ᠨᠠᠶᠮᠠᠨ ᠬᠤᠰᠢᠭᠤᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠶᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ︽ᠳᠥᠷᠪᠡᠨ ᠣᠳᠣᠬᠢᠴᠢᠯᠠᠯᠲᠠ︾ ᠶᠢᠨ ᠦᠶᠯᠡᠴᠢᠯᠡᠭᠡᠨ ᠤ ᠰᠢᠨ᠎ᠡ ᠪᠠᠶᠢᠷᠢᠰᠢᠯ ᠢ ᠳᠠᠬᠢᠨ ᠴᠣᠭᠴᠠᠯᠠᠵᠤ ᠵᠠᠰᠠᠭ ᠤᠨ ᠶᠠᠪᠤᠳᠠᠯ ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠰᠢᠨ᠎ᠡ ᠰᠢᠪᠲᠤᠯᠤᠯᠲᠠ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2024/12/6
      ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ ᠨᠠᠶᠮᠠᠨ ᠬᠤᠰᠢᠭᠤᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠶᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠴᠣ ᠰᠢᠨ᠎ᠡ ᠲᠡᠷᠢᠭᠦᠨ ᠵᠡᠷᠭᠡ ᠶᠢᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠣᠷᠴᠢᠨ ᠨᠥᠬᠦᠴᠡᠯ ᠢ ᠪᠠᠶᠢᠭᠤᠯᠬᠤ ᠪᠠᠷ ᠬᠠᠷᠠᠯᠲᠠ ᠪᠣᠯᠭᠠᠵᠤ᠂ ᠦᠶᠯᠡᠴᠢᠯᠡᠭᠡᠨ ᠤ ᠣᠶᠢᠯᠠᠭᠠᠭᠳᠠᠬᠤᠨ᠂ ᠠᠷᠭ᠎ᠠ᠂ ᠲᠣᠭᠲᠠᠴᠠ ᠵᠡᠷᠭᠡ ᠲᠠᠯ᠎ᠠ ᠪᠠᠷ ᠰᠢᠰᠲ᠋ᠧᠮ ᠲᠠᠢ ᠳᠠᠬᠢᠨ ᠴᠣᠭᠴᠠᠯᠠᠨ᠂ ᠲᠠᠰᠤᠷᠠᠯᠲᠠ ᠥᠬᠡᠶ ᠲᠠᠰ ᠳᠡᠪᠰᠢᠭᠦᠯᠵᠦ᠂ ᠵᠠᠰᠠᠭ ᠤᠨ ᠶᠠᠪᠤᠳᠠᠯ ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠰᠢᠨ᠎ᠡ ᠰᠢᠪᠲᠤᠯᠤᠯᠲᠠ ᠲᠠᠢ ᠪᠣᠯᠬᠤ ᠶᠢ ᠳᠥᠯᠭᠢᠨ ᠠᠬᠢᠭᠤᠯᠪᠠ᠃       ᠪᠠᠷᠢᠮᠵᠢᠶᠠᠵᠢᠭᠰᠠᠨ ᠪᠦᠲᠦᠭᠡᠨ ᠪᠠᠶᠢᠭᠤᠯᠤᠯᠲᠠ ᠶᠢᠨ ︽ᠳᠦᠷᠢᠮ ᠲᠣᠭᠲᠠᠭᠠᠬᠤ︾ ᠶᠢᠨ ᠲᠥᠯᠥᠭᠡ᠂ ᠣᠷᠴᠢᠨ ᠲᠣᠭᠤᠷᠢᠨ ᠨᠠᠩ ᠭᠤᠶᠤ ᠪᠣᠯᠬᠤ ᠶᠢ ᠠᠬᠢᠭᠤᠯᠪᠠ᠃ ᠥᠯᠥ ᠬᠥᠳᠡᠯᠬᠦ ᠬᠥᠷᠥᠩᠭᠡ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ ᠶᠢᠨ ᠳᠠᠭᠠᠳᠬᠠᠯ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠵᠡᠷᠭᠡ 39 ᠰᠠᠯᠠᠭ᠎ᠠ ᠮᠥᠴᠢᠷ ᠤᠨ 1584 ᠵᠦᠶᠯᠡᠰ ᠢ ᠣᠷᠣᠭᠤᠯᠪᠠᠰᠤ ᠵᠣᠬᠢᠬᠤ ᠶᠢ ᠨᠢ ᠵᠠᠪᠠᠯ ᠣᠷᠣᠭᠤᠯᠬᠤ ᠶᠢ ᠪᠡᠶᠡᠯᠡᠭᠦᠯᠪᠡ᠃ ᠰᠠᠯᠠᠭ᠎ᠠ ᠮᠥᠴᠢᠷ ᠤᠨ ︽ᠲᠦᠷᠦᠭᠦᠦ ᠲᠥᠯᠥᠭᠡᠯᠡᠭᠴᠢ ᠶᠢᠨ ᠲᠦᠷᠢᠮ︾ ᠢ ᠪᠠᠶᠢᠭᠤᠯᠵᠤ᠂ ᠠᠩᠬ᠎ᠠ ᠠᠰᠠᠭᠤᠪᠠᠯ ᠬᠠᠷᠢᠭᠤᠴᠠᠬᠤ᠂ ᠨᠢᠭᠡ ᠯᠡ ᠤᠳᠠᠭ᠎ᠠ ᠳᠤ ᠮᠡᠳᠡᠭᠳᠡᠬᠦ᠂ ᠴᠠᠭ ᠬᠢᠵᠠᠭᠠᠷᠯᠠᠨ ᠭᠦᠶᠴᠡᠳᠬᠡᠵᠦ ᠳᠠᠭᠤᠰᠬᠠᠬᠤ᠂ ᠴᠠᠭ ᠬᠤᠶᠢᠰᠢᠯᠠᠭᠤᠯᠤᠨ ᠪᠣᠯᠵᠣᠬᠤ ᠵᠡᠷᠭᠡ ᠠᠵᠢᠯ ᠤᠨ ᠲᠦᠷᠢᠮ ᠢ ᠬᠡᠷᠡᠭᠵᠢᠭᠦᠯᠵᠦ᠂ ︽ᠨᠢᠭᠡ ᠴᠣᠩᠬᠤᠪᠴᠢ ᠮᠠᠶ᠋ᠢᠭ︾ ᠢᠶᠠᠷ ᠭᠥᠯᠢᠶᠡᠨ ᠠᠪᠴᠤ ᠰᠢᠶᠳᠪᠦᠷᠢᠯᠡᠬᠦ᠂ ︽ᠨᠢᠭᠡ ᠥᠷᠲᠡᠭᠡ ᠮᠠᠶ᠋ᠢᠭ︾ ᠢᠶᠠᠷ ᠬᠢᠨᠠᠨ ᠵᠥᠪᠰᠢᠶᠡᠷᠡᠬᠦ᠂ ︽ᠨᠢᠭᠡ ᠴᠣᠩᠬᠤᠪᠴᠢ ᠮᠠᠶ᠋ᠢᠭ︾ ᠢᠶᠠᠷ ᠦᠶᠯᠡᠴᠢᠯᠡᠬᠦ ᠠᠵᠢᠯᠯᠠᠭᠠᠨ ᠤ ᠵᠠᠭᠪᠤᠷ ᠢ ᠪᠠᠶᠢᠭᠤᠯᠤᠨ ᠲᠡᠭᠦᠯᠳᠡᠷᠵᠢᠭᠦᠯᠪᠡ᠃ ︽ᠠᠮᠠᠷᠬᠠᠨ ᠣᠶᠢᠯᠠᠭᠠᠬᠤ᠂ ᠠᠮᠠᠷᠬᠠᠨ ᠬᠡᠷᠡᠭᠯᠡᠬᠦ᠂ ᠨᠠᠷᠢᠯᠢᠭ ᠤᠨᠤᠪᠴᠢᠲᠠᠢ ᠪᠠᠶᠢᠬᠤ︾ ᠪᠠᠷ ᠪᠠᠷᠢᠮᠵᠢᠶ᠎ᠠ ᠪᠣᠯᠭᠠᠵᠤ᠂ ᠠᠵᠢᠯ ᠶᠠᠪᠤᠳᠠᠯ ᠡᠷᠬᠢᠯᠡᠬᠦ ᠵᠦᠭᠯᠡᠭᠦᠷ ᠵᠣᠬᠢᠶᠠᠵᠤ᠂ ᠡᠯᠧᠮᠧᠨ᠋ᠲ ᠤᠨ ᠨᠠᠷᠢᠯᠢᠭ ᠤᠨᠤᠪᠴᠢᠲᠠᠢ ᠪᠠᠶᠢᠬᠤ᠂ ᠴᠤᠪᠤᠷᠠᠯ ᠤᠨ ᠵᠢᠷᠤᠮᠵᠢᠭᠤᠨ ᠪᠠᠶᠢᠬᠤ ᠶᠢ ᠦᠨᠡᠨᠬᠦ ᠪᠠᠲᠤᠯᠠᠵᠤ᠂ ᠠᠵᠤ ᠠᠬᠤᠶᠢᠯᠠᠯ ᠤᠯᠠᠨ ᠲᠦᠮᠡᠨ ᠳᠤ ︽ᠦᠵᠡᠮᠡᠭᠴᠡ ᠣᠶᠢᠯᠠᠭᠠᠭᠤᠯᠵᠤ︾᠂ ︽ᠲᠠᠭᠯᠠᠪᠠᠯ ᠬᠠᠷᠭᠤᠭᠤᠯᠤᠭᠠᠳ︾᠂ ︽ᠨᠢᠭᠡ ᠬᠢᠨᠠᠯᠲᠠ ᠪᠠᠷ ᠥᠩᠭᠡᠷᠡᠭᠡᠬᠦ︾ ᠪᠣᠯᠭᠠᠵᠤ᠂ ᠨᠡᠩ ᠤᠯᠠᠨ ᠤᠴᠢᠷ ᠶᠠᠪᠤᠳᠠᠯ ᠢ ︽ᠭᠦᠶᠦᠯᠭᠡᠬᠦ ᠦᠭᠡᠢ ᠪᠠᠷ ᠳᠠᠷᠤᠢ ᠰᠢᠢᠳᠪᠦᠷᠢᠯᠡᠬᠦ︾᠂ ︽ᠨᠢᠭᠡ ᠯᠡ ᠤᠳᠠᠭ᠎ᠠ ᠳᠡᠭᠡᠷ᠎ᠡ ᠰᠠᠶᠢᠲᠤᠷ ᠰᠢᠢᠳᠪᠦᠷᠢᠯᠡᠬᠦ︾ ᠶᠢ ᠪᠡᠶᠡᠯᠡᠭᠦᠯᠪᠡ᠃       ᠳᠦᠷᠢᠮᠵᠢᠭᠰᠡᠨ ᠪᠦᠲᠦᠭᠡᠨ ᠪᠠᠶᠢᠭᠤᠯᠤᠯᠲᠠ ᠶᠢᠨ ︽ᠣᠶᠤᠨ ᠤᠬᠠᠭᠠᠨ︾ ᠢ ᠨᠡᠮᠡᠭᠳᠡᠭᠦᠯᠬᠦ ᠶᠢᠨ ᠲᠦᠯᠦᠭᠡ᠂ ᠠᠵᠢᠯ ᠶᠠᠪᠤᠳᠠᠯ ᠢ ᠨᠠᠩ ᠲᠦᠷᠭᠡᠨ ᠰᠢᠶᠳᠪᠦᠷᠢᠯᠡᠬᠦ ᠶᠢ ᠠᠬᠢᠭᠤᠯᠪᠠ᠃ ︽ᠪᠥᠬᠦ ᠣᠷᠣᠨ ᠳᠤ ᠨᠡᠶᠢᠳᠡᠮ ᠭᠦᠶᠴᠡᠳᠬᠡᠬᠦ ︾ ︽ᠮᠤᠵᠢ ᠠᠯᠤᠰᠯᠠᠨ ᠨᠡᠶᠢᠳᠡᠮ ᠭᠦᠶᠴᠡᠳᠬᠡᠬᠦ︾ ᠶᠢ ᠬᠦᠴᠦᠯᠡᠨ ᠠᠬᠢᠭᠤᠯᠵᠤ᠂ ᠱᠠᠨᠳᠦ᠋ᠩ ᠮᠤᠵᠢ ᠶᠢᠨ ᠶᠠᠩ ᠰᠢᠨ ᠰᠢᠶᠠᠨ᠂ ᠯᠢᠶᠣᠤᠨᠢᠩ ᠮᠤᠵᠢ ᠶᠢᠨ ᠹᠦᠰᠢᠨ ᠬᠤᠲᠠ᠂ ᠤᠯᠠᠭᠠᠨᠬᠤᠲᠠ᠂ ᠪᠠᠶ ᠴᠧᠩ ᠬᠤᠲᠠ᠂ ᠴᠢᠴᠢᠬᠠᠷ ᠬᠤᠲᠠ ᠵᠡᠷᠭᠡ ᠬᠤᠲᠠ ᠯᠤᠭ᠎ᠠ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ︽ᠮᠤᠵᠢ ︵ᠪᠥᠬᠦ ᠣᠷᠣᠨ︶ ᠠᠯᠤᠰᠯᠠᠨ ᠨᠡᠶᠢᠳᠡᠮ ᠭᠦᠶᠴᠡᠳᠬᠡᠬᠦ︾ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠪᠠ᠃ ᠡᠮᠴᠢᠯᠡᠭᠡ᠂ ᠨᠡᠶᠢᠭᠡᠮ ᠤᠨ ᠪᠠᠲᠤᠯᠠᠭ᠎ᠠ᠂ ᠳᠣᠲᠣᠭᠠᠳᠤ ᠶᠢ ᠬᠠᠮᠠᠭᠠᠯᠠᠬᠤ᠂ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠵᠡᠷᠭᠡ ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ ᠣᠯᠠᠨ ᠲᠦᠮᠡᠨ ᠤ ᠠᠮᠢᠳᠤᠷᠠᠯ ᠯᠤᠭ᠎ᠠ ᠨᠢᠭᠲᠠ ᠬᠤᠯᠪᠣᠭ᠎ᠠ ᠲᠠᠢ ︽ᠮᠣᠵᠢ ᠠᠯᠤᠰᠯᠠᠨ ᠨᠡᠶᠢᠳᠡᠮ ᠭᠦᠶᠴᠡᠳᠬᠡᠬᠦ︾ ᠦᠶᠯᠡᠴᠢᠯᠡᠭᠡᠨ ᠤ ᠵᠦᠶᠯᠡᠰ 312 ᠵᠦᠶᠯ᠂ ︽ᠪᠥᠬᠦ ᠣᠷᠣᠨ ᠳᠤ ᠨᠡᠶᠢᠳᠡᠮ ᠭᠦᠶᠴᠡᠳᠬᠡᠬᠦ︾ ᠵᠦᠶᠯᠡᠰ 103 ᠵᠦᠶᠯ ᠢ ᠭᠤᠤᠯᠳᠠᠯᠭ᠎ᠠ ᠲᠠᠢ ᠡᠮᠬᠢᠯᠡᠵᠦ᠂ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠰᠦᠯᠵᠢᠶ᠎ᠡ ᠪᠠᠷ ᠳᠠᠮᠵᠢᠭᠤᠯᠤᠨ ᠨᠡᠶᠢᠭᠡᠮ ᠳᠤ ᠢᠯᠡ ᠨᠡᠶᠢᠲᠡᠯᠡᠪᠡ᠃ ᠠᠵᠤ ᠠᠬᠤᠶᠢᠯᠠᠯ ᠣᠯᠠᠨ ᠲᠦᠮᠡᠨ ᠤ ᠠᠵᠢᠯ ᠶᠠᠪᠤᠳᠠᠯ ᠭᠦᠶᠴᠡᠳᠬᠡᠬᠦ ᠬᠠᠨᠤᠮᠵᠢ ᠶᠢᠨ ᠬᠡᠮᠵᠢᠶ᠎ᠡ ᠪᠠ ᠬᠦᠷᠲᠡᠮᠵᠢ ᠶᠢᠨ ᠲᠥᠷᠥᠭᠳᠡᠯ ᠢ ᠦᠷᠭᠦᠯᠵᠢᠯᠡᠨ ᠳᠡᠭᠡᠭᠰᠢᠯᠡᠭᠦᠯᠪᠡ᠃       ᠪᠥᠲᠥᠭᠡᠨ ᠪᠠᠶᠢᠭᠤᠯᠤᠯᠲᠠ ᠶᠢᠨ ︽ᠶᠠᠰᠤ ᠴᠢᠨᠠᠷ ᠢ ᠳᠡᠭᠡᠭᠰᠢᠯᠡᠭᠦᠯᠬᠦ︾ ᠶᠢᠨ ᠲᠦᠯᠦᠭᠡ᠂ ᠦᠶᠯᠡᠴᠢᠯᠡᠭᠡᠨ ᠤ ᠨᠠᠩ ᠰᠢᠯᠢᠳᠡᠭ ᠪᠣᠯᠬᠤ ᠶᠢ ᠠᠬᠢᠭᠤᠯᠪᠠ᠃ ᠵᠠᠰᠠᠭ ᠤᠨ ᠶᠠᠪᠤᠳᠠᠯ ᠤᠨ ᠶᠡᠭᠡ ᠲᠢᠩᠬᠢᠮ ᠳᠤ ︽ᠭᠦᠶᠴᠡᠳᠬᠡᠵᠦ ᠳᠡᠶᠢᠯᠬᠦ ᠥᠬᠡᠶ ᠪᠣᠯ ᠲᠤᠰᠬᠠᠬᠤ︾ ᠴᠣᠩᠬᠤᠪᠴᠢ ︽ᠦᠨᠡᠨᠴᠢ ᠢᠲᠡᠭᠡᠮᠵᠢ ᠶᠢᠨ ᠬᠦᠰᠡᠯ ᠱᠠᠭᠠᠷᠳᠠᠯᠭ᠎ᠠ︾ ᠶᠢᠨ ᠴᠣᠩᠬᠤᠪᠴᠢ ᠭᠠᠷᠭᠠᠵᠤ᠂ ᠰᠠᠨᠠᠯ ᠰᠠᠨᠠᠭᠤᠯᠭ᠎ᠠ ᠶᠢ ᠥᠷᠭᠡᠨ ᠢᠶᠠᠷ ᠴᠤᠭᠯᠠᠭᠤᠯᠤᠨ᠂ ︽ᠣᠯᠠᠨ ᠲᠦᠮᠡᠨ ᠤ ᠦᠨᠡᠯᠡᠯᠲᠡ ᠶᠢᠨ ᠴᠣᠩᠬᠤᠪᠴᠢ︾ ᠪᠠᠷ ᠬᠢᠨᠠᠨ ᠵᠥᠪᠰᠢᠶᠡᠷᠡᠬᠦ ᠦᠶᠯᠡᠴᠢᠯᠡᠭᠡᠨ ᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢ ᠠᠬᠢᠭᠤᠯᠵᠤ᠂ ︽ᠠᠵᠤ ᠠᠬᠤᠶᠢᠯᠠᠯ ᠤᠨ ᠦᠨᠡᠯᠡᠯᠲᠡ ᠶᠢᠨ ᠰᠠᠯᠠᠭ᠎ᠠ ᠮᠥᠴᠢᠷ︾ ᠢᠶᠠᠷ ᠬᠢᠨᠠᠨ ᠵᠥᠪᠰᠢᠶᠡᠷᠡᠬᠦ ᠦᠶᠯᠡᠴᠢᠯᠡᠭᠡᠨ ᠤ ᠠᠰᠠᠭᠤᠳᠠᠯ ᠢ ᠴᠠᠭ ᠲᠤᠬᠠᠶ ᠳᠤᠨᠢ ᠰᠢᠶᠳᠪᠦᠷᠢᠯᠡᠬᠦ ᠶᠢ  ᠠᠬᠢᠭᠤᠯᠪᠠ᠃ ᠡᠯ᠎ᠡ ᠴᠣᠩᠬᠤᠪᠴᠢ ᠨᠢᠭᠡᠴᠢ ᠶᠢᠨ ᠨᠢᠭᠡᠳᠦᠭᠡᠷ ᠬᠠᠷᠢᠭᠤᠴᠠᠯᠭᠠᠲᠠᠨ ᠤ ︽ᠴᠤᠪᠤᠷᠠᠯ︾ ᠢᠶᠠᠷ ᠶᠠᠪᠤᠬᠤ᠂ ᠬᠢᠨᠠᠨ ᠵᠥᠪᠰᠢᠶᠡᠷᠡᠬᠦ ᠠᠯᠪᠠᠨ ᠬᠡᠷ ᠤᠨ ᠡᠷᠬᠢᠯᠡᠭᠴᠢ ᠶᠢᠨ ︽ᠴᠣᠩᠬᠤᠪᠴᠢ ᠳᠤ ᠰᠠᠭᠤᠬᠤ︾ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠦᠶᠯᠡᠴᠢᠯᠡᠭᠡᠨ ᠤ ᠬᠦᠴᠦᠨ ᠴᠢᠳᠠᠪᠤᠷᠢ ᠶᠢ ᠰᠢᠯᠢᠳᠡᠭᠵᠢᠭᠦᠯᠦᠨ ᠳᠡᠭᠡᠭᠰᠢᠯᠡᠭᠦᠯᠬᠦ ᠪᠠᠷ ᠳᠠᠮᠵᠢᠭᠤᠯᠤᠨ᠂ ᠣᠯᠠᠨ ᠲᠦᠮᠡᠨ ᠢ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠢᠩᠬᠢᠮ ᠳᠤ ︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠭᠦᠶᠴᠡᠳᠬᠡᠬᠦ︾ ᠶᠢ ᠦᠨᠡᠨᠬᠦ ᠪᠡᠶᠡᠯᠡᠭᠦᠯᠪᠡ᠃       ᠲᠣᠭᠠᠴᠢᠯᠠᠭᠰᠠᠨ ᠪᠦᠲᠦᠭᠡᠨ ᠪᠠᠶᠢᠭᠤᠯᠤᠯᠲᠠ ᠳᠤ ︽ᠨᠡᠮᠡᠷᠢᠯᠡᠵᠦ︾᠂ ᠦᠷ᠎ᠡ ᠪᠦᠲᠦᠮᠵᠢ ᠨᠠᠩ ᠥᠨᠳᠥᠷ ᠪᠣᠯᠬᠤ ᠶᠢ ᠠᠬᠢᠭᠤᠯᠪᠠ᠃ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠶᠯᠡᠴᠢᠯᠡᠭᠡ︾ ᠶᠢ ᠭᠦᠨᠵᠡᠭᠡᠶᠢᠷᠡᠭᠦᠯᠵᠦ᠂ ᠲᠤᠭ᠎ᠠ ᠪᠠᠷᠢᠮᠲᠠ ᠪᠠ ᠮᠡᠷᠭᠡᠵᠢᠯ ᠢᠶᠠᠷ ᠴᠢᠳᠠᠪᠤᠷᠢ ᠣᠯᠭᠤᠬᠤ ᠶᠢ ᠴᠢᠩᠭᠠᠷᠠᠭᠤᠯᠤᠨ᠂ ︽ᠨᠢᠭᠡ ᠰᠦᠯᠵᠢᠶ᠎ᠡ ᠪᠠᠷ ᠭᠦᠶᠴᠡᠳᠬᠡᠬᠦ︾ ᠶᠢ ᠶᠡᠬᠡᠪᠡᠷ ᠬᠡᠷᠡᠭᠵᠢᠭᠦᠯᠵᠦ᠂ ᠡᠯ᠎ᠡ ᠲᠥᠷᠥᠯ ᠤᠨ ᠲᠤᠭ᠎ᠠ ᠪᠠᠷᠢᠮᠲᠠ ᠶᠢ ᠣᠯᠠᠨ ᠢᠷᠡᠯᠲᠡ ᠠᠴᠠ ᠬᠤᠷᠠᠮᠳᠤᠭᠤᠯᠬᠤ᠂ ᠭᠦᠨᠵᠡᠭᠡᠶ ᠠᠭᠤᠰᠤᠯᠴᠠᠬᠤ᠂ ᠠᠮᠤᠷ ᠲᠦᠪᠰᠢᠨ ᠢ ᠡᠵᠡᠮᠳᠡᠬᠦ ᠪᠠ ᠪᠦᠲᠦᠮᠵᠢᠲᠡᠶ ᠬᠠᠮᠲᠤᠪᠠᠷ ᠭᠥᠷᠳᠡᠬᠦ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠡᠯᠧᠺᠲᠷᠣᠨ ᠭᠡᠷᠡᠴᠢ ᠦᠨᠡᠮᠯᠡᠯ ᠤᠨ ᠰᠢᠰᠲ᠋ᠧᠮ ᠳᠤ 75 ᠲᠥᠷᠥᠯ ᠤᠨ ᠭᠡᠷᠡᠴᠢ ᠦᠨᠡᠮᠯᠡᠯ ︵ᠴᠣᠬᠤᠯᠠᠪᠤᠷᠢ ᠪᠢᠴᠢᠭ︶ ᠤᠨ ᠲᠤᠭ᠎ᠠ ᠪᠠᠷᠢᠮᠲᠠ ᠶᠢ ᠪᠢᠴᠢᠵᠦ ᠣᠷᠣᠭᠤᠯᠤᠨ᠂ ᠨᠡᠶᠢᠲᠡ 158910 ᠬᠤᠪᠢ ᠬᠤᠷᠠᠮᠳᠤᠭᠤᠯᠵᠤ᠂ 610492 ᠬᠤᠪᠢ ᠪᠥᠭᠡᠮ ᠢᠶᠠᠷ ᠲᠠᠮᠠᠭ᠎ᠠ ᠳᠠᠷᠤᠵᠤ᠂ ᠪᠣᠶ ᠪᠥᠬᠦᠶ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ ᠰᠦᠯᠵᠢᠶᠡᠨ ᠳᠡᠭᠡᠷ᠎ᠡ ᠭᠦᠶᠴᠡᠳᠬᠡᠵᠦ ᠪᠣᠯᠬᠤ ᠨᠣᠷᠮ᠎ᠠ ᠶᠢ 100% ᠳᠤ ᠬᠦᠷᠦᠭᠦᠯᠪᠡ᠃ ᠦᠶᠯᠡᠴᠢᠯᠡᠭᠡᠨ ᠤ ᠠᠵᠤ ᠠᠬᠤᠶᠢᠯᠠᠯ᠂ ᠣᠯᠠᠨ ᠲᠦᠮᠡᠨ ᠤ ︽ᠤᠶᠤᠨᠴᠢᠯᠠᠬᠤ︾ ᠬᠢᠷᠢ ᠲᠦᠪᠰᠢᠨ ᠢ ᠳᠡᠭᠡᠭᠰᠢᠯᠡᠭᠦᠯᠵᠦ᠂ 769 ᠵᠦᠶᠯ ᠤᠨ ᠵᠠᠰᠠᠭ ᠤᠨ ᠶᠠᠪᠤᠳᠠᠯ  ᠤᠨ ᠦᠶᠯᠡᠴᠢᠯᠡᠭᠡᠨ ᠤ ᠵᠦᠶᠯᠡᠰ ᠢ ︽ᠮᠥᠩᠬᠡ ᠰᠤᠪᠠᠭ︾ APP ᠳᠤ ᠵᠠᠯᠭᠠᠨ ᠣᠷᠣᠭᠤᠯᠵᠤ᠂ ᠣᠯᠠᠨ ᠲᠦᠮᠡᠨ ᠤ ᠡᠳᠦᠷ ᠲᠤᠲᠤᠮ ᠤᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠥᠨᠳᠥᠷ ᠳᠠᠪᠲᠠᠮᠵᠢᠲᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠨᠠᠩ ᠣᠯᠠᠨ ᠵᠦᠶᠯᠡᠰ ᠢ ︽ᠠᠯᠠᠭᠠᠨ ᠳᠡᠭᠡᠷ᠎ᠡ ᠪᠠᠨ ᠭᠦᠶᠴᠡᠳᠬᠡᠵᠦ ᠪᠣᠯᠬᠤ︾ ᠶᠢ ᠪᠡᠶᠡᠯᠡᠭᠦᠯᠪᠡ᠃
 
ᠢᠷᠡᠯᠲᠡ᠄ ᠨᠠᠶᠮᠠᠨ ᠬᠤᠰᠢᠭᠤᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠶᠯᠡᠴᠢᠯᠡᠭᠡ ᠬᠢᠭᠡᠳ ᠲᠤᠭ᠎ᠠ ᠪᠠᠷᠢᠮᠳ᠋᠊
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06000874号