ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ ᠨᠠᠶᠮᠠᠨ | ᠬᠤᠰᠢᠭᠤᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠶᠯᠡᠴᠢᠯᠡᠭᠡ ᠬᠢᠭᠡᠳ ᠲᠤᠭ᠎ᠠ | ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠴᠣ ᠰᠢᠨ᠎ᠡ ᠲᠡᠷᠢᠭᠦᠨ ᠵᠡᠷᠭᠡ ᠶᠢᠨ ᠵᠠᠰᠠᠭ ᠤᠨ ᠶᠠᠪᠤᠳᠠᠯ ᠤᠨ | ᠦᠶᠯᠡᠴᠢᠯᠡᠭᠡᠨ ᠤ ᠣᠷᠴᠢᠨ ᠨᠥᠬᠦᠴᠡᠯ ᠢ ᠪᠠᠶᠢᠭᠤᠯᠬᠤ ᠪᠠᠷ ᠬᠠᠷᠠᠯᠲᠠ ᠪᠣᠯᠭᠠᠵᠤ᠂ ᠦᠶᠯᠡᠴᠢᠯᠡᠭᠡᠨ ᠤ | ᠣᠶᠢᠯᠠᠭᠠᠭᠳᠠᠬᠤᠨ᠂ ᠠᠷᠭ᠎ᠠ᠂ ᠲᠣᠭᠲᠠᠴᠠ ᠵᠡᠷᠭᠡ ᠲᠠᠯ᠎ᠠ ᠪᠠᠷ ᠰᠢᠰᠲ᠋ᠧᠮ ᠲᠠᠢ ᠳᠠᠬᠢᠨ ᠴᠣᠭᠴᠠᠯᠠᠨ᠂ ᠲᠠᠰᠤᠷᠠᠯᠲᠠ | ᠥᠬᠡᠶ ᠲᠠᠰ ᠳᠡᠪᠰᠢᠭᠦᠯᠵᠦ᠂ ᠪᠠᠷᠢᠮᠵᠢᠶᠠᠵᠢᠭᠤᠯᠤᠯᠲᠠ ᠶᠢᠨ ᠪᠠᠶᠢᠭᠤᠯᠤᠯᠲᠠ ᠶᠢᠨ ︽ᠪᠠᠶᠢᠭᠤᠯᠤᠯ ᠲᠣᠭᠲᠠᠭᠠᠬᠤ︾ ᠶᠢ | ᠪᠠᠷᠢᠮᠲᠠᠯᠠᠨ᠂ ᠣᠷᠴᠢᠨ ᠨᠥᠬᠦᠴᠡᠯ ᠢ ᠨᠠᠩ ᠭᠤᠶᠣ ᠰᠠᠶᠢᠬᠠᠨ ᠪᠣᠯᠭᠠᠬᠤ ᠶᠢ ᠠᠬᠢᠭᠤᠯᠪᠠ︔ ᠳᠦᠷᠢᠮᠵᠢᠭᠰᠡᠨ | ᠪᠦᠲᠦᠭᠡᠨ ᠪᠠᠶᠢᠭᠤᠯᠤᠯᠲᠠ ᠶᠢᠨ ︽ᠣᠶᠤᠨ ᠤᠬᠠᠭᠠᠨ︾ ᠢ ᠨᠡᠮᠡᠭᠳᠡᠭᠦᠯᠬᠦ ᠶᠢᠨ ᠲᠥᠯᠥᠭᠡ᠂ ᠠᠵᠢᠯ ᠶᠠᠪᠤᠳᠠᠯ ᠢ ᠨᠠᠩ | ᠲᠦᠷᠭᠡᠨ ᠰᠢᠶᠳᠪᠦᠷᠢᠯᠡᠬᠦ ᠶᠢ ᠠᠬᠢᠭᠤᠯᠪᠠ︔ ᠪᠥᠲᠥᠭᠡᠨ ᠪᠠᠶᠢᠭᠤᠯᠤᠯᠲᠠ ᠶᠢᠨ ︽ᠶᠠᠰᠤ ᠴᠢᠨᠠᠷ ᠢ ᠳᠡᠭᠡᠭᠰᠢᠯᠡᠭᠦᠯᠬᠦ︾ | ᠶᠢᠨ ᠲᠥᠯᠥᠭᠡ᠂ ᠦᠶᠯᠡᠴᠢᠯᠡᠭᠡᠨ ᠤ ᠨᠠᠩ ᠰᠢᠯᠢᠳᠡᠭ ᠪᠣᠯᠬᠤ ᠶᠢ ᠠᠬᠢᠭᠤᠯᠪᠠ︔ ᠲᠣᠭᠠᠴᠢᠯᠠᠭᠰᠠᠨ ᠪᠥᠲᠥᠭᠡᠨ | ᠪᠠᠶᠢᠭᠤᠯᠤᠯᠲᠠ ᠳᠤ ︽ᠨᠡᠮᠡᠷᠢᠯᠡᠵᠦ︾᠂ ᠦᠷ᠎ᠡ ᠪᠦᠲᠦᠮᠵᠢ ᠨᠠᠩ ᠥᠨᠳᠥᠷ ᠪᠠᠶᠢᠬᠤ ᠶᠢ ᠠᠬᠢᠭᠤᠯᠵᠤ᠂ ᠵᠠᠰᠠᠭ ᠤᠨ | ᠶᠠᠪᠤᠳᠠᠯ ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠰᠢᠨ᠎ᠡ ᠰᠢᠪᠲᠤᠯᠤᠯᠲᠠ ᠲᠠᠢ ᠪᠣᠯᠬᠤ ᠶᠢ | ᠦᠷᠭᠦᠯᠵᠢᠯᠡᠨ ᠠᠬᠢᠭᠤᠯᠪᠠ᠃ |