| ᠨᠠᠢᠮᠠᠨ ᠵᠠᠰᠠᠭ ᠠᠯᠪᠠᠨ ᠦᠰᠦᠭ ﹇2024﹈ 5 ᠳ᠋ᠤᠭᠠᠷ ᠲᠤᠭᠠᠲᠤ | ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠯᠢᠦ ᠬᠤᠤ ᠲᠠᠷᠢᠶᠠᠯᠠᠩ ᠤᠨ ᠲᠠᠯᠠᠪᠠᠶ ᠶᠢᠨ | ᠬᠠᠮᠢᠶᠠᠷᠤᠯᠲᠠ ᠶᠢᠨ ᠵᠥᠪᠯᠡᠯ᠂ ᠲᠠᠴᠢᠨᠲᠠᠯ᠎ᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠨᠠᠢᠮᠠᠨ ᠤ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠰᠢᠭᠤᠨ ᠤ ᠵᠠᠰᠠᠭ ᠤᠨ | ᠣᠷᠳᠣᠨ ᠤ ᠬᠤᠯᠪᠣᠭᠳᠠᠯ ᠪᠥᠬᠦᠶ ᠵᠥᠪᠯᠡᠯ ᠠᠯᠪᠠᠨ ᠬᠡᠷ ᠲᠣᠪᠴᠢᠶ᠎ᠠ᠂ ᠬᠤᠯᠪᠣᠭᠳᠠᠯ ᠪᠥᠬᠦᠶ ᠠᠵᠤ ᠠᠬᠤᠶᠢᠯᠠᠯ | ᠠᠵᠢᠯ ᠦᠢᠯᠡᠰ ᠤᠨ ᠨᠢᠭᠡᠴᠢ ᠳᠤ᠄ | ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠭᠤᠣᠯᠳᠠᠯᠭ᠎ᠠ ᠲᠠᠢ ᠨᠢᠭᠡᠴᠢ ᠶᠢᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠨ᠂ ᠪᠦᠬᠦ ᠨᠡᠶᠢᠭᠡᠮ ᠤᠨ ᠭᠠᠯ ᠤᠨ ᠠᠶᠤᠯ ᠢ ᠡᠰᠡᠷᠭᠦᠴᠡᠨ ᠬᠤᠷᠢᠭᠯᠠᠬᠤ ᠴᠢᠳᠠᠪᠤᠷᠢ ᠶᠢ ᠳᠡᠭᠡᠭᠰᠢᠯᠡᠭᠦᠯᠵᠦ᠂ | ᠭᠠᠯ ᠤᠨ ᠠᠶᠤᠯ ᠤᠨ ᠠᠳᠡᠯ ᠭᠠᠷᠬᠤ ᠶᠢ ᠰᠡᠷᠭᠡᠶᠢᠯᠡᠬᠦ ᠪᠠ ᠪᠠᠭᠠᠰᠬᠠᠬᠤ ᠶᠢᠨ ᠲᠦᠯᠦᠭᠡ᠂ ︽ᠪᠦᠭᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠭᠠᠯ ᠤᠨᠲᠠᠷᠠᠭᠠᠬᠤ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠭᠠᠯ ᠤᠨᠲᠠᠷᠠᠭᠠᠬᠤ ᠳᠦᠷᠢᠮ︾᠂ ︽ᠪᠠᠶᠢᠭᠤᠯᠭ᠎ᠠ᠂ ᠪᠦᠯᠬᠦᠮ᠂ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ ᠶᠢᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠬᠠᠮᠢᠶᠠᠷᠤᠯᠲᠠ ᠶᠢᠨ ᠲᠣᠭᠲᠠᠭᠠᠯ︾ ᠵᠡᠷᠭᠡ ᠬᠠᠤᠯᠢ | ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠭᠤᠣᠯᠳᠠᠯᠭ᠎ᠠ ᠲᠠᠢ ᠨᠢᠭᠡᠴᠢ ᠶᠢ ᠵᠠᠭᠠᠭᠯᠠᠨ ᠲᠣᠭᠲᠠᠭᠠᠬᠤ | ᠪᠠᠷᠢᠮᠵᠢᠶ᠎ᠠ ᠶᠢ ᠨᠡᠶᠢᠭᠡᠮ ᠳᠤ ᠢᠯᠡ ᠨᠡᠶᠢᠲᠡᠯᠡᠵᠦ᠂ ᠡᠳᠦᠷ ᠲᠤᠲᠤᠮ ᠤᠨ ᠠᠵᠢᠯ ᠲᠠᠢ ᠪᠠᠨ ᠤᠶᠠᠯᠳᠤᠭᠤᠯᠤᠨ | ᠡᠵᠡᠮᠰᠢᠭᠡᠳ᠂ ᠰᠤᠳᠤᠯᠬᠤ ᠪᠠᠷ ᠳᠠᠮᠵᠢᠭᠠᠳ᠂ ᠡᠳᠦᠭᠡ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ | ᠭᠤᠣᠯᠳᠠᠯᠭ᠎ᠠ ᠲᠠᠢ 103 ᠡᠷᠦᠬᠡ ︵ᠪᠣᠳᠠᠲᠠᠶ ᠨᠡᠷᠡᠰ ᠢ ᠳᠠᠭᠠᠯᠳᠤᠭᠤᠯᠤᠯ ᠳᠤ ᠦᠵᠡ︶ ᠶᠢ ᠨᠡᠶᠢᠲᠡᠯᠡᠭᠰᠡᠨ ᠪᠥᠭᠡᠳ | ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠄ | ᠨᠢᠭᠡ᠂ ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠯᠢᠦ ᠬᠤᠤ | ᠲᠠᠷᠢᠶᠠᠯᠠᠩ ᠤᠨ ᠲᠠᠯᠠᠪᠠᠶ ᠶᠢᠨ ᠬᠠᠮᠢᠶᠠᠷᠤᠯᠲᠠ ᠶᠢᠨ ᠵᠥᠪᠯᠡᠯ᠂ ᠲᠠᠴᠢᠨᠲᠠᠯ᠎ᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ᠂ ᠠᠵᠤ ᠦᠢᠯᠡᠳᠪᠦᠷᠢ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠰᠢᠭᠤᠨ ᠤ ᠵᠠᠰᠠᠭ ᠤᠨ | ᠣᠷᠳᠣᠨ ᠤ ᠬᠤᠯᠪᠣᠭᠳᠠᠯ ᠪᠦᠬᠦᠢ ᠵᠥᠪᠯᠡᠯ ᠠᠯᠪᠠᠨ ᠭᠡᠷ ᠲᠣᠪᠴᠢᠶ᠎ᠠ᠂ ᠬᠠᠮᠢᠶ᠎ᠠ ᠪᠦᠬᠦᠢ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠯ ᠤᠨᠲᠠᠷᠠᠭᠠᠬᠤ ᠬᠠᠤᠯᠢ︾ ︽ | ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠬᠦ ᠠᠷᠭ᠎ᠠ︾ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠬᠠᠷᠢᠭᠤᠴᠠᠯᠭ᠎ᠠ ᠶᠢᠨ | ᠳᠦᠷᠢᠮ ᠢ ᠬᠡᠷᠡᠭᠵᠢᠭᠦᠯᠬᠦ ᠠᠷᠭ᠎ᠠ︾ ᠶᠢᠨ ᠬᠠᠮᠢᠶ᠎ᠠ ᠪᠦᠬᠦᠢ ᠲᠣᠭᠲᠠᠭᠠᠯ ᠶᠣᠰᠣᠭᠠᠷ᠂ ︽ᠵᠠᠰᠠᠭ ᠤᠨ ᠣᠷᠳᠣᠨ | ᠬᠠᠷᠢᠶ᠎ᠠ ᠭᠠᠵᠠᠷ ᠢᠶᠠᠨ ᠬᠠᠮᠢᠶᠠᠷᠤᠨ᠂ ᠠᠵᠢᠯ ᠲᠥᠷᠥᠯ ᠤᠨ ᠰᠠᠯᠠᠭ᠎ᠠ ᠮᠥᠴᠢᠷ ᠬᠠᠤᠯᠢ ᠶᠣᠰᠣᠭᠠᠷ ᠬᠢᠨᠠᠨ ᠬᠠᠮᠢᠶᠠᠷᠤᠨ᠂ | ᠨᠡᠶᠢᠭᠡᠮ ᠤᠨ ᠨᠢᠭᠡᠴᠢ ᠡᠵᠡᠨ ᠮᠡᠳᠡᠵᠦ ᠬᠠᠷᠢᠭᠤᠴᠠᠬᠤ︾ ᠬᠠᠷᠢᠭᠤᠴᠠᠯᠭ᠎ᠠ ᠶᠢᠨ ᠲᠤᠭᠲᠠᠯᠴᠠᠭ᠎ᠠ ᠶᠤᠰᠤᠭᠠᠷ ᠬᠠᠷᠢᠶ᠎ᠠ | ᠣᠷᠣᠨ᠂ ᠬᠠᠷᠢᠶ᠎ᠠ ᠠᠵᠢᠯ ᠲᠥᠷᠥᠯ ᠤᠨ ᠳᠣᠲᠣᠷᠠᠬᠢ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ | ᠭᠤᠣᠯᠳᠠᠯᠭ᠎ᠠ ᠲᠠᠢ ᠨᠢᠭᠡᠴᠢ ᠨᠦᠭᠦᠳ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠭᠤᠣᠯ ᠴᠣᠭᠴᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠭᠠᠯ ᠤᠨᠲᠠᠷᠠᠭᠠᠬᠤ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠴᠢᠩᠳᠠᠯᠠᠬᠤ᠂ ᠭᠠᠯ ᠰᠡᠷᠭᠡᠶᠢᠯᠡᠬᠦ ᠠᠮᠤᠷ ᠲᠦᠪᠰᠢᠨ ᠢ ᠪᠠᠲᠤᠯᠠᠬᠤ | ᠬᠡᠷᠡᠭᠲᠡᠶ᠂ ᠭᠠᠯ ᠤᠨ ᠠᠶᠤᠯ ᠤᠨ ᠠᠳᠡᠯ ᠭᠠᠷᠬᠤ ᠶᠢ ᠬᠤᠷᠢᠭᠯᠠᠬᠤ ᠶᠢ ᠰᠢᠪᠠᠳᠠᠬᠤ ᠶᠢ ᠱᠠᠭᠠᠷᠳᠠᠨ᠎ᠠ᠃ | ᠬᠤᠶᠠᠷ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠨᠤᠭᠤᠳ ︽ᠭᠠᠯ ᠤᠨᠲᠠᠷᠠᠭᠠᠬᠤ | ᠬᠢᠨᠠᠯᠲᠠ ᠪᠠᠶᠢᠴᠠᠭᠠᠯᠲᠠ ᠶᠢᠨ ᠲᠣᠭᠲᠠᠭᠠᠯ︾ ︵ᠳᠣᠲᠣᠭᠠᠳᠤ ᠶᠢ ᠬᠠᠮᠠᠭᠠᠯᠠᠬᠤ ᠶᠠᠮᠤᠨ ᠤ 120 ᠳ᠋ᠤᠭᠠᠷ ᠲᠣᠭᠠᠲᠤ | ᠵᠠᠷᠯᠢᠭ︶ ᠤᠨ ᠳᠣᠯᠣᠳᠤᠭᠠᠷ ᠵᠦᠢᠯ ᠤᠨ ᠲᠣᠭᠲᠠᠭᠠᠯ ᠶᠣᠰᠣᠭᠠᠷ᠂ ᠲᠤᠰ ᠭᠠᠵᠠᠷ ᠣᠷᠣᠨ ᠤ ᠪᠠᠨ ᠭᠠᠯ ᠤᠨ | ᠠᠶᠤᠯ ᠤᠨ ᠵᠢᠮ᠎ᠡ ᠶᠣᠰᠣ᠂ ᠣᠨᠴᠠᠯᠢᠭ ᠵᠡᠷᠭᠡ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠬᠡᠷᠡᠭᠴᠡᠭᠡ ᠪᠠᠨ | ᠦᠨᠳᠦᠰᠦᠯᠡᠨ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠬᠤ ᠬᠡᠷᠡᠭᠲᠡᠶ︔ ᠭᠠᠯ ᠤᠨ | ᠠᠶᠤᠯ ᠣᠯᠠᠨ ᠭᠠᠷᠳᠠᠭ ᠤᠯᠠᠷᠢᠯ᠂ ᠴᠢᠬᠤᠯᠠ ᠶᠡᠭᠡ ᠪᠠᠶᠠᠷ ᠳᠤᠷᠠᠰᠬᠠᠯ ᠤᠨ ᠡᠳᠦᠷ᠂ ᠴᠢᠬᠤᠯᠠ ᠶᠡᠭᠡ | ᠠᠵᠢᠯᠯᠠᠭ᠎ᠠ ᠠᠴᠠ ᠡᠮᠦᠨ᠎ᠡ ᠪᠠ ᠪᠠᠶᠠᠷ ᠳᠤᠷᠠᠰᠬᠠᠯ ᠤᠨ ᠡᠳᠦᠷ᠂ ᠠᠵᠢᠯᠯᠠᠭ᠎ᠠ ᠶᠢᠨ ᠬᠤᠭᠤᠴᠠᠭᠠᠨ ᠳᠤ ᠬᠢᠨᠠᠯᠲᠠ | ᠲᠠᠯᠪᠢᠵᠤ ᠰᠤᠭᠤᠴᠢᠨ ᠪᠠᠶᠢᠴᠠᠭᠠᠬᠤ ᠶᠢ ᠵᠣᠬᠢᠶᠠᠨ ᠪᠠᠶᠢᠭᠤᠯᠬᠤ ᠬᠡᠷᠡᠭᠲᠡᠶ᠃ ᠬᠥᠮᠦᠨ ᠣᠯᠠᠨ ᠴᠤᠭᠯᠠᠷᠠᠬᠤ ᠭᠠᠵᠠᠷ | ᠲᠠᠯᠠᠪᠠᠢ ᠳᠤ ᠬᠠᠷᠢᠶᠠᠯᠠᠭᠳᠠᠬᠤ ᠭᠠᠯ ᠤᠨᠲᠠᠷᠠᠭᠠᠬᠤ ᠠᠮᠤᠷ ᠲᠦᠪᠰᠢᠨ ᠤ ᠭᠤᠣᠯᠳᠠᠯᠭ᠎ᠠ ᠲᠠᠢ ᠨᠢᠭᠡᠴᠢ ᠳᠤ ᠪᠣᠯ ᠵᠢᠯ | ᠪᠦᠷᠢ ᠠᠳᠠᠭ ᠲᠠᠭᠠᠨ ᠨᠢᠭᠡ ᠤᠳᠠᠭ᠎ᠠ ᠬᠢᠨᠠᠯᠲᠠ ᠲᠠᠯᠪᠢᠵᠤ ᠪᠠᠶᠢᠴᠠᠭᠠᠬᠤ ᠬᠡᠷᠡᠭᠲᠡᠶ᠃ ᠪᠤᠶ ᠪᠦᠬᠦᠢ ᠭᠠᠯ | ᠤᠨᠲᠠᠷᠠᠭᠠᠵᠤ ᠠᠶᠤᠯ ᠠᠴᠠ ᠬᠠᠮᠠᠭᠠᠯᠠᠬᠤ ᠭᠤᠣᠯᠳᠠᠯᠭ᠎ᠠ ᠲᠠᠢ ᠨᠢᠭᠡᠴᠢ ᠶᠢᠨ ᠭᠠᠯ ᠤᠨᠲᠠᠷᠠᠭᠠᠵᠤ ᠠᠶᠤᠯ ᠠᠴᠠ | ᠬᠠᠮᠠᠭᠠᠯᠠᠬᠤ ᠬᠠᠷᠢᠭᠤᠴᠠᠯᠭ᠎ᠠ ᠡᠭᠦᠷᠭᠡᠯᠡᠭᠴᠢ᠂ ᠬᠠᠮᠢᠶᠠᠷᠤᠭᠴᠢ ᠶᠢ ᠵᠣᠬᠢᠶᠠᠨ ᠪᠠᠶᠢᠭᠤᠯᠤᠨ ᠭᠠᠯ ᠤᠨᠲᠠᠷᠠᠭᠠᠵᠤ | ᠠᠶᠤᠯ ᠠᠴᠠ ᠬᠠᠮᠠᠭᠠᠯᠠᠬᠤ ᠮᠡᠳᠡᠯᠭᠡ ᠶᠢᠨ ᠪᠤᠯᠪᠠᠰᠤᠷᠠᠯ ᠤᠨ ᠬᠤᠷᠠᠯ ᠢ ᠨᠢᠭᠡ ᠤᠳᠠᠭ᠎ᠠ ᠬᠤᠷᠠᠯᠳᠤᠭᠤᠯᠬᠤ ᠬᠡᠷᠡᠭᠲᠡᠶ᠃ | ︽ᠬᠤᠶᠠᠷ ᠢ ᠲᠠᠰᠢᠷᠠᠮ ᠢᠶᠠᠷ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ | ᠲᠠᠪᠴᠠᠩ ᠤᠨ ᠠᠵᠢᠯ ᠢ ᠰᠠᠶᠢᠲᠤᠷ ᠬᠢᠵᠦ᠂ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ | ᠬᠠᠮᠢᠶᠠᠷᠤᠯᠲᠠ ᠶᠢᠨ ᠰᠤᠭᠤᠴᠢᠨ ᠪᠠᠶᠢᠴᠠᠭᠠᠬᠤ ᠭᠤᠤᠯᠳᠠᠯᠭ᠎ᠠ ᠪᠠ ᠤᠳᠠᠭ᠎ᠠ ᠶᠢ ᠴᠠᠭ ᠲᠤᠬᠠᠶ ᠳᠤᠨᠢ ᠲᠣᠬᠢᠷᠠᠭᠤᠯᠬᠤ | ᠬᠡᠷᠡᠭᠲᠡᠶ᠃ ᠭᠤᠤᠯᠳᠠᠯᠭ᠎ᠠ ᠲᠠᠢ ᠨᠢᠭᠡᠴᠢ ᠶᠢᠨ ︽ᠡᠷᠦᠬᠡᠴᠢᠯᠡᠬᠦ︾ ᠬᠠᠮᠢᠶᠠᠷᠤᠯᠲᠠ ᠶᠢᠨ ᠠᠵᠢᠯ ᠢ ᠲᠦᠯᠬᠢᠨ | ᠠᠬᠢᠭᠤᠯᠵᠤ᠂ ᠨᠡᠶᠢᠭᠡᠮ ᠨᠢᠭᠡᠴᠢ ᠶᠢᠨ ᠭᠠᠯ ᠤᠨᠲᠠᠷᠠᠭᠠᠬᠤ ᠠᠮᠤᠷ ᠲᠦᠪᠰᠢᠨ ᠤ ︽ᠡᠷᠦᠬᠡᠴᠢᠯᠡᠬᠦ︾ | ᠬᠠᠮᠢᠶᠠᠷᠤᠯᠲᠠ ᠶᠢᠨ ᠰᠢᠰᠲ᠋ᠧᠮ ᠤᠨ ᠰᠠᠭᠤᠷᠢ ᠮᠡᠳᠡᠭᠡ ᠵᠠᠩᠭᠢ ᠶᠢ ᠴᠠᠭ ᠲᠤᠬᠠᠶ ᠳᠤᠨᠢ ᠨᠥᠬᠦᠪᠥᠷᠢᠯᠡᠵᠦ᠂ | ᠲᠡᠭᠦᠯᠳᠡᠷᠵᠢᠭᠦᠯᠦᠨ᠂ ᠰᠢᠨᠡᠳᠬᠡᠵᠦ᠂ ᠨᠢᠭᠡᠴᠢ ᠶᠢ ᠰᠢᠮᠳᠠᠭᠤᠯᠵᠤ ᠪᠠᠶᠢᠭᠠᠳ ︽ᠭᠤᠷᠪᠠᠨ ᠵᠦᠢᠯ ᠤᠨ ᠮᠡᠳᠡᠭᠦᠯᠦᠨ | ᠳᠠᠩᠰᠠᠯᠠᠭᠤᠯᠬᠤ︾ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠠᠯ ᠤᠨᠲᠠᠷᠠᠭᠠᠬᠤ ᠠᠮᠤᠷ ᠲᠦᠪᠰᠢᠨ ᠤ | ᠭᠤᠤᠯᠳᠠᠯᠭ᠎ᠠ ᠲᠠᠢ ᠨᠢᠭᠡᠴᠢ ᠶᠢᠨ ︽ᠡᠷᠦᠬᠡᠴᠢᠯᠡᠬᠦ︾ ᠬᠠᠮᠢᠶᠠᠷᠤᠯᠲᠠ ᠶᠢ ᠪᠠᠷᠢᠮᠵᠢᠶ᠎ᠠ ᠳᠤ ᠬᠦᠷᠦᠭᠦᠯᠬᠦ ᠶᠢ ᠦᠨᠡᠨᠬᠦ | ᠪᠠᠲᠤᠯᠠᠬᠤ ᠬᠡᠷᠡᠭᠲᠡᠶ᠃ | ᠭᠤᠷᠪᠠ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ | ᠰᠠᠯᠪᠤᠷᠢ ᠶᠢ ᠰᠢᠮᠳᠠᠭᠤᠯᠵᠤ ᠪᠠᠶᠢᠭᠠᠳ ᠡᠳᠦᠷ ᠲᠤᠲᠤᠮ ᠤᠨ ᠭᠠᠯ ᠤᠨᠲᠠᠷᠠᠭᠠᠬᠤ ᠬᠢᠨᠠᠯᠲᠠ ᠪᠠᠶᠢᠴᠠᠭᠠᠯᠲᠠ ᠳᠤᠮᠳᠠ᠂ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠤᠨᠲᠠᠷᠠᠭᠠᠬᠤ ᠠᠮᠤᠷ ᠲᠦᠪᠰᠢᠨ ᠤ | ᠭᠤᠣᠯᠳᠠᠯᠭ᠎ᠠ ᠲᠠᠢ ᠨᠢᠭᠡᠴᠢ ᠶᠢ ᠵᠠᠭᠠᠭᠯᠠᠨ ᠲᠣᠭᠲᠠᠭᠠᠬᠤ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶︾ ᠶᠢ ᠴᠢᠩᠭ᠎ᠠ | ᠵᠢᠷᠤᠮᠯᠠᠨ ᠪᠠᠶᠢᠴᠠᠭᠠᠬᠤ ᠳᠤᠮᠳᠠ ᠭᠤᠣᠯᠳᠠᠯᠭ᠎ᠠ ᠲᠠᠢ ᠨᠢᠭᠡᠴᠢ ᠶᠢᠨ ᠪᠠᠷᠢᠮᠵᠢᠶ᠎ᠠ ᠳᠤ ᠨᠡᠶᠢᠴᠡᠬᠦ ᠭᠠᠯ ᠤᠨᠲᠠᠷᠠᠭᠠᠬᠤ | ᠠᠮᠤᠷ ᠲᠦᠪᠰᠢᠨ ᠤ ᠭᠤᠣᠯᠳᠠᠯᠭ᠎ᠠ ᠲᠠᠢ ᠨᠢᠭᠡᠴᠢ ᠶᠢ ᠣᠯᠵᠤ ᠮᠡᠳᠡᠪᠡᠯ᠂ ᠴᠠᠭ ᠲᠤᠬᠠᠶ ᠳᠤᠨᠢ ᠬᠤᠰᠢᠭᠤᠨ ᠤ ᠭᠠᠯ | ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠳᠤ ᠮᠡᠳᠡᠭᠦᠯᠦᠨ ᠬᠠᠮᠢᠶᠠᠷᠤᠭᠤᠯᠵᠤ᠂ ᠭᠠᠯ ᠤᠨᠲᠠᠷᠠᠭᠠᠬᠤ ᠠᠪᠤᠷᠠᠨ | ᠲᠤᠰᠠᠯᠠᠬᠤ ᠶᠡᠭᠡ ᠠᠩᠭᠢ ᠨᠢ ᠳᠡᠰ ᠳᠠᠷᠠᠭᠠᠯᠠᠯ ᠤᠨ ᠶᠣᠰᠣᠭᠠᠷ ᠨᠡᠮᠡᠵᠦ ᠨᠥᠬᠦᠪᠥᠷᠢᠯᠡᠬᠦ ᠬᠡᠷᠡᠭᠲᠡᠶ᠃ | ᠳᠥᠷᠪᠡ᠂ ᠡᠯ᠎ᠡ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠭᠤᠣᠯᠳᠠᠯᠭ᠎ᠠ ᠲᠠᠢ ᠨᠢᠭᠡᠴᠢ ︽ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠯ ᠤᠨᠲᠠᠷᠠᠭᠠᠬᠤ ᠬᠠᠤᠯᠢ︾ ᠶᠢᠨ ᠠᠷᠪᠠᠨ ᠵᠢᠷᠭᠤᠳᠤᠭᠠᠷ ᠵᠦᠢᠯ᠂ | ᠠᠷᠪᠠᠨ ᠳᠣᠯᠣᠳᠤᠭᠠᠷ ᠵᠦᠢᠯ᠂ ︽ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠬᠠᠷᠢᠭᠤᠴᠠᠯᠭ᠎ᠠ ᠶᠢᠨ ᠳᠦᠷᠢᠮ ᠢ | ᠬᠡᠷᠡᠭᠵᠢᠭᠦᠯᠬᠦ ᠠᠷᠭ᠎ᠠ︾ ᠶᠢᠨ ᠠᠷᠪᠠᠨ ᠲᠠᠪᠤᠳᠤᠭᠠᠷ ᠵᠦᠢᠯ᠂ ᠠᠷᠪᠠᠨ ᠵᠢᠷᠭᠤᠳᠤᠭᠠᠷ ᠵᠦᠢᠯ ᠪᠣᠯᠤᠨ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠬᠠᠷᠢᠭᠤᠴᠠᠯᠭ᠎ᠠ ᠶᠢᠨ | ᠳᠦᠷᠢᠮ ᠢ ᠬᠡᠷᠡᠭᠵᠢᠭᠦᠯᠬᠦ ᠠᠷᠭ᠎ᠠ︾ ᠵᠡᠷᠭᠡ ᠬᠠᠮᠢᠶ᠎ᠠ ᠪᠦᠬᠦᠢ ᠲᠣᠭᠲᠠᠭᠠᠯ ᠤᠨ ᠱᠠᠭᠠᠷᠳᠠᠯᠭ᠎ᠠ ᠶᠣᠰᠣᠭᠠᠷ᠂ ᠳᠣᠣᠷᠠᠬᠢ | ᠮᠡᠲᠦ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠭᠦᠢᠴᠡᠳᠬᠡᠬᠦ | ᠬᠡᠷᠡᠭᠲᠡᠶ᠄ | ︵ᠨᠢᠭᠡ︶ ᠡᠯ᠎ᠡ ᠱᠠᠲᠤ᠂ ᠡᠯ᠎ᠡ ᠠᠵᠢᠯ ᠤᠨ ᠪᠠᠶᠢᠷᠢ ᠶᠢᠨ ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠤ | ᠬᠠᠷᠢᠭᠤᠴᠠᠯᠭᠠᠲᠠᠨ ᠵᠢᠴᠢ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠲᠣᠰ ᠨᠢᠭᠡᠴᠢ ᠶᠢᠨ ᠭᠠᠯ | ᠰᠡᠷᠭᠡᠶᠢᠯᠡᠯᠲᠡ ᠶᠢᠨ ᠠᠮᠤᠷ ᠲᠦᠪᠰᠢᠨ ᠤ ᠲᠦᠷᠢᠮ᠂ ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠤ ᠠᠵᠢᠯᠯᠠᠬᠤ | ᠲᠦᠷᠢᠮ᠂ ᠭᠠᠯ ᠤᠨᠲᠠᠷᠠᠭᠠᠬᠤ ᠪᠠ ᠪᠠᠴᠢᠮ ᠪᠠᠶᠢᠳᠠᠯ ᠢ ᠠᠷᠭᠠᠴᠠᠵᠤ ᠲᠠᠷᠬᠠᠭᠠᠬᠤ ᠪᠡᠯᠡᠳᠬᠡᠯ ᠲᠥᠰᠦᠯ ᠢ | ᠲᠣᠭᠲᠠᠭᠠᠨ᠎ᠠ᠃ ᠭᠠᠯ ᠤᠨᠲᠠᠷᠠᠭᠠᠬᠤ ᠪᠠ ᠪᠠᠴᠢᠮ ᠪᠠᠶᠢᠳᠠᠯ ᠢ ᠠᠷᠭᠠᠴᠠᠨ ᠲᠠᠷᠬᠠᠭᠠᠬᠤ ᠰᠣᠷᠢᠯᠲᠠ ᠶᠢ ᠲᠣᠭᠲᠠᠮᠠᠯ | ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠭᠠᠯ ᠤᠨᠲᠠᠷᠠᠭᠠᠬᠤ ᠠᠵᠢᠯ ᠢ ᠪᠠᠶᠢᠴᠠᠭᠠᠵᠤ ᠬᠢᠨᠠᠨ | ᠰᠢᠯᠭᠠᠵᠤ᠂ ᠡᠯ᠎ᠡ ᠵᠦᠢᠯ ᠤᠨ ᠲᠥᠷᠢᠮ ᠲᠣᠭᠲᠠᠭᠠᠯ ᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ | ︵ᠬᠤᠶᠠᠷ︶ ᠭᠠᠯ ᠰᠡᠷᠭᠡᠶᠢᠯᠡᠬᠦ ᠪᠠᠶᠢᠴᠠᠭᠠᠯᠲᠠ ᠲᠣᠭᠤᠷᠢᠨ ᠪᠠᠶᠢᠴᠠᠭᠠᠯᠲᠠ᠂ ᠭᠠᠯ ᠤᠨᠲᠠᠷᠠᠭᠠᠬᠤ | ᠪᠡᠯᠡᠳᠬᠡᠮᠵᠢ ᠶᠢᠨ ᠪᠠᠭᠠᠵᠢ ᠬᠡᠷᠡᠭᠰᠡᠯ ᠢ ᠠᠷᠠᠴᠢᠯᠠᠨ ᠬᠠᠮᠠᠭᠠᠯᠠᠬᠤ᠂ ᠪᠠᠷᠢᠯᠭ᠎ᠠ ᠶᠢᠨ ᠭᠠᠯ ᠤᠨᠲᠠᠷᠠᠭᠠᠬᠤ ᠪᠡᠯᠡᠳᠬᠡᠮᠵᠢ ᠶᠢ | ᠪᠠᠶᠢᠴᠠᠭᠠᠨ ᠬᠡᠮᠵᠢᠬᠦ᠂ ᠭᠠᠯ ᠤᠨ ᠭᠠᠮᠰᠢᠭ ᠤᠨ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠬᠤ᠂ ᠲᠤᠰᠬᠠᠶ | ᠲᠤᠰᠢᠶᠠᠯ ᠤᠨ ᠪᠤᠶᠤ ᠰᠠᠶᠢᠨ ᠳᠤᠷ᠎ᠠ ᠶᠢᠨ ᠭᠠᠯ ᠤᠨᠲᠠᠷᠠᠭᠠᠬᠤ ᠠᠩᠭᠢ ᠪᠠ ᠪᠢᠴᠢᠯ ᠬᠡᠯᠪᠡᠷᠢ ᠶᠢᠨ ᠭᠠᠯ ᠤᠨᠲᠠᠷᠠᠭᠠᠬᠤ | ᠥᠷᠲᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠭᠠᠯ ᠤᠨᠲᠠᠷᠠᠭᠠᠬᠤ ᠠᠵᠢᠯ ᠳᠤ ᠬᠡᠷᠡᠭᠰᠡᠬᠦ ᠪᠡᠯᠡ ᠮᠥᠩᠭᠦ ᠶᠢᠨ | ᠣᠷᠣᠭᠤᠯᠤᠯᠲᠠ ᠶᠢ ᠪᠠᠲᠤᠯᠠᠨ᠎ᠠ᠃ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠠᠶᠤᠯᠭᠦᠢ ᠶᠢᠨ ᠵᠠᠷᠤᠳᠠᠯ ᠢ | ᠵᠣᠬᠢᠬᠤ ᠬᠠᠷᠢᠴᠠᠯ ᠢᠶᠠᠷ ᠭᠠᠯ ᠰᠡᠷᠭᠡᠶᠢᠯᠡᠨ ᠤᠨᠲᠠᠷᠠᠭᠠᠬᠤ ᠠᠵᠢᠯ ᠳᠤ ᠬᠡᠷᠡᠭᠯᠡᠬᠦ ᠶᠢ ᠪᠠᠲᠤᠯᠠᠬᠤ ᠬᠡᠷᠡᠭᠲᠡᠢ᠃ | ︵ᠭᠤᠷᠪᠠ︶ ᠬᠠᠮᠢᠶ᠎ᠠ ᠪᠥᠬᠦᠶ ᠪᠠᠷᠢᠮᠵᠢᠶ᠎ᠠ ᠶᠣᠰᠣᠭᠠᠷ ᠭᠠᠯ ᠰᠡᠷᠭᠡᠶᠢᠯᠡᠯᠲᠡ ᠶᠢᠨ ᠪᠡᠯᠡᠳᠬᠡᠮᠵᠢ᠂ ᠪᠠᠭᠠᠵᠢ | ᠬᠡᠷᠡᠭᠰᠡᠯ ᠢ ᠳᠣᠭᠢᠷᠠᠭᠤᠯᠵᠤ᠂ ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠤ ᠲᠡᠮᠳᠡᠭ ᠢ ᠪᠠᠶᠢᠷᠢᠯᠠᠭᠤᠯᠤᠨ᠂ | ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ ᠰᠢᠯᠭᠠᠵᠤ ᠰᠡᠯᠪᠢᠨ ᠵᠠᠰᠠᠵᠤ᠂ ᠪᠠᠷᠢᠯᠭ᠎ᠠ ᠶᠢᠨ ᠭᠠᠯ | ᠰᠡᠷᠭᠡᠶᠢᠯᠡᠯᠲᠡ ᠶᠢᠨ ᠪᠡᠯᠡᠳᠬᠡᠮᠵᠢ ᠶᠢ ᠵᠢᠯ ᠪᠦᠷᠢ ᠠᠳᠠᠭ ᠲᠠᠭᠠᠨ ᠨᠢᠭᠡ ᠤᠳᠠᠭ᠎ᠠ ᠪᠥᠬᠦ ᠲᠠᠯ᠎ᠠ ᠪᠠᠷ ᠪᠠᠶᠢᠴᠠᠭᠠᠨ | ᠰᠢᠨᠵᠢᠵᠦ᠂ ᠪᠦᠷᠢᠨ ᠪᠦᠲᠦᠨ ᠪᠥᠭᠡᠳ ᠪᠦᠲᠦᠮᠵᠢᠲᠡᠶ ᠪᠠᠶᠢᠬᠤ ᠶᠢ ᠦᠨᠡᠨᠬᠦ ᠪᠠᠲᠤᠯᠠᠵᠤ᠂ ᠪᠠᠶᠢᠴᠠᠭᠠᠨ ᠰᠢᠨᠵᠢᠭᠰᠡᠨ | ᠲᠡᠮᠳᠡᠭᠯᠡᠯ ᠢ ᠲᠠᠩᠰᠠ ᠡᠪᠬᠡᠮᠡᠯ ᠳᠤ ᠣᠷᠣᠭᠤᠯᠵᠤ ᠪᠦᠷᠢᠳᠬᠡᠨ ᠳᠠᠩᠰᠠᠯᠠᠬᠤ ᠬᠡᠷᠡᠭᠲᠡᠶ᠃ | ︵ᠳᠥᠷᠪᠡ︶ ᠲᠠᠷᠬᠠᠭᠠᠬᠤ ᠨᠡᠪᠲᠡᠷᠡᠯ ᠵᠠᠮ᠂ ᠠᠶᠤᠯ ᠦᠭᠡᠶ ᠭᠠᠷᠬᠤ ᠡᠭᠦᠳᠡ᠂ ᠭᠠᠯ ᠤᠨᠲᠠᠷᠠᠭᠠᠬᠤ ᠲᠡᠷᠭᠡ | ᠨᠡᠪᠲᠡᠷᠡᠬᠦ ᠵᠠᠮ ᠤᠨ ᠰᠠᠭᠠᠳ ᠦᠭᠡᠶ ᠨᠡᠪᠲᠡᠷᠡᠬᠦ ᠶᠢ ᠪᠠᠲᠤᠯᠠᠵᠤ᠂ ᠭᠠᠯ ᠰᠡᠷᠭᠡᠶᠢᠯᠡᠬᠦ ᠤᠲᠤᠭ᠎ᠠ ᠰᠡᠷᠭᠡᠶᠢᠯᠡᠬᠦ | ᠬᠤᠪᠢᠶᠠᠷᠢ ᠲᠣᠭᠤᠷᠢᠭ᠂ ᠭᠠᠯ ᠰᠡᠷᠭᠡᠶᠢᠯᠡᠬᠦ ᠵᠠᠶ ᠨᠢ ᠭᠠᠯ ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠳᠤ ᠨᠡᠶᠢᠴᠡᠬᠦ ᠶᠢ | ᠪᠠᠲᠤᠯᠠᠬᠤ ᠬᠡᠷᠡᠭᠲᠡᠶ᠃ ᠬᠥᠮᠦᠨ ᠣᠯᠠᠨ ᠴᠤᠭᠯᠠᠷᠠᠬᠤ ᠭᠠᠵᠠᠷ ᠲᠠᠯᠠᠪᠤᠷ ᠤᠨ ᠡᠭᠦᠳᠡ ᠴᠣᠩᠬᠤᠨ ᠳᠤ ᠠᠮᠢ ᠵᠢᠭᠤᠲᠠᠬᠤ | ᠪᠠ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠢ ᠨᠥᠯᠥᠭᠡᠯᠡᠬᠦ ᠰᠠᠭᠠᠳ ᠲᠠᠢ ᠪᠣᠳᠠᠰ ᠲᠣᠬᠢᠷᠠᠭᠤᠯᠵᠤ ᠪᠣᠯᠬᠤ ᠦᠭᠡᠶ᠃ | ᠪᠠᠷᠢᠯᠭ᠎ᠠ ᠶᠢᠨ ᠲᠣᠨᠣᠭᠯᠠᠭᠠᠰᠤ᠂ ᠪᠠᠷᠢᠯᠭ᠎ᠠ ᠶᠢᠨ ᠮᠠᠲ᠋ᠧᠷᠢᠶᠠᠯ ᠪᠠ ᠭᠡᠷ ᠳᠣᠲᠣᠷᠠᠬᠢ ᠵᠠᠰᠠᠯ ᠴᠢᠮᠡᠭᠯᠡᠯ ᠤᠨ ᠮᠠᠲ᠋ᠧᠷᠢᠶᠠᠯ | ᠵᠡᠷᠭᠡ ᠶᠢ ᠭᠠᠯ ᠰᠡᠷᠭᠡᠶᠢᠯᠡᠨ ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠳᠤ ᠨᠡᠶᠢᠴᠡᠭᠦᠯᠬᠦ ᠶᠢ ᠪᠠᠲᠤᠯᠠᠨ᠎ᠠ᠃ | ︵ᠲᠠᠪᠤ︶ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠡᠭᠦᠷᠭᠡᠯᠡᠬᠦ ᠪᠠᠶᠢᠭᠤᠯᠤᠮᠵᠢ | ᠪᠠ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠭᠴᠢ ᠶᠢ ᠲᠣᠳᠣᠷᠬᠠᠶᠢᠯᠠᠬᠤ ᠶᠢᠨ ᠬᠠᠮᠲᠤ ᠬᠤᠰᠢᠭᠤᠨ ᠭᠠᠯ | ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠳᠤ ᠮᠡᠳᠡᠭᠦᠯᠵᠦ᠂ ᠲᠣᠰ ᠨᠢᠭᠡᠴᠢ ᠶᠢᠨ ᠭᠠᠯ ᠤᠨᠲᠠᠷᠠᠭᠠᠬᠤ ᠠᠮᠤᠷ | ᠲᠦᠪᠰᠢᠨ ᠤ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠭᠠᠯ ᠰᠡᠷᠭᠡᠶᠢᠯᠡᠨ ᠤᠨᠲᠠᠷᠠᠭᠠᠬᠤ | ᠠᠶᠤᠯᠭᠦᠢ ᠶᠢᠨ ᠬᠠᠮᠢᠶᠠᠷᠤᠭᠴᠢ ᠨᠢ ᠭᠠᠯ ᠰᠡᠷᠭᠡᠶᠢᠯᠡᠨ ᠤᠨᠲᠠᠷᠠᠭᠠᠬᠤ ᠲᠤᠬᠠᠢ ᠪᠣᠯᠪᠠᠰᠤᠷᠠᠯ ᠢ ᠥᠩᠭᠡᠷᠡᠭᠡᠭᠰᠡᠨ ᠪᠠᠶᠢᠬᠤ | ᠬᠡᠷᠡᠭᠲᠡᠢ᠃ | ︵ᠵᠢᠷᠭᠤᠭ᠎ᠠ︶ ᠭᠠᠯ ᠤᠨᠲᠠᠷᠠᠭᠠᠬᠤ ᠳᠠᠩᠰᠠ ᠡᠪᠬᠡᠮᠡᠯ ᠪᠠᠶᠢᠭᠤᠯᠵᠤ᠂ ᠭᠠᠯ ᠤᠨᠲᠠᠷᠠᠭᠠᠬᠤ ᠠᠮᠤᠷ | ᠲᠦᠪᠰᠢᠨ ᠤ ᠭᠤᠣᠯᠳᠠᠯᠭ᠎ᠠ ᠲᠠᠢ ᠣᠷᠣᠨ ᠪᠠᠶᠢᠷᠢ ᠶᠢ ᠲᠣᠭᠲᠠᠭᠠᠨ᠂ ᠭᠠᠯ ᠰᠡᠷᠭᠡᠶᠢᠯᠡᠬᠦ ᠲᠡᠮᠳᠡᠭ ᠪᠠᠶᠢᠷᠢᠯᠠᠭᠤᠯᠵᠤ᠂ | ᠴᠢᠩᠭ᠎ᠠ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠶ᠃ | ︵ᠳᠣᠯᠤᠭ᠎ᠠ︶ ᠪᠢᠴᠢᠯ ᠬᠡᠯᠪᠡᠷᠢ ᠶᠢᠨ ᠭᠠᠯ ᠰᠡᠷᠭᠡᠶᠢᠯᠡᠯᠲᠡ ᠶᠢᠨ ᠥᠷᠲᠡᠭᠡ ᠶᠢ ᠰᠠᠶᠢᠲᠤᠷ ᠪᠠᠶᠢᠭᠤᠯᠤᠨ | ᠰᠠᠶᠢᠲᠤᠷ ᠬᠡᠷᠡᠭᠯᠡᠵᠦ᠂ ᠠᠵᠢᠯᠲᠠᠨ᠂ ᠲᠣᠨᠤᠭ ᠲᠥᠬᠦᠭᠡᠷᠦᠮᠵᠢ᠂ ᠪᠠᠭᠠᠵᠢ ᠬᠡᠷᠡᠭᠰᠡᠯ ᠢ ᠭᠦᠢᠴᠡᠳ ᠳᠣᠭᠢᠷᠠᠭᠤᠯᠤᠨ᠂ | ᠪᠢᠴᠢᠯ ᠬᠡᠯᠪᠡᠷᠢ ᠶᠢᠨ ᠭᠠᠯ ᠰᠡᠷᠭᠡᠶᠢᠯᠡᠯᠲᠡ ᠶᠢᠨ ᠥᠷᠲᠡᠭᠡ ᠶᠢᠨ ︽ᠭᠤᠷᠪᠠ ᠶᠢ ᠮᠡᠳᠡᠬᠦ᠂ ᠳᠦᠷᠪᠡ ᠶᠢ ᠮᠡᠳᠡᠬᠦ᠂ | ᠨᠢᠭᠡ ᠶᠢ ᠬᠤᠯᠪᠣᠯᠳᠤᠭᠤᠯᠬᠤ︾ ᠱᠠᠭᠠᠷᠳᠠᠯᠭ᠎ᠠ ᠶᠢ ᠪᠡᠶᠡᠯᠡᠭᠦᠯᠵᠦ᠂ ᠪᠣᠳᠠᠲᠤ ᠪᠠᠶᠢᠯᠳᠤᠭᠠᠨ ᠤ ᠰᠣᠷᠢᠯᠲᠠ ᠶᠢ | ᠴᠢᠩᠭᠠᠳᠬᠠᠨ᠂ ᠡᠷᠲᠡ ᠤᠨᠲᠠᠷᠠᠭᠠᠬᠤ᠂ ᠵᠢᠵᠢᠭ ᠢ ᠨᠢ ᠤᠨᠲᠠᠷᠠᠭᠠᠬᠤ ᠴᠢᠳᠠᠪᠤᠷᠢ ᠶᠢ ᠳᠡᠭᠡᠭᠰᠢᠯᠡᠭᠦᠯᠵᠦ᠂ ᠪᠢᠴᠢᠯ | ᠬᠡᠯᠪᠡᠷᠢ ᠶᠢᠨ ᠭᠠᠯ ᠰᠡᠷᠭᠡᠶᠢᠯᠡᠯᠲᠡ ᠶᠢᠨ ᠥᠷᠲᠡᠭᠡ ᠶᠢᠨ ᠦᠢᠯᠡᠳᠦᠯ ᠢ ᠦᠨᠡᠨᠬᠦ ᠪᠠᠳᠠᠷᠠᠭᠤᠯᠬᠤ ᠬᠡᠷᠡᠭᠲᠡᠶ︔ ᠭᠠᠯ | ᠰᠡᠷᠭᠡᠶᠢᠯᠡᠯᠲᠡ ᠶᠢᠨ ᠠᠮᠤᠷ ᠲᠦᠪᠰᠢᠨ ᠤ ᠣᠷᠣᠨ ᠪᠦᠰᠡ ᠶᠢᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ | ᠡᠵᠡᠮᠳᠡᠬᠦ ᠳᠤ ᠢᠳᠡᠪᠬᠢᠲᠡᠶ ᠣᠷᠣᠯᠴᠠᠵᠤ᠂ ᠥᠪᠡᠰᠦᠪᠡᠨ ᠰᠡᠷᠭᠡᠶᠢᠯᠡᠵᠦ ᠥᠪᠡᠷ ᠢ ᠪᠠᠨ ᠠᠪᠤᠷᠬᠠᠤ ᠴᠢᠳᠠᠪᠤᠷᠢ ᠶᠢ | ᠳᠡᠭᠡᠭᠰᠢᠯᠡᠭᠦᠯᠦᠨ᠎ᠡ᠃ | ︵ᠨᠠᠢᠮᠠ︶ ᠭᠠᠯ ᠰᠡᠷᠭᠡᠶᠢᠯᠡᠯᠲᠡ ᠶᠢᠨ ᠣᠶᠤᠨᠴᠢ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ | ᠭᠠᠯ ᠰᠡᠷᠭᠡᠶᠢᠯᠡᠯᠲᠡ ᠶᠢᠨ ᠠᠯᠤᠰ ᠡᠵᠡᠮᠰᠢᠯᠲᠦ ᠬᠢᠨᠠᠨ ᠡᠵᠡᠮᠳᠡᠬᠦ᠂ ᠴᠠᠬᠢᠯᠭᠠᠨ ᠤ ᠭᠠᠯ ᠤᠨ ᠭᠠᠮᠰᠢᠭ ᠢ ᠬᠢᠨᠠᠨ | ᠰᠢᠨᠵᠢᠬᠦ᠂ ᠪᠣᠳᠠᠰᠯᠢᠭ ᠬᠤᠯᠪᠣᠭᠠᠲᠤ ᠰᠦᠯᠵᠢᠶ᠎ᠡ ᠶᠢᠨ ᠮᠡᠷᠭᠡᠵᠢᠯ ᠵᠡᠷᠭᠡ ᠮᠡᠷᠭᠡᠵᠢᠯ ᠢᠶᠠᠷ ᠰᠡᠷᠭᠡᠶᠢᠯᠡᠬᠦ ᠪᠣᠳᠠᠰ ᠢᠶᠠᠷ | ᠰᠡᠷᠭᠡᠶᠢᠯᠡᠬᠦ ᠠᠷᠭ᠎ᠠ ᠬᠡᠮᠵᠢᠶ᠎ᠡ ᠶᠢ ᠬᠡᠷᠡᠭᠯᠡᠨ᠎ᠡ᠃ | ︵ᠶᠢᠰᠦ︶ ᠴᠠᠬᠢᠯᠭᠠᠨ ᠬᠡᠷᠡᠭᠰᠡᠯ ᠤᠨ ᠦᠢᠯᠡᠳᠭᠦᠨ᠂ ᠰᠢᠲᠠᠮᠠᠬᠠᠶ ᠬᠡᠶ ᠶᠢᠨ ᠬᠡᠷᠡᠭᠰᠡᠯ ᠢ ᠤᠭᠰᠠᠷᠠᠬᠤ᠂ | ᠬᠡᠷᠡᠭᠯᠡᠬᠦ ᠪᠠ ᠴᠠᠬᠢᠯᠭᠠᠨ ᠤᠲᠠᠰᠤ ᠲᠠᠲᠠᠬᠤ᠂ ᠬᠤᠭᠤᠯᠠᠶ ᠤᠲᠠᠰᠤ ᠨᠢ ᠡᠷᠬᠡᠪᠰᠢ ᠬᠠᠮᠢᠶ᠎ᠠ ᠪᠥᠬᠦᠶ ᠪᠠᠷᠢᠮᠵᠢᠶ᠎ᠠ ᠪᠠ | ᠴᠠᠬᠢᠯᠭᠠᠨ ᠬᠡᠷᠡᠭᠯᠡᠬᠦ᠂ ᠬᠡᠶ ᠬᠡᠷᠡᠭᠯᠡᠬᠦ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ ᠳᠤ ᠨᠡᠶᠢᠴᠡᠬᠦ ᠶᠢᠨ | ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠠᠷᠠᠴᠢᠯᠠᠨ ᠬᠠᠮᠠᠭᠠᠯᠠᠵᠤ᠂ ᠪᠠᠶᠢᠴᠠᠭᠠᠨ ᠰᠢᠨᠵᠢᠬᠦ ᠬᠡᠷᠡᠭᠲᠡᠶ᠃ | ︵ᠠᠷᠪᠠ︶ ᠠᠵᠢᠯᠲᠠᠨ ᠠᠵᠢᠯᠴᠢᠳ ᠢ ᠵᠣᠬᠢᠶᠠᠨ ᠪᠠᠶᠢᠭᠤᠯᠤᠨ ᠠᠵᠢᠯ ᠤᠨ ᠪᠠᠶᠢᠷᠢ ᠳᠤ ᠭᠠᠷᠬᠤ ᠠᠴᠠ | ᠡᠮᠦᠨᠡᠬᠢ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠪᠤᠯᠪᠠᠰᠤᠷᠠᠯ ᠢ ᠬᠢᠵᠦ᠂ ᠪᠦᠬᠦ ᠠᠵᠢᠯᠲᠠᠨ ᠤ ᠭᠠᠯ | ᠤᠨᠲᠠᠷᠠᠭᠠᠵᠤ ᠠᠶᠤᠯ ᠠᠴᠠ ᠬᠠᠮᠠᠭᠠᠯᠠᠬᠤ ᠪᠤᠯᠪᠠᠰᠤᠷᠠᠯ ᠢ ᠵᠢᠯ ᠪᠦᠷᠢ ᠠᠳᠠᠭ ᠲᠠᠭᠠᠨ ᠨᠢᠭᠡ ᠤᠳᠠᠭ᠎ᠠ ᠵᠣᠬᠢᠶᠠᠨ | ᠪᠠᠶᠢᠭᠤᠯᠵᠤ᠂ ᠭᠠᠯ ᠤᠨᠲᠠᠷᠠᠭᠠᠬᠤ ᠪᠠ ᠪᠠᠴᠢᠮ ᠪᠠᠶᠢᠳᠠᠯ ᠢ ᠠᠷᠭᠠᠴᠠᠨ ᠲᠠᠷᠬᠠᠭᠠᠬᠤ ᠰᠣᠷᠢᠯᠲᠠ ᠶᠢ ᠬᠠᠭᠠᠰ ᠵᠢᠯ ᠪᠦᠷᠢ | ᠠᠳᠠᠭ ᠲᠠᠭᠠᠨ ᠨᠢᠭᠡ ᠤᠳᠠᠭ᠎ᠠ ᠵᠣᠬᠢᠶᠠᠨ ᠪᠠᠶᠢᠭᠤᠯᠬᠤ ᠬᠡᠷᠡᠭᠲᠡᠶ᠃ ᠣᠯᠠᠨ ᠨᠡᠶᠢᠲᠡ ᠶᠢᠨ ᠬᠤᠷᠠᠨ ᠴᠤᠭᠯᠠᠷᠠᠬᠤ | ᠭᠠᠵᠠᠷ ᠲᠠᠯᠠᠪᠠᠢ ᠪᠦᠬᠦ ᠠᠵᠢᠯᠲᠠᠨ ᠠᠵᠢᠯᠴᠢᠨ ᠢᠶᠠᠨ ᠵᠣᠬᠢᠶᠠᠨ ᠪᠠᠶᠢᠭᠤᠯᠤᠨ ᠬᠠᠭᠠᠰ ᠵᠢᠯ ᠳᠤ ᠨᠢᠭᠡ ᠤᠳᠠᠭ᠎ᠠ ᠭᠠᠯ | ᠤᠨᠲᠠᠷᠠᠭᠠᠵᠤ ᠠᠶᠤᠯ ᠠᠴᠠ ᠬᠠᠮᠠᠭᠠᠯᠠᠬᠤ ᠪᠤᠯᠪᠠᠰᠤᠷᠠᠯ ᠬᠢᠵᠦ᠂ ᠠᠵᠢᠯᠲᠠᠨ ᠠᠵᠢᠯᠴᠢᠳ ᠤᠨ ᠥᠪᠡᠷ ᠢ ᠪᠠᠨ | ᠰᠡᠷᠭᠡᠶᠢᠯᠡᠨ ᠥᠪᠡᠷ ᠢ ᠪᠠᠨ ᠠᠪᠤᠷᠠᠬᠤ ᠶᠡᠷᠦ ᠶᠢᠨ ᠮᠡᠳᠡᠯᠭᠡ ᠪᠣᠯᠤᠨ ᠵᠣᠴᠢᠳ ᠢ ᠵᠢᠯᠣᠭᠤᠳᠤᠨ ᠲᠠᠷᠬᠠᠭᠠᠵᠤ ᠠᠮᠢ | ᠵᠢᠭᠤᠲᠠᠭᠤᠯᠬᠤ ᠤᠷ᠎ᠠ ᠴᠢᠳᠠᠪᠤᠷᠢ ᠶᠢ ᠨᠢ ᠲᠠᠰᠤᠷᠠᠯᠲᠠ ᠤᠢᠭᠡᠢ ᠳᠡᠭᠡᠭᠰᠢᠯᠡᠭᠦᠯᠬᠦ ᠬᠡᠷᠡᠭᠲᠡᠶ᠃ | ︵ᠠᠷᠪᠠᠨ ᠨᠢᠭᠡ︶ ᠲᠣᠰ ᠨᠢᠭᠡᠴᠢ ᠶᠢᠨ ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠤ ︽ᠳᠥᠷᠪᠡᠨ | ᠴᠢᠳᠠᠪᠤᠷᠢ︾ ᠶᠢᠨ ᠪᠠᠶᠢᠭᠤᠯᠤᠯᠲᠠ ︵ᠲᠤᠬᠠᠶᠢᠯᠠᠪᠠᠯ᠄ ᠭᠠᠯ ᠤᠨ ᠭᠠᠮᠰᠢᠭ ᠤᠨ ᠳᠠᠯᠳᠠ ᠬᠡᠮ ᠢ ᠠᠷᠢᠯᠭᠠᠬᠤ ᠴᠢᠳᠠᠪᠤᠷᠢ | ᠂ ᠭᠠᠯ ᠰᠡᠷᠭᠡᠶᠢᠯᠡᠯᠲᠡ ᠶᠢᠨ ᠤᠬᠠᠭᠤᠯᠭ᠎ᠠ ᠬᠥᠮᠦᠵᠢᠯ ᠤᠨ ᠪᠤᠯᠪᠠᠰᠤᠷᠠᠯ ᠤᠨ ᠴᠢᠳᠠᠪᠤᠷᠢ ᠶᠢ ᠪᠠᠶᠢᠴᠠᠭᠠᠵᠤ᠂ ᠬᠥᠮᠦᠰ ᠢ | ᠵᠣᠬᠢᠶᠠᠨ ᠪᠠᠶᠢᠭᠤᠯᠤᠨ ᠲᠠᠷᠬᠠᠭᠠᠵᠤ ᠠᠮᠢ ᠵᠢᠭᠤᠲᠠᠬᠤ ᠴᠢᠳᠠᠪᠤᠷᠢ᠂ ᠠᠩᠬ᠎ᠠ ᠡᠭᠦᠰᠦᠭᠰᠡᠨ ᠭᠠᠯ ᠤᠨ ᠭᠠᠮᠰᠢᠭ ᠢ | ᠵᠣᠬᠢᠶᠠᠨ ᠪᠠᠶᠢᠭᠤᠯᠤᠨ ᠠᠪᠤᠷᠬᠠᠤ ᠴᠢᠳᠠᠪᠤᠷᠢ︶ ᠶᠢ ᠰᠠᠶᠢᠲᠤᠷ ᠬᠢᠵᠦ᠂ ᠲᠣᠰ ᠪᠡᠶ᠎ᠡ ᠶᠢᠨ ᠭᠠᠯ ᠰᠡᠷᠭᠡᠶᠢᠯᠡᠯᠲᠡ ᠶᠢᠨ | ᠠᠮᠤᠷ ᠲᠦᠪᠰᠢᠨ ᠤ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠎ᠠ᠃ | ︵ᠠᠷᠪᠠᠨ ᠬᠤᠶᠠᠷ︶ ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠤ ᠭᠤᠤᠯᠳᠠᠯᠭ᠎ᠠ ᠲᠠᠢ ᠨᠢᠭᠡᠴᠢ ᠶᠢᠨ ︽ | ᠵᠢᠷᠭᠤᠭ᠎ᠠ ᠳᠡᠭᠡᠷ᠎ᠡ ᠨᠢᠭᠡ ᠶᠢ ᠨᠡᠮᠡᠬᠦ︾ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ︵ᠲᠤᠬᠠᠶᠢᠯᠠᠪᠠᠯ᠄ ᠨᠢᠭᠡ | ᠤᠳᠠᠭ᠎ᠠ ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠤ ᠦᠨᠡᠯᠡᠨ ᠵᠢᠱᠢᠯᠲᠡ ᠬᠢᠬᠦ᠂ ᠨᠢᠭᠡ ᠬᠤᠪᠢ ᠭᠠᠯ | ᠰᠡᠷᠭᠡᠶᠢᠯᠡᠯᠲᠡ ᠶᠢᠨ ᠠᠮᠤᠷ ᠲᠦᠪᠰᠢᠨ ᠤ ᠠᠮᠠᠯᠠᠯᠲᠠ ᠶᠢᠨ ᠪᠢᠴᠢᠭ ᠲᠣᠭᠲᠠᠬᠤ᠂ ᠨᠢᠭᠡ ᠤᠳᠠᠭ᠎ᠠ ᠭᠠᠯ | ᠰᠡᠷᠭᠡᠶᠢᠯᠡᠯᠲᠡ ᠶᠢᠨ ᠪᠡᠯᠡᠳᠬᠡᠮᠵᠢ ᠶᠢ ᠬᠠᠮᠠᠭᠠᠯᠠᠨ ᠠᠷᠠᠴᠢᠯᠠᠬᠤ᠂ ᠨᠢᠭᠡ ᠤᠳᠠᠭ᠎ᠠ ᠴᠠᠬᠢᠯᠭᠠᠨ ᠪᠠ ᠰᠢᠲᠠᠮᠠᠬᠠᠶ ᠬᠡᠶ ᠶᠢᠨ | ᠵᠠᠮ ᠱᠤᠭᠤᠮ ᠤᠨ ᠪᠡᠯᠡᠳᠬᠡᠮᠵᠢ ᠶᠢ ᠵᠣᠬᠢᠶᠠᠨ ᠪᠠᠶᠢᠭᠤᠯᠤᠨ ᠪᠠᠶᠢᠴᠠᠭᠠᠨ ᠰᠢᠨᠵᠢᠬᠦ᠂ ᠨᠢᠭᠡ ᠤᠳᠠᠭ᠎ᠠ ᠲᠣᠰᠣ ᠣᠲᠤᠭ᠎ᠠ | ᠭᠠᠳᠠᠭᠰᠢᠯᠠᠭᠤᠯᠬᠤ ᠵᠠᠮ ᠢ ᠪᠥᠬᠦ ᠲᠠᠯ᠎ᠠ ᠪᠠᠷ ᠴᠡᠪᠡᠷᠯᠡᠬᠦ᠂ ᠨᠢᠭᠡ ᠤᠳᠠᠭ᠎ᠠ ᠪᠥᠬᠦ ᠠᠵᠢᠯᠲᠠᠨ ᠢ ᠲᠥᠪᠯᠡᠷᠡᠭᠦᠯᠦᠨ | ᠪᠣᠯᠪᠠᠰᠤᠷᠠᠭᠤᠯᠬᠤ ᠶᠢᠨ ᠬᠠᠮᠲᠤ᠂ ᠨᠢᠭᠡ ᠰᠠᠯᠠᠭ᠎ᠠ ᠰᠠᠶᠢᠨ ᠳᠤᠷ᠎ᠠ ᠶᠢᠨ ᠭᠠᠯ ᠰᠡᠷᠭᠡᠶᠢᠯᠡᠯᠲᠡ ᠶᠢᠨ ᠠᠩᠭᠢ | ᠪᠠᠶᠢᠭᠤᠯᠤᠨ᠎ᠠ︶᠂ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠷᠠᠭᠤᠯᠤᠨ᠎ᠠ᠃ | ︵ᠠᠷᠪᠠᠨ ᠭᠤᠷᠪᠠ︶ ︽ᠭᠤᠷᠪᠠ ᠶᠢ ᠡᠵᠡᠨ ᠮᠡᠳᠡᠵᠦ ᠬᠤᠶᠠᠷ ᠢ ᠢᠯᠡ ᠪᠣᠯᠭᠠᠬᠤ ᠨᠢᠭᠡ ᠠᠮᠠᠯᠠᠯᠲᠠ︾ ᠶᠢᠨ | ᠠᠵᠢᠯᠯᠠᠭ᠎ᠠ ᠶᠢ ᠭᠦᠨᠵᠡᠭᠡᠶ ᠥᠷᠨᠢᠭᠦᠯᠬᠦ ᠶᠢᠨ ᠬᠠᠮᠲᠤ ︽ᠭᠤᠷᠪᠠ ᠶᠢ ᠡᠵᠡᠨ ᠮᠡᠳᠡᠵᠦ ᠬᠤᠶᠠᠷ ᠢ ᠢᠯᠡ ᠪᠣᠯᠭᠠᠬᠤ ᠨᠢᠭᠡ | ᠠᠮᠠᠯᠠᠯᠲᠠ︾ ᠶᠢᠨ ᠨᠡᠶᠢᠲᠡ ᠳᠤ ᠵᠠᠷᠯᠠᠬᠤ ᠫᠠᠶᠢᠰᠠ ᠶᠢ ᠡᠯᠭᠦᠵᠦ᠂ ᠨᠡᠶᠢᠭᠡᠮ ᠤᠨ ᠬᠢᠨᠠᠯᠲᠠ ᠶᠢ ᠬᠦᠯᠢᠶᠡᠬᠦ ᠬᠡᠷᠡᠭᠲᠡᠶ᠃ | ᠡᠭᠦᠨ ᠤ ᠬᠠᠮᠲᠤ᠂ ᠲᠣᠰ ᠨᠢᠭᠡᠴᠢ ᠶᠢᠨ ᠢᠶᠠᠨ ᠭᠠᠯ ᠤᠨᠲᠠᠷᠠᠭᠠᠬᠤ ᠠᠮᠤᠷ ᠲᠦᠪᠰᠢᠨ ᠤ ︽ᠨᠢᠭᠡ ᠶᠢ ᠣᠶᠢᠯᠠᠭᠠᠬᠤ | ᠭᠤᠷᠪᠠᠨ ᠨᠡᠶᠢᠭᠡᠮᠯᠢᠭ︾᠂ ᠭᠠᠯ ᠤᠨᠲᠠᠷᠠᠭᠠᠬᠤ ᠠᠮᠤᠷ ᠲᠦᠪᠰᠢᠨ ᠤ ︽ᠭᠤᠷᠪᠠ ᠶᠢ ᠰᠠᠨᠠᠭᠤᠯᠬᠤ︾ ᠫᠠᠶᠢᠰᠠ ᠶᠢ | ᠢᠯᠡ ᠪᠠᠶᠢᠷᠢᠨ ᠳᠤ ᠡᠯᠭᠦᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠢᠶᠠᠨ ᠴᠢᠩᠭᠠᠳᠬᠠᠬᠤ | ᠬᠡᠷᠡᠭᠲᠡᠶ᠃ | ︵ᠠᠷᠪᠠᠨ ᠳᠥᠷᠪᠡ︶ ᠭᠠᠯ ᠰᠡᠷᠭᠡᠶᠢᠯᠡᠬᠦ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ᠂ ᠭᠠᠯ ᠤᠨ ᠠᠶᠤᠯ ᠤᠨ | ᠳᠠᠯᠳᠠ ᠭᠡᠮ ᠢ ᠴᠠᠭ ᠲᠤᠬᠠᠶ ᠳᠤᠨᠢ ᠠᠷᠢᠯᠭᠠᠬᠤ ᠬᠡᠷᠡᠭᠲᠡᠶ︔ ᠨᠡᠶᠢᠲᠡ ᠣᠯᠠᠨ ᠴᠤᠭᠯᠠᠷᠠᠬᠤ ᠭᠠᠵᠠᠷ ᠲᠠᠯᠠᠪᠠᠢ | ᠡᠵᠡᠩᠨᠡᠬᠦ ᠬᠤᠭᠤᠴᠠᠭᠠᠨ ᠳᠠᠭᠠᠨ ᠬᠤᠶᠠᠷ ᠴᠠᠭ ᠪᠦᠷᠢ ᠳᠤ ᠨᠢᠭᠡ ᠤᠳᠠᠭ᠎ᠠ ᠭᠠᠯ ᠰᠡᠷᠭᠡᠶᠢᠯᠡᠬᠦ ᠲᠣᠭᠤᠷᠢᠨ | ᠪᠠᠶᠢᠴᠠᠭᠠᠯᠲᠠ ᠬᠢᠵᠦ᠂ ᠪᠤᠰᠤᠳ ᠭᠠᠵᠠᠷ ᠲᠠᠯᠠᠪᠤᠷ ᠲᠤ ᠡᠳᠦᠷ ᠪᠦᠷᠢ ᠠᠳᠠᠭ ᠲᠠᠭᠠᠨ ᠨᠢᠭᠡ ᠤᠳᠠᠭ᠎ᠠ ᠭᠠᠯ | ᠰᠡᠷᠭᠡᠶᠢᠯᠡᠬᠦ ᠲᠣᠭᠤᠷᠢᠨ ᠪᠠᠶᠢᠴᠠᠭᠠᠯᠲᠠ ᠬᠢᠬᠦ ᠶᠢᠨ ᠬᠠᠮᠲᠤ ᠭᠠᠯ ᠰᠡᠷᠭᠡᠶᠢᠯᠡᠬᠦ ᠲᠣᠭᠤᠷᠢᠨ ᠪᠠᠶᠢᠴᠠᠭᠠᠯᠲᠠ ᠶᠢᠨ | ᠲᠡᠮᠳᠡᠭᠯᠡᠯ ᠢ ᠰᠠᠶᠢᠲᠤᠷ ᠬᠢᠬᠦ ᠬᠡᠷᠡᠭᠲᠡᠶ᠃ | ︵ᠠᠷᠪᠠᠨ ᠲᠠᠪᠤ︶ ᠭᠠᠯ ᠰᠡᠷᠭᠡᠶᠢᠯᠡᠯᠲᠡ ᠶᠢᠨ ᠡᠵᠡᠮᠳᠡᠯ ᠤᠨ ᠲᠠᠰᠤᠭ ᠲᠠᠢ ᠪᠠᠶᠢᠪᠠᠯ᠂ ᠡᠯ᠎ᠡ ᠲᠥᠷᠥᠯ ᠤᠨ | ᠲᠦᠷᠢᠮ ᠵᠢᠴᠢ ᠡᠬᠡ ᠲᠠᠩᠰᠠ ᠶᠢ ᠪᠦᠷᠢᠨᠰᠢᠬᠦᠯᠵᠦ᠂ 24 ᠴᠠᠭ ᠢᠶᠠᠷ ᠵᠢᠵᠢᠭᠦᠷᠯᠡᠬᠦ ᠲᠦᠷᠢᠮ ᠢ ᠬᠡᠷᠡᠭᠵᠢᠭᠦᠯᠵᠦ᠂ | ᠡᠭᠡᠯᠵᠢ ᠪᠦᠷᠢ ᠳᠤ 2 ᠬᠥᠮᠦᠨ ᠠᠴᠠ ᠳᠤᠲᠠᠭᠤ ᠥᠬᠡᠶ ᠪᠠᠶᠢᠬᠤ ᠶᠢᠨ ᠬᠠᠮᠲᠤ᠂ ᠦᠨᠡᠮᠯᠡᠯ ᠲᠠᠢ ᠪᠠᠷ ᠠᠵᠢᠯ ᠤᠨ | ᠪᠠᠶᠢᠷᠢ ᠳᠤ ᠭᠠᠷᠴᠤ᠂ ᠭᠠᠯ ᠰᠡᠷᠭᠡᠶᠢᠯᠡᠯᠲᠡ ᠶᠢᠨ ᠡᠵᠡᠮᠳᠡᠯ ᠤᠨ ᠲᠠᠰᠤᠭ ᠤᠨ ᠵᠢᠷᠤᠮᠵᠢᠯ ᠲᠠᠢ ᠠᠵᠢᠯᠯᠠᠬᠤ ᠶᠢ ᠦᠨᠡᠨᠬᠦ | ᠪᠠᠲᠤᠯᠠᠨ᠎ᠠ᠃ | ︵ᠠᠷᠪᠠᠨ ᠵᠢᠷᠭᠤᠭ᠎ᠠ︶ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ᠂ ᠭᠠᠯ | ᠤᠨᠲᠠᠷᠠᠭᠠᠬᠤ ᠪᠡᠯᠡᠳᠬᠡᠮᠵᠢ ᠶᠢ ᠬᠠᠮᠠᠭᠠᠯᠠᠨ ᠠᠷᠠᠴᠢᠯᠠᠬᠤ᠂ ᠭᠠᠯ ᠤᠨᠲᠠᠷᠠᠭᠠᠬᠤ ᠠᠮᠤᠷ ᠲᠦᠪᠰᠢᠨ ᠤ ᠥᠪᠡᠷ ᠢ ᠪᠠᠨ | ᠦᠨᠡᠯᠡᠨ ᠵᠢᠱᠢᠬᠦ ᠭᠤᠷᠪᠠᠨ ᠵᠦᠢᠯ ᠤᠨ ᠮᠡᠳᠡᠭᠦᠯᠦᠨ ᠳᠠᠩᠰᠠᠯᠠᠭᠤᠯᠬᠤ ᠳᠦᠷᠢᠮ ᠢ ᠬᠡᠷᠡᠭᠵᠢᠭᠦᠯᠵᠦ᠂ ᠨᠢᠭᠡᠴᠢ ᠶᠢᠨ ᠭᠠᠯ | ᠤᠨᠲᠠᠷᠠᠭᠠᠬᠤ ᠠᠮᠤᠷ ᠲᠦᠪᠰᠢᠨ ᠤ ᠥᠪᠡᠷ ᠢ ᠪᠠᠨ ᠬᠠᠮᠢᠶᠠᠷᠬᠤ ᠶᠢ ᠪᠡᠶᠡᠯᠡᠭᠦᠯᠬᠦ ᠬᠡᠷᠡᠭᠲᠡᠶ᠃ | ︵ᠠᠷᠪᠠᠨ ᠳᠣᠯᠤᠭ᠎ᠠ︶ ᠭᠠᠯ ᠤᠨᠲᠠᠷᠠᠭᠠᠬᠤ ᠲᠡᠷᠭᠡ ᠨᠡᠪᠲᠡᠷᠡᠬᠦ ᠵᠠᠮ ᠤᠨ ᠱᠤᠭᠤᠮ ᠵᠢᠷᠤᠬᠤ ᠪᠠ ᠲᠡᠮᠳᠡᠭ | ᠫᠠᠶᠢᠰᠠ ᠪᠠᠶᠢᠷᠢᠯᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ᠃ | ︵ᠠᠷᠪᠠᠨ ᠨᠠᠢᠮᠠ︶ ᠣᠯᠠᠨ ᠬᠥᠮᠦᠨ ᠦᠬᠦᠵᠦ ᠰᠢᠷᠬᠠᠲᠤᠬᠤ ᠭᠠᠯ ᠤᠨ ᠠᠶᠤᠯ ᠬᠢᠯᠪᠠᠷᠬᠠᠨ ᠭᠠᠷᠬᠤ ᠬᠥᠮᠦᠨ | ᠣᠯᠠᠨ ᠴᠤᠭᠯᠠᠷᠠᠬᠤ ᠭᠠᠵᠠᠷ ᠲᠠᠯᠠᠪᠠᠢ᠂ ᠨᠣᠴᠣᠮᠠᠲᠠᠭᠠᠶ ᠳᠡᠯᠪᠡᠷᠡᠮᠡᠲᠡᠭᠡᠶ ᠨᠢᠭᠡᠴᠢ ᠪᠣᠯᠤᠨ ᠳᠡᠭᠡᠳᠦ ᠳᠠᠪᠬᠤᠷᠭ᠎ᠠ ᠶᠢᠨ | ᠣᠯᠠᠨ ᠨᠡᠶᠢᠲᠡ ᠶᠢᠨ ᠪᠠᠷᠢᠯᠭ᠎ᠠ ᠵᠡᠷᠭᠡ ᠨᠢᠭᠡᠴᠢ ᠨᠦᠭᠦᠳ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠠᠵᠢᠯ ᠤᠨ | ᠲᠣᠭᠲᠠᠮᠠᠯ ᠬᠤᠭᠤᠴᠠᠭ᠎ᠠ ᠲᠠᠢ ᠪᠠᠷ ᠬᠤᠷᠠᠯ ᠬᠤᠷᠠᠯᠳᠤᠭᠤᠯᠵᠤ᠂ ᠲᠤᠰ ᠨᠢᠭᠡᠴᠢ ᠶᠢᠨ ᠢᠶᠠᠨ ᠭᠠᠯ ᠤᠨᠲᠠᠷᠠᠭᠠᠬᠤ | ᠠᠵᠢᠯ ᠢ ᠰᠤᠳᠤᠯᠤᠨ᠂ ᠭᠠᠯ ᠤᠨᠲᠠᠷᠠᠭᠠᠬᠤ ᠵᠠᠷᠤᠳᠠᠯ ᠤᠨ ᠣᠷᠣᠭᠤᠯᠤᠯᠲᠠ᠂ ᠭᠠᠯ ᠤᠨᠲᠠᠷᠠᠭᠠᠬᠤ ᠪᠡᠯᠡᠳᠬᠡᠮᠵᠢ | ᠲᠥᠬᠦᠭᠡᠷᠦᠮᠵᠢ ᠬᠤᠳᠠᠯᠳᠤᠨ ᠠᠪᠬᠤ᠂ ᠭᠠᠯ ᠤᠨ ᠠᠶᠤᠯ ᠤᠨ ᠳᠠᠯᠳᠠ ᠭᠡᠮ ᠢ ᠴᠡᠭᠴᠡᠯᠡᠨ ᠰᠠᠶᠢᠵᠢᠷᠠᠭᠤᠯᠬᠤ ᠵᠡᠷᠭᠡ | ᠴᠢᠬᠤᠯᠠ ᠶᠡᠭᠡ ᠠᠰᠠᠭᠤᠳᠠᠯ ᠢ ᠰᠢᠢᠳᠪᠦᠷᠢᠯᠡᠬᠦ ᠬᠡᠷᠡᠭᠲᠡᠶ︔ ᠪᠠᠴᠢᠮ ᠪᠠᠶᠢᠳᠠᠯ ᠢ ᠠᠷᠭᠠᠴᠠᠵᠤ ᠠᠮᠢ ᠵᠢᠭᠤᠲᠠᠬᠤ | ᠪᠡᠯᠡᠳᠬᠡᠮᠵᠢ ᠲᠥᠬᠦᠭᠡᠷᠦᠮᠵᠢ ᠪᠠ ᠲᠠᠷᠬᠠᠭᠠᠬᠤ ᠶᠢ ᠬᠥᠲᠥᠯᠦᠨ ᠵᠢᠯᠣᠭᠤᠳᠬᠤ ᠪᠠᠭᠠᠵᠢ ᠬᠡᠷᠡᠭᠰᠡᠯ ᠢ ᠲᠣᠭᠲᠠᠭᠠᠯ | ᠶᠣᠰᠣᠭᠠᠷ ᠳᠣᠭᠢᠷᠠᠭᠤᠯᠤᠨ᠎ᠠ︔ ᠭᠠᠯ ᠤᠨᠲᠠᠷᠠᠭᠠᠬᠤ ᠠᠮᠤᠷ ᠲᠦᠪᠰᠢᠨ ᠤ ᠦᠨᠡᠯᠡᠨ ᠵᠢᠱᠢᠬᠦ ᠳᠦᠷᠢᠮ ᠢ ᠪᠠᠶᠢᠭᠤᠯᠵᠤ᠂ | ᠬᠢᠷᠢ ᠴᠢᠳᠠᠮᠵᠢ ᠲᠠᠢ ᠪᠠᠶᠢᠭᠤᠯᠤᠮᠵᠢ ᠠᠴᠠ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠨ ᠵᠢᠱᠢᠯᠲᠡ ᠬᠢᠵᠦ᠂ ᠦᠨᠡᠯᠡᠨ | ᠵᠢᠱᠢᠭᠰᠡᠨ ᠮᠡᠳᠡᠭᠦᠯᠦᠯᠲᠡ ᠶᠢᠨ ᠦᠷ᠎ᠡ ᠳ᠋ᠦᠩ ᠢ ᠨᠡᠶᠢᠭᠡᠮ ᠳᠤ ᠢᠯᠡ ᠪᠣᠯᠭᠠᠬᠤ ᠬᠡᠷᠡᠭᠲᠡᠶ︔ ᠭᠠᠯ ᠤᠨ ᠠᠶᠤᠯ ᠤᠨ | ᠣᠯᠠᠨ ᠨᠡᠶᠢᠲᠡ ᠶᠢᠨ ᠬᠠᠷᠢᠭᠤᠴᠠᠯᠭ᠎ᠠ ᠶᠢᠨ ᠳᠠᠭᠠᠳᠬᠠᠯ ᠳᠤ ᠤᠷᠤᠯᠴᠠᠨ᠎ᠠ᠃ | 2024 ᠣᠨ ᠤ 3 ᠰᠠᠷ᠎ᠠ ᠶᠢᠨ 13 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | | | | | | |