9 ᠰᠠᠷ᠎ᠠ ᠶᠢᠨ 4 ᠤ ᠡᠳᠦᠷ᠂ ᠬᠤᠲᠠ ᠶᠢᠨ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ᠤᠨ | ᠪᠠᠶᠢᠩᠭᠤ ᠶᠢᠨ ᠡᠷᠬᠢᠯᠡᠭᠴᠢ ᠵᠠᠩ ᠸᠠᠨ ᠵᠥᠩ ᠨᠠᠷ ᠨᠠᠢᠮᠠᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠳᠤ ᠬᠦᠷᠴᠦ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠢ ᠪᠠᠶᠢᠴᠠᠭᠠᠨ ᠰᠤᠳᠤᠯᠵᠤ᠂ ᠨᠠᠢᠮᠠᠨ | ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ | ᠱᠦᠵᠢ ᠬᠠᠨ ᠵᠠᠨ ᠹᠧᠩ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ᠂ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠣᠪᠴᠢᠶᠠᠨ ᠳᠠᠷᠤᠭ᠎ᠠ ᠶᠠᠩ | ᠴᠦᠨ ᠱᠧᠩ᠂ ᠬᠤᠰᠢᠭᠤᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠪᠠᠶᠢᠩᠭᠤ ᠶᠢᠨ ᠳᠡᠳ᠋ | ᠳᠠᠷᠤᠭ᠎ᠠ ᠯᠢ ᠽᠢ ᠴᠧᠨ᠂ ᠬᠤᠰᠢᠭᠤᠨ ᠤ ᠬᠤᠶᠢᠴᠢ ᠦᠶ᠎ᠡ ᠪᠠᠨ ᠬᠠᠯᠠᠮᠵᠢᠯᠠᠬᠤ ᠵᠥᠪᠯᠡᠯ ᠤᠨ ᠪᠠᠶᠢᠩᠭᠤ ᠶᠢᠨ | ᠡᠷᠬᠢᠯᠡᠭᠴᠢ ᠰᠢᠤᠢ ᠭᠦᠸᠧ ᠰᠢᠩ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ | ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠶᠢᠨ ᠭᠡᠰᠢᠭᠦᠨ ᠳ᠋ᠢᠩ ᠯᠢ ᠶᠦᠩ ᠵᠢᠴᠢ ᠨᠠᠮ ᠤᠨ ᠬᠤᠷᠢᠶ᠎ᠠ ᠶᠢᠨ | ᠤᠳᠤᠷᠢᠳᠬᠤ ᠪᠠᠭ ᠤᠨ ᠭᠡᠰᠢᠭᠦᠳ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃ | ᠵᠠᠩ ᠸᠠᠨ ᠵᠥᠩ ᠨᠠᠷ ᠨᠠᠢᠮᠠᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ | ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠳᠤ ᠬᠦᠷᠴᠦ ᠲᠡᠷᠭᠡ ᠬᠥᠰᠬᠡ ᠶᠢᠨ ᠬᠠᠮᠢᠶᠠᠷᠤᠯᠲᠠ ᠶᠢᠨ | ᠭᠠᠵᠠᠷ ᠤᠨ ᠦᠢᠯᠡᠴᠢᠯᠡᠭᠡᠨ ᠤ ᠶᠡᠭᠡ ᠲᠢᠩᠬᠢᠮ ᠪᠠ ᠵᠠᠭᠤᠨ ᠮᠧᠲᠷ ᠤᠨ ᠨᠠᠮ ᠤᠨ ᠲᠡᠤᠬᠡ ᠶᠢᠨ ᠰᠤᠷᠤᠯᠴᠠᠯᠭ᠎ᠠ | ᠬᠥᠮᠦᠵᠢᠯ ᠤᠨ ᠰᠠᠭᠤᠷᠢᠨ ᠭᠠᠵᠠᠷ᠂ ᠬᠠᠯᠠᠭᠤᠨ ᠳᠤᠯᠠᠭᠠᠨ ᠴᠠᠭᠳᠠᠭᠠᠨ ᠤ ᠬᠤᠸᠠᠷᠠᠨ ᠤ ᠰᠣᠶᠣᠯ ᠤᠨ ᠣᠷᠳᠣ | ᠬᠤᠩᠭᠢᠯ ᠢ ᠲᠣᠭᠤᠷᠢᠨ ᠦᠵᠡᠵᠦ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠠᠯᠪᠢᠬᠤ ᠬᠠᠮᠢᠶᠠᠷᠬᠤ | ᠦᠢᠯᠡᠴᠢᠯᠡᠬᠦ ᠥᠭᠡᠷᠡᠴᠢᠯᠡᠯᠲᠡ ᠪᠠ ᠨᠢᠭᠡ ᠯᠡ ᠥᠷᠲᠡᠭᠡᠨ ᠤ ᠮᠠᠶ᠋ᠢᠭ ᠤᠨ ᠠᠷᠠᠳ ᠲᠤ ᠦᠢᠯᠡᠴᠢᠯᠡᠬᠦ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠪᠠ᠃ | ᠪᠠᠰᠠ ᠨᠠᠢᠮᠠᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠬᠠᠮᠠᠳ ᠺᠠᠳ᠋ᠷᠴᠤᠳ ᠤᠨ | ᠠᠵᠢᠯᠯᠠᠭᠠᠨ ᠤ ᠲᠥᠪ ᠲᠤ ᠬᠦᠷᠴᠦ ᠮᠠᠨ ᠤ ᠲᠣᠪᠴᠢᠶ᠎ᠠ ᠶᠢᠨ ︽ᠲᠠᠪᠤᠨ ᠠᠬᠠᠮᠠᠳ︾ ᠤᠨ ᠠᠵᠢᠯ ᠢ ᠥᠷᠨᠢᠭᠦᠯᠵᠦ | ᠪᠠᠶᠢᠭ᠎ᠠ ᠪᠠᠶᠢᠳᠠᠯ ᠢ ᠣᠶᠢᠯᠠᠭᠠᠪᠠ᠃ | ᠶᠠᠷᠢᠯᠴᠠᠬᠤ ᠬᠤᠷᠠᠯ ᠳᠡᠭᠡᠷ᠎ᠡ᠂ ᠳᠡᠳ᠋ ᠬᠤᠰᠢᠭᠤᠨ ᠳᠠᠷᠤᠭ᠎ᠠ ᠶᠠᠩ ᠴᠦᠨ ᠱᠧᠩ ︽ᠤᠯᠤᠰ ᠲᠥᠷᠥ ᠶᠢᠨ | ᠵᠣᠭᠰᠣᠴᠠ ᠪᠠᠨ ᠳᠡᠭᠡᠭᠰᠢᠯᠡᠭᠦᠯᠵᠦ᠂ ᠪᠠᠲᠤᠯᠠᠭ᠎ᠠ ᠶᠢ ᠴᠢᠩᠭᠠᠳᠬᠠᠬᠤ ᠲᠠᠯ᠎ᠠ ᠪᠠᠷ ᠪᠣᠳᠠᠲᠠᠶ ᠠᠵᠢᠯ ᠬᠢᠬᠦ︾ ︽ | ᠨᠠᠮ ᠤᠨ ᠪᠠᠶᠢᠭᠤᠯᠤᠯᠲᠠ ᠶᠢ ᠳᠣᠪᠤᠶᠢᠯᠭᠠᠵᠤ᠂ ᠨᠠᠰᠤᠲᠠᠨ ᠢᠶᠠᠨ ᠬᠠᠶᠢᠷᠠᠯᠠᠨ ᠨᠠᠰᠤᠲᠠᠨ ᠢᠶᠠᠨ ᠬᠦᠨᠳᠦᠯᠡᠬᠦ ᠲᠠᠯ᠎ᠠ ᠪᠠᠷ | ᠪᠣᠳᠠᠲᠠᠶ ᠠᠷᠭ᠎ᠠ ᠬᠡᠮᠵᠢᠶ᠎ᠡ ᠠᠪᠬᠤ︾ ︽ᠠᠵᠢᠯ ᠤᠨ ᠬᠠᠮᠲᠤᠯᠢᠭ ᠢ ᠬᠠᠷᠠᠭᠠᠯᠵᠠᠨ᠂ ᠬᠠᠶᠢᠷ᠎ᠠ ᠬᠠᠯᠠᠮᠵᠢ ᠶᠢᠨ | ᠲᠠᠯ᠎ᠠ ᠪᠠᠷ ᠪᠣᠳᠠᠲᠠᠶ ᠠᠵᠢᠯ ᠬᠢᠬᠦ︾ ᠭᠤᠷᠪᠠᠨ ᠲᠠᠯ᠎ᠠ ᠪᠠᠷ ᠪᠠᠶᠢᠴᠠᠭᠠᠨ ᠰᠤᠳᠤᠯᠬᠤ ᠳᠤᠭᠤᠶᠢᠯᠠᠩ ᠳᠤ ᠣᠶᠢᠷ᠎ᠠ ᠶᠢᠨ | ᠵᠢᠯ ᠤᠨ ᠲᠤᠷᠰᠢᠬᠢ ᠨᠠᠢᠮᠠᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠤᠶᠢᠴᠢ | ᠦᠶ᠎ᠡ ᠶᠢᠨ ᠬᠢᠨ ᠢ ᠬᠠᠯᠠᠮᠵᠢᠯᠠᠬᠤ ᠪᠠ ︽ᠲᠠᠪᠤᠨ ᠠᠬᠠᠮᠠᠳ︾ ᠤᠨ ᠠᠵᠢᠯ ᠤᠨ ᠲᠠᠯ᠎ᠠ ᠪᠠᠷ ᠬᠢᠭᠰᠡᠨ ᠠᠵᠢᠯ ᠢ | ᠬᠠᠷᠢᠭᠤ ᠮᠡᠳᠡᠭᠦᠯᠬᠦ ᠶᠢᠨ ᠬᠠᠮᠲᠤ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠦᠷᠭᠦᠯᠵᠢᠯᠡᠨ ᠭᠦᠨᠵᠡᠭᠡᠶ ᠰᠤᠷᠤᠯᠴᠠᠵᠤ᠂ ᠨᠠᠩ ᠥᠨᠳᠥᠷ ᠵᠣᠭᠰᠣᠴᠠ᠂ ᠨᠠᠩ ᠶᠡᠭᠡ ᠡᠷᠡᠰ ᠵᠣᠷᠢᠭ᠂ ᠨᠠᠩ ᠪᠣᠳᠠᠲᠠᠶ | ᠠᠷᠭ᠎ᠠ ᠬᠡᠮᠵᠢᠶ᠎ᠡ ᠪᠠᠷ ᠨᠠᠰᠤᠲᠠᠨ ᠢᠶᠠᠨ ᠬᠠᠶᠢᠷᠠᠯᠠᠵᠤ᠂ ᠦᠨᠳᠦᠰᠦ ᠪᠤᠶᠢᠵᠢᠭᠤᠯᠵᠤ ᠴᠢᠬᠢ ᠪᠤᠶᠢᠵᠢᠭᠤᠯᠤᠨ᠂ ᠨᠠᠢᠮᠠᠨ ᠤ | ᠳᠣᠲᠣᠭᠠᠳᠤ ᠶᠢ ᠬᠠᠮᠠᠭᠠᠯᠠᠬᠤ ᠣᠨᠴᠠᠯᠢᠭ ᠲᠠᠢ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠨᠠᠷᠠᠲᠤ | ᠲᠡᠮᠳᠡᠭ ᠢ ᠲᠠᠰᠤᠷᠠᠯᠲᠠ ᠥᠬᠡᠶ ᠪᠣᠶ ᠪᠣᠯᠭᠠᠵᠤ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ | ᠵᠥᠪᠯᠡᠯ ᠤᠨ ᠠᠵᠢᠯ ᠤᠨ ᠰᠢᠨ᠎ᠡ ᠦᠷ᠎ᠡ ᠪᠦᠲᠦᠮᠵᠢ ᠪᠠᠷ ᠳᠣᠲᠣᠭᠠᠳᠤ ᠶᠢ ᠬᠠᠮᠠᠭᠠᠯᠠᠬᠤ ᠡᠯ᠎ᠡ ᠵᠦᠢᠯ ᠤᠨ ᠠᠵᠢᠯ ᠳᠤ | ᠬᠦᠴᠦᠨ ᠨᠡᠮᠡᠷᠢᠯᠡᠵᠦ ᠰᠢᠨ᠎ᠡ ᠠᠮᠵᠢᠯᠲᠠ ᠭᠠᠷᠭᠠᠨ᠎ᠠ ᠭᠡᠵᠦ ᠢᠯᠡᠳᠬᠡᠪᠡ᠃ | ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ | ᠱᠦᠵᠢ ᠬᠠᠨ ᠵᠠᠨ ᠹᠧᠩ ᠢᠯᠡᠷᠬᠡᠶᠢᠯᠡᠬᠦ ᠳᠡᠭᠡᠨ᠂ ᠲᠦᠩᠯᠢᠶᠣᠤ ᠬᠤᠲᠠ ᠶᠢᠨ ᠬᠤᠶᠢᠴᠢ ᠦᠶ᠎ᠡ ᠪᠠᠨ ᠬᠠᠯᠠᠮᠵᠢᠯᠠᠬᠤ | ᠠᠵᠢᠯ ᠤᠨ ᠵᠥᠪᠯᠡᠯ ᠤᠨ ᠪᠠᠶᠢᠴᠠᠭᠠᠨ ᠰᠤᠳᠤᠯᠬᠤ ᠳᠤᠭᠤᠶᠢᠯᠠᠩ ᠲᠣᠰ ᠤᠳᠠᠭᠠᠨ ᠤ ᠪᠠᠶᠢᠴᠠᠭᠠᠨ ᠰᠤᠳᠤᠯᠬᠤ | ᠠᠵᠢᠯ ᠤᠨ ᠨᠢᠭᠡᠳᠦᠭᠡᠷ ᠥᠷᠲᠡᠭᠡ ᠳᠤ ᠬᠦᠷᠴᠦ ᠪᠠᠶᠢᠭ᠎ᠠ ᠨᠢ ᠨᠠᠢᠮᠠᠨ ᠤ ᠬᠤᠶᠢᠴᠢ ᠦᠶ᠎ᠡ ᠪᠠᠨ ᠬᠠᠯᠠᠮᠵᠢᠯᠠᠬᠤ | ᠠᠵᠢᠯ ᠤᠨ ᠵᠥᠪᠯᠡᠯ ᠤᠨ ᠠᠵᠢᠯ ᠢ ᠨᠤᠲᠠᠯᠠᠭᠰᠠᠨ ᠪᠥᠭᠡᠳ ᠨᠠᠢᠮᠠᠨ ᠬᠤᠰᠢᠭᠤᠨ ᠤ ᠬᠤᠶᠢᠴᠢ ᠦᠶ᠎ᠡ ᠪᠠᠨ | ᠬᠠᠯᠠᠮᠵᠢᠯᠠᠬᠤ ᠠᠵᠢᠯ ᠤᠨ ᠵᠥᠪᠯᠡᠯ ᠤᠨ ᠠᠵᠢᠯ ᠢ ᠰᠢᠨ᠎ᠡ ᠳᠡᠭᠲᠡᠷ ᠲᠤ ᠭᠠᠷᠭᠠᠭᠰᠠᠨ ᠶᠠᠪᠤᠳᠠᠯ ᠪᠣᠯᠤᠨ᠎ᠠ ᠭᠡᠵᠡᠶ᠃ | ᠵᠠᠯᠭᠠᠭᠠᠳ᠂ ᠨᠠᠢᠮᠠᠨ ᠬᠤᠰᠢᠭᠤᠨ ᠤ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ᠦᠷᠭᠦᠯᠵᠢᠯᠡᠨ | ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ᠂ ᠠᠵᠢᠯ ᠤᠨ ᠪᠠᠲᠤᠯᠠᠭ᠎ᠠ ᠶᠢ ᠴᠢᠩᠭᠠᠳᠬᠠᠨ᠂ ᠪᠣᠳᠠᠲᠠᠶ ᠳᠤ | ᠰᠠᠭᠤᠷᠢᠯᠠᠵᠤ᠂ ᠨᠠᠷᠠᠲᠤ ᠲᠡᠮᠳᠡᠭᠲᠦ ᠶᠢ ᠪᠣᠶ ᠪᠣᠯᠭᠠᠵᠤ᠂ ᠠᠵᠢᠯ ᠤᠨ ᠣᠨᠴᠠᠯᠢᠭ ᠪᠠ ᠬᠢᠯᠠᠰ ᠴᠡᠭ ᠢ ᠳᠣᠪᠤᠶᠢᠯᠭᠠᠨ᠂ | ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠰᠢᠨ᠎ᠡ ᠪᠠᠶᠢᠳᠠᠯ ᠢ ᠢᠳᠡᠪᠬᠢᠲᠡᠶ ᠡᠭᠦᠳᠬᠦ ᠪᠣᠯᠤᠨ᠎ᠠ᠃ | | | |