᠠᠯᠠᠨ ︽ᠬᠤᠶᠠᠷ ᠢ ᠲᠠᠰᠢᠷᠠᠮ ᠢᠶᠠᠷ | ᠰᠤᠭᠤᠴᠢᠵᠤ︾ ᠰᠤᠭᠤᠴᠢᠨ ᠪᠠᠶᠢᠴᠠᠭᠠᠬᠤ ᠶᠢᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ︽ᠬᠤᠶᠠᠷ ᠢ ᠲᠠᠰᠢᠷᠠᠮ | ᠢᠶᠠᠷ ᠰᠤᠭᠤᠴᠢᠵᠤ︾ ᠰᠠᠯᠠᠭ᠎ᠠ ᠮᠥᠴᠢᠷ ᠠᠯᠤᠰᠯᠠᠭᠰᠠᠨ ᠬᠢᠨᠠᠯᠲᠠ ᠬᠠᠮᠢᠶᠠᠷᠤᠯᠲᠠ ᠶᠢᠨ ᠨᠣᠷᠮ᠎ᠠ ᠶᠢ 20% ᠠᠴᠠ | ᠳᠡᠭᠡᠭᠰᠢ ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ᠃ ᠭᠤᠤᠯᠳᠠᠯᠭ᠎ᠠ ᠲᠠᠢ ᠠᠵᠤ ᠦᠶᠯᠡᠳᠪᠦᠷᠢ ᠶᠢᠨ ᠦᠶᠯᠡᠳᠬᠦᠨ | ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠬᠢᠨᠠᠯᠲᠠ ᠲᠠᠯᠪᠢᠵᠤ | ᠰᠤᠭᠤᠴᠢᠨ ᠪᠠᠶᠢᠴᠠᠭᠠᠬᠤ ᠠᠵᠢᠯ ᠤᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠲᠣᠭᠤᠷᠢᠭ᠂ | ᠬᠤᠲᠠ ᠬᠤᠶᠠᠷ ᠱᠠᠲᠤᠨ ᠤ ᠭᠤᠤᠯᠳᠠᠯᠭ᠎ᠠ ᠲᠠᠢ ᠠᠵᠤ ᠦᠶᠯᠡᠳᠪᠦᠷᠢ ᠶᠢᠨ ᠦᠶᠯᠡᠳᠬᠦᠨ ᠳᠤ ᠬᠢᠨᠠᠯᠲᠠ ᠲᠠᠯᠪᠢᠵᠤ | ᠰᠤᠭᠤᠴᠢᠨ ᠪᠠᠶᠢᠴᠠᠭᠠᠬᠤ ᠠᠵᠢᠯ ᠳᠤ ᠢᠳᠡᠪᠬᠢᠲᠡᠢ ᠬᠠᠮᠵᠢᠯᠴᠠᠨ᠎ᠠ᠃ ᠬᠢᠨᠠᠯᠲᠠ ᠲᠠᠯᠪᠢᠵᠤ ᠰᠤᠭᠤᠴᠢᠨ | ᠪᠠᠶᠢᠴᠠᠭᠠᠭᠰᠠᠨ ᠤ ᠳᠠᠷᠠᠭᠠᠬᠢ ᠰᠢᠶᠳᠪᠦᠷᠢᠯᠡᠬᠦ ᠦᠷ᠎ᠡ ᠪᠦᠲᠦᠮᠵᠢ ᠶᠢ ᠴᠢᠩᠭᠠᠷᠠᠭᠤᠯᠵᠤ᠂ ᠴᠡᠭᠴᠡᠯᠡᠨ ᠰᠠᠶᠢᠵᠢᠷᠠᠭᠤᠯᠬᠤ | ᠪᠠ ᠳᠠᠬᠢᠨ ᠪᠠᠶᠢᠴᠠᠭᠠᠬᠤ ᠠᠵᠢᠯ ᠢ ᠴᠠᠭ ᠲᠤᠬᠠᠶ ᠳᠤᠨᠢ ᠪᠡᠶᠡᠯᠡᠭᠦᠯᠦᠨ᠂ ᠬᠢᠷᠢ ᠲᠡᠩᠴᠡᠭᠦ ᠥᠬᠡᠶ ᠮᠡᠳᠡᠭᠡ ᠵᠠᠩᠭᠢ ᠶᠢ | ᠴᠠᠭ ᠲᠤᠬᠠᠶ ᠳᠤᠨᠢ ᠮᠡᠳᠡᠭᠡᠯᠡᠵᠦ᠂ ︽ᠰᠤᠭᠤᠴᠢᠨ ᠪᠠᠶᠢᠴᠠᠭᠠᠬᠤ᠂ ᠪᠠᠶᠢᠴᠠᠭᠠᠬᠤ᠂ ᠬᠠᠮᠢᠶᠠᠷᠬᠤ᠂ ᠦᠶᠯᠡᠴᠢᠯᠡᠬᠦ᠂ | ᠵᠢᠯᠣᠭᠤᠳᠬᠤ︾ ᠠᠵᠢᠯ ᠤᠨ ᠴᠤᠪᠤᠷᠠᠯ ᠢ ᠲᠡᠭᠦᠯᠳᠡᠷᠵᠢᠭᠦᠯᠦᠨ᠂ ᠭᠤᠤᠯᠳᠠᠯᠭ᠎ᠠ ᠲᠠᠢ ᠠᠵᠤ ᠦᠶᠯᠡᠳᠪᠦᠷᠢ ᠶᠢᠨ | ᠦᠶᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢᠨ ᠬᠡᠮ ᠰᠣᠭᠤᠭ ᠢ ᠵᠢᠭᠰᠠᠭᠠᠨ | ᠪᠠᠶᠢᠴᠠᠭᠠᠵᠤ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠠᠬᠢᠭᠤᠯᠵᠤ᠂ ᠰᠢᠰᠲ᠋ᠧᠮ ᠤᠨ ᠴᠢᠨᠠᠷᠲᠠᠶ᠂ ᠣᠷᠣᠨ ᠪᠦᠰᠡ | ᠶᠢᠨ ᠴᠢᠨᠠᠷᠲᠠᠶ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠥᠯᠥ ᠭᠠᠷᠭᠠᠬᠤ ᠬᠤᠷᠢᠭ᠎ᠠ ᠱᠤᠭᠤᠮ ᠢ ᠪᠠᠲᠤ | ᠰᠠᠬᠢᠨ᠎ᠠ᠃ ᠠᠵᠤ ᠠᠬᠤᠶᠢᠯᠠᠯ ᠤᠨ ᠭᠤᠤᠯᠳᠠᠯᠭ᠎ᠠ ᠲᠠᠢ ᠠᠵᠤ ᠦᠶᠯᠡᠳᠪᠦᠷᠢ ᠶᠢᠨ ᠦᠶᠯᠡᠳᠬᠦᠨ ᠤ ᠶᠠᠰᠤ ᠴᠢᠨᠠᠷ ᠪᠠ | ᠣᠨᠴᠠ ᠲᠥᠷᠥᠯ ᠤᠨ ᠲᠥᠬᠦᠭᠡᠷᠦᠮᠵᠢ ᠶᠢᠨ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠪᠠᠨ | ᠨᠠᠶᠢᠳᠠᠪᠤᠷᠢᠵᠢᠭᠤᠯᠬᠤ ᠶᠢ ᠰᠢᠮᠳᠠᠭᠤᠯᠵᠤ᠂ ᠡᠳᠦᠷ ᠤᠨ ᠬᠠᠮᠢᠶᠠᠷᠤᠯᠲᠠ ᠡᠵᠡᠮᠳᠡᠯ᠂ ᠭᠠᠷᠠᠭ ᠤᠨ ᠵᠢᠭᠰᠠᠭᠠᠨ | ᠪᠠᠶᠢᠴᠠᠭᠠᠯᠲᠠ᠂ ᠰᠠᠷ᠎ᠠ ᠶᠢᠨ ᠲᠣᠬᠢᠷᠠᠭᠤᠯᠤᠯᠲᠠ ᠶᠢᠨ ᠲᠣᠭᠲᠠᠴᠠ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ︽ | ᠬᠤᠶᠠᠷ ᠲᠣᠭᠲᠠᠭᠠᠯ︾ ᠢ ᠪᠣᠳᠠᠲᠠᠶ ᠪᠥᠭᠡᠳ ᠨᠠᠷᠢᠯᠢᠭ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠠᠬᠢᠭᠤᠯᠵᠤ᠂ | ᠣᠨᠴᠠ ᠲᠥᠷᠥᠯ ᠤᠨ ᠲᠥᠬᠦᠭᠡᠷᠦᠮᠵᠢ ᠬᠡᠷᠡᠭᠯᠡᠬᠦ ᠨᠢᠭᠡᠴᠢ ᠶᠢ ᠵᠢᠯᠣᠭᠤᠳᠤᠨ ᠰᠢᠮᠳᠠᠭᠤᠯᠵᠤ ᠪᠠᠶᠢᠭᠠᠳ ᠠᠮᠤᠷ | ᠲᠦᠪᠰᠢᠨ ᠤ ᠶᠡᠷᠦᠩᠬᠡᠶ ᠬᠢᠨᠠᠭᠴᠢ ᠪᠠ ᠠᠮᠤᠷ ᠲᠦᠪᠰᠢᠨ ᠤ ᠠᠵᠢᠯᠲᠠᠨ ᠢ ᠪᠦᠷᠢᠨ ᠭᠦᠶᠴᠡᠳ ᠴᠢᠩᠭ᠎ᠠ | ᠳᠣᠭᠢᠷᠠᠭᠤᠯᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠴᠢᠩᠭ᠎ᠠ ᠰᠠᠬᠢᠨ᠎ᠠ᠃ ᠬᠤᠲᠠ ᠪᠠᠯᠭᠠᠰᠤ ᠶᠢᠨ | ᠰᠢᠲᠠᠮᠠᠬᠠᠶ ᠬᠡᠶ ᠶᠢᠨ ᠬᠦᠷᠢᠶᠡᠨ ᠳᠠᠬᠢ ᠣᠨᠴᠠ ᠲᠥᠷᠥᠯ ᠤᠨ ᠲᠥᠬᠦᠭᠡᠷᠦᠮᠵᠢ ᠶᠢᠨ ᠠᠮᠤᠷ ᠲᠦᠪᠰᠢᠨ ᠢ | ᠪᠠᠬᠢᠵᠢᠭᠦᠯᠦᠨ ᠳᠡᠭᠡᠭᠰᠢᠯᠡᠭᠦᠯᠬᠦ ᠶᠢ ᠠᠬᠢᠭᠤᠯᠵᠤ᠂ ᠬᠡᠶ ᠶᠢᠨ ᠲᠦᠩᠰᠡ ᠳᠤ ᠰᠠᠪᠠᠯᠠᠬᠤ ᠶᠠᠰᠤ ᠴᠢᠨᠠᠷ ᠤᠨ ᠠᠮᠤᠷ | ᠲᠦᠪᠰᠢᠨ ᠤ ᠮᠥᠷᠳᠡᠨ ᠤᠬᠤᠴᠢᠯᠠᠬᠤ ᠰᠢᠰᠲ᠋ᠧᠮ ᠤᠨ ᠪᠠᠶᠢᠭᠤᠯᠤᠯᠲᠠ ᠶᠢ ᠦᠷᠭᠦᠯᠵᠢᠯᠡᠨ ᠲᠡᠭᠦᠯᠳᠡᠷᠵᠢᠭᠦᠯᠵᠦ᠂ | ᠮᠥᠷᠳᠡᠨ ᠤᠬᠤᠴᠢᠯᠠᠬᠤ ᠦᠷ᠎ᠡ ᠴᠢᠳᠠᠮᠵᠢ ᠶᠢ ᠳᠡᠭᠡᠭᠰᠢᠯᠡᠭᠦᠯᠦᠨ᠎ᠡ᠃ ᠴᠠᠬᠢᠯᠭᠠᠨ ᠱᠠᠲᠤ ᠶᠢᠨ ᠠᠮᠤᠷ ᠲᠦᠪᠰᠢᠨ ᠢᠶᠠᠷ | ᠰᠠᠭᠤᠷᠢ ᠶᠢ ᠴᠣᠭᠴᠠᠯᠠᠬᠤ ᠠᠵᠢᠯᠯᠠᠭ᠎ᠠ ᠶᠢᠨ ᠲᠣᠭᠤᠷᠢᠨ ᠳᠤ᠂ ᠴᠠᠬᠢᠯᠭᠠᠨ ᠱᠠᠲᠤ ᠶᠢ ᠴᠠᠭᠠᠰᠤ ᠬᠡᠷᠡᠭᠯᠡᠬᠦ ᠥᠬᠡᠶ ᠪᠠᠷ | ᠬᠠᠮᠠᠭᠠᠯᠠᠬᠤ ᠠᠵᠢᠯ ᠢ ᠠᠬᠢᠭᠤᠯᠵᠤ᠂ ᠴᠠᠬᠢᠯᠭᠠᠨ ᠱᠠᠲᠤ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ | ᠤᠨ ᠬᠠᠮᠤᠷᠬᠤ ᠨᠣᠷᠮ᠎ᠠ ᠶᠢ 65% ᠠᠴᠠ ᠳᠡᠭᠡᠭᠰᠢ ᠳᠤ ᠬᠦᠷᠦᠭᠦᠯᠬᠦ ᠶᠢ ᠠᠬᠢᠭᠤᠯᠤᠨ᠎ᠠ᠃ ᠥᠪᠡᠷᠲᠡᠭᠡᠨ ᠵᠠᠰᠠᠬᠤ | ᠣᠷᠣᠨ ᠠᠴᠠ ᠪᠠᠭᠤᠯᠭᠠᠭᠰᠠᠨ 2024 ᠣᠨ ᠤ ᠢᠳᠡᠰᠢᠨ ᠤ ᠣᠶ ᠶᠢᠨ ᠪᠦᠲᠦᠭᠡᠭᠳᠡᠬᠦᠨ ᠤ ᠶᠠᠰᠤ ᠴᠢᠨᠠᠷ ᠤᠨ | ᠠᠮᠤᠷ ᠲᠦᠪᠰᠢᠨ ᠵᠢᠴᠢ ᠭᠠᠷᠤᠯᠲᠠ ᠶᠢᠨ ᠣᠷᠣᠨ ᠤ ᠣᠷᠴᠢᠨ ᠲᠣᠭᠤᠷᠢᠨ ᠤ ᠲᠦᠭᠰᠢᠭᠦᠷᠢ ᠶᠢ ᠬᠢᠨᠠᠨ ᠰᠢᠨᠵᠢᠬᠦ | ᠡᠭᠦᠷᠭᠡ ᠶᠢ ᠪᠡᠶᠡᠯᠡᠭᠦᠯᠵᠦ᠂ ᠬᠢᠷᠢ ᠲᠡᠩᠴᠡᠭᠰᠡᠨ ᠨᠣᠷᠮ᠎ᠠ ᠶᠢ 99% ᠠᠴᠠ ᠳᠡᠭᠡᠭᠰᠢ ᠳᠤ ᠬᠦᠷᠦᠭᠦᠯᠦᠨ᠎ᠡ᠃ ︵ | ᠬᠠᠷᠢᠭᠤᠴᠠᠬᠤ ᠨᠢᠭᠡᠴᠢ᠄ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠰᠢᠭᠤᠨ ᠤ ᠡᠳ᠋ ᠤᠨ | ᠵᠠᠰᠠᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ | ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠲᠠᠷᠢᠶᠠᠯᠠᠩ ᠰᠢᠨᠵᠢᠯᠡᠬᠦ | ᠤᠬᠠᠭᠠᠨ ᠤ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠣᠶ ᠰᠢᠭᠤᠶ ᠨᠤᠲᠤᠭ | ᠪᠡᠯᠴᠢᠭᠡᠷ ᠤᠨ ᠲᠣᠪᠴᠢᠶ᠎ᠠ︶ | ︵ᠠᠷᠪᠠᠨ ᠵᠢᠷᠭᠤᠭ᠎ᠠ︶ ︽ᠬᠤᠶᠠᠷ ᠲᠤ ᠴᠣᠬᠢᠯᠲᠠ ᠥᠭᠬᠦ︾ ᠠᠵᠢᠯ ᠢ ᠴᠢᠩᠭᠠᠷᠠᠭᠤᠯᠤᠨ᠎ᠠ ᠃ ︽ | ᠺᠦᠨᠯᠦ᠋ᠨ︾ ᠰᠢᠷᠢᠰ ᠲᠤᠰᠬᠠᠶ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠣᠷᠳᠣ ᠬᠤᠭᠤᠴᠠᠭᠠᠨ ᠤ ᠪᠦᠲᠦᠮᠵᠢᠲᠡᠶ | ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠣᠷᠴᠢᠨ ᠲᠣᠭᠤᠷᠢᠨ ᠳᠠᠬᠢ ᠢᠳᠡᠭᠡᠨ ᠪᠠ ᠡᠮ ᠤᠨ ᠵᠦᠶᠯ | ᠤᠨ ᠬᠦᠷᠢᠶᠡᠨ ᠳᠠᠬᠢ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠠᠵᠢᠯ ᠤᠨ ᠭᠦᠨᠵᠡᠭᠡᠶᠢᠷᠡᠨ ᠬᠥᠭᠵᠢᠬᠦ ᠶᠢ | ᠲᠠᠰᠤᠷᠠᠯᠲᠠ ᠥᠬᠡᠶ ᠠᠬᠢᠭᠤᠯᠤᠨ᠎ᠠ᠃ ︽ᠬᠤᠶᠠᠷ ᠲᠤ ᠴᠣᠬᠢᠯᠲᠠ ᠥᠭᠬᠦ︾ ᠬᠠᠮᠢᠶ᠎ᠠ ᠪᠦᠬᠦᠢ ᠬᠠᠤᠯᠢ ᠴᠠᠭᠠᠵᠠ | ᠬᠠᠤᠯᠢ ᠲᠣᠭᠲᠠᠭᠠᠯ ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯ ᠢ ᠴᠢᠩᠭᠠᠳᠬᠠᠨ᠎ᠠ᠃ ᠰᠢᠭᠦᠨ | ᠲᠠᠰᠤᠯᠬᠤ ᠠᠵᠢᠯᠲᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠴᠢᠩᠭᠠᠳᠬᠠᠵᠤ᠂ ᠬᠤᠯᠪᠣᠭᠳᠠᠯ ᠪᠦᠬᠦᠢ | ᠬᠠᠤᠯᠢ ᠴᠠᠭᠠᠵᠠ ᠬᠠᠤᠯᠢ ᠲᠣᠭᠲᠠᠭᠠᠯ ᠪᠠ ᠲᠦᠷᠦᠯ ᠤᠨ ᠬᠡᠷᠡᠭ ᠢ ᠰᠤᠳᠤᠯᠤᠨ ᠶᠠᠷᠢᠯᠴᠠᠬᠤ ᠰᠤᠷᠤᠯᠴᠠᠯᠭ᠎ᠠ ᠶᠢ | ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠬᠡᠷᠡᠭ ᠢ ᠰᠢᠢᠳᠪᠦᠷᠢᠯᠡᠬᠦ ᠶᠠᠰᠤ ᠴᠢᠨᠠᠷ | ᠪᠠ ᠦᠷ᠎ᠡ ᠪᠦᠲᠦᠮᠵᠢ ᠶᠢ ᠳᠡᠭᠡᠰᠢᠯᠡᠭᠦᠯᠦᠨᠡ᠃ ᠬᠠᠤᠯᠢ ᠴᠠᠭᠠᠵᠠ ᠶᠢᠨ ᠰᠢᠭᠦᠨ ᠲᠠᠰᠤᠯᠤᠯᠲᠠ ᠶᠢᠨ ᠤᠳᠤᠷᠢᠳᠤᠮᠵᠢ | ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠷᠢᠶᠡᠨ | ᠳᠠᠬᠢ ᠬᠠᠤᠯᠢ ᠴᠠᠭᠠᠵᠠ ᠶᠢᠨ ᠬᠠᠮᠠᠭᠠᠯᠠᠯᠲᠠ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠡᠮᠬᠢ ᠵᠢᠷᠤᠮ ᠢ ᠬᠠᠮᠠᠭᠠᠯᠠᠨ | ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ ︽ᠥᠪᠥᠷ ᠮᠣᠩᠭᠤᠯ ᠤᠨ ᠨᠠᠷᠠᠲᠤ | ᠲᠥᠷᠥᠯ ᠲᠡᠮᠳᠡᠭᠲᠦ ᠶᠢᠨ ᠠᠶᠠᠯᠠᠯ ᠢ ᠬᠠᠮᠠᠭᠠᠯᠠᠬᠤ︾ ᠲᠤᠰᠬᠠᠶ ᠬᠢᠨᠠᠯᠲᠠ ᠲᠠᠯᠪᠢᠬᠤ ᠠᠵᠢᠯᠯᠠᠭ᠎ᠠ ᠶᠢ ᠥᠷᠨᠢᠭᠦᠯᠵᠦ᠂ | ︽ᠮᠧᠩ︾ ᠥᠰᠥᠭ ᠂ ︽ᠬᠠᠭᠤᠴᠢᠨ︾ ᠨᠠᠷᠠᠲᠤ ᠲᠥᠷᠥᠯ ᠲᠡᠮᠳᠡᠭᠲᠦ᠂ ᠭᠠᠵᠠᠷ ᠵᠦᠶ ᠶᠢᠨ ᠲᠡᠮᠳᠡᠭ ᠲᠠᠢ ᠲᠠᠸᠠᠷ | ᠤᠨ ᠲᠡᠮᠳᠡᠭ ᠵᠡᠷᠭᠡ ᠨᠠᠷᠠᠲᠤ ᠲᠥᠷᠥᠯ ᠲᠡᠮᠳᠡᠭᠲᠦ ᠶᠢᠨ ᠬᠠᠮᠠᠭᠠᠯᠠᠯᠲᠠ ᠶᠢᠨ ᠠᠵᠢᠯ ᠢ ᠭᠤᠤᠯᠳᠠᠯᠭ᠎ᠠ ᠲᠠᠢ | ᠴᠢᠩᠭᠠᠳᠬᠠᠵᠤ᠂ ᠡᠷᠬᠡ ᠳᠤ ᠬᠠᠯᠳᠠᠨ ᠬᠠᠭᠤᠷᠮᠠᠭᠯᠠᠨ ᠦᠶᠯᠡᠳᠬᠦ᠂ ᠮᠠᠭᠤ ᠰᠠᠨᠠᠭ᠎ᠠ ᠪᠠᠷ ᠲᠦᠰᠢᠭ ᠡᠷᠢᠵᠦ ᠮᠠᠴᠤᠬᠤ | ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠴᠢᠩᠭ᠎ᠠ ᠵᠠᠯᠬᠠᠭᠠᠨ ᠰᠢᠳᠬᠡᠨ᠎ᠡ᠃ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ ᠶᠠᠯᠠᠲᠤ ᠠᠵᠢᠯᠯᠠᠭ᠎ᠠ ᠶᠢ ᠬᠡᠷᠡᠭ ᠪᠣᠯᠭᠠᠨ ᠳᠠᠩᠰᠠᠯᠠᠵᠤ | ᠬᠢᠨᠠᠯᠲᠠ ᠲᠠᠯᠪᠢᠬᠤ ᠶᠢ ᠴᠢᠩᠭᠠᠳᠬᠠᠵᠤ᠂ ᠠᠷᠠᠳ ᠤᠨ ᠡᠵᠡᠩᠨᠡᠭᠰᠡᠨ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ | ᠠᠩᠬᠠᠨ ᠤ ᠰᠢᠨ᠎ᠡ ᠶᠢ ᠡᠭᠦᠳᠬᠦ ᠬᠠᠮᠠᠭᠠᠯᠠᠯᠲᠠ ᠶᠢᠨ ᠡᠷᠴᠢᠮ ᠢ ᠴᠢᠩᠭᠠᠷᠠᠭᠤᠯᠵᠤ᠂ ᠠᠵᠤ ᠠᠬᠤᠶᠢᠯᠠᠯ ᠪᠠ ᠨᠡᠶᠢᠭᠡᠮ | ᠤᠨ ᠰᠢᠨ᠎ᠡ ᠶᠢ ᠡᠭᠦᠳᠬᠦ ᠪᠠ ᠡᠭᠦᠳᠦᠨ ᠪᠦᠲᠦᠭᠡᠬᠦ ᠢᠲᠡᠭᠡᠯ ᠵᠣᠷᠢᠭ ᠢ ᠴᠢᠩᠭᠠᠷᠠᠭᠤᠯᠤᠨ᠎ᠠ᠃ ᠨᠡᠶᠢᠭᠡᠮ ᠲᠣᠭᠤᠷᠢᠭ | ᠤᠨ ᠬᠠᠮᠲᠤ ᠪᠠᠷ ᠬᠤᠳᠠᠯᠳᠤᠨ ᠠᠪᠬᠤ᠂ ᠰᠦᠯᠵᠢᠶ᠎ᠡ ᠪᠠᠷ ᠡᠵᠡᠩᠨᠡᠨ ᠪᠣᠷᠣᠯᠠᠭᠤᠯᠬᠤ᠂ ᠰᠢᠭᠤᠳ ᠨᠡᠪᠲᠡᠷᠡᠭᠦᠯᠭᠡ ᠪᠠᠷ | ᠪᠠᠷᠠᠭ᠎ᠠ ᠠᠪᠴᠢᠷᠠᠬᠤ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠬᠦᠷᠢᠶᠡᠨ ᠳᠤ ᠠᠩᠬᠠᠷᠤᠯ ᠢᠶᠠᠨ | ᠲᠥᠪᠯᠡᠷᠡᠭᠦᠯᠵᠦ᠂ ᠬᠤᠳᠠᠯ ᠬᠠᠭᠤᠷᠮᠠᠭ ᠢᠳᠡᠭᠡᠨ ᠤ ᠵᠦᠢᠯ᠂ ᠡᠮ ᠤᠨ ᠵᠦᠢᠯ᠂ ᠡᠳᠦᠷ ᠲᠤᠳᠤᠮ ᠤᠨ ᠬᠡᠷᠡᠭᠯᠡᠭᠡᠨ ᠤ | ᠵᠦᠢᠯ᠂ ᠬᠤᠪᠴᠠᠰᠤ ᠬᠤᠨᠠᠷ ᠤᠨ ᠠᠪᠳᠠᠷ᠎ᠠ ᠪᠣᠭᠴᠣ ᠵᠢᠴᠢ ᠬᠤᠯᠠᠭᠠᠶᠢᠯᠠᠨ ᠬᠡᠪᠯᠡᠭᠰᠡᠨ ᠨᠣᠮ ᠪᠢᠴᠢᠭ᠂ ᠲᠣᠭᠯᠠᠭᠠᠮ᠂ | ᠵᠥᠭᠡᠯᠡᠨ ᠲᠤᠨᠤᠭ ᠵᠡᠷᠭᠡ ᠤᠯᠠᠮᠵᠢᠯᠠᠯᠲᠤ ᠠᠷᠠᠳ ᠤᠨ ᠠᠮᠢᠳᠤᠷᠠᠯ ᠤᠨ ᠬᠦᠷᠢᠶᠡᠨ ᠳᠤ ᠬᠠᠯᠳᠠᠭᠰᠠᠨ ᠶᠠᠯᠠᠲᠤ ᠬᠡᠷᠡᠭ ᠢ | ᠬᠠᠤᠯᠢ ᠶᠣᠰᠣᠭᠠᠷ ᠵᠠᠯᠬᠠᠭᠠᠨ ᠰᠢᠢᠳᠭᠡᠪᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ | ᠲᠤᠰᠬᠠᠶ ᠠᠵᠢᠯᠯᠠᠭ᠎ᠠ ᠶᠢ ᠬᠡᠷᠡᠭᠵᠢᠭᠦᠯᠵᠦ᠂ ︽ᠡᠷᠬᠡ ᠳᠤ ᠬᠠᠯᠳᠠᠨ ᠬᠠᠭᠤᠷᠮᠠᠭ ᠮᠠᠭᠤ ᠲᠠᠸᠠᠷ ᠦᠶᠯᠡᠳᠬᠦ ᠳᠤ | ᠴᠣᠬᠢᠯᠲᠠ ᠥᠭᠴᠦ ᠠᠶᠠᠯᠠᠯ ᠬᠠᠮᠠᠭᠠᠯᠠᠬᠤ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠬᠥᠭᠵᠢᠬᠦ︾ ᠪᠠᠷ ᠭᠤᠤᠯ | ᠰᠡᠳᠦᠪ ᠪᠣᠯᠭᠠᠨ᠂ ᠭᠤᠤᠯᠳᠠᠯᠭ᠎ᠠ ᠲᠠᠢ ᠲᠠᠸᠠᠷ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠵᠢᠴᠢ ᠵᠠᠩᠭᠢᠯᠠᠭ᠎ᠠ ᠶᠢᠨ | ᠭᠤᠭᠴᠣᠭᠠᠨ ᠳᠠᠬᠢ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠶᠢ ᠴᠢᠩᠭᠠᠳᠬᠠᠵᠤ᠂ ᠨᠢᠭᠡ ᠪᠦᠯᠦᠭ ᠲᠤᠰᠬᠠᠶ | ᠠᠰᠢᠭ ᠤᠨ ᠲᠠᠸᠠᠷ ᠤᠨ ᠲᠡᠮᠳᠡᠭ ᠤᠨ ᠡᠷᠬᠡ ᠳᠤ ᠬᠠᠯᠳᠠᠨ ᠬᠠᠭᠤᠷᠮᠠᠭ ᠮᠠᠭᠤ ᠲᠠᠸᠠᠷ ᠦᠶᠯᠡᠳᠬᠦ ᠬᠡᠷᠡᠭ ᠢ ᠬᠠᠤᠯᠢ | ᠶᠣᠰᠣᠭᠠᠷ ᠲᠦᠷᠭᠡᠨ ᠪᠠᠶᠢᠴᠠᠭᠠᠨ ᠰᠢᠶᠳᠪᠦᠷᠢᠯᠡᠵᠦ᠂ ᠠᠵᠤ ᠠᠬᠤᠶᠢᠯᠠᠯ ᠤᠨ ᠬᠦᠴᠢᠷ ᠲᠦᠪᠡᠭᠲᠡᠶ ᠪᠠ ᠡᠮᠵᠡᠭ ᠲᠠᠢ | ᠠᠰᠠᠭᠤᠳᠠᠯ ᠢ ᠪᠦᠲᠦᠮᠵᠢᠲᠡᠶ ᠰᠢᠶᠳᠪᠦᠷᠢᠯᠡᠵᠦ᠂ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠬᠥᠭᠵᠢᠬᠦ ᠶᠢ | ᠬᠠᠮᠠᠭᠠᠯᠠᠨ᠎ᠠ᠃ ︽ᠬᠥᠬᠡ ᠣᠭᠲᠠᠷᠭᠤᠶ︾ ᠶᠢᠨ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠶᠢ ᠭᠦᠨᠵᠡᠭᠡᠶ | ᠥᠷᠨᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠣᠷᠣᠯᠠᠨ ᠭᠦᠢᠴᠡᠳᠬᠡᠬᠦ ᠪᠠᠶᠢᠭᠤᠯᠤᠮᠵᠢ | ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠨ᠂ ᠬᠡᠪ ᠤᠨ ᠪᠤᠰᠤ ᠲᠤᠰᠬᠠᠶ ᠠᠰᠢᠭ ᠭᠤᠶᠤᠴᠢᠯᠠᠬᠤ ᠪᠠ | ᠲᠠᠸᠠᠷ ᠤᠨ ᠲᠡᠮᠳᠡᠭ ᠢ ᠮᠠᠭᠤ ᠰᠠᠨᠠᠭ᠎ᠠ ᠲᠠᠢ ᠪᠠᠷ ᠵᠠᠪᠳᠤᠨ ᠳᠠᠩᠰᠠᠯᠠᠭᠤᠯᠬᠤ ᠦᠢᠯᠡ ᠠᠵᠢᠯᠯᠠᠭ᠎ᠠ ᠳᠤ ᠴᠢᠩᠭ᠎ᠠ | ᠴᠣᠬᠢᠯᠲᠠ ᠥᠭᠴᠦ᠂ ᠬᠡᠪ ᠤᠨ ᠪᠤᠰᠤ ᠲᠤᠰᠬᠠᠶ ᠠᠰᠢᠭ ᠭᠤᠶᠤᠴᠢᠯᠠᠭᠰᠠᠨ ᠢ ᠪᠤᠴᠠᠭᠠᠨ ᠠᠪᠤᠭᠰᠠᠨ ᠨᠣᠷᠮ᠎ᠠ ᠶᠢ | 90% ᠠᠴᠠ ᠳᠡᠭᠡᠭᠰᠢ ᠳᠤ ᠬᠦᠷᠦᠭᠦᠯᠦᠨ᠎ᠡ ᠃ ᠭᠠᠵᠠᠷ ᠵᠦᠶ ᠶᠢᠨ ᠲᠡᠮᠳᠡᠭ ᠤᠨ ᠬᠡᠷᠡᠭᠯᠡᠯᠲᠡ ᠶᠢ ᠠᠬᠢᠭᠤᠯᠬᠤ | ᠢᠨᠵᠧᠨᠧᠷᠢᠩ ᠢ ᠬᠡᠷᠡᠭᠵᠢᠭᠦᠯᠵᠦ᠂ ᠭᠠᠵᠠᠷ ᠵᠦᠶ ᠶᠢᠨ ᠲᠡᠮᠳᠡᠭ ᠲᠠᠢ ᠰᠣᠶᠣᠯ ᠤᠨ ᠦᠨ᠎ᠡ ᠥᠷᠲᠡᠭ ᠢ ᠠᠭᠤᠳᠠᠯᠤᠨ᠂ | ︽ᠮᠧᠩ︾ ᠦᠰᠦᠭᠲᠦ ᠲᠡᠮᠳᠡᠭ ᠢ ᠭᠡᠷᠡᠴᠢᠯᠡᠬᠦ ᠶᠢᠨ ᠬᠥᠲᠥᠯᠥᠨ ᠳᠠᠭᠠᠭᠤᠯᠬᠤ ᠦᠶᠯᠡᠳᠦᠯ ᠢ ᠪᠠᠳᠠᠷᠠᠭᠤᠯᠵᠤ᠂ | ᠭᠠᠵᠠᠷ ᠵᠦᠶ ᠶᠢᠨ ᠲᠡᠮᠳᠡᠭ ᠲᠠᠢ᠂ ︽ ᠮᠧᠩ︾ ᠦᠰᠦᠭᠲᠦ ᠲᠡᠮᠳᠡᠭ ᠲᠠᠢ ᠪᠦᠲᠦᠭᠡᠭᠳᠡᠬᠦᠨ ᠢ ᠦᠵᠡᠰᠬᠦᠯᠡᠩ ᠤᠨ | ᠴᠤᠭᠯᠠᠭᠠᠨ ᠳᠤ ᠣᠷᠣᠭᠤᠯᠬᠤ ᠶᠢ ᠵᠣᠬᠢᠶᠠᠨ ᠪᠠᠶᠢᠭᠤᠯᠵᠤ᠂ ᠭᠠᠵᠠᠷ ᠵᠦᠶ ᠶᠢᠨ ᠲᠡᠮᠳᠡᠭ ᠲᠠᠢ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠬᠦᠨ ᠢ ᠲᠣᠮᠣ ᠵᠠᠬ᠎ᠠ ᠳᠡᠯᠭᠡᠭᠦᠷ ᠲᠤ ᠣᠷᠣᠭᠤᠯᠬᠤ ᠶᠢ ᠠᠬᠢᠭᠤᠯᠤᠨ᠎ᠠ᠃ ᠬᠠᠷᠢᠶ᠎ᠠ | ᠣᠷᠣᠨ ᠤ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠪᠥᠬᠦ ᠣᠷᠣᠨ ᠤ ᠭᠠᠵᠠᠷ ᠵᠦᠶ ᠶᠢᠨ ᠲᠡᠮᠳᠡᠭ ᠲᠠᠢ | ᠪᠦᠲᠦᠭᠡᠭᠳᠡᠬᠦᠨ ᠤ ᠬᠠᠮᠠᠭᠠᠯᠠᠯᠲᠠ ᠶᠢᠨ ᠵᠢᠱᠢᠶ᠎ᠡ ᠦᠵᠡᠭᠦᠯᠬᠦ ᠣᠷᠣᠨ ᠤ ᠲᠤᠷᠰᠢᠯᠭ᠎ᠠ ᠰᠣᠯᠢᠯᠴᠠᠬᠤ ᠲᠤᠬᠠᠶ ᠶᠢᠨ | ᠭᠠᠵᠠᠷ ᠤᠨ ᠬᠤᠷᠠᠯ ᠳᠤ ᠢᠳᠡᠪᠬᠢᠲᠡᠶ ᠣᠷᠣᠯᠴᠠᠭᠤᠯᠵᠤ᠂ ᠲᠦᠩᠯᠢᠶᠣᠤ ᠶᠢᠨ ᠭᠠᠵᠠᠷ ᠵᠦᠶ ᠶᠢᠨ ᠲᠡᠮᠳᠡᠭ ᠲᠠᠢ | ᠥᠯᠢᠭᠡᠷ ᠢ ᠰᠠᠶᠢᠲᠤᠷ ᠶᠠᠷᠢᠵᠤ᠂ ᠴᠢᠨᠠᠷ ᠰᠠᠶᠢᠲᠠᠶ ᠪᠣᠬᠢᠷᠲᠤᠯ ᠥᠬᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠦᠶᠯᠡᠳᠪᠦᠷᠢᠯᠡᠯ ᠤᠨ ᠰᠠᠭᠤᠷᠢᠨ ᠢ ᠪᠠᠶᠢᠭᠤᠯᠤᠨ᠎ᠠ᠃ ᠠᠵᠤ ᠠᠬᠤᠶᠢᠯᠠᠯ ᠢ ᠬᠥᠲᠥᠯᠥᠨ | ᠵᠢᠯᠣᠭᠤᠳᠴᠤ ᠪᠠᠶᠢᠭᠠᠳ ᠥᠪᠡᠷᠲᠡᠭᠡᠨ ᠵᠠᠰᠠᠬᠤ ᠣᠷᠣᠨ ᠤ ᠭᠠᠵᠠᠷ ᠵᠦᠶ ᠶᠢᠨ ᠲᠡᠮᠳᠡᠭ ᠤᠨ ᠬᠡᠷᠡᠭᠯᠡᠯᠲᠡ ᠶᠢ | ᠠᠬᠢᠭᠤᠯᠬᠤ ᠢᠨᠵᠧᠨᠧᠷᠢᠩ ᠤᠨ ᠲᠥᠷᠥᠯ ᠵᠦᠶᠯ ᠢ ᠢᠳᠡᠪᠬᠢᠲᠡᠶ ᠪᠠᠷ ᠭᠤᠶᠤᠴᠢᠯᠠᠨ ᠮᠡᠳᠡᠭᠦᠯᠦᠨ᠎ᠡ᠃ ᠭᠤᠤᠯᠳᠠᠯᠭ᠎ᠠ | ᠲᠠᠢ ᠠᠷᠠᠳ ᠤᠨ ᠠᠮᠢᠳᠤᠷᠠᠯ ᠤᠨ ᠬᠦᠷᠢᠶᠡᠨ ᠳᠠᠬᠢ ︽ᠲᠡᠮᠦᠷ ᠨᠢᠳᠤᠷᠭ᠎ᠠ︾ ᠶᠢᠨ ᠠᠵᠢᠯᠯᠠᠭ᠎ᠠ ᠶᠢ ᠦᠷᠭᠦᠯᠵᠢᠯᠡᠨ | ᠭᠦᠨᠵᠡᠭᠡᠶ ᠠᠬᠢᠭᠤᠯᠵᠤ᠂ ᠬᠤᠳᠠᠯ ᠬᠠᠭᠤᠷᠮᠠᠭ ᠴᠢᠨᠠᠷ ᠮᠠᠭᠤ ᠲᠠᠸᠠᠷ ᠦᠶᠯᠡᠳᠬᠦ᠂ ᠬᠡᠮᠵᠢᠯᠲᠡ ᠪᠠᠷ ᠬᠡᠮ ᠬᠢᠬᠦ᠂ | ᠦᠨ᠎ᠡ ᠬᠠᠩᠰᠢ ᠶᠢᠨ ᠮᠡᠬᠡᠯᠡᠯ ᠬᠢᠬᠦ ᠵᠡᠷᠭᠡ ᠲᠤᠰᠬᠠᠶ ᠴᠡᠭᠴᠡᠯᠡᠨ ᠵᠠᠰᠠᠯᠲᠠ ᠶᠢ ᠶᠡᠬᠡᠪᠡᠷ ᠥᠷᠨᠢᠭᠦᠯᠦᠨ᠂ ᠵᠠᠬ᠎ᠠ | ᠳᠡᠯᠭᠡᠭᠦᠷ ᠤᠨ ᠡᠮᠬᠢ ᠵᠢᠷᠤᠮ ᠢ ᠰᠠᠮᠠᠭᠤᠷᠠᠭᠤᠯᠤᠭᠰᠠᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠢᠩᠭ᠎ᠠ | ᠪᠠᠶᠢᠴᠠᠭᠠᠵᠤ᠂ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠴᠡᠪᠡᠷᠰᠢᠭᠦᠯᠦᠨ᠎ᠡ᠃ ᠰᠦᠯᠵᠢᠶᠡᠨ ᠳᠡᠭᠡᠷᠡᠬᠢ ᠪᠠ | ᠰᠦᠯᠵᠢᠶᠡᠨ ᠭᠠᠳᠠᠨᠠᠬᠢ ᠶᠢ ᠨᠢᠭᠡ ᠴᠣᠭᠴᠠᠵᠢᠭᠤᠯᠤᠨ ᠬᠢᠨᠠᠨ ᠬᠠᠮᠢᠶᠠᠷᠬᠤ ᠶᠢ ᠴᠢᠩᠭᠠᠳᠬᠠᠵᠤ᠂ ᠰᠦᠯᠵᠢᠶᠡᠨ ᠤ | ᠠᠷᠠᠯᠵᠢᠶ᠎ᠠ ᠶᠢ ᠬᠢᠨᠠᠨ ᠰᠢᠨᠵᠢᠬᠦ ︽ᠪᠦᠷᠭᠦᠳ ᠤᠨ ᠨᠢᠳᠦ︾ ᠶᠢᠨ ᠲᠤᠰᠬᠠᠶ ᠠᠵᠢᠯᠯᠠᠭ᠎ᠠ ᠶᠢ ᠵᠣᠬᠢᠶᠠᠨ ᠪᠠᠶᠢᠭᠤᠯᠤᠨ | ᠥᠷᠨᠢᠭᠦᠯᠵᠦ᠂ ᠡᠷᠬᠡ ᠳᠤ ᠠᠮᠠᠷᠬᠠᠨ ᠬᠠᠯᠳᠠᠭᠳᠠᠬᠤ ᠪᠠ ᠬᠠᠭᠤᠷᠮᠠᠭᠯᠠᠨ ᠦᠶᠯᠡᠳᠦᠭᠰᠡᠨ ᠲᠣᠰ ᠭᠠᠵᠠᠷ ᠤᠨ ᠨᠠᠷᠠᠲᠤ | ᠰᠢᠯᠢᠳᠡᠭ ᠦᠶᠯᠡᠳᠬᠦᠨ᠂ ᠪᠠᠶᠢᠨ ᠳᠠᠬᠢᠨ ᠵᠠᠭᠠᠯᠳᠤᠭᠳᠠᠵᠤ ᠢᠯᠡᠴᠢᠯᠡᠨ ᠮᠡᠳᠡᠭᠦᠯᠦᠭᠰᠡᠨ ᠬᠠᠤᠯᠢ ᠠᠴᠠ ᠵᠥᠷᠢᠴᠡᠭᠰᠡᠨ | ᠦᠶᠯᠡ ᠠᠵᠢᠯᠯᠠᠭ᠎ᠠ ᠵᠢᠴᠢ ᠭᠤᠤᠯ ᠪᠣᠯᠬᠤ ᠰᠢᠭᠤᠳ ᠨᠡᠪᠲᠡᠷᠡᠭᠦᠯᠭᠡ ᠪᠠᠷ ᠪᠠᠷᠠᠭ᠎ᠠ ᠳᠠᠭᠠᠭᠤᠯᠤᠭᠰᠠᠨ ᠲᠠᠩᠰᠠᠨ ᠨᠣᠮᠧᠷ | ᠢ ᠭᠤᠤᠯᠳᠠᠯᠭ᠎ᠠ ᠲᠠᠢ ᠬᠢᠨᠠᠨ ᠰᠢᠨᠵᠢᠵᠦ᠂ ᠰᠦᠯᠵᠢᠶ᠎ᠡ ᠡᠵᠡᠩᠨᠡᠭᠴᠢ ᠶᠢᠨ ᠭᠤᠤᠯ ᠴᠣᠭᠴᠠ ᠶᠢᠨ ᠳ᠋ᠠᠶᠢᠲ᠋ᠠ ᠬᠥᠮᠥᠷᠭᠡ | ᠶᠢ ᠪᠠᠶᠢᠭᠤᠯᠤᠨ᠂ ᠰᠦᠯᠵᠢᠶ᠎ᠡ ᠪᠠᠷ ᠬᠢᠨᠠᠨ ᠰᠢᠨᠵᠢᠬᠦ ᠠᠰᠠᠭᠤᠳᠠᠯ ᠤᠨ ᠢᠯᠡᠷᠡᠭᠦᠯᠬᠦ ᠨᠣᠷᠮ᠎ᠠ ᠪᠠ ᠭᠡᠷᠡᠴᠢ ᠪᠠᠷᠢᠮᠲᠠ | ᠶᠢᠨ ᠪᠦᠳᠦᠮᠵᠢᠳᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠲᠣᠤᠷ ᠰᠦᠯᠵᠢᠶ᠎ᠡ ᠶᠢᠨ ᠠᠷᠠᠯᠵᠢᠶ᠎ᠠ ᠶᠢᠨ | ᠬᠦᠷᠢᠶ᠎ᠡ ᠴᠠᠷᠠᠭ᠎ᠠ ᠶᠢᠨ ᠬᠠᠤᠯᠢ ᠪᠤᠰᠤ ᠠᠵᠢᠯᠯᠠᠭ᠎ᠠ ᠳᠤ ᠴᠣᠬᠢᠯᠲᠠ ᠥᠭᠴᠦ ᠡᠮᠬᠢ ᠵᠠᠮᠪᠠᠷᠠᠭ᠎ᠠ ᠥᠬᠡᠶ ᠪᠠᠶᠢᠳᠠᠯ ᠢ | ᠵᠠᠰᠠᠬᠤ ᠲᠤᠰᠬᠠᠶ ᠠᠵᠢᠯᠯᠠᠭ᠎ᠠ ᠶᠢ ᠥᠷᠨᠢᠭᠦᠯᠵᠦ᠂ ᠦᠨᠡᠮᠯᠡᠯ ᠥᠬᠡᠶ ᠪᠠᠷ ᠡᠵᠡᠩᠨᠡᠬᠦ᠂ ᠴᠠᠭᠠᠵᠠᠯᠠᠵᠤ ᠬᠢᠵᠠᠭᠠᠷᠯᠠᠨ | ᠪᠣᠷᠣᠯᠠᠭᠤᠯᠬᠤ᠂ ᠬᠤᠳᠠᠯ ᠬᠠᠭᠤᠷᠮᠠᠭ ᠵᠠᠷ ᠮᠡᠳᠡᠭᠡ ᠡᠵᠡᠩᠨᠡᠬᠦ ᠵᠡᠷᠭᠡ ᠲᠣᠤᠷ ᠰᠦᠯᠵᠢᠶ᠎ᠡ ᠪᠠᠷ ᠬᠠᠤᠯᠢ ᠠᠴᠠ | ᠵᠥᠷᠢᠴᠡᠨ ᠡᠵᠡᠩᠨᠡᠬᠦ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ︵ ᠬᠠᠷᠢᠭᠤᠴᠠᠬᠤ ᠨᠢᠭᠡᠴᠢ᠄ | ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠷᠠᠳ ᠤᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ | ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | ︵ᠠᠷᠪᠠᠨ ᠳᠣᠯᠤᠭ᠎ᠠ︶ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ | ᠴᠢᠩᠭᠠᠷᠠᠭᠤᠯᠤᠨ᠎ᠠ᠃ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠶᠠᠰᠤ ᠴᠢᠨᠠᠷ ᠤᠨ ᠬᠠᠮᠢᠶᠠᠷᠤᠯᠲᠠ | ᠪᠠ ᠶᠠᠰᠤ ᠴᠢᠨᠠᠷ ᠤᠨ ᠮᠥᠷᠳᠡᠨ ᠤᠬᠤᠴᠢᠯᠠᠬᠤ ᠰᠢᠰᠲ᠋ᠧᠮᠵᠢ ᠶᠢ ᠪᠠᠶᠢᠭᠤᠯᠤᠨ ᠪᠦᠷᠢᠨᠰᠢᠬᠦᠯᠵᠦ᠂ ᠠᠵᠤ ᠠᠬᠤᠶᠢᠯᠠᠯ | ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠮᠡᠳᠡᠯᠭᠡ ᠶᠢᠨ ᠪᠥᠬᠦ ᠲᠠᠯ᠎ᠠ ᠶᠢᠨ ᠤᠷᠤᠯᠳᠤᠭᠠᠨ᠂ QC ᠳᠤᠭᠤᠶᠢᠯᠠᠩ | ᠵᠡᠷᠭᠡ ᠣᠯᠠᠨ ᠲᠦᠮᠡᠨᠴᠢ ᠴᠢᠨᠠᠷᠲᠠᠶ ᠶᠠᠰᠤ ᠴᠢᠨᠠᠷ ᠤᠨ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠤᠨ᠎ᠠ᠃ ᠠᠵᠤ | ᠠᠬᠤᠶᠢᠯᠠᠯ ᠤᠨ ᠲᠦᠷᠦᠭᠦᠦ ᠶᠠᠰᠤ ᠴᠢᠨᠠᠷ ᠤᠨ ᠲᠤᠰᠢᠶᠠᠯᠲᠠᠨ ᠤ ᠲᠦᠷᠢᠮ ᠢ ᠭᠦᠨᠵᠡᠭᠡᠶ ᠬᠡᠷᠡᠭᠵᠢᠭᠦᠯᠵᠦ᠂ | ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠬᠡᠷᠡᠭᠵᠢᠭᠦᠯᠦᠭᠰᠡᠨ ᠬᠠᠷᠢᠴᠠᠯ ᠢ | 90% ᠠᠴᠠ ᠳᠡᠭᠡᠭᠰᠢ ᠳᠤ ᠬᠦᠷᠦᠭᠦᠯᠵᠦ᠂ ᠪᠥᠬᠦ ᠬᠤᠰᠢᠭᠤᠨ ᠤ ᠬᠡᠷᠡᠭᠵᠢᠭᠦᠯᠦᠭᠰᠡᠨ ᠠᠵᠤ ᠠᠬᠤᠶᠢᠯᠠᠯ ᠤᠨ | ᠲᠦᠷᠦᠭᠦᠦ ᠶᠠᠰᠤ ᠴᠢᠨᠠᠷ ᠤᠨ ᠲᠤᠰᠢᠶᠠᠯᠲᠠᠨ ᠤ ᠠᠵᠤ ᠠᠬᠤᠶᠢᠯᠠᠯ ᠤᠨ ᠲᠤᠭ᠎ᠠ ᠬᠡᠮᠵᠢᠶ᠎ᠡ ᠶᠢ 50 ᠠᠴᠠ ᠳᠡᠭᠡᠭᠰᠢ | ᠳᠤ ᠬᠦᠷᠦᠭᠦᠯᠦᠨ᠎ᠡ᠃ ︽ᠬᠤᠶᠠᠷ ᠪᠢᠴᠢᠭ ᠨᠢᠭᠡ ᠫᠠᠶᠢᠰᠠ ᠨᠢᠭᠡ ᠳᠠᠩᠰᠠ ᠡᠪᠬᠡᠮᠡᠯ︾ ᠤᠨ ᠳᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠱᠠᠭᠠᠷᠳᠠᠯᠭ᠎ᠠ ᠶᠣᠰᠣᠭᠠᠷ ᠬᠠᠤᠯᠢ ᠶᠢᠨ ᠡᠷᠬᠡᠲᠡᠨ ᠤ ᠡᠷᠬᠡ ᠣᠯᠭᠤᠭᠰᠠᠨ ᠪᠢᠴᠢᠭ᠂ ᠪᠠᠷᠢᠯᠭ᠎ᠠ | ᠶᠢᠨ ᠶᠠᠰᠤ ᠴᠢᠨᠠᠷ ᠤᠨ ᠨᠠᠰᠤᠨ ᠲᠤᠷᠰᠢᠳᠠ ᠶᠢᠨ ᠬᠠᠷᠢᠭᠤᠴᠠᠯᠭ᠎ᠠ ᠶᠢᠨ ᠠᠮᠠᠯᠠᠯᠲᠠ ᠶᠢᠨ ᠪᠢᠴᠢᠭ ᠲᠤ ᠭᠠᠷ ᠤᠨ | ᠦᠰᠦᠭ ᠵᠢᠷᠤᠵᠤ᠂ ᠥᠨᠢᠳᠡ ᠶᠢᠨ ᠴᠢᠨᠠᠷᠲᠠᠶ ᠪᠠᠷᠢᠯᠭ᠎ᠠ ᠶᠢᠨ ᠶᠠᠰᠤ ᠴᠢᠨᠠᠷ ᠤᠨ ᠲᠡᠮᠳᠡᠭ ᠫᠠᠶᠢᠰᠠ ᠶᠢ ᠪᠠᠶᠢᠭᠤᠯᠤᠨ᠂ | ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠮᠡᠳᠡᠭᠡ ᠵᠠᠩᠭᠢ ᠶᠢᠨ ᠳᠠᠩᠰᠠ ᠡᠪᠬᠡᠮᠡᠯ ᠢ | ᠪᠠᠶᠢᠭᠤᠯᠵᠤ᠂ ᠪᠦᠲᠦᠭᠡᠨ ᠪᠠᠶᠢᠭᠤᠯᠬᠤ ᠨᠢᠭᠡᠴᠢ ᠶᠢᠨ ᠪᠠᠷᠢᠯᠭ᠎ᠠ ᠶᠢᠨ ᠶᠠᠰᠤ ᠴᠢᠨᠠᠷ ᠤᠨ ᠲᠡᠷᠢᠭᠦᠨ ᠴᠢᠬᠤᠯᠠ | ᠬᠠᠷᠢᠭᠤᠴᠠᠯᠭ᠎ᠠ ᠶᠢ ᠲᠠᠰᠤᠷᠠᠯᠲᠠ ᠤᠢᠭᠡᠢ ᠴᠢᠩᠭᠠᠷᠠᠭᠤᠯᠤᠨ᠂ ᠬᠠᠶᠢᠨ ᠪᠠᠶᠢᠴᠠᠭᠠᠬᠤ᠂ ᠵᠢᠷᠤᠭᠯᠠᠨ ᠲᠥᠯᠥᠪᠯᠡᠬᠦ᠂ | ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ ᠨᠢᠭᠡᠴᠢ ᠶᠢᠨ ᠪᠠᠷᠢᠯᠭ᠎ᠠ ᠶᠢᠨ ᠶᠠᠰᠤ ᠴᠢᠨᠠᠷ ᠤᠨ ᠨᠠᠰᠤᠨ ᠲᠤᠷᠰᠢᠳᠠ ᠶᠢᠨ | ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠤ᠂ ᠪᠠᠷᠢᠯᠭ᠎ᠠ ᠶᠢᠨ ᠶᠠᠰᠤ | ᠴᠢᠨᠠᠷ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ︵ | ᠬᠠᠷᠢᠭᠤᠴᠠᠬᠤ ᠨᠢᠭᠡᠴᠢ᠄ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠵᠤ | ᠦᠶᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ︶ | ᠲᠠᠪᠤ᠂ ᠶᠠᠰᠤ ᠴᠢᠨᠠᠷ ᠤᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠵᠦ᠂ ᠠᠵᠤ ᠠᠬᠤᠶᠢᠯᠠᠯ ᠤᠨ | ᠥᠷᠢᠰᠥᠯᠳᠦᠬᠦ ᠬᠦᠴᠦᠨ ᠢ ᠳᠡᠭᠡᠭᠰᠢᠯᠡᠭᠦᠯᠦᠨ᠎ᠡ | ︵ᠠᠷᠪᠠᠨ ᠨᠠᠶᠮᠠ︶ ᠥᠪᠡᠷᠲᠡᠭᠡᠨ ᠵᠠᠰᠠᠬᠤ ᠣᠷᠣᠨ ᠤ ᠣᠨᠴᠠᠯᠢᠭᠲᠤ ᠳᠠᠪᠠᠭᠤᠯᠢᠭ ᠨᠡᠷᠡᠲᠦ ᠲᠥᠷᠥᠯ | ᠲᠡᠮᠳᠡᠭᠲᠦ ᠶᠢ ᠪᠤᠶ ᠪᠣᠯᠭᠠᠨ᠎ᠠ᠃ ᠠᠵᠤ ᠠᠬᠤᠶᠢᠯᠠᠯ ᠢ ᠢᠳᠡᠪᠬᠢᠲᠡᠶ ᠵᠣᠬᠢᠶᠠᠨ ᠪᠠᠶᠢᠭᠤᠯᠵᠤ᠂ 2024 ᠣᠨ ᠤ | ᠳᠤᠮᠳᠠᠳᠤ ᠤᠯᠤᠰ ᠤᠨ ᠨᠠᠷᠠᠲᠤ ᠲᠡᠮᠳᠡᠭ ᠤᠨ ᠡᠳᠦᠷ ᠤᠨ ︽ᠠᠵᠤ ᠠᠬᠤᠶᠢᠯᠠᠯ ᠤᠨ ᠦᠵᠡᠭᠦᠯᠦᠯᠭᠡ ᠶᠢᠨ ᠲᠣᠭᠤᠷᠢᠭ | ︾ ᠪᠠ ︽ᠨᠠᠷᠠᠲᠤ ᠲᠡᠮᠳᠡᠭ ᠤᠨ ᠰᠠᠶᠢᠨ ᠰᠠᠶᠢᠬᠠᠨ ᠵᠠᠬ᠎ᠠ ᠳᠡᠯᠭᠡᠭᠦᠷ ᠤᠨ ᠴᠤᠭᠯᠠᠷᠠᠯ︾ ᠤᠨ ᠠᠵᠢᠯᠯᠠᠭ᠎ᠠ ᠳᠤ | ᠣᠷᠣᠯᠴᠠᠭᠤᠯᠵᠤ᠂ ᠪᠥᠬᠦ ᠬᠤᠰᠢᠭᠤᠨ ᠤ ᠨᠠᠷᠠᠲᠤ ᠲᠡᠮᠳᠡᠭ ᠤᠨ ᠤᠯᠠᠮᠵᠢᠯᠠᠬᠤ ᠴᠢᠳᠠᠪᠤᠷᠢ᠂ ᠨᠥᠯᠥᠭᠡᠯᠡᠬᠦ ᠬᠦᠴᠦᠨ᠂ | ᠲᠠᠨᠢᠨ ᠮᠡᠳᠡᠷᠡᠬᠦ ᠬᠡᠮᠵᠢᠶ᠎ᠡ ᠪᠠ ᠢᠷᠠᠭᠤ ᠠᠯᠳᠠᠷ ᠤᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ︽ᠬᠤᠤᠰ ᠪᠦᠲᠦᠭᠡᠭᠳᠡᠬᠦᠨ | ︾ ᠤ ᠰᠦᠯᠵᠢᠶ᠎ᠡ ᠪᠠᠷ ᠬᠤᠳᠠᠯᠳᠤᠨ ᠠᠪᠬᠤ ᠨᠠᠶᠢᠷ ᠢ ᠡᠷᠭᠢᠯᠡᠵᠦ᠂ ᠮᠠᠨ ᠤ ᠬᠤᠰᠢᠭᠤᠨ ᠤ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠬᠦᠨ ᠤ ᠪᠣᠷᠣᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠨ᠂ ᠨᠠᠷᠠᠲᠤ ᠲᠡᠮᠳᠡᠭᠲᠦ ᠶᠢᠨ | ᠬᠡᠷᠡᠭᠯᠡᠭᠡ᠂ ᠶᠠᠰᠤ ᠴᠢᠨᠠᠷ ᠤᠨ ᠬᠡᠷᠡᠭᠯᠡᠭᠡ ᠶᠢ ᠤᠯᠠᠮ ᠨᠢᠭᠡ ᠠᠯᠬᠤᠮ ᠬᠥᠲᠥᠯᠦᠨ ᠵᠢᠯᠣᠭᠤᠳᠤᠨ᠎ᠠ᠃ ︽ᠶᠠᠰᠤ ᠴᠢᠨᠠᠷ | ᠤᠨ ᠨᠡᠷᠡᠲᠦ ᠲᠥᠷᠥᠯ ᠲᠡᠮᠳᠡᠭᠲᠦ︾ ᠶᠢᠨ ᠪᠣᠷᠣᠯᠠᠭᠤᠯᠭ᠎ᠠ ᠠᠬᠢᠭᠤᠯᠬᠤ ᠠᠵᠢᠯᠯᠠᠭ᠎ᠠ ᠶᠢ ᠥᠷᠨᠢᠭᠦᠯᠵᠦ᠂ ᠡᠯᠧᠺᠲᠷᠣᠨ | ᠬᠤᠳᠠᠯᠳᠤᠭᠠᠨ ᠤ ᠦᠶᠯᠡᠴᠢᠯᠡᠭᠡᠨ ᠤ ᠠᠵᠤ ᠠᠬᠤᠶᠢᠯᠠᠯ ᠪᠠ ᠡᠯᠧᠺᠲᠷᠣᠨ ᠬᠤᠳᠠᠯᠳᠤᠭᠠᠨ ᠤ ᠬᠡᠷᠡᠭᠯᠡᠭᠡᠨ ᠤ ᠠᠵᠤ | ᠠᠬᠤᠶᠢᠯᠠᠯ ᠤᠨ ᠰᠢᠯᠢᠳᠡᠭ ᠰᠠᠶᠢᠨ ᠵᠦᠶᠯ ᠢ ᠡᠭᠦᠳᠦᠨ ᠪᠠᠶᠢᠭᠤᠯᠵᠤ᠂ ᠴᠢᠨᠠᠷ ᠰᠠᠶᠢᠲᠠᠶ ᠦᠶᠯᠡᠴᠢᠯᠡᠭᠡᠨ ᠢ | ᠲᠥᠬᠦᠷᠵᠢᠭᠦᠯᠦᠨ᠎ᠡ᠃ ᠬᠠᠭᠤᠴᠢᠨ ᠨᠠᠷᠠᠲᠤ ᠲᠡᠮᠳᠡᠭᠲᠦ ᠶᠢᠨ ᠰᠣᠶᠣᠯ ᠤᠨ ᠠᠭᠤᠯᠤᠭᠳᠠᠬᠤᠨ ᠢ ᠶᠡᠬᠡᠪᠡᠷ | ᠪᠠᠳᠠᠷᠠᠭᠤᠯᠵᠤ᠂ ᠠᠵᠤ ᠠᠬᠤᠶᠢᠯᠠᠯ ᠢ ᠢᠳᠡᠪᠬᠢᠲᠡᠶ ᠪᠠᠷ ᠵᠣᠬᠢᠶᠠᠨ ᠪᠠᠶᠢᠭᠤᠯᠤᠨ ︽ᠬᠠᠭᠤᠴᠢᠨ︾ ᠨᠠᠷᠠᠲᠤ ᠲᠡᠮᠳᠡᠭᠲᠦ | ᠶᠢ ᠭᠤᠶᠤᠴᠢᠯᠠᠨ ᠮᠡᠳᠡᠭᠦᠯᠬᠦ ᠠᠵᠢᠯ ᠢ ᠥᠷᠨᠢᠭᠦᠯᠦᠨ᠎ᠡ᠃ ︽ᠲᠠᠪᠤ ᠶᠢ ᠨᠢᠭᠡᠳᠬᠡᠬᠦ︾ ᠵᠠᠭᠪᠤᠷ ᠶᠣᠰᠣᠭᠠᠷ᠂ ︽ | ᠲᠦᠩᠯᠢᠶᠣᠤ ᠶᠢᠨ ᠠᠯᠠᠰᠢᠨ ᠦᠬᠡᠷ︾ ᠢᠶᠠᠷ ᠭᠤᠤᠯ ᠪᠣᠯᠭᠠᠭᠰᠠᠨ ᠲᠦᠩᠯᠢᠶᠣᠤ ᠶᠢᠨ ᠣᠷᠣᠨ ᠪᠦᠰᠡ ᠶᠢᠨ ᠨᠡᠶᠢᠲᠡ | ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢ ᠭᠤᠤᠯᠳᠠᠯᠭ᠎ᠠ ᠲᠠᠢ ᠪᠣᠶ ᠪᠣᠯᠭᠠᠵᠤ᠂ 1 ᠣᠷᠣᠨ ᠪᠦᠰᠡ ᠶᠢᠨ | ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠪᠠ 6 ᠠᠵᠤ ᠠᠬᠤᠶᠢᠯᠠᠯ ᠤᠨ ᠦᠶᠯᠡᠳᠬᠦᠨ ᠤ ᠨᠠᠷᠠᠲᠤ | ᠲᠥᠷᠥᠯ ᠲᠡᠮᠳᠡᠭᠲᠦ ᠶᠢ ᠬᠦᠴᠦᠷᠬᠡᠭᠵᠢᠭᠦᠯᠦᠨ᠎ᠡ᠃ ᠰᠢᠨ᠎ᠡ ᠵᠠᠭᠤᠴᠢᠯᠠᠭᠤᠷ ᠤᠨ ᠲᠠᠪᠴᠠᠩ ᠢ ᠠᠰᠢᠭᠯᠠᠨ ᠨᠠᠶᠮᠠᠨ ᠤ | ᠮᠠᠯ ᠠᠵᠤ ᠠᠬᠤᠶ ᠲᠠᠷᠢᠶᠠᠯᠠᠩ ᠤᠨ ᠲᠥᠷᠥᠯ ᠲᠡᠮᠳᠡᠭ ᠤᠨ ᠤᠬᠠᠭᠤᠯᠭ᠎ᠠ ᠶᠢ ᠴᠢᠩᠭᠠᠳᠬᠠᠵᠤ᠂ ᠪᠥᠬᠦ ᠲᠠᠯ᠎ᠠ ᠶᠢᠨ᠂ | ᠪᠣᠰᠤᠭ᠎ᠠ ᠴᠣᠭᠴᠠᠲᠤ ᠤᠬᠠᠭᠤᠯᠭ᠎ᠠ ᠶᠢᠨ ᠡᠩᠨᠡᠭᠡ ᠶᠢ ᠪᠠᠶᠢᠭᠤᠯᠤᠨ᠎ᠠ᠃ ︽ᠮᠧᠩ︾ ᠦᠰᠦᠭ ᠲᠠᠢ ᠪᠦᠯᠬᠦᠮ ᠤᠨ | ᠪᠠᠷᠢᠮᠵᠢᠶ᠎ᠠ ᠶᠢ ᠲᠣᠭᠲᠠᠭᠠᠬᠤ ᠪᠠ ᠪᠦᠲᠦᠭᠡᠭᠳᠡᠬᠦᠨ ᠢ ᠭᠡᠷᠡᠴᠢᠯᠡᠬᠦ ᠠᠵᠢᠯ ᠢ ᠰᠠᠶᠢᠲᠤᠷ ᠬᠢᠨ᠎ᠡ᠃ ︽ᠨᠤᠭᠤᠨᠵᠠᠶᠠᠭ᠎ᠠ︾ | ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠦᠵᠡᠭᠦᠯᠦᠯᠭᠡ᠂ ᠪᠥᠬᠦ ᠬᠤᠰᠢᠭᠤᠨ ᠤ ᠠᠭᠤᠳᠠᠮ ᠲᠠᠯᠠᠪᠠᠶ ᠶᠢᠨ | ᠪᠥᠵᠢᠭ ᠤᠨ ᠤᠷᠤᠯᠳᠤᠭᠠᠨ ᠵᠡᠷᠭᠡ ᠰᠣᠶᠣᠯ ᠵᠢᠭᠤᠯᠴᠢᠯᠠᠯ ᠤᠨ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠤᠨ | ᠥᠷᠨᠢᠭᠦᠯᠵᠦ᠂ ︽ᠡᠯᠡᠰᠦᠨ ᠴᠦᠯ ᠤᠨ ᠭᠡᠷᠡᠯᠲᠦ ᠰᠤᠪᠤᠳ ᠭᠠᠶᠢᠬᠠᠮᠰᠢᠭᠲᠦ ᠰᠠᠶᠢᠬᠠᠨ ᠨᠠᠢᠮᠠᠨ︾ ᠰᠣᠶᠣᠯ | ᠵᠢᠭᠤᠯᠴᠢᠯᠠᠯ ᠤᠨ ᠨᠠᠷᠠᠲᠤ ᠲᠡᠮᠳᠡᠭ ᠢ ᠳᠡᠭᠡᠭᠰᠢᠯᠡᠭᠦᠯᠦᠨ᠎ᠡ᠃ ᠬᠤᠷᠰᠢᠶ᠎ᠠ ᠶᠢᠨ ᠭᠠᠵᠠᠷ ᠣᠷᠣᠨ ᠤ ᠣᠯᠠᠨ ᠨᠡᠶᠢᠲᠡ | ᠶᠢᠨ ᠨᠡᠷᠡᠲᠦ ᠲᠥᠷᠥᠯ ᠲᠡᠮᠳᠡᠭᠲᠦ ᠶᠢᠨ ᠪᠠᠶᠢᠭᠤᠯᠤᠯᠲᠠ ᠳᠤ ᠣᠷᠣᠯᠴᠠᠬᠤ ᠶᠢ ᠳᠠᠮᠵᠢᠵᠤ᠂ ᠥᠪᠡᠷ ᠤᠨ ᠲᠠᠸᠠᠷ ᠤᠨ | ᠲᠡᠮᠳᠡᠭ ᠢ ᠳᠠᠩᠰᠠᠯᠠᠨ ᠬᠠᠮᠠᠭᠠᠯᠠᠵᠤ᠂ ︽ᠬᠤᠶᠠᠷ ᠪᠦᠲᠦᠭᠡᠭᠳᠡᠬᠦᠨ ᠨᠢᠭᠡ ᠲᠡᠮᠳᠡᠭ︾ ᠤᠨ ᠭᠡᠷᠡᠴᠢᠯᠡᠯ ᠢ ᠠᠬᠢᠭᠤᠯᠤᠨ | ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠡᠷ᠎ᠡ ᠠᠯᠳᠠᠷ ᠪᠠ ᠨᠡᠮᠡᠯᠲᠡ ᠥᠷᠲᠡᠭ ᠢ | ᠳᠡᠭᠡᠭᠰᠢᠯᠡᠭᠦᠯᠦᠨ᠎ᠡ᠃ ︵ ᠬᠠᠷᠢᠭᠤᠴᠠᠬᠤ ᠨᠢᠭᠡᠴᠢ᠄ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ | ᠂ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ᠂ ᠲᠠᠷᠢᠶᠠᠯᠠᠩ | ᠰᠢᠨᠵᠢᠯᠡᠬᠦ ᠤᠬᠠᠭᠠᠨ ᠤ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠩᠭᠠᠨ | ᠪᠣᠷᠣᠯᠠᠭᠤᠯᠬᠤ ᠬᠤᠷᠰᠢᠶ᠎ᠠ︶ | ︵ᠠᠷᠪᠠ ᠶᠢᠰᠦ︶ ᠶᠠᠰᠤ ᠴᠢᠨᠠᠷ ᠤᠨ ᠪᠣᠯᠪᠠᠰᠤᠷᠠᠭᠤᠯᠤᠯ ᠤᠨ ᠤᠷᠮᠠᠰᠢᠭᠤᠯᠬᠤ ᠲᠣᠭᠲᠠᠴᠠ ᠶᠢ | ᠨᠠᠶᠢᠳᠠᠪᠤᠷᠢᠵᠢᠭᠤᠯᠤᠨ᠎ᠠ᠃ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ | ᠠᠵᠢᠯ ᠮᠡᠷᠭᠡᠵᠢᠯ ᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ | ᠶᠢ ᠨᠠᠶᠢᠳᠠᠪᠤᠷᠢᠵᠢᠭᠤᠯᠤᠨ᠎ᠠ᠃ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ ᠬᠥᠮᠦᠰ ᠤᠨ | ᠪᠣᠯᠪᠠᠰᠤᠷᠠᠯ ᠤᠨ ᠠᠩᠭᠢ ᠶᠢ ᠦᠷᠭᠦᠯᠵᠢᠯᠡᠨ ᠥᠷᠨᠢᠭᠦᠯᠵᠦ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠵᠤ | ᠤᠯᠠᠮᠵᠢᠯᠠᠨ ᠵᠠᠯᠭᠠᠮᠵᠢᠯᠠᠬᠤ ᠲᠦᠪᠰᠢᠨ ᠢ ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠢ ᠬᠥᠲᠥᠯᠥᠨ ᠵᠢᠯᠣᠭᠤᠳᠴᠤ | ᠪᠠᠶᠢᠭᠠᠳ ᠴᠢᠨᠠᠷ ᠰᠠᠶᠢᠲᠠᠶ ᠢᠨᠵᠧᠨᠧᠷᠢᠩ ᠢ ᠴᠢᠷᠮᠠᠶᠢᠨ ᠡᠭᠦᠳᠴᠦ᠂ ︽ᠲᠠᠯ᠎ᠠ ᠨᠤᠲᠤᠭ ᠬᠤᠨᠳᠠᠭᠠᠲᠤ︾ | ᠢᠨᠵᠧᠨᠧᠷᠢᠩ ᠤᠨ ᠶᠠᠰᠤ ᠴᠢᠨᠠᠷ ᠤᠨ ᠱᠠᠩᠨᠠᠯ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠴᠢᠨᠠᠷ ᠰᠠᠶᠢᠲᠠᠶ | ᠱᠠᠩᠨᠠᠯ ᠵᠡᠷᠭᠡ ᠥᠪᠡᠷᠲᠡᠭᠡᠨ ᠵᠠᠰᠠᠬᠤ ᠣᠷᠣᠨ ᠤ ᠲᠠᠰ ᠤᠨ ᠶᠠᠰᠤ ᠴᠢᠨᠠᠷ ᠤᠨ ᠱᠠᠩᠨᠠᠯ ᠵᠢᠴᠢ ᠠᠮᠤᠷ ᠲᠠᠶᠢᠪᠤᠩ | ᠵᠠᠭᠤᠨ ᠵᠢᠯ ᠤᠨ ᠶᠠᠰᠤ ᠴᠢᠨᠠᠷ ᠤᠨ ᠢᠨᠵᠧᠨᠧᠷᠢᠩ᠂ ᠯᠦ ᠪᠠᠨ ᠱᠠᠩᠨᠠᠯ᠂ ᠵᠠᠨ ᠲᠢᠶᠠᠨ ᠶᠢᠦ ᠱᠠᠩᠨᠠᠯ᠂ ᠳ᠋ᠠ ᠢᠦᠢ | ᠱᠠᠩᠨᠠᠯ ᠵᠡᠷᠭᠡ ᠤᠯᠤᠰ ᠤᠨ ᠲᠠᠰ ᠤᠨ ᠶᠠᠰᠤ ᠴᠢᠨᠠᠷ ᠤᠨ ᠱᠠᠩᠨᠠᠯ ᠢ ᠢᠳᠡᠪᠬᠢᠲᠡᠶ ᠪᠠᠷ ᠵᠣᠬᠢᠶᠠᠨ ᠪᠠᠶᠢᠭᠤᠯᠤᠨ | ᠭᠤᠶᠤᠴᠢᠯᠠᠨ ᠮᠡᠳᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠂ | ᠰᠣᠶᠣᠯ ᠵᠢᠭᠤᠯᠴᠢᠯᠠᠯ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ | ᠶᠢᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | ︵ᠬᠤᠷᠢ︶ ᠪᠦᠬᠦ ᠤᠯᠤᠰ ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠯᠠᠪᠳᠠᠭᠤᠨ | ᠢᠶᠠᠷ ᠲᠦᠯᠬᠢᠨ ᠠᠬᠢᠭᠤᠯᠤᠨ᠎ᠠ᠃ ᠣᠷᠣᠨ ᠨᠤᠲᠤᠭ ᠤᠨ ᠬᠠᠮᠠᠭᠠᠯᠠᠯᠲᠠ ᠪᠠ ᠵᠠᠬ᠎ᠠ ᠳᠡᠯᠭᠡᠭᠦᠷ ᠢ ᠰᠠᠯᠭᠠᠬᠤ ᠶᠢ | ᠠᠷᠢᠯᠭᠠᠬᠤ ᠲᠤᠰᠬᠠᠶ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠯ᠎ᠡ ᠲᠥᠷᠥ ᠶᠢᠨ ᠪᠣᠳᠣᠯᠭ᠎ᠠ | ᠲᠣᠭᠲᠠᠭᠠᠬᠤ ᠪᠠᠶᠢᠭᠤᠯᠭ᠎ᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠤᠨ᠂ ᠡᠯ᠎ᠡ ᠰᠠᠯᠠᠭ᠎ᠠ | ᠮᠥᠴᠢᠷ ᠢ ᠰᠢᠮᠳᠠᠭᠤᠯᠵᠤ ᠪᠠᠶᠢᠭᠠᠳ ᠨᠡᠮᠡᠭᠳᠡᠯ ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠬᠤ ᠪᠠ ᠦᠯᠡᠳᠡᠭᠡᠯ ᠪᠢᠴᠢᠭ | ᠮᠠᠲ᠋ᠧᠷᠢᠶᠠᠯ ᠢ ᠢᠯᠭᠠᠷᠠᠭᠤᠯᠬᠤ ᠠᠵᠢᠯ ᠢ ᠰᠠᠶᠢᠲᠤᠷ ᠬᠢᠨ᠎ᠠ᠃ ︽ᠨᠠᠶᠮᠠᠨ ᠬᠤᠰᠢᠭᠤᠨ ᠤ ᠡᠷᠬᠡ ᠲᠡᠭᠰᠢ | ᠥᠷᠢᠰᠥᠯᠳᠦᠭᠡᠨ ᠤ ᠬᠢᠨᠠᠨ ᠪᠠᠶᠢᠴᠠᠭᠠᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠰᠤᠭᠤᠴᠢᠨ ᠪᠠᠶᠢᠴᠠᠭᠠᠬᠤ | ᠲᠦᠷᠢᠮ︾ ᠢ ᠨᠠᠶᠢᠳᠠᠪᠤᠷᠢᠵᠢᠭᠤᠯᠵᠤ᠂ ᠡᠷᠬᠡ ᠲᠡᠭᠰᠢ ᠥᠷᠢᠰᠥᠯᠳᠦᠭᠡᠨ ᠤ ᠬᠢᠨᠠᠨ ᠪᠠᠶᠢᠴᠠᠭᠠᠬᠤ ᠠᠵᠢᠯ ᠤᠨ ᠶᠠᠰᠤ | ᠴᠢᠨᠠᠷ ᠢ ᠳᠡᠭᠡᠭᠰᠢᠯᠡᠭᠦᠯᠬᠦ ᠶᠢ ᠠᠬᠢᠭᠤᠯᠤᠨ᠎ᠠ᠃ ᠵᠠᠭᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠢᠯᠤᠭᠤᠳᠬᠠᠵᠤ | ᠂ ᠰᠦᠪᠡᠭᠴᠢ ᠶᠢ ᠴᠤᠭᠯᠠᠭᠤᠯᠬᠤ ᠪᠠ ᠬᠠᠷᠭᠤᠭᠤᠯᠤᠨ ᠪᠠᠶᠢᠴᠠᠭᠠᠬᠤ ᠠᠵᠢᠯ ᠢ ᠰᠠᠶᠢᠲᠤᠷ ᠬᠢᠨ᠎ᠠ᠃ ᠡᠷᠬᠡ ᠲᠡᠭᠰᠢ | ᠥᠷᠢᠰᠥᠯᠳᠦᠭᠡᠨ ᠤ ᠬᠢᠨᠠᠨ ᠪᠠᠶᠢᠴᠠᠭᠠᠯᠲᠠ ᠶᠢᠨ ᠬᠠᠮᠲᠤᠷᠠᠨ ᠬᠢᠨᠠᠬᠤ ᠦᠢᠯᠡᠳᠦᠯ ᠢ ᠴᠢᠩᠭᠠᠳᠬᠠᠵᠤ᠂ ᠬᠠᠮᠲᠤᠷᠠᠨ | ᠬᠢᠨᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠬᠡᠷᠡᠭᠯᠡᠭᠡᠨ ᠤ ᠬᠦᠷᠢᠶᠡᠨ ᠳᠠᠬᠢ ᠵᠦᠢ ᠪᠤᠰᠤ ᠥᠷᠢᠰᠥᠯᠳᠦᠭᠡᠨ | ᠢ ᠡᠰᠡᠷᠭᠦᠴᠡᠬᠦ ᠲᠤᠰᠬᠠᠢ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠥᠷᠨᠢᠭᠦᠯᠵᠦ᠂ ᠲᠦᠷᠦ ᠶᠢᠨ ᠪᠤᠳᠤᠯᠭ᠎ᠠ ᠬᠠᠤᠯᠢ | ᠲᠣᠭᠲᠠᠭᠠᠯ ᠤᠨ ᠤᠬᠠᠭᠤᠯᠭ᠎ᠠ ᠶᠢ ᠴᠢᠩᠭᠠᠳᠬᠠᠨ᠂ ᠨᠡᠶᠢᠭᠡᠮ ᠤᠨ ᠠᠩᠬᠠᠷᠤᠯ ᠶᠡᠬᠡᠲᠡᠢ᠂ ᠬᠡᠷᠡᠭᠯᠡᠭᠴᠢᠳ ᠪᠠ | ᠡᠵᠡᠩᠨᠡᠭᠴᠢᠳ ᠤᠨ ᠲᠤᠰᠬᠠᠯ ᠶᠡᠬᠡᠲᠡᠢ ᠵᠦᠢ ᠪᠤᠰᠤ ᠥᠷᠢᠰᠥᠯᠳᠦᠭᠡᠨ ᠤ ᠠᠵᠢᠯᠯᠠᠭ᠎ᠠ ᠶᠢ ᠬᠠᠤᠯᠢ ᠶᠣᠰᠣᠭᠠᠷ | ᠪᠠᠶᠢᠴᠠᠭᠠᠨ ᠰᠢᠢᠳᠪᠦᠷᠢᠯᠡᠨ᠎ᠡ᠃ ︵ᠬᠠᠷᠢᠭᠤᠴᠠᠬᠤ ᠨᠢᠭᠡᠴᠢ᠄ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ︶ | |