ᠨᠠᠶᠮᠠᠨ ᠬᠤᠰᠢᠭᠤᠨ ᠤ ᠳᠠᠭᠠᠭᠠᠴᠢᠯᠠᠯᠲᠠ ᠦᠨᠡᠯᠡᠬᠦ ᠬᠢᠨᠠᠨ ᠲᠣᠭᠲᠠᠭᠠᠬᠤ ᠭᠡᠷᠡᠴᠢᠯᠡᠬᠦ ᠦᠶᠯᠡᠴᠢᠯᠡᠭᠡ ︽ᠵᠢᠷᠭᠤᠭ᠎ᠠ ᠶᠢ ᠲᠠᠰᠢᠷᠠᠮ ᠢᠶᠠᠷ︾ ᠢᠯᠡ ᠪᠠᠷ ᠠᠷᠠᠯᠵᠢᠶᠠᠯᠠᠬᠤ ᠲᠠᠪᠴᠠᠩ ᠢ ᠪᠠᠶᠢᠭᠤᠯᠪᠠ
ᠨᠡᠶᠢᠲᠡᠯᠡᠭᠰᠡᠨ ᠴᠠᠭ᠄
2024/12/6
      ᠳᠠᠭᠠᠭᠠᠴᠢᠯᠠᠯᠲᠠ ᠦᠨᠡᠯᠡᠬᠦ ᠠᠵᠢᠯ ᠢ ᠨᠠᠩ ᠡᠷᠬᠡ ᠲᠡᠭᠰᠢ᠂ ᠲᠥᠪ ᠭᠤᠤᠯᠴᠢ ᠪᠠᠷ ᠥᠷᠨᠢᠭᠦᠯᠬᠦ ᠶᠢ ᠪᠠᠲᠤᠯᠠᠵᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠨᠠᠩ ᠰᠢᠯᠢᠳᠡᠭ ᠪᠣᠯᠭᠠᠬᠤ ᠶᠢᠨ ᠲᠥᠯᠥᠭᠡ᠂ ᠲᠦᠩᠯᠢᠶᠣᠤ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠤᠨ ᠨᠠᠶᠮᠠᠨ ᠬᠤᠰᠢᠭᠤᠨ ᠤ ᠬᠤᠪᠢᠶᠠᠷᠢ ᠲᠥᠪ ᠨᠢ ᠳᠠᠭᠠᠭᠠᠴᠢᠯᠠᠯᠲᠠ ᠦᠨᠡᠯᠡᠬᠦ ᠬᠢᠨᠠᠨ ᠲᠣᠭᠲᠠᠭᠠᠬᠤ ᠡᠯ᠎ᠡ ᠭᠤᠭᠴᠤᠭ᠎ᠠ ᠶᠢᠨ ᠭᠡᠷᠡᠴᠢᠯᠡᠬᠦ ᠠᠵᠢᠯ ᠳᠤ ᠲᠠᠰᠤᠷᠠᠯᠲᠠ ᠥᠬᠡᠶ ᠰᠢᠨ᠎ᠡ ᠶᠢ ᠡᠭᠦᠳᠦᠭᠰᠡᠡᠨ ᠪᠦᠭᠡᠳ ᠥᠭᠡᠷᠡᠴᠢᠯᠡᠨ ᠰᠠᠶᠢᠵᠢᠷᠠᠭᠤᠯᠵᠤ᠂ ᠳᠠᠭᠠᠭᠠᠴᠢᠯᠠᠯᠲᠠ ᠦᠨᠡᠯᠡᠬᠦ ᠬᠢᠨᠠᠨ ᠲᠣᠭᠲᠠᠭᠠᠬᠤ ᠲᠥᠪ ᠭᠤᠤᠯᠴᠢ ᠴᠢᠨᠠᠷ ᠢ ᠴᠢᠩᠭᠠᠳᠬᠠᠬᠤ ᠪᠠᠷ ᠴᠢᠬᠤᠯᠠ ᠭᠠᠷᠳᠠᠴᠠ ᠪᠣᠯᠭᠠᠵᠤ᠂ ᠳᠠᠭᠠᠭᠠᠴᠢᠯᠠᠯᠲᠠ ᠦᠨᠡᠯᠡᠬᠦ ︽ᠭᠤᠷᠪᠠ ᠶᠢ ᠲᠣᠬᠢᠶᠠᠯᠳᠤᠯ ᠢᠶᠠᠷ ᠬᠢᠬᠦ︾ ᠰᠠᠭᠤᠷᠢᠨ ᠳᠡᠭᠡᠷ᠎ᠡ᠂ ᠳᠠᠭᠠᠭᠠᠴᠢᠯᠠᠯᠲᠠ ᠦᠨᠡᠯᠡᠬᠦ ᠬᠢᠨᠠᠨ ᠲᠣᠭᠲᠠᠭᠠᠬᠤ ᠪᠠ ᠭᠡᠷᠡᠴᠢᠯᠡᠬᠦ ᠦᠶᠯᠡᠴᠢᠯᠡᠭᠡᠨ ᠤ ︽ᠵᠢᠷᠭᠤᠭ᠎ᠠ ᠶᠢ ᠲᠠᠰᠢᠷᠠᠮ ᠢᠶᠠᠷ︾ ᠵᠠᠭᠪᠤᠷ ᠢ ᠢᠳᠡᠪᠬᠢᠲᠡᠶ ᠬᠡᠷᠡᠭᠵᠢᠭᠦᠯᠵᠦ᠂ ᠨᠠᠩ ᠥᠨᠳᠥᠷ ᠪᠦᠲᠦᠮᠵᠢᠲᠡᠶ᠂ ᠳᠥᠭᠦᠮ ᠳᠥᠲᠡ᠂ ᠢᠯᠡ ᠲᠣᠳᠣ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠢ ᠪᠠᠶᠢᠭᠤᠯᠪᠠ᠃       ᠳᠠᠭᠠᠭᠠᠴᠢᠯᠠᠯᠲᠠ ᠦᠨᠡᠯᠡᠬᠦ ᠶᠢ ᠬᠢᠨᠠᠨ ᠲᠣᠭᠲᠠᠭᠠᠵᠤ ᠭᠡᠷᠡᠴᠢᠯᠡᠬᠦ ᠦᠶᠯᠡᠴᠢᠯᠡᠭᠡᠨ ᠤ ︽ᠵᠢᠷᠭᠤᠭ᠎ᠠ ᠶᠢ ᠲᠠᠰᠢᠷᠠᠮ ᠢᠶᠠᠷ︾ ᠵᠠᠭᠪᠤᠷ ᠭᠡᠳᠡᠭ ᠨᠢ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠢ ᠲᠠᠯᠠᠪᠤᠷ  ᠲᠤ ᠣᠷᠣᠭᠤᠯᠤᠨ ᠠᠷᠠᠯᠵᠢᠶᠠᠯᠠᠬᠤ ᠦᠶ᠎ᠡ ᠳᠤ ᠲᠥᠷᠥᠯ ᠵᠦᠶᠯ ᠤᠨ ᠬᠠᠷᠢᠭᠤᠴᠠᠯᠭᠠᠲᠠᠨ ᠢ ᠲᠠᠰᠢᠷᠠᠮ ᠳᠠᠭᠠᠤ  ᠬᠤᠪᠢᠶᠠᠷᠢᠯᠠᠬᠤ᠂ ᠠᠯᠤᠰ ᠡᠵᠡᠮᠰᠢᠯ ᠢᠶᠠᠷ ᠣᠨᠳᠣᠤ ᠭᠠᠵᠠᠷ ᠲᠤ ᠳᠠᠭᠠᠭᠠᠴᠢᠯᠠᠯᠲᠠ ᠦᠨᠡᠯᠡᠬᠦ ᠳᠡᠳ᠋ ᠲᠠᠯᠠᠪᠠᠶ ᠶᠢ ᠲᠠᠰᠢᠷᠠᠮ ᠢᠶᠠᠷ ᠰᠤᠩᠭᠤᠬᠤ᠂ ᠲᠤᠰᠬᠠᠶ ᠮᠡᠷᠭᠡᠵᠢᠯᠲᠡᠨ ᠤ ᠬᠥᠮᠥᠷᠭᠡ ᠳᠤ ᠳᠠᠭᠠᠭᠠᠴᠢᠯᠠᠯᠲᠠ ᠦᠨᠡᠯᠡᠬᠦ ᠶᠢ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠢ ᠲᠠᠰᠢᠷᠠᠮ ᠢᠶᠠᠷ ᠰᠤᠩᠭᠤᠬᠤ᠂ ᠳᠠᠭᠠᠭᠠᠴᠢᠯᠠᠯᠲᠠ ᠦᠨᠡᠯᠡᠬᠦ ᠰᠢᠰᠲ᠋ᠧᠮ ᠳᠤ ᠲᠤᠰᠬᠠᠶ ᠮᠡᠷᠭᠡᠵᠢᠯᠲᠡᠨ ᠤ ᠬᠢᠨᠠᠨ ᠲᠣᠭᠲᠠᠭᠠᠬᠤ ᠰᠠᠭᠤᠳᠠᠯ ᠢ ᠲᠠᠰᠢᠷᠠᠮ ᠢᠶᠠᠷ ᠲᠤᠭᠲᠠᠭᠠᠬᠤ᠂ ᠳᠠᠭᠠᠭᠠᠴᠢᠯᠠᠯᠲᠠ ᠨᠡᠶᠢᠲᠡᠯᠡᠬᠦ ᠶᠢ ᠭᠡᠷᠡᠴᠢᠯᠡᠬᠦ ᠠᠵᠢᠯᠲᠠᠨ ᠢ ᠲᠠᠰᠢᠷᠠᠮ ᠢᠶᠠᠷ ᠲᠤᠭᠲᠠᠭᠠᠬᠤ᠂ ᠳᠠᠭᠠᠭᠠᠴᠢᠯᠠᠯᠲᠠ ᠦᠨᠡᠯᠡᠬᠦ ᠶᠢ ᠭᠡᠷᠡᠴᠢᠯᠡᠬᠦ ᠠᠵᠢᠯᠲᠠᠨ ᠢ ᠲᠠᠰᠢᠷᠠᠮ ᠵᠶ᠋ᠠᠷ‌‍ᠲ᠋ᠣᠭᠲᠠᠭᠠᠬᠤ ᠶᠢ ᠵᠢᠭᠠᠵᠤ ᠪᠣᠶ᠃       ᠳᠠᠭᠠᠭᠠᠴᠢᠯᠠᠯᠲᠠ ᠦᠨᠡᠯᠡᠬᠦ ᠶᠢ ᠬᠢᠨᠠᠨ ᠲᠣᠭᠲᠠᠭᠠᠵᠤ ᠭᠡᠷᠡᠴᠢᠯᠡᠬᠦ ᠦᠶᠯᠡᠴᠢᠯᠡᠭᠡᠨ ᠤ ︽ᠵᠢᠷᠭᠤᠭ᠎ᠠ ᠶᠢ ᠲᠠᠰᠢᠷᠠᠮ ᠢᠶᠠᠷ︾ ᠵᠠᠭᠪᠤᠷ ᠪᠣᠯ ᠳᠠᠭᠠᠭᠠᠴᠢᠯᠠᠯᠲᠠ ᠦᠨᠡᠯᠡᠬᠦ ︽ᠭᠤᠷᠪᠠ ᠶᠢ ᠲᠠᠰᠢᠷᠠᠮ ᠳᠠᠭᠠᠤ ᠬᠢᠬᠦ︾ ᠵᠠᠭᠪᠤᠷ ᠤᠨ ᠰᠠᠭᠤᠷᠢᠨ ᠳᠡᠭᠡᠷ᠎ᠡ ᠪᠠᠬᠢᠵᠢᠭᠦᠯᠬᠦ ᠪᠠ ᠳᠡᠭᠡᠭᠰᠢᠯᠡᠭᠦᠯᠬᠦ ᠪᠣᠯᠤᠨ᠎ᠠ᠃ ᠡᠶᠢᠮᠦᠷᠬᠦ ︽ᠲᠠᠰᠢᠷᠠᠮ ᠤᠨ ᠴᠢᠨᠠᠷ︾ ᠢᠶᠠᠷ ᠳᠠᠮᠵᠢᠭᠤᠯᠤᠨ᠂ ᠡᠯ᠎ᠡ ᠲᠠᠯ᠎ᠠ ᠶᠢᠨ ᠠᠷᠠᠯᠵᠢᠶ᠎ᠠ ᠶᠢᠨ ᠭᠤᠤᠯ ᠴᠣᠭᠴᠠ ᠶᠢ ᠳᠠᠭᠠᠭᠠᠴᠢᠯᠠᠯᠲᠠ ᠦᠨᠡᠯᠡᠵᠦ ᠬᠢᠨᠠᠨ ᠲᠣᠭᠲᠠᠭᠠᠵᠤ ᠭᠡᠷᠡᠴᠢᠯᠡᠬᠦ ᠦᠶᠯᠡᠴᠢᠯᠡᠭᠡᠨ ᠤ ᠠᠵᠢᠯ ᠤᠨ ᠡᠮᠦᠨ᠎ᠡ ︽ᠲᠣᠭᠲᠠᠭᠠᠯᠲᠤ ᠴᠢᠨᠠᠷ︾ ᠲᠠᠢ ᠪᠠᠶᠢᠯᠭᠠᠬᠤ ᠥᠬᠡᠶ ᠪᠣᠯᠭᠠᠵᠤ᠂ ᠡᠯ᠎ᠡ ᠲᠠᠯ᠎ᠠ ᠶᠢᠨ ᠠᠷᠠᠯᠵᠢᠶ᠎ᠠ ᠶᠢᠨ ᠭᠤᠤᠯ ᠴᠣᠭᠴᠠ ᠶᠢᠨ ᠴᠢᠬᠡᠴᠢ ᠵᠠᠰᠠᠭ ᠤᠨ ᠲᠦᠭᠰᠢᠭᠦᠷᠢ ᠶᠢ ᠪᠠᠭᠤᠷᠠᠭᠤᠯᠬᠤ ᠶᠢᠨ ᠬᠠᠮᠲᠤ᠂ ᠳᠠᠭᠠᠭᠠᠴᠢᠯᠠᠯᠲᠠ ᠦᠨᠡᠯᠡᠵᠦ ᠬᠢᠨᠠᠨ ᠲᠣᠭᠲᠠᠭᠠᠬᠤ ︽ᠲᠠᠪᠤ ᠶᠢ ᠰᠠᠯᠭᠠᠬᠤ︾ ᠶᠢ ᠨᠠᠶᠢᠳᠠᠪᠤᠷᠢᠵᠢᠭᠤᠯᠵᠤ᠂ ᠡᠯ᠎ᠡ ᠲᠠᠯ᠎ᠠ ᠶᠢᠨ ᠭᠤᠤᠯ ᠴᠣᠭᠴᠠ ᠶᠢ ᠣᠷᠣᠨ ᠵᠠᠶ ᠶᠢᠨ ᠲᠠᠯ᠎ᠠ ᠪᠠᠷ ᠰᠠᠯᠭᠠᠵᠤ᠂ ᠠᠳᠠᠯᠢ ᠪᠤᠰᠤ ᠣᠷᠣᠨ ᠪᠦᠰᠡ ᠶᠢᠨ ᠬᠥᠮᠦᠰ ᠬᠠᠷᠢᠯᠴᠠᠨ ︽ᠬᠦᠷᠦᠯᠴᠡᠬᠦ ᠥᠬᠡᠶ︾ ᠪᠠᠶᠢᠵᠤ᠂ ᠳᠠᠭᠠᠭᠠᠴᠢᠯᠠᠯᠲᠠ ᠦᠨᠡᠯᠡᠵᠦ ᠬᠢᠨᠠᠨ ᠲᠣᠭᠲᠠᠭᠠᠬᠤ ᠲᠥᠪ ᠭᠤᠤᠯᠴᠢ ᠴᠢᠨᠠᠷ ᠪᠠ ᠢᠯᠡ ᠲᠣᠳᠣ ᠶᠢᠨ ᠬᠡᠮᠵᠢᠶ᠎ᠡ ᠶᠢ ᠨᠡᠮᠡᠭᠳᠡᠭᠦᠯᠵᠦ᠂ ᠣᠯᠠᠨ ᠨᠡᠶᠢᠲᠡ  ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠬᠦ ᠶᠢ ᠪᠦᠲᠦᠮᠵᠢᠲᠡᠶ ᠠᠬᠢᠭᠤᠯᠪᠠ᠃       ᠲᠠᠷᠠᠭᠠᠴᠢ ᠶᠢᠨ ᠠᠯᠬᠤᠮ ᠳᠤ᠂ ᠨᠠᠶᠮᠠᠨ ᠬᠤᠰᠢᠭᠤᠨ ᠤ ᠬᠤᠪᠢᠶᠠᠷᠢ ᠲᠥᠪ ᠨᠢ ᠦᠷᠭᠦᠯᠵᠢᠯᠡᠨ ᠨᠡᠷᠡᠨ ᠭᠡᠷᠡᠯᠲᠦ ᠠᠷᠠᠯᠵᠢᠶᠠᠨ ᠤ ᠲᠠᠪᠴᠠᠩ ᠤᠨ ᠪᠠᠶᠢᠭᠤᠯᠤᠯᠲᠠ ᠪᠠᠷ ᠭᠤᠤᠯ ᠣᠶᠢᠯᠠᠭᠠᠭᠳᠠᠬᠤᠨ ᠪᠠ ᠬᠠᠷᠠᠯᠲᠠ ᠪᠣᠯᠭᠠᠵᠤ᠂ ᠠᠷᠠᠯᠵᠢᠶᠠᠨ ᠤ ᠭᠤᠤᠯ ᠴᠣᠭᠴᠠ ᠳᠤ ᠨᠠᠩ ᠴᠢᠨᠠᠷ ᠰᠠᠶᠢᠲᠠᠶ᠂ ᠥᠨᠳᠥᠷ ᠪᠦᠲᠦᠮᠵᠢᠲᠡᠶ ᠦᠶᠯᠡᠴᠢᠯᠡᠭᠡ ᠬᠠᠩᠭᠠᠵᠤ᠂ ᠠᠷᠠᠯᠵᠢᠶᠠᠨ ᠤ ᠭᠤᠤᠯ ᠴᠣᠭᠴᠠ ᠶᠢᠨ ᠬᠦᠷᠲᠡᠮᠵᠢ ᠶᠢᠨ ᠲᠥᠷᠥᠭᠳᠡᠯ ᠪᠠ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠵᠦ ᠂ ᠨᠠᠩ ᠡᠷᠬᠡ ᠲᠡᠭᠰᠢ ᠲᠥᠪ ᠭᠤᠤᠯᠴᠢ᠂ ᠨᠡᠷᠡᠨ ᠭᠡᠷᠡᠯᠲᠦ ᠥᠨᠳᠥᠷ ᠪᠦᠲᠦᠮᠵᠢᠲᠡᠶ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠣᠶ ᠪᠣᠯᠭᠠᠵᠤ᠂ ᠠᠷᠠᠯᠵᠢᠶᠠᠨ ᠤ ᠵᠠᠬ᠎ᠠ ᠳᠡᠯᠭᠡᠭᠦᠷ ᠤᠨ ᠡᠷᠬᠡ ᠲᠡᠭᠰᠢ ᠪᠠᠷ ᠥᠷᠢᠰᠥᠯᠳᠦᠬᠦ ᠶᠢ ᠠᠬᠢᠭᠤᠯᠬᠤ ᠳᠤ ᠬᠦᠴᠦᠲᠡᠶ ᠪᠠᠲᠤᠯᠠᠭ᠎ᠠ ᠬᠠᠩᠭᠠᠨ᠎ᠠ᠃
 
ᠢᠷᠡᠯᠲᠡ᠄ ᠲᠦᠩᠯᠢᠶᠣᠤ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠤᠨ ᠨᠠᠶᠮᠠᠨ ᠬᠤᠰᠢᠭᠤᠨ ᠤ ᠬᠤᠪᠢᠶᠠᠷᠢ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06000874号