ᠦᠰᠦᠭ ᠪᠢᠴᠢᠭ ᠤᠨ ᠲᠠᠶᠢᠯᠤᠮᠵᠢ᠄ ᠨᠠᠢᠮᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ︽2024 ᠣᠨ ᠤ ᠨᠠᠢᠮᠠᠨ ᠬᠤᠰᠢᠭᠤᠨ ᠤ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠲᠠᠷᠢᠮᠠᠯ ᠤᠨ ᠦᠢᠯᠡᠰ ᠤᠨ ᠬᠥᠭᠵᠢᠯᠲᠡ ᠶᠢᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/10/9
      ᠨᠢᠭᠡ᠂ ᠲᠣᠭᠲᠠᠭᠠᠭᠰᠠᠨ ᠠᠬᠤᠢ ᠪᠠᠶᠢᠳᠠᠯ       ᠪᠥᠬᠦ ᠬᠤᠰᠢᠭᠤᠨ ᠤ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠲᠠᠷᠢᠮᠠᠯ ᠤᠨ ᠦᠢᠯᠡᠰ ᠤᠨ ᠬᠥᠭᠵᠢᠯᠲᠡ ᠶᠢ ᠤᠯᠠᠮ ᠨᠢᠭᠡ ᠠᠯᠬᠤᠮ ᠲᠦᠷᠭᠡᠳᠬᠡᠵᠦ᠂ ᠪᠥᠬᠦ ᠬᠤᠰᠢᠭᠤᠨ ᠤ ᠡᠮ ᠤᠨ ᠮᠠᠲ᠋ᠧᠷᠢᠶᠠᠯ ᠤᠨ ᠳᠠᠷᠢᠬᠤ ᠲᠠᠯᠠᠪᠠᠶ ᠶᠢ ᠲᠣᠭᠲᠠᠪᠤᠷᠢᠵᠢᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠶᠢᠨ ᠲᠦᠯᠦᠭᠡ᠂ ᠮᠠᠨ ᠤ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠬᠡᠷᠡᠭᠵᠢᠭᠦᠯᠬᠦ ᠲᠥᠰᠥᠯ ᠢ ᠲᠣᠭᠲᠠᠭᠠᠪᠠ᠃       ᠬᠤᠶᠠᠷ᠂ ᠶᠡᠷᠦᠩᠬᠡᠢ ᠰᠡᠳᠬᠢᠴᠡ       ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ  ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠠᠬᠢ ᠪᠤᠶ ᠪᠣᠯᠭᠠᠵᠤ᠂ ᠰᠢᠨ᠎ᠡ ᠬᠥᠭᠵᠢᠯᠲᠡ  ᠶᠢᠨ ᠪᠠᠶᠢᠷᠢᠰᠢᠯ  ᠢ ᠪᠤᠶ ᠪᠣᠯᠭᠠᠵᠤ᠂ ︽ᠵᠠᠮᠪᠠᠯᠳᠣᠷᠵᠢ︾ ᠶᠢᠨ ᠰᠣᠶᠣᠯ ᠤᠨ ᠨᠡᠷᠡᠲᠦ ᠲᠡᠮᠳᠡᠭ ᠤᠨ ᠪᠠᠶᠢᠭᠤᠯᠤᠯᠲᠠ ᠪᠠᠷ ᠭᠤᠣᠯ ᠰᠢᠵᠢᠮ ᠪᠣᠯᠭᠠᠵᠤ᠂ ︽ᠨᠢᠭᠡ ᠢᠵᠢ ᠪᠠᠷᠢᠮᠵᠢᠶᠠᠵᠢᠭᠤᠯᠤᠭᠰᠠᠨ ᠲᠠᠷᠢᠮᠠᠯ ᠤᠨ ᠲᠤᠭᠲᠠᠯᠴᠠᠭ᠎ᠠ︾ ᠶᠢ ᠳᠡᠯᠭᠡᠷᠡᠭᠦᠯᠵᠦ᠂ ︽ᠬᠤᠶᠠᠷ ᠨᠠᠷᠠᠲᠤ ᠲᠥᠷᠥᠯ ᠲᠡᠮᠳᠡᠭᠲᠦ︾ ︵ᠵᠠᠮᠪᠠᠯᠳᠣᠷᠵᠢ ᠮᠣᠩᠭᠤᠯ ᠡᠮ ᠡᠮᠨᠡᠯᠭᠡ ᠶᠢᠨ ᠰᠣᠶᠣᠯ ᠤᠨ ᠨᠠᠷᠠᠲᠤ ᠲᠥᠷᠥᠯ ᠲᠡᠮᠳᠡᠭᠲᠦ ᠪᠠ ᠵᠢᠩᠬᠢᠨᠢ ᠡᠮ ᠤᠨ ᠮᠠᠲ᠋ᠧᠷᠢᠶᠠᠯ ᠤᠨ ᠨᠠᠷᠠᠲᠤ ᠲᠥᠷᠥᠯ ᠲᠡᠮᠳᠡᠭᠲᠦ ᠶᠢ ᠡᠵᠡᠯᠡᠨ᠎ᠡ︶ ᠶᠢ ᠡᠭᠦᠳᠴᠦ᠂ ︽ᠭᠤᠷᠪᠠᠨ ᠭᠤᠣᠯ ᠣᠷᠣᠨ︾ ︵ᠪᠥᠬᠦ ᠬᠤᠲᠠ ᠶᠢᠨ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠲᠠᠷᠢᠮᠠᠯ ᠤᠨ ᠭᠤᠣᠯ ᠣᠷᠣᠨ᠂ ᠠᠷᠠᠯᠵᠢᠶᠠᠨ ᠤ ᠭᠤᠣᠯ ᠣᠷᠣᠨ᠂ ᠰᠣᠶᠣᠯ ᠤᠨ ᠭᠤᠣᠯ ᠣᠷᠣᠨ︶ ᠢ ᠪᠣᠶ ᠪᠣᠯᠭᠠᠵᠤ᠂ ᠡᠮ ᠤᠨ ᠮᠠᠲ᠋ᠧᠷᠢᠶᠠᠯ ᠤᠨ ᠲᠠᠷᠢᠮᠠᠯ ᠤᠨ ᠦᠢᠯᠡᠰ ᠤᠨ ︽ᠳᠥᠷᠪᠡᠨ ᠣᠳᠣᠬᠢᠴᠢᠯᠠᠯᠲᠠ︾ ︵ᠪᠠᠷᠢᠮᠵᠢᠶᠠᠵᠢᠯᠲᠠ᠂ ᠨᠠᠷᠠᠲᠤ ᠲᠥᠷᠥᠯ ᠲᠡᠮᠳᠡᠭᠵᠢᠯᠲᠡ᠂ ᠬᠡᠪᠴᠢᠶᠡᠵᠢᠯᠲᠡ᠂ ᠣᠳᠣᠬᠢᠴᠢᠯᠠᠯᠲᠠ︶ ᠶᠢᠨ ᠬᠥᠭᠵᠢᠯᠲᠡ ᠶᠢᠨ ᠶᠡᠷᠦᠩᠬᠡᠢ ᠬᠥᠭᠵᠢᠯᠲᠡ ᠶᠢᠨ ᠲᠥᠯᠦᠪᠵᠢᠭᠦᠯᠭᠡ ᠶᠢ ᠪᠡᠶᠡᠯᠡᠭᠦᠯᠦᠨ᠎ᠡ᠃ ᠡᠭᠦᠨ ᠤ ᠬᠠᠮᠲᠤ᠂ ᠨᠠᠢᠮᠠᠨ ᠤ ᠰᠢᠬᠢᠷ ᠡᠪᠡᠰᠦ᠂  ᠨᠠᠢᠮᠠᠨ ᠤ ᠬᠤᠨᠴᠢᠷ᠂ ᠨᠠᠢᠮᠠᠨ ᠤ ᠭᠠᠰᠢᠭᠤᠨ ᠣᠷᠬᠤᠳᠠᠢ᠂ ᠨᠠᠢᠮᠠᠨ ᠤ ᠬᠤᠷᠳᠤᠨ ᠴᠠᠭᠠᠨ᠂ ᠨᠠᠢᠮᠠᠨ ᠤ ᠬᠠᠯᠬᠠᠪᠴᠢ ᠵᠡᠷᠭᠡ ᠲᠠᠪᠤᠨ ᠵᠢᠩᠬᠢᠨᠢ ᠡᠮ ᠤᠨ ᠮᠠᠲ᠋ᠧᠷᠢᠶᠠᠯ ᠤᠨ ᠲᠥᠷᠥᠯ ᠵᠦᠢᠯ ᠪᠠ ᠤᠯᠠᠭᠠᠨ ᠴᠠᠨ᠎ᠠ᠂ ᠲᠠᠤᠯᠠᠢ ᠶᠢᠨ ᠮᠠᠩᠭᠢᠷ᠂ ᠤᠯᠠᠭᠠᠨ ᠦᠨᠳᠦᠰᠦ᠂ ᠬᠥᠬᠦᠷᠭᠡᠨ᠎ᠡ᠂ ᠰᠢᠷ᠎ᠠ ᠣᠷᠬᠤᠳᠠᠢ ᠵᠡᠷᠭᠡ ᠳᠡᠯᠭᠡᠷᠡᠭᠦᠯᠬᠦ ᠳᠤ ᠲᠣᠬᠢᠷᠠᠮᠵᠢᠲᠠᠢ ᠲᠥᠷᠥᠯ ᠵᠦᠢᠯ ᠢ ᠪᠠᠷᠢᠮᠲᠠᠯᠠᠨ ᠳᠡᠯᠭᠡᠷᠡᠭᠦᠯᠵᠦ᠂ ᠮᠠᠨ ᠤ ᠬᠤᠰᠢᠭᠤᠨ ᠤ ᠬᠢᠲᠠᠳ ︵ᠮᠣᠩᠭᠤᠯ︶ ᠡᠮ ᠤᠨ ᠮᠠᠲ᠋ᠧᠷᠢᠶᠠᠯ ᠤᠨ ᠳᠠᠷᠢᠬᠤ ᠲᠠᠯᠠᠪᠠᠶ ᠶᠢ ᠦᠷᠭᠦᠯᠵᠢᠯᠡᠨ ᠥᠷᠭᠡᠳᠬᠡᠨ᠎ᠡ᠃       ᠭᠤᠷᠪᠠ᠂ ᠬᠥᠭᠵᠢᠯᠲᠡ ᠶᠢᠨ ᠬᠠᠷᠠᠯᠲᠠ       ᠪᠥᠬᠦ ᠬᠤᠰᠢᠭᠤᠨ ᠤ ᠡᠮ ᠤᠨ ᠮᠠᠲ᠋ᠧᠷᠢᠶᠠᠯ ᠤᠨ ᠳᠠᠷᠢᠬᠤ ᠲᠠᠯᠠᠪᠠᠶ ᠶᠢ 20 ᠲᠦᠮᠡᠨ ᠮᠦ ᠠᠴᠠ ᠳᠡᠭᠡᠭᠰᠢ ᠲᠣᠭᠲᠠᠪᠤᠷᠢᠵᠢᠭᠤᠯᠵᠤ᠂ 22 ᠲᠦᠮᠡᠨ ᠮᠦ ᠳᠤ ᠬᠦᠷᠦᠭᠦᠯᠬᠦ ᠪᠠᠷ ᠴᠢᠷᠮᠠᠶᠢᠵᠤ᠂ ᠵᠢᠩᠬᠢᠨᠢ ᠭᠠᠵᠠᠷ ᠤᠨ ᠭᠤᠤᠯᠯᠠᠬᠤ ᠲᠥᠷᠥᠯ ᠵᠦᠢᠯ ᠤᠨ ᠵᠢᠱᠢᠶ᠎ᠡ ᠦᠵᠡᠭᠦᠯᠬᠦ ᠶᠢ ᠴᠢᠩᠭᠠᠳᠬᠠᠨ᠂ ᠣᠶ ᠰᠢᠭᠤᠢ ᠡᠮ ᠤᠨ ᠡᠵᠡᠩᠨᠡᠯᠲᠡ ᠶᠢᠨ ᠵᠠᠭᠪᠤᠷ ᠲᠤ ᠨᠡᠶᠢᠴᠡᠬᠦ ᠶᠢ ᠶᠡᠬᠡᠪᠡᠷ ᠬᠥᠭᠵᠢᠭᠦᠯᠵᠦ᠂ ᠵᠢᠩᠬᠢᠨᠢ ᠡᠮ ᠤᠨ ᠮᠠᠲ᠋ᠧᠷᠢᠶᠠᠯ ᠤᠨ ᠨᠠᠷᠠᠲᠤ ᠲᠥᠷᠥᠯ ᠲᠡᠮᠳᠡᠭᠲᠦ ᠶᠢᠨ ᠠᠯᠳᠠᠷᠰᠢᠯ ᠢ ᠳᠡᠭᠡᠭᠰᠢᠯᠡᠭᠦᠯᠦᠨ᠎ᠡ᠃ ᠭᠠᠷᠤᠯᠲᠠ ᠶᠢᠨ ᠣᠷᠣᠨ ᠤ ᠰᠢᠨ᠎ᠡ ᠰᠣᠷᠭᠤᠭ ᠢᠶᠠᠷ ᠬᠡᠷᠴᠢᠨ ᠦᠢᠯᠡᠳᠬᠦ ᠠᠵᠢᠯ ᠵᠢᠴᠢ ᠠᠩᠬ᠎ᠠ ᠨᠠᠷᠢᠯᠢᠭ ᠡᠳ᠋ᠰᠢᠭᠦᠯᠬᠦ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠣᠮᠣ ᠡᠷᠡᠭᠦᠯ ᠮᠡᠨᠳᠦ ᠶᠢᠨ ᠠᠵᠤ ᠦᠢᠯᠡᠰ ᠢ ᠨᠠᠶᠢᠳᠠᠪᠤᠷᠢᠵᠢᠭᠤᠯᠤᠨ᠂ ᠬᠡᠯᠬᠢᠶᠡᠵᠢᠯ ᠢ ᠤᠷᠲᠤᠳᠬᠠᠨ ᠬᠡᠯᠬᠢᠶᠡᠵᠢᠯ ᠢ ᠨᠥᠬᠦᠪᠦᠷᠢᠯᠡᠵᠦ ᠬᠡᠯᠬᠢᠶᠡᠵᠢᠯ ᠢ ᠴᠢᠩᠭᠠᠳᠬᠠᠬᠤ ᠶᠢ ᠠᠬᠢᠭᠤᠯᠵᠤ᠂ ᠡᠮ ᠤᠨ ᠮᠠᠲ᠋ᠧᠷᠢᠶᠠᠯ ᠤᠨ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠯ ᠢ ᠠᠬᠢᠭᠤᠯᠤᠨ᠂ ᠠᠵᠤ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ︽ᠨᠢᠭᠡᠳᠦᠭᠡᠷ ᠠᠵᠤ ᠦᠢᠯᠡᠰ ᠲᠣᠭᠲᠠᠭᠤᠨ᠂ ᠬᠤᠶᠠᠳᠤᠭᠠᠷ ᠠᠵᠤ ᠦᠢᠯᠡᠰ ᠬᠦᠴᠦᠷᠬᠡᠭ᠂ ᠭᠤᠷᠪᠠᠳᠤᠭᠠᠷ ᠠᠵᠤ ᠦᠢᠯᠡᠰ ᠰᠢᠪᠲᠤᠯᠤᠯᠲᠠ ᠲᠠᠢ ᠪᠣᠯᠬᠤ︾ ᠣᠨ ᠤ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠦᠨ᠎ᠡ᠃       ᠳᠥᠷᠪᠡ᠂ ᠭᠤᠣᠯᠳᠠᠯᠭ᠎ᠠ ᠲᠠᠢ ᠡᠭᠦᠷᠭᠡ       ︵ᠨᠢᠭᠡ︶ ᠡᠮ ᠤᠨ ᠮᠠᠲ᠋ᠧᠷᠢᠶᠠᠯ ᠤᠨ ᠳᠠᠷᠢᠬᠤ ᠲᠠᠯᠠᠪᠠᠶ ᠶᠢ ᠲᠣᠭᠲᠠᠪᠤᠷᠢᠵᠢᠭᠤᠯᠤᠨ᠎ᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ ᠶᠢᠨ ᠠᠵᠢᠯ ᠤᠨ ᠱᠠᠭᠠᠷᠳᠠᠯᠭ᠎ᠠ ᠶᠣᠰᠣᠭᠠᠷ᠂ 2024 ᠣᠨ ᠳᠤ ᠪᠥᠬᠦ ᠬᠤᠰᠢᠭᠤᠨ ᠤ ᠡᠮ ᠤᠨ ᠮᠠᠲ᠋ᠧᠷᠢᠶᠠᠯ ᠤᠨ ᠳᠠᠷᠢᠬᠤ ᠲᠠᠯᠠᠪᠠᠶ ᠶᠢ 6.12 ᠲᠦᠮᠡᠨ ᠮᠦ ᠰᠢᠨ᠎ᠡ ᠪᠠᠷ ᠨᠡᠮᠡᠭᠳᠡᠭᠦᠯᠵᠦ᠂ ᠶᠡᠷᠦᠩᠬᠡᠢ ᠲᠠᠯᠠᠪᠠᠶ ᠶᠢ 22 ᠲᠦᠮᠡᠨ ᠮᠦ ᠳᠤ ᠬᠦᠷᠦᠭᠦᠯᠬᠦ ᠪᠠᠷ ᠴᠢᠷᠮᠠᠶᠢᠨ᠎ᠠ ︵ᠡᠯ᠎ᠡ ᠰᠤᠮᠤ ᠰᠢᠶᠠᠩ ᠪᠠᠯᠭᠠᠰᠤ ᠲᠠᠯᠠᠪᠠᠶ ᠶᠢᠨ ᠳᠠᠷᠢᠬᠤ ᠡᠭᠦᠷᠭᠡ ᠶᠢᠨ ᠬᠤᠪᠢᠶᠠᠷᠢᠯᠠᠯᠲᠠ ᠶᠢᠨ ᠬᠦᠰᠦᠨᠦᠭᠲᠦ ᠶᠢ ᠠᠷᠤ ᠳᠤ ᠳᠠᠭᠠᠯᠳᠤᠭᠤᠯᠪᠠ︶᠃       ︵ᠬᠤᠶᠠᠷ︶ ᠵᠢᠩᠬᠢᠨᠢ ᠡᠮ ᠤᠨ ᠮᠠᠲ᠋ᠧᠷᠢᠶᠠᠯ ᠤᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠨ᠎ᠠ᠃ ᠵᠢᠩᠬᠢᠨᠢ ᠡᠮ ᠤᠨ ᠮᠠᠲ᠋ᠧᠷᠢᠶᠠᠯ ᠤᠨ ᠲᠥᠷᠥᠯ ᠵᠦᠢᠯ ᠤᠨ ᠤᠯᠤᠰ ᠤᠨ ᠭᠠᠵᠠᠷ ᠵᠦᠢ ᠶᠢᠨ ᠪᠡᠯᠭᠡ ᠲᠡᠮᠳᠡᠭ ᠤᠨ ᠭᠡᠷᠡᠴᠢᠯᠡᠯ ᠪᠠ ᠮᠧᠩ ᠥᠰᠥᠭ ᠤᠨ ᠲᠡᠮᠳᠡᠭ ᠤᠨ ᠬᠡᠷᠡᠭᠯᠡᠯᠲᠡ ᠳᠡᠯᠭᠡᠷᠡᠭᠦᠯᠦᠯᠲᠡ ᠶᠢᠨ ᠠᠵᠢᠯ ᠢ ᠦᠷᠭᠦᠯᠵᠢᠯᠡᠨ ᠠᠬᠢᠭᠤᠯᠵᠤ᠂ ᠵᠢᠩᠬᠢᠨᠢ ᠡᠮ ᠤᠨ ᠮᠠᠲ᠋ᠧᠷᠢᠶᠠᠯ ᠤᠨ ᠲᠥᠷᠥᠯ ᠵᠦᠢᠯ ︵ᠨᠠᠢᠮᠠᠨ ᠤ ᠰᠢᠬᠢᠷ ᠡᠪᠡᠰᠦ᠂  ᠨᠠᠢᠮᠠᠨ ᠤ ᠬᠤᠨᠴᠢᠷ᠂ ᠨᠠᠢᠮᠠᠨ  ᠤ ᠭᠠᠰᠢᠭᠤᠨ ᠣᠷᠬᠤᠳᠠᠢ᠂ ᠨᠠᠢᠮᠠᠨ ᠤ ᠬᠤᠷᠳᠤᠨ ᠴᠠᠭᠠᠨ᠂ ᠨᠠᠢᠮᠠᠨ ᠤ ᠬᠠᠯᠬᠠᠪᠴᠢ︶ ᠤᠨ ᠲᠠᠩ ᠡᠭᠦᠯᠳᠡᠷ ᠤᠨ ᠳᠠᠷᠢᠬᠤ ᠲᠠᠯᠠᠪᠠᠶ ᠶᠢ ᠦᠷᠭᠦᠯᠵᠢᠯᠡᠨ ᠥᠷᠭᠡᠳᠬᠡᠨ᠎ᠡ᠃ ᠣᠲᠣ ᠶᠢᠨ ᠪᠠᠶᠢᠭ᠎ᠠ ᠡᠮ ᠤᠨ ᠠᠵᠤ ᠠᠬᠤᠶᠢᠯᠠᠯ ︵ᠬᠤᠷᠰᠢᠶ᠎ᠠ ︶ ᠢᠶᠠᠷ ᠪᠣᠶᠢᠵᠢᠭᠤᠯᠬᠤ ᠬᠠᠷᠠᠯᠲᠠ ᠪᠣᠯᠭᠠᠵᠤ᠂ 5 ᠵᠢᠩᠬᠢᠨᠢ ᠡᠮ ᠤᠨ ᠮᠠᠲ᠋ᠧᠷᠢᠶᠠᠯ ᠤᠨ ᠭᠠᠷᠤᠯᠲᠠ ᠶᠢᠨ ᠣᠷᠣᠨ ᠤ ᠰᠢᠨ᠎ᠡ ᠰᠣᠷᠭᠤᠭ ᠢ ᠳᠠᠯᠢᠮᠳᠠᠭᠤᠯᠤᠨ ᠬᠡᠷᠴᠢᠨ ᠦᠢᠯᠡᠳᠬᠦ ᠠᠵᠢᠯ ᠢ ᠲᠦᠷᠭᠡᠳᠬᠡᠨ ᠠᠬᠢᠭᠤᠯᠵᠤ᠂ ᠵᠢᠩᠬᠢᠨᠢ ᠡᠮ ᠤᠨ ᠮᠠᠲ᠋ᠧᠷᠢᠶᠠᠯ ᠤᠨ ᠭᠠᠷᠤᠯᠲᠠ ᠶᠢᠨ ᠣᠷᠣᠨ ᠤ ᠠᠩᠬᠠᠨ ᠤ ᠡᠳ᠋ᠰᠢᠭᠦᠯᠦᠯᠲᠡ ᠶᠢ ᠪᠡᠶᠡᠯᠡᠭᠦᠯᠦᠨ᠎ᠡ᠃       ︵ᠭᠤᠷᠪᠠ︶ ᠡᠮ ᠤᠨ ᠮᠠᠲ᠋ᠧᠷᠢᠶᠠᠯ ᠤᠨ ᠲᠣᠮᠣ ᠳ᠋ᠠᠶᠢᠲ᠋ᠠ ᠶᠢᠨ ᠡᠬᠢ ᠰᠤᠷᠪᠤᠯᠵᠢ ᠶᠢ ᠡᠷᠢᠬᠦ  ᠲᠤᠭᠲᠠᠯᠴᠠᠭ᠎ᠠ  ᠶᠢᠨ ᠪᠠᠶᠢᠭᠤᠯᠤᠯᠲᠠ ᠶᠢ ᠠᠬᠢᠭᠤᠯᠤᠨ᠎ᠠ᠃ ᠨᠠᠢᠮᠠᠨ ᠬᠤᠰᠢᠭᠤᠨ ᠤ ᠬᠢᠲᠠᠳ ᠡᠮ ᠤᠨ ᠮᠠᠲ᠋ᠧᠷᠢᠶᠠᠯ ᠤᠨ ᠲᠣᠮᠣ ᠳ᠋ᠠᠶᠢᠲ᠋ᠠ ᠶᠢᠨ ᠦᠢᠯᠡᠴᠢᠯᠡᠭᠡᠨ ᠤ ᠲᠠᠪᠴᠠᠩ ᠪᠠ ᠣᠶᠤᠨᠲᠤ ᠡᠮ ᠤᠨ ᠮᠠᠲ᠋ᠧᠷᠢᠶᠠᠯ ᠤᠨ ᠬᠢᠨᠠᠨ ᠬᠡᠮᠵᠢᠬᠦ ᠰᠢᠰᠲ᠋ᠧᠮ ᠤᠨ ᠥᠷᠲᠡᠭᠡ ᠴᠡᠭ ᠤᠨ ᠪᠣᠳᠠᠲᠠᠢ ᠬᠡᠷᠡᠭᠯᠡᠯᠲᠡ ᠶᠢ ᠠᠬᠢᠭᠤᠯᠵᠤ᠂ ︽ᠨᠠᠢᠮᠠᠨ ᠤ ᠮᠣᠩᠭᠤᠯ ᠡᠮ ᠨᠡᠪᠲᠡᠷᠡᠭᠦᠯᠬᠦ︾ ᠨᠡᠶᠢᠲᠡ ᠶᠢᠨ ᠳ᠋ᠤᠭᠠᠷ ᠤᠨ ᠤᠬᠠᠭᠤᠯᠭ᠎ᠠ ᠳᠡᠯᠭᠡᠷᠡᠭᠦᠯᠦᠯᠲᠡ ᠶᠢ ᠴᠢᠩᠭᠠᠳᠬᠠᠨ᠂ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠮᠡᠳᠡᠭᠡ ᠵᠠᠩᠭᠢ ᠶᠢᠨ ᠪᠥᠬᠦ ᠬᠤᠰᠢᠭᠤᠨ ᠤ ᠬᠡᠪᠴᠢᠶᠡᠨ ᠳᠤ ᠬᠠᠷᠢᠯᠴᠠᠨ ᠨᠡᠪᠲᠡᠷᠡᠯᠴᠡᠬᠦ᠂ ᠬᠠᠷᠢᠯᠴᠠᠨ ᠠᠭᠤᠰᠤᠯᠴᠠᠬᠤ ᠶᠢ ᠪᠡᠶᠡᠯᠡᠭᠦᠯᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠴᠠᠭᠤᠯᠤᠨ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠨᠠᠢᠮᠠᠨ ᠬᠤᠰᠢᠭᠤᠨ ᠤ ᠲᠣᠮᠣ ᠳ᠋ᠠᠶᠢᠲ᠋ᠠ ᠶᠢᠨ ᠦᠢᠯᠡᠴᠢᠯᠡᠭᠡᠨ ᠤ ᠲᠠᠪᠴᠠᠩ ᠳᠤ ᠵᠠᠯᠭᠠᠨ ᠣᠷᠣᠭᠤᠯᠵᠤ᠂ ᠵᠢᠩᠬᠢᠨᠢ ᠡᠮ ᠤᠨ ᠮᠠᠲ᠋ᠧᠷᠢᠶᠠᠯ ᠤᠨ ᠡᠬᠢ ᠰᠤᠷᠪᠤᠯᠵᠢ ᠶᠢ ᠡᠷᠢᠬᠦ  ᠲᠤᠭᠲᠠᠯᠴᠠᠭ᠎ᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠎ᠡ᠃       ︵ᠳᠥᠷᠪᠡ︶ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠷᠠᠭᠤᠯᠤᠨ᠎ᠠ ᠃ ᠥᠨᠳᠥᠷ ᠪᠠᠷᠢᠮᠵᠢᠶᠠᠲᠤ ᠡᠮ ᠤᠨ ᠮᠠᠲ᠋ᠧᠷᠢᠶᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ 3000 ᠮᠦ ᠰᠢᠨ᠎ᠡ ᠪᠠᠷ ᠪᠠᠶᠢᠭᠤᠯᠬᠤ ᠪᠠᠷ ᠴᠢᠷᠮᠠᠶᠢᠨ᠎ᠠ᠃ ᠡᠮ ᠤᠨ ᠮᠠᠲ᠋ᠧᠷᠢᠶᠠᠯ ᠢ ᠪᠠᠷᠢᠮᠵᠢᠶᠠᠵᠢᠭᠤᠯᠤᠨ ᠳᠠᠷᠢᠬᠤ ᠮᠡᠷᠭᠡᠵᠢᠯ᠂ ᠡᠪᠡᠳᠴᠢᠨ ᠬᠤᠷᠣᠬᠠᠢ ᠶᠢᠨ ᠬᠥᠨᠥᠭᠡᠯ ᠤᠨ ᠪᠣᠬᠢᠷᠲᠤᠯ ᠦᠭᠡᠢ ᠰᠡᠷᠭᠡᠶᠢᠯᠡᠨ ᠡᠵᠡᠮᠳᠡᠬᠦ ᠮᠡᠷᠭᠡᠵᠢᠯ᠂ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠮᠡᠷᠭᠡᠵᠢᠯ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠪᠥᠬᠦ ᠬᠤᠰᠢᠭᠤᠨ ᠳᠤ ᠳᠡᠯᠭᠡᠷᠡᠭᠦᠯᠦᠨ ᠬᠡᠷᠡᠭᠯᠡᠬᠦ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠡᠮ ᠤᠨ ᠮᠠᠲ᠋ᠧᠷᠢᠶᠠᠯ ᠢ ᠪᠠᠷᠢᠮᠵᠢᠶᠠᠵᠢᠭᠤᠯᠤᠨ᠂ ᠬᠡᠪᠴᠢᠶᠡᠵᠢᠭᠦᠯᠦᠨ ᠳᠠᠷᠢᠬᠤ ᠮᠡᠷᠭᠡᠵᠢᠯ ᠤᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃       ︵ᠲᠠᠪᠤ︶ ᠡᠮ ᠤᠨ ᠮᠠᠲ᠋ᠧᠷᠢᠶᠠᠯ ᠤᠨ ᠦᠷ᠎ᠡ ᠪᠠ ᠵᠤᠯᠵᠠᠭ᠎ᠠ ᠮᠣᠳᠣᠨ ᠤ ᠬᠠᠩᠭᠠᠯᠭ᠎ᠠ ᠶᠢᠨ  ᠲᠤᠭᠲᠠᠯᠴᠠᠭ᠎ᠠ ᠶᠢ ᠪᠠᠶᠢᠭᠤᠯᠤᠨ᠎ᠠ᠃ ᠥᠨᠳᠥᠷ ᠪᠠᠷᠢᠮᠵᠢᠶᠠᠲᠤ ᠡᠮ ᠤᠨ ᠮᠠᠲ᠋ᠧᠷᠢᠶᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢᠶᠠᠷ ᠰᠠᠭᠤᠷᠢ ᠪᠣᠯᠭᠠᠵᠤ᠂ ᠵᠢᠩᠬᠢᠨᠢ ᠡᠮ ᠤᠨ ᠮᠠᠲ᠋ᠧᠷᠢᠶᠠᠯ ᠤᠨ ᠦᠷ᠎ᠡ ᠪᠠ ᠵᠤᠯᠵᠠᠭ᠎ᠠ ᠮᠣᠳᠣ ᠶᠢ ᠦᠷᠡᠵᠢᠭᠦᠯᠦᠨ ᠪᠣᠶᠢᠵᠢᠭᠤᠯᠬᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠵᠢᠩᠬᠢᠨᠢ ᠡᠮ ᠤᠨ ᠮᠠᠲ᠋ᠧᠷᠢᠶᠠᠯ ᠤᠨ ᠰᠢᠯᠢᠳᠡᠭ ᠡᠭᠦᠯᠳᠡᠷ ᠢ ᠰᠣᠩᠭᠤᠨ ᠪᠣᠶᠢᠵᠢᠭᠤᠯᠬᠤ᠂ ᠥᠷᠭᠡᠳᠬᠡᠨ ᠦᠷᠡᠵᠢᠭᠦᠯᠬᠦ ᠠᠵᠢᠯ ᠢ ᠦᠷᠭᠦᠯᠵᠢᠯᠡᠨ ᠥᠷᠨᠢᠭᠦᠯᠵᠦ᠂ ᠲᠣᠰ ᠭᠠᠵᠠᠷ ᠤᠨ ᠵᠠᠬ᠎ᠠ ᠳᠡᠯᠭᠡᠭᠦᠷ ᠤᠨ ᠦᠷ᠎ᠡ ᠪᠠ ᠵᠤᠯᠵᠠᠭ᠎ᠠ ᠮᠣᠳᠣᠨ ᠤ ᠬᠠᠩᠭᠠᠯᠭ᠎ᠠ ᠶᠢ ᠠᠯᠬᠤᠮ ᠠᠯᠬᠤᠮ ᠢᠶᠠᠷ ᠬᠠᠩᠭᠠᠵᠤ᠂ ᠵᠢᠩᠬᠢᠨᠢ ᠡᠮ ᠤᠨ ᠮᠠᠲ᠋ᠧᠷᠢᠶᠠᠯ ᠤᠨ ᠢᠷᠡᠯᠲᠡ ᠨᠢ ᠴᠡᠪᠡᠷ᠂ ᠶᠠᠰᠤ ᠴᠢᠨᠠᠷ ᠨᠢ ᠰᠢᠯᠢᠳᠡᠭ ᠪᠠᠶᠢᠬᠤ ᠶᠢ ᠦᠨᠡᠨᠬᠦ ᠪᠠᠲᠤᠯᠠᠵᠤ᠂ ᠲᠣᠰ ᠭᠠᠵᠠᠷ ᠤᠨ ᠵᠢᠩᠬᠢᠨᠢ ᠡᠮ ᠤᠨ ᠮᠠᠲ᠋ᠧᠷᠢᠶᠠᠯ ᠤᠨ ᠰᠢᠯᠢᠳᠡᠭ ᠡᠭᠦᠯᠳᠡᠷ ᠢ ᠰᠣᠯᠢᠵᠤ ᠰᠢᠨᠡᠳᠬᠡᠬᠦ ᠶᠢ ᠪᠡᠶᠡᠯᠡᠭᠦᠯᠦᠨ᠎ᠡ᠃       ︵ᠵᠢᠷᠭᠤᠭ᠎ᠠ︶ ᠴᠢᠳᠠᠪᠤᠷᠢᠲᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠷᠠᠭᠤᠯᠤᠨ᠎ᠠ ᠃ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠠᠺᠠᠳᠧᠮᠢᠴᠢ ᠲᠤᠰᠬᠠᠢ ᠮᠡᠷᠭᠡᠵᠢᠯᠲᠡᠨ ᠤ ᠠᠵᠢᠯ ᠤᠨ ᠥᠷᠲᠡᠭᠡ ᠪᠠᠷ ᠵᠢᠯᠣᠭᠤᠳᠤᠯᠭ᠎ᠠ ᠪᠣᠯᠭᠠᠵᠤ᠂ ᠤᠯᠤᠰ ᠤᠨ ᠬᠢᠲᠠᠳ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠮᠡᠷᠭᠡᠵᠢᠯ ᠤᠨ ᠲᠤᠭᠲᠠᠯᠴᠠᠭ᠎ᠠ ᠶᠢᠨ ᠨᠠᠢᠮᠠᠨ ᠬᠤᠰᠢᠭᠤᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠥᠷᠲᠡᠭᠡ᠂ ᠣᠲᠣ ᠦᠶ᠎ᠡ ᠶᠢᠨ ᠬᠢᠲᠠᠳ ᠡᠮ ᠤᠨ ᠡᠬᠢ ᠪᠠᠶᠠᠯᠢᠭ ᠤᠨ ᠬᠥᠳᠡᠯᠦᠩᠭᠦᠢ ᠬᠢᠨᠠᠨ ᠬᠡᠮᠵᠢᠯᠲᠡ ᠶᠢᠨ ᠮᠡᠳᠡᠭᠡ ᠵᠠᠩᠭᠢ ᠪᠠ ᠮᠡᠷᠭᠡᠵᠢᠯ ᠤᠨ ᠦᠢᠯᠡᠴᠢᠯᠡᠭᠡᠨ ᠤ ᠲᠥᠪ ᠤᠨ ᠨᠠᠢᠮᠠᠨ ᠤ ᠥᠷᠲᠡᠭᠡ᠂ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠳ᠋ᠣᠺᠲ᠋ᠣᠷ ᠤᠨ ᠦᠢᠯᠡᠴᠢᠯᠡᠭᠡᠨ ᠤ ᠥᠷᠲᠡᠭᠡ ᠶᠢᠨ ︽ᠳᠥᠷᠪᠡᠨ ᠥᠷᠲᠡᠭᠡ ᠶᠢ ᠨᠢᠭᠡᠳᠬᠡᠬᠦ︾ ᠲᠠᠪᠴᠠᠩ ᠤᠨ ᠪᠠᠶᠢᠭᠤᠯᠤᠯᠲᠠ ᠶᠢᠨ ᠠᠵᠢᠯ ᠢ ᠲᠦᠯᠬᠢᠨ ᠠᠬᠢᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠡᠷᠴᠢᠮ ᠢ ᠴᠢᠩᠭᠠᠷᠠᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ ᠶᠢ ᠪᠥᠬᠦ ᠬᠤᠰᠢᠭᠤᠨ ᠤ ᠡᠮ ᠤᠨ ᠮᠠᠲ᠋ᠧᠷᠢᠶᠠᠯ ᠳᠠᠷᠢᠬᠤ ᠲᠠᠷᠢᠶᠠᠴᠢᠨ ᠡᠷᠦᠬᠡ᠂ ᠮᠡᠷᠭᠡᠵᠢᠯᠲᠡᠨ᠂ ᠡᠮ ᠤᠨ ᠠᠵᠤ ᠠᠬᠤᠶᠢᠯᠠᠯ ᠤᠨ ᠬᠠᠮᠢᠶ᠎ᠠ ᠪᠦᠬᠦᠢ ᠬᠥᠮᠥᠰ ᠢ ᠵᠣᠬᠢᠶᠠᠨ ᠪᠠᠶᠢᠭᠤᠯᠵᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ᠂ ᠭᠠᠳᠠᠭᠰᠢ ᠭᠠᠷᠴᠤ ᠲᠣᠭᠤᠷᠢᠨ ᠦᠵᠡᠵᠦ ᠰᠤᠷᠤᠯᠴᠠᠬᠤ ᠵᠡᠷᠭᠡ ᠠᠵᠢᠯᠯᠠᠭ᠎ᠠ ᠶᠢ ᠥᠷᠨᠢᠭᠦᠯᠵᠦ᠂ ᠠᠵᠢᠯᠯᠠᠵᠤ ᠪᠠᠶᠢᠭ᠎ᠠ ᠬᠥᠮᠥᠰ ᠤᠨ ᠲᠤᠰᠬᠠᠢ ᠮᠡᠷᠭᠡᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢ ᠠᠬᠢᠭᠤᠯᠤᠨ᠂ ᠮᠠᠨ ᠤ ᠬᠤᠰᠢᠭᠤᠨ ᠤ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠬᠡᠪᠴᠢᠶᠡᠵᠢᠯᠲᠡ᠂ ᠲᠤᠰᠬᠠᠶᠢᠵᠢᠯᠲᠠ᠂ ᠨᠠᠷᠠᠲᠤ ᠲᠡᠮᠳᠡᠭᠵᠢᠯᠲᠡ ᠶᠢᠨ ᠬᠥᠭᠵᠢᠯᠲᠡ ᠶᠢ ᠠᠬᠢᠭᠤᠯᠤᠨ᠎ᠠ᠃       ᠲᠠᠪᠤ᠂ ᠲᠠᠷᠢᠮᠠᠯ ᠤᠨ ᠵᠠᠭᠪᠤᠷ       ︵ᠨᠢᠭᠡ︶ ᠲᠠᠷᠢᠬᠤ ᠠᠷᠭ᠎ᠠ ᠮᠠᠶᠠᠭ       1. ᠠᠮᠢ ᠠᠬᠤᠢ ᠶᠢᠨ ᠲᠠᠷᠢᠮᠠᠯ᠃       2. ᠪᠠᠷᠢᠮᠵᠢᠶᠠᠵᠢᠭᠤᠯᠤᠨ ᠰᠢᠯᠵᠢᠭᠦᠯᠦᠨ ᠵᠠᠶᠢᠯᠠᠬᠤ᠃       3. ᠪᠠᠷᠢᠮᠵᠢᠶᠠᠵᠢᠭᠤᠯᠤᠭᠰᠠᠨ ᠰᠢᠭᠤᠳ ᠨᠡᠪᠲᠡᠷᠡᠭᠦᠯᠭᠡ᠃       4. ᠬᠡᠭᠡᠷ᠎ᠡ ᠶᠢᠨ ᠤᠷᠭᠤᠮᠠᠯ ᠢ ᠳᠠᠭᠤᠷᠢᠶᠠᠨ ᠲᠠᠷᠢᠬᠤ᠃       ︵ᠬᠤᠶᠠᠷ︶ ᠲᠠᠷᠢᠬᠤ ᠣᠷᠣᠨ       ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ︽ᠠᠮᠤ ᠪᠤᠳᠠᠭᠠᠨ ᠤ ᠪᠤᠰᠤ ᠪᠣᠯᠭᠠᠬᠤ︾ ᠲᠤᠬᠠᠢ ᠤᠯᠤᠰ ᠤᠨ ᠱᠠᠭᠠᠷᠳᠠᠯᠭ᠎ᠠ ᠶᠣᠰᠣᠭᠠᠷ᠂ ᠨᠠᠢᠮᠠᠨ ᠬᠤᠰᠢᠭᠤᠨ ᠤ ᠭᠠᠵᠠᠷ ᠰᠢᠷᠣᠢ ᠶᠢᠨ ᠡᠬᠢ ᠪᠠᠶᠠᠯᠢᠭ ᠤᠨ ᠪᠣᠳᠠᠲᠠᠢ ᠪᠠᠶᠢᠳᠠᠯ ᠢ ᠭᠦᠢᠴᠡᠳ ᠪᠣᠳᠣᠯᠬᠢᠯᠠᠵᠤ᠂ ᠳᠣᠣᠷᠠᠬᠢ ᠮᠡᠲᠦ ᠳᠠᠷᠢᠬᠤ ᠣᠷᠣᠨ ᠢᠶᠠᠷ ᠯᠠᠪᠯᠠᠯᠲᠠ ᠪᠣᠯᠭᠠᠨ᠎ᠠ᠄       1. ᠣᠶ ᠶᠢᠨ ᠬᠤᠷᠮᠣᠢ ᠳᠤ ᠳᠠᠷᠢᠬᠤ᠃       2. ᠡᠩ ᠤᠨ ᠲᠠᠷᠢᠶᠠᠨ ᠭᠠᠵᠠᠷ ᠢ ᠬᠡᠪᠴᠢᠶᠡᠵᠢᠭᠦᠯᠦᠨ ᠳᠠᠷᠢᠨ᠎ᠠ᠃       3. ᠠᠭᠤᠯᠠᠷᠬᠠᠭ ᠭᠠᠵᠠᠷ᠂ ᠡᠯᠡᠰᠦᠷᠬᠡᠭ ᠭᠠᠵᠠᠷ᠂ ᠠᠲᠠᠷ ᠭᠠᠵᠠᠷ ᠲᠤ ᠳᠠᠷᠢᠬᠤ᠃       4. ᠬᠦᠷᠢᠶ᠎ᠡ ᠬᠠᠰᠢᠶ᠎ᠠ ᠪᠠᠷ ᠲᠠᠷᠢᠬᠤ᠃       ᠵᠢᠷᠭᠤᠭ᠎ᠠ᠂ ᠬᠤᠯᠪᠣᠭᠳᠠᠯ ᠪᠦᠬᠦᠢ ᠱᠠᠭᠠᠷᠳᠠᠯᠭ᠎ᠠ       ︵ᠨᠢᠭᠡ︶ ᠡᠯ᠎ᠡ ᠰᠤᠮᠤ ᠰᠢᠶᠠᠩ ᠪᠠᠯᠭᠠᠰᠤ ︵ᠲᠠᠯᠠᠪᠠᠶ︶ ᠨᠢ 2024 ᠣᠨ ᠤ 5 ᠰᠠᠷ᠎ᠠ ᠶᠢᠨ ᠰᠡᠭᠦᠯᠴᠢ ︵ᠳᠠᠷᠢᠬᠤ ᠬᠤᠭᠤᠴᠠᠭ᠎ᠠ᠂ ᠰᠢᠯᠵᠢᠭᠦᠯᠦᠨ ᠵᠠᠶᠢᠯᠠᠬᠤ ᠬᠤᠭᠤᠴᠠᠭ᠎ᠠ︶᠂ 6 ᠰᠠᠷ᠎ᠠ ᠶᠢᠨ ᠳᠤᠮᠳᠠᠴᠢ ᠪᠠᠷ ︵ᠴᠢᠬᠢᠯᠡᠬᠦ ᠬᠤᠭᠤᠴᠠᠭ᠎ᠠ︶ ᠳᠤ ᠬᠤᠶᠠᠷ ᠤᠳᠠᠭ᠎ᠠ ᠬᠤᠪᠢᠶᠠᠨ ᠬᠠᠷᠢᠶ᠎ᠠ ᠣᠷᠣᠨ ᠳᠠᠬᠢ ᠡᠮ ᠤᠨ ᠮᠠᠲ᠋ᠧᠷᠢᠶᠠᠯ ᠤᠨ ᠰᠢᠨ᠎ᠡ ᠪᠠᠷ ᠨᠡᠮᠡᠭᠳᠡᠭᠰᠡᠨ ᠲᠠᠯᠠᠪᠠᠶ ᠶᠢ ᠪᠦᠷᠢᠳᠬᠡᠨ ᠳᠡᠭᠡᠭᠰᠢ ᠮᠡᠳᠡᠭᠦᠯᠵᠦ᠂ ᠳᠡᠭᠡᠭᠰᠢ ᠮᠡᠳᠡᠭᠦᠯᠦᠭᠰᠡᠨ ᠲᠠᠯᠠᠪᠠᠶ ᠨᠢ ᠡᠷᠬᠡᠪᠰᠢ ᠣᠨᠣᠪᠴᠢᠲᠠᠶ ᠪᠥᠭᠡᠳ ᠨᠢᠬᠲᠠ ︵ᠲᠠᠯᠠᠪᠠᠶ ᠶᠢ ᠬᠢᠨᠠᠨ ᠬᠠᠷᠭᠤᠭᠤᠯᠤᠭᠰᠠᠨ ᠲᠠᠰᠢᠶᠠᠷᠠᠯ ᠤᠨ ᠨᠣᠷᠮ᠎ᠠ ᠶᠢ ᠪᠠᠭᠤᠷᠠᠭᠤᠯᠬᠤ︶ ᠬᠡᠷᠡᠭᠲᠡᠢ᠂ ᠬᠤᠳᠠᠯ ᠢᠶᠠᠷ ᠮᠡᠳᠡᠭᠦᠯᠬᠦ᠂ ᠠᠳᠠᠯᠢ ᠨᠢᠭᠡ ᠭᠠᠵᠠᠷ ᠲᠤ ᠳᠠᠪᠬᠤᠷᠳᠠᠭᠤᠯᠤᠨ ᠳᠡᠭᠡᠭᠰᠢ ᠮᠡᠳᠡᠭᠦᠯᠬᠦ ᠵᠡᠷᠭᠡ ᠲᠠᠯᠠᠪᠠᠶ ᠶᠢᠨ ᠦᠨᠡᠨ ᠪᠣᠳᠠᠲᠠᠢ ᠪᠤᠰᠤ ᠪᠠᠶᠢᠳᠠᠯ ᠢ ᠲᠠᠰᠤ ᠵᠣᠭᠰᠤᠭᠠᠬᠤ ᠬᠡᠷᠡᠭᠲᠡᠢ᠃        ︵ᠬᠤᠶᠠᠷ︶ ᠬᠤᠰᠢᠭᠤᠨ ᠤ ᠡᠮ ᠤᠨ ᠮᠠᠲ᠋ᠧᠷᠢᠶᠠᠯ ᠤᠨ ᠰᠤᠳᠤᠯᠭᠠᠨ ᠤ ᠬᠥᠭᠵᠢᠭᠦᠯᠦᠯᠲᠡ ᠶᠢᠨ ᠲᠥᠪ ᠨᠢ ᠡᠯ᠎ᠡ ᠰᠤᠮᠤ ᠰᠢᠶᠠᠩ ᠪᠠᠯᠭᠠᠰᠤ ︵ᠲᠠᠯᠠᠪᠠᠶ︶ ᠶᠢᠨ ᠰᠢᠨ᠎ᠡ ᠪᠠᠷ ᠨᠡᠮᠡᠭᠳᠡᠭᠰᠡᠨ ᠲᠠᠯᠠᠪᠠᠶ ᠶᠢ ᠳᠡᠭᠡᠭᠰᠢ ᠮᠡᠳᠡᠭᠦᠯᠦᠭᠰᠡᠨ ᠪᠠᠶᠢᠳᠠᠯ ᠢ ᠦᠨᠳᠦᠰᠦᠯᠡᠨ᠂ 6 ᠰᠠᠷ᠎ᠠ ᠶᠢᠨ ᠳᠤᠮᠳᠠᠴᠢ  ᠠᠴᠠ 7 ᠰᠠᠷ᠎ᠠ ᠪᠣᠯᠲᠠᠯ᠎ᠠ ᠰᠢᠨ᠎ᠡ ᠪᠠᠷ ᠨᠡᠮᠡᠭᠳᠡᠭᠰᠡᠨ ᠲᠠᠯᠠᠪᠠᠶ ᠶᠢ ᠰᠤᠭᠤᠴᠢᠨ ᠪᠠᠶᠢᠴᠠᠭᠠᠵᠤ ᠳᠠᠬᠢᠨ ᠬᠢᠨᠠᠬᠤ ᠠᠵᠢᠯ ᠢ ᠥᠷᠨᠢᠭᠦᠯᠦᠨ᠎ᠡ᠃       ᠳᠣᠯᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ       ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠢ       ᠬᠤᠰᠢᠭᠤᠨ ᠤ ᠡᠮ ᠤᠨ ᠮᠠᠲ᠋ᠧᠷᠢᠶᠠᠯ ᠤᠨ ᠲᠠᠷᠢᠮᠠᠯ ᠤᠨ ᠦᠢᠯᠡᠰ ᠤᠨ ᠬᠥᠭᠵᠢᠯᠲᠡ ᠶᠢᠨ ᠤᠳᠤᠷᠢᠳᠬᠤ ᠳᠤᠭᠤᠶᠢᠯᠠᠩ ᠨᠢ ᠪᠥᠬᠦ ᠬᠤᠰᠢᠭᠤᠨ ᠤ ᠡᠮ ᠤᠨ ᠮᠠᠲ᠋ᠧᠷᠢᠶᠠᠯ ᠳᠠᠷᠢᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠬᠤ ᠶᠢ ᠬᠠᠷᠢᠭᠤᠴᠠᠨ᠎ᠠ᠃ ᠡᠯ᠎ᠡ ᠰᠤᠮᠤ ᠰᠢᠶᠠᠩ ᠪᠠᠯᠭᠠᠰᠤ ︵ᠲᠠᠯᠠᠪᠠᠶ︶ ᠨᠤᠭᠤᠳ ᠵᠣᠬᠢᠬᠤ ᠤᠳᠤᠷᠢᠳᠬᠤ ᠪᠠᠶᠢᠭᠤᠯᠤᠮᠵᠢ ᠪᠠᠶᠢᠭᠤᠯᠵᠤ᠂ ᠡᠮ ᠤᠨ ᠮᠠᠲ᠋ᠧᠷᠢᠶᠠᠯ ᠢ ᠳᠡᠯᠭᠡᠷᠡᠭᠦᠯᠦᠨ ᠳᠠᠷᠢᠬᠤ ᠠᠵᠢᠯ ᠢ ᠪᠣᠳᠠᠲᠠᠢ ᠬᠠᠷᠢᠭᠤᠴᠠᠬᠤ ᠬᠡᠷᠡᠭᠲᠡᠢ᠃       ︵ᠬᠤᠶᠠᠷ︶ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ       ᠬᠠᠮᠢᠶ᠎ᠠ ᠪᠦᠬᠦᠢ ᠲᠥᠷᠥᠯ ᠵᠦᠢᠯ ᠵᠢᠴᠢ ᠪᠡᠯᠡ ᠮᠥᠩᠭᠦ ᠶᠢ ᠢᠳᠡᠪᠬᠢᠯᠡᠨ ᠣᠯᠵᠤ᠂ ᠡᠮ ᠤᠨ ᠮᠠᠲ᠋ᠧᠷᠢᠶᠠᠯ ᠤᠨ ᠲᠠᠷᠢᠮᠠᠯ ᠤᠨ ᠦᠢᠯᠡᠰ ᠤᠨ ᠬᠥᠭᠵᠢᠯᠲᠡ ᠶᠢ ᠳᠡᠮᠵᠢᠬᠦ ᠬᠡᠷᠡᠭᠲᠡᠢ᠃ ᠨᠠᠢᠮᠠᠨ ᠬᠤᠰᠢᠭᠤᠨ ᠤ ᠬᠢᠲᠠᠳ ︵ᠮᠣᠩᠭᠤᠯ︶ ᠡᠮ ᠤᠨ ᠮᠠᠲ᠋ᠧᠷᠢᠶᠠᠯ ᠤᠨ ᠳᠠᠷᠢᠬᠤ ᠮᠡᠷᠭᠡᠵᠢᠯ ᠤᠨ ᠮᠡᠳᠡᠭᠡ ᠵᠠᠩᠭᠢ ᠶᠢᠨ ᠰᠣᠯᠢᠯᠴᠠᠭᠠᠨ ᠤ ᠦᠢᠯᠡᠴᠢᠯᠡᠭᠡᠨ ᠤ ᠲᠠᠪᠴᠠᠩ ︵ᠸᠢᠴᠠᠲ ᠤᠨ ᠲᠠᠪᠴᠠᠩ︶ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠮ ᠤᠨ ᠮᠠᠲ᠋ᠧᠷᠢᠶᠠᠯ ᠤᠨ ᠨᠠᠷᠠᠲᠤ ᠲᠡᠮᠳᠡᠭᠵᠢᠭᠦᠯᠬᠦ᠂ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠠᠵᠤ ᠦᠶᠢᠯᠡᠰᠵᠢᠭᠦᠯᠦᠨ ᠬᠥᠭᠵᠢᠭᠦᠯᠬᠦ ᠶᠢ ᠤᠬᠠᠭᠤᠯᠬᠤ ᠂ ᠳᠡᠯᠭᠡᠷᠡᠭᠦᠯᠬᠦ ᠪᠠ ᠦᠢᠯᠡᠴᠢᠯᠡᠬᠦ ᠡᠷᠴᠢᠮ ᠢ ᠴᠢᠩᠭᠠᠷᠠᠭᠤᠯᠤᠨ᠎ᠠ᠃ ᠨᠠᠢᠮᠠᠨ ᠬᠤᠰᠢᠭᠤᠨ ᠤ ᠬᠢᠲᠠᠳ ︵ᠮᠣᠩᠭᠤᠯ︶ ᠡᠮ ᠤᠨ ᠮᠠᠲ᠋ᠧᠷᠢᠶᠠᠯ ᠤᠨ ᠲᠣᠮᠣ ᠳ᠋ᠠᠶᠢᠲ᠋ᠠ ᠶᠢᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠲᠣᠮᠣ ᠳ᠋ᠠᠶᠢᠲ᠋ᠠ ᠶᠢᠨ ᠵᠠᠳᠠᠯᠤᠯᠲᠠ ᠪᠠᠷ ᠰᠠᠭᠤᠷᠢ ᠪᠣᠯᠭᠠᠨ᠂ ᠬᠢᠲᠠᠳ ︵ᠮᠣᠩᠭᠤᠯ︶ ᠡᠮ ᠤᠨ ᠮᠠᠲ᠋ᠧᠷᠢᠶᠠᠯ ᠤᠨ ᠡᠬᠢ ᠰᠤᠷᠪᠤᠯᠵᠢ ᠶᠢ ᠡᠷᠢᠬᠦ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃       ︵ᠭᠤᠷᠪᠠ︶ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠬᠤ ᠲᠤᠭᠲᠠᠯᠴᠠᠭ᠎ᠠ ᠶᠢ ᠲᠡᠭᠦᠯᠳᠡᠷᠵᠢᠭᠦᠯᠦᠨ᠎ᠡ       ᠨᠠᠢᠮᠠᠨ ᠬᠤᠰᠢᠭᠤᠨ ᠤ ᠡᠮ ᠤᠨ ᠮᠠᠲ᠋ᠧᠷᠢᠶᠠᠯ ᠤᠨ ᠰᠤᠳᠤᠯᠭᠠᠨ ᠤ ᠬᠥᠭᠵᠢᠯᠲᠡ ᠶᠢᠨ ᠲᠥᠪ ᠠᠴᠠ ᠲᠦᠷᠦᠭᠦᠯᠡᠵᠦ᠂ ᠥᠪᠥᠷ ᠮᠣᠩᠭᠤᠯ ᠤᠨ ᠶᠡᠭᠡ ᠰᠤᠷᠭᠠᠭᠤᠯᠢ᠂ ᠲᠢᠶᠠᠨᠵᠢᠨ ᠤ ᠬᠢᠲᠠᠳ ᠡᠮ ᠡᠮᠨᠡᠯᠭᠡ ᠶᠢᠨ ᠶᠡᠭᠡ ᠰᠤᠷᠭᠠᠭᠤᠯᠢ᠂ ᠭᠢᠷᠢᠨ ᠤ ᠲᠠᠷᠢᠶᠠᠯᠠᠩ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠬᠢᠲᠠᠳ ᠡᠮ ᠡᠮᠨᠡᠯᠭᠡ ᠶᠢᠨ ᠰᠤᠳᠤᠯᠬᠤ ᠭᠠᠵᠠᠷ᠂ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ᠂ ᠴᠢᠩᠳᠣᠣ ᠶᠢᠨ ᠲᠠᠷᠢᠶᠠᠯᠠᠩ ᠤᠨ ᠶᠡᠭᠡ ᠰᠤᠷᠭᠠᠭᠤᠯᠢ ᠪᠣᠯᠣᠨ ᠲᠦᠩᠯᠢᠶᠣᠣ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠣᠷᠳᠣ ᠬᠤᠭᠤᠴᠠᠭᠠᠨ ᠤ ᠪᠦᠲᠦᠮᠵᠢᠲᠡᠶ ᠬᠠᠮᠲᠤᠷᠠᠯᠴᠠᠬᠤ ᠲᠣᠭᠲᠠᠴᠠ ᠶᠢ ᠪᠠᠶᠢᠭᠤᠯᠵᠤ᠂ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠥᠷᠲᠡᠭᠡ ᠴᠡᠭ ᠤᠨ ᠵᠣᠯᠭᠠᠭᠤᠯᠬᠤ ᠴᠡᠭ ᠢᠶᠠᠷ ᠡᠯ᠎ᠡ ᠲᠥᠷᠥᠯ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠢ ᠨᠠᠶᠢᠳᠠᠪᠤᠷᠢᠵᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠵᠦ᠂ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭᠠᠨ ᠤ ᠮᠡᠷᠭᠡᠵᠢᠯ ᠤᠨ ᠦᠢᠯᠡᠴᠢᠯᠡᠭᠡᠨ ᠤ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠤᠨ᠎ᠠ᠃      ︵ᠳᠥᠷᠪᠡ︶ ᠬᠢᠨᠠᠯᠲᠠ ᠲᠠᠯᠪᠢᠵᠤ ᠰᠢᠯᠭᠠᠨ ᠬᠢᠨᠠᠬᠤ ᠶᠢ ᠴᠢᠩᠭᠠᠳᠬᠠᠬᠤ ᠬᠡᠷᠡᠭᠲᠡᠢ       ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠳ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠡᠭᠦᠷᠭᠡ ᠪᠠᠨ ᠨᠠᠷᠢᠯᠢᠭᠵᠢᠭᠤᠯᠤᠨ᠂ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠬᠢᠨᠠᠨ ᠵᠢᠯᠤᠭᠤᠳᠬᠤ᠂ ᠬᠢᠨᠠᠨ ᠰᠢᠯᠭᠠᠬᠤ᠂ ᠦᠨᠡᠯᠡᠬᠦ ᠵᠡᠷᠭᠡ ᠳᠦᠷᠢᠮ ᠢ ᠪᠠᠶᠢᠭᠤᠯᠵᠤ᠂ ᠲᠤᠭᠲᠠᠭᠰᠠᠨ ᠬᠤᠭᠤᠴᠠᠭ᠎ᠠ ᠲᠠᠢ ᠪᠠᠷ ᠬᠢᠨᠠᠨ ᠵᠢᠯᠤᠭᠤᠳᠬᠤ ᠠᠵᠢᠯ ᠢ ᠥᠷᠨᠢᠭᠦᠯᠦᠭᠰᠡᠨ ᠪᠠᠶᠢᠳᠠᠯ ᠢ ᠬᠢᠨᠠᠨ ᠵᠢᠯᠤᠭᠤᠳᠬᠤ ᠶᠢᠨ ᠬᠠᠮᠲᠤ ᠵᠢᠯ ᠤᠨ ᠡᠴᠦᠰ ᠤᠨ ᠬᠢᠨᠠᠨ ᠰᠢᠯᠭᠠᠬᠤ ᠦᠨᠳᠦᠰᠦᠯᠡᠯ ᠪᠣᠯᠭᠠᠵᠤ᠂ ᠤᠳᠤᠷᠢᠳᠤᠯᠭ᠎ᠠ ᠶᠢ ᠪᠣᠳᠠᠲᠠᠶᠢᠵᠢᠭᠤᠯᠬᠤ᠂ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ᠂ ᠠᠵᠢᠯ ᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃      ᠲᠠᠶᠢᠯᠤᠮᠵᠢ ᠬᠢᠭᠰᠡᠨ ᠪᠠᠶᠢᠭᠤᠯᠤᠮᠵᠢ᠄ ᠨᠠᠢᠮᠠᠨ ᠬᠤᠰᠢᠭᠤᠨ ᠤ ᠡᠮ ᠤᠨ ᠮᠠᠲ᠋ᠧᠷᠢᠶᠠᠯ ᠤᠨ ᠰᠤᠳᠤᠯᠭᠠᠨ ᠤ ᠬᠥᠭᠵᠢᠯᠲᠡ ᠶᠢᠨ ᠲᠥᠪ       ᠲᠠᠶᠢᠯᠪᠤᠷᠢᠯᠠᠭᠴᠢ᠄ ᠢᠦᠢ ᠴᠢᠩ ᠴᠢᠤᠸᠠᠨ       ᠲᠤᠰᠢᠶᠠᠯ᠄ ᠡᠷᠬᠢᠯᠡᠭᠴᠢ       ᠬᠠᠷᠢᠯᠴᠠᠬᠤ ᠤᠲᠠᠰᠤ᠄ 0475 ︱ 4210080 
 
ᠢᠷᠡᠯᠲᠡ᠄ ᠨᠠᠢᠮᠠᠨ ᠬᠤᠰᠢᠭᠤᠨ ᠤ ᠡᠮ ᠤᠨ ᠮᠠᠲ᠋ᠧᠷᠢᠶᠠᠯ ᠤᠨ ᠰᠤᠳᠤᠯᠭᠠᠨ ᠤ ᠬᠥᠭᠵᠢᠯᠲᠡ ᠶᠢᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06000874号