ᠨᠠᠶᠮᠠᠨ ᠬᠤᠰᠢᠭᠤ᠄  ︽ᠲᠠᠪᠤ ᠶᠢ ᠨᠡᠮᠡᠬᠦ ︾ ᠠᠵᠢᠯ ᠤᠨ ᠠᠷᠭ᠎ᠠ ᠨᠢ ᠵᠠᠰᠠᠭ ᠤᠨ ᠣᠷᠳᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠪᠡ
ᠨᠡᠶᠢᠲᠡᠯᠡᠭᠰᠡᠨ ᠴᠠᠭ᠄
2024/12/6
      ᠣᠶᠢᠷ᠎ᠠ ᠶᠢᠨ ᠵᠢᠯ ᠳᠤ᠂ ᠨᠠᠶᠮᠠᠨ ᠬᠤᠰᠢᠭᠤ ᠬᠢᠨᠠᠯᠲᠠ ᠲᠠᠯᠪᠢᠬᠤ᠂ ᠨᠠᠷᠢᠯᠢᠭ ᠣᠨᠣᠪᠴᠢᠲᠠᠶ ᠬᠢᠨᠠᠯᠲᠠ ᠲᠠᠯᠪᠢᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠣᠶᠤᠨ ᠤᠬᠠᠭᠠᠨ᠂ ᠢᠲᠡᠭᠡᠮᠵᠢ᠂ ᠦᠶᠯᠡᠴᠢᠯᠡᠭᠡ᠂ ᠮᠥᠩᠭᠦᠨ ᠭᠦᠶᠯᠭᠡᠭᠡ᠂ ᠬᠢᠨᠠᠯᠲᠠ ᠬᠠᠮᠢᠶᠠᠷᠤᠯᠲᠠ + ᠵᠠᠰᠠᠭ ᠤᠨ ᠣᠷᠳᠣᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠵᠠᠰᠠᠭ ᠤᠨ ᠣᠷᠳᠣᠨ ᠤ ᠬᠤᠳᠠᠯᠳᠤᠨ ᠠᠪᠬᠤ ᠬᠦᠷᠢᠶᠡᠨ ᠳᠠᠬᠢ ︽ᠨᠢᠭᠤᠷ ᠵᠣᠯᠭᠠᠬᠤ ᠥᠬᠡᠶ ︾᠂ ︽ᠵᠦᠭᠡᠷ ᠭᠦᠶᠦᠯᠭᠡᠬᠦ ᠦᠭᠡᠢ︾᠂ ︽ᠰᠦᠶᠳᠬᠡᠯ ᠲᠤᠰᠢᠶᠠᠬᠤ ᠥᠬᠡᠶ︾ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠠᠬᠢᠭᠤᠯᠵᠤ᠂ ᠨᠢᠭᠤᠷ ᠵᠣᠯᠭᠠᠬᠤ ᠥᠬᠡᠶ ᠳᠠᠭᠠᠭᠠᠴᠢᠯᠠᠯᠲᠠ ᠨᠡᠶᠢᠲᠡᠯᠡᠬᠦ ᠨᠣᠷᠮ᠎ᠠ ᠶᠢ 100%᠂ ᠠᠯᠤᠰ ᠡᠵᠡᠮᠰᠢᠯ ᠢᠶᠠᠷ ᠣᠨᠳᠣᠤ ᠭᠠᠵᠠᠷ ᠲᠤ ᠳᠠᠭᠠᠭᠠᠴᠢᠯᠠᠯᠲᠠ ᠦᠨᠡᠯᠡᠬᠦ ᠨᠣᠷᠮ᠎ᠠ ᠶᠢ 100% ᠶᠢ ᠪᠡᠶᠡᠯᠡᠭᠦᠯᠵᠦ᠂ ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠷᠥᠯ ᠵᠦᠶᠯ ᠤᠨ ᠳᠠᠭᠠᠭᠠᠴᠢᠯᠠᠯᠲᠠ ᠬᠦᠯᠢᠶᠡᠬᠦ ᠪᠠᠲᠤᠯᠠᠭ᠎ᠠ ᠶᠢᠨ ᠮᠥᠩᠭᠦ᠂ ᠭᠡᠷ᠎ᠡ ᠭᠦᠶᠴᠡᠳᠬᠡᠬᠦ ᠪᠠᠲᠤᠯᠠᠭ᠎ᠠ ᠶᠢᠨ ᠮᠥᠩᠭᠦ᠂ ᠬᠤᠳᠠᠯᠳᠤᠨ ᠠᠪᠬᠤ ᠪᠢᠴᠢᠭ ᠮᠠᠲ᠋ᠧᠷᠢᠶᠠᠯ ᠤᠨ ᠬᠥᠯᠥᠰᠥ ᠥᠷᠲᠡᠭ ᠤᠨ ᠵᠠᠷᠤᠳᠠᠯ ᠢ ᠪᠥᠬᠦ ᠲᠠᠯ᠎ᠠ ᠪᠠᠷ ᠬᠦᠴᠦᠨ ᠥᠬᠡᠶ ᠪᠣᠯᠭᠠᠪᠠ︔ 2022 ᠣᠨ ᠳᠤ ᠵᠠᠰᠠᠭ ᠤᠨ ᠣᠷᠳᠣᠨ ᠤ ᠬᠤᠳᠠᠯᠳᠤᠨ ᠠᠪᠬᠤ ᠵᠢᠭᠡᠯᠡᠯᠭᠡ ᠵᠢᠴᠢ ᠤᠷᠢᠳᠴᠢᠯᠠᠨ ᠥᠭᠬᠦ ᠵᠣᠭᠤᠰᠣᠨ ᠤ ᠲᠦᠷᠢᠮ ᠢ ᠨᠠᠶᠢᠳᠠᠪᠤᠷᠢᠵᠢᠭᠤᠯᠤᠭᠰᠠᠨ ᠤ ᠳᠠᠷᠠᠭ᠎ᠠ᠂ ᠨᠡᠶᠢᠲᠡ 6 ᠬᠤᠪᠢ ᠵᠠᠰᠠᠭ ᠤᠨ ᠣᠷᠳᠣᠨ ᠤ ᠬᠤᠳᠠᠯᠳᠤᠨ ᠠᠪᠬᠤ ᠵᠢᠭᠡᠯᠡᠯᠭᠡ᠂ 783 ᠲᠦᠮᠡᠨ ᠲᠥᠭᠦᠷᠢᠭ ᠤᠨ ᠵᠢᠭᠡᠯᠡᠯᠭᠡ ᠶᠢᠨ ᠮᠥᠩᠭᠦ ᠶᠢ ᠪᠡᠶᠡᠯᠡᠭᠦᠯᠵᠦ᠂ ᠤᠷᠢᠳᠴᠢᠯᠠᠨ ᠥᠭᠬᠦ ᠵᠣᠭᠤᠰ 100 ᠰᠢᠬᠠᠮ ᠲᠥᠷᠥᠯ ᠵᠦᠶᠯ᠂ ᠤᠷᠢᠳᠴᠢᠯᠠᠨ ᠥᠭᠬᠦ ᠵᠣᠭᠤᠰ 3000 ᠭᠠᠷᠤᠶ ᠲᠦᠮᠡᠨ ᠲᠥᠭᠦᠷᠢᠭ ᠢ ᠪᠣᠯᠵᠣᠨ ᠲᠣᠭᠲᠠᠵᠠᠶ᠃
奈曼旗:“五加”工作法优化政府采购营商环境.png
 
ᠢᠷᠡᠯᠲᠡ᠄ ᠨᠠᠶᠮᠠᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06000874号