ᠨᠠᠶᠮᠠᠨ ᠬᠤᠰᠢᠭᠤᠨ ᠤ ︽ᠨᠢᠭᠤᠷ ᠵᠤᠯᠭᠤᠬᠤ ᠦᠭᠡᠢ ᠳᠠᠭᠠᠭᠠᠴᠢᠯᠠᠯᠲᠠ ᠦᠨᠡᠯᠡᠬᠦ ᠴᠤᠪᠤᠷᠠᠯ ᠤᠨ ᠵᠢᠯᠣᠭᠤᠳᠣᠯᠭ᠎ᠠ︾ ᠨᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠳᠠᠭᠠᠭᠠᠴᠢᠯᠠᠯᠲᠠ ᠦᠨᠡᠯᠡᠬᠦ ᠶᠢ ᠨᠠᠩ ᠢᠯᠡ ᠲᠣᠳᠣ  ᠪᠤᠯᠭᠠᠪᠠ
ᠨᠡᠶᠢᠲᠡᠯᠡᠭᠰᠡᠨ ᠴᠠᠭ᠄
2024/12/6
      ᠳᠠᠭᠠᠭᠠᠴᠢᠯᠠᠯᠲᠠ ᠰᠢᠯᠭᠠᠷᠠᠭᠤᠯᠬᠤ ᠺᠣᠮᠢᠰ ᠤᠨ ᠪᠦᠷᠢᠯᠳᠦᠬᠦᠨ ᠨᠢ ᠳᠠᠭᠠᠭᠠᠴᠢᠯᠠᠯᠲᠠ ᠰᠢᠯᠭᠠᠷᠠᠭᠤᠯᠬᠤ ᠭᠤᠭᠴᠤᠭ᠎ᠠ ᠶᠢᠨ ᠴᠢᠬᠤᠯᠠ ᠭᠤᠤᠯ ᠴᠣᠭᠴᠠ ᠪᠣᠯᠤᠭᠰᠠᠨ ᠤ ᠬᠤᠪᠢ ᠳᠤ᠂ ᠳᠠᠭᠠᠭᠠᠴᠢᠯᠠᠯᠲᠠ ᠰᠢᠯᠭᠠᠷᠠᠭᠤᠯᠬᠤ ᠦᠷ᠎ᠡ ᠳ᠋ᠦᠩ ᠤᠨ ᠡᠷᠬᠡ ᠲᠡᠭᠰᠢ ᠲᠥᠪ ᠭᠤᠤᠯᠴᠢ ᠴᠢᠨᠠᠷ ᠲᠤ ᠲᠤᠶᠢᠯ ᠤᠨ ᠴᠢᠬᠤᠯᠠ ᠦᠶᠯᠡᠳᠦᠯ ᠦᠵᠡᠭᠦᠯᠵᠦ ᠪᠠᠶᠢᠳᠠᠭ᠃ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠣᠭᠠᠴᠢᠯᠠᠯᠲᠠ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠳᠠᠭᠠᠯᠳᠤᠨ᠂ ᠮᠠᠰᠢ ᠣᠯᠠᠨ ︽ᠰᠢᠯᠭᠠᠷᠠᠭᠤᠯᠬᠤ ᠺᠣᠮᠢᠰ ᠤᠨ ᠭᠡᠰᠢᠭᠦᠨ︾ ᠳᠤ ᠳᠠᠭᠠᠭᠠᠴᠢᠯᠠᠯᠲᠠ ᠦᠨᠡᠯᠡᠬᠦ ᠡᠯᠧᠺᠲᠷᠣᠨ ᠲᠠᠰ ᠳᠠᠷᠠᠭᠠᠯᠠᠯ ᠤᠨ ᠠᠵᠢᠯᠯᠠᠭᠠᠨ ᠨᠢ ᠪᠣᠯᠪᠠᠰᠤᠷᠠᠩᠭᠤᠶ ᠪᠤᠰᠤ ᠪᠠᠶᠢᠬᠤ ᠠᠰᠠᠭᠤᠳᠠᠯ ᠣᠷᠣᠰᠢᠵᠤ᠂ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠤᠨ ᠠᠵᠢᠯᠲᠠᠨ ᠵᠢᠭᠠᠨ ᠵᠢᠯᠣᠭᠤᠳᠪᠠᠯ ᠰᠠᠶ᠋ᠢ ᠲᠠᠰ ᠳᠠᠷᠠᠭᠠᠯᠠᠯ ᠶᠣᠰᠣᠭᠠᠷ ᠬᠢᠨᠠᠨ ᠲᠣᠭᠲᠠᠭᠠᠬᠤ ᠶᠢ ᠪᠡᠶᠡᠯᠡᠭᠦᠯᠵᠦ ᠴᠢᠳᠠᠨ᠎ᠠ᠃ ᠭᠡᠲᠡᠯ᠎ᠡ ︽ᠴᠤᠪᠤᠷᠠᠯ ᠤᠨ ᠵᠢᠯᠣᠭᠤᠳᠣᠯᠭ᠎ᠠ︾ ᠶᠢ ᠬᠡᠷᠬᠢᠨ ᠥᠷᠨᠢᠭᠦᠯᠬᠦ ᠮᠥᠷᠲᠡᠭᠡᠨ ᠪᠠᠰᠠ ᠲᠤᠬᠠᠶᠢᠯᠠᠭᠰᠠᠨ ᠠᠵᠢᠯ ᠤᠨ ᠠᠵᠢᠯᠲᠠᠨ ᠨᠢ ᠰᠢᠯᠭᠠᠷᠠᠭᠤᠯᠬᠤ ᠺᠣᠮᠢᠰ ᠤᠨ ᠭᠡᠰᠢᠭᠦᠨ ᠲᠠᠢ ᠣᠶᠢᠷᠠᠳᠬᠤ ᠠᠴᠠ ᠵᠠᠶᠢᠯᠠᠰᠬᠢᠵᠦ᠂ ᠳᠠᠭᠠᠭᠠᠴᠢᠯᠠᠯᠲᠠ ᠦᠨᠡᠯᠡᠬᠦ ᠠᠵᠢᠯ  ᠤᠨ ᠠᠷᠢᠭᠤᠨ ᠴᠢᠬᠡᠴᠢ ᠴᠢᠨᠠᠷ ᠢ ᠪᠠᠲᠤᠯᠠᠬᠤ ᠪᠣᠯ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠳᠠᠭᠠᠭᠠᠴᠢᠯᠠᠯᠲᠠ ᠦᠨᠡᠯᠡᠵᠦ ᠰᠢᠯᠭᠠᠷᠠᠭᠤᠯᠬᠤ ᠠᠵᠢᠯ ᠤᠨ ᠨᠢᠭᠡᠨ ︽ᠬᠠᠭᠤᠴᠢᠨ ᠬᠦᠴᠢᠷ ᠠᠰᠠᠭᠤᠳᠠᠯ︾ ᠪᠣᠯᠬᠤ ᠪᠥᠭᠡᠳ ᠪᠠᠰᠠ ᠴᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢᠨ ᠨᠢᠭᠡᠨ ᠭᠤᠤᠯᠳᠠᠯᠭ᠎ᠠ  ᠲᠠᠢ ᠠᠰᠠᠭᠤᠳᠠᠯ ᠪᠣᠯᠤᠨ᠎ᠠ᠃ ᠡᠨᠡ ᠬᠦ ᠠᠰᠠᠭᠤᠳᠠᠯ ᠢ ᠰᠢᠶᠳᠪᠦᠷᠢᠯᠡᠬᠦ ᠶᠢᠨ ᠲᠥᠯᠥᠭᠡ᠂ ᠲᠦᠩᠯᠢᠶᠣᠤ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠤᠨ ᠨᠠᠶᠮᠠᠨ ᠬᠤᠰᠢᠭᠤᠨ ᠤ ᠬᠤᠪᠢᠶᠠᠷᠢ ᠲᠥᠪ ᠨᠢ ︽ᠲᠣᠭᠠᠴᠢᠯᠠᠯᠲᠠ ᠪᠠᠷ ᠬᠥᠳᠡᠯᠭᠡᠭᠦᠷ ᠪᠣᠯᠭᠠᠵᠤ᠂ ᠣᠶᠤᠨᠴᠢᠯᠠᠭᠰᠠᠨ ᠬᠥᠭᠵᠢᠯᠲᠡ︾ ᠶᠢᠨ ᠭᠤᠤᠯ ᠣᠨᠣᠯᠵᠢᠬᠤᠨ ᠢ ᠪᠠᠷᠢᠮᠲᠠᠯᠠᠵᠤ᠂ ︽ᠨᠢᠭᠤᠷ ᠵᠣᠯᠭᠠᠬᠤ ᠥᠬᠡᠶ ᠪᠠᠷ ᠳᠠᠭᠠᠭᠠᠴᠢᠯᠠᠯᠲᠠ ᠦᠨᠡᠯᠡᠬᠦ ᠴᠤᠪᠤᠷᠠᠯ ᠤᠨ ᠵᠢᠯᠣᠭᠤᠳᠣᠯᠭ᠎ᠠ︾ ᠶᠢᠨ ᠠᠵᠢᠯ ᠤᠨ ᠰᠢᠨ᠎ᠡ ᠵᠠᠭᠪᠤᠷ ᠢ ᠰᠢᠨ᠎ᠡ ᠪᠠᠷ ᠡᠭᠦᠳᠴᠦ᠂ ᠡᠨᠡ ᠬᠦ ᠬᠦᠴᠢᠷ ᠠᠰᠠᠭᠤᠳᠠᠯ ᠢ ᠪᠦᠲᠦᠮᠵᠢᠲᠡᠶ ᠰᠢᠶᠳᠪᠦᠷᠢᠯᠡᠵᠦ᠂ ᠨᠠᠶᠮᠠᠨ ᠬᠤᠰᠢᠭᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠳᠠᠭᠠᠭᠠᠴᠢᠯᠠᠯᠲᠠ ᠦᠨᠡᠯᠡᠬᠦ ᠶᠢ ︽ᠲᠣᠭᠠᠴᠢᠯᠠᠯᠲᠠ᠂ ᠣᠶᠤᠨᠴᠢᠯᠠᠯᠲᠠ︾ ᠶᠢᠨ ᠴᠢᠭᠯᠡᠯ ᠳᠠᠰᠢ ᠤᠷᠤᠭᠰᠢᠯᠠᠬᠤ ᠶᠢ ᠠᠬᠢᠭᠤᠯᠪᠠ᠃       ᠰᠢᠯᠭᠠᠷᠠᠭᠤᠯᠬᠤ ᠺᠣᠮᠢᠰ ᠤᠨ ᠭᠡᠰᠢᠭᠦᠨ ᠰᠢᠯᠭᠠᠷᠠᠭᠤᠯᠬᠤ ᠶᠠᠪᠤᠴᠠ ᠳᠤ ᠠᠵᠢᠯᠯᠠᠬᠤ ᠶᠠᠪᠤᠴᠠ ᠨᠢ ︽ᠲᠡᠭᠡᠭᠯᠡᠬᠦ ︾ ᠦᠶ᠎ᠡ ᠳᠤ᠂ ᠠᠪᠢᠶ᠎ᠠ ᠬᠠᠷᠭᠤᠭᠤᠯᠬᠤ ᠰᠢᠰᠲ᠋ᠧᠮ ᠢᠶᠠᠷ ᠳᠠᠮᠵᠢᠭᠤᠯᠤᠨ ︽ᠴᠤᠪᠤᠷᠠᠯ ᠤᠨ ᠵᠢᠯᠣᠭᠤᠳᠣᠯᠭ᠎ᠠ︾ ᠶᠢᠨ ᠭᠤᠶᠤᠴᠢᠯᠠᠯ ᠭᠠᠷᠭᠠᠵᠤ ᠪᠣᠯᠤᠨ᠎ᠠ᠂ ᠠᠵᠢᠯᠲᠠᠨ ᠭᠤᠶᠤᠴᠢᠯᠠᠯ ᠢ ᠣᠯᠤᠭᠰᠠᠨ ᠤ ᠳᠠᠷᠠᠭ᠎ᠠ᠂ ᠰᠢᠯᠭᠠᠷᠠᠭᠤᠯᠬᠤ ᠲᠣᠭᠤᠷᠢᠭ ᠲᠤ ᠣᠷᠣᠬᠤ ᠴᠢᠬᠤᠯᠠ ᠥᠬᠡᠶ᠂ ᠡᠯᠧᠺᠲᠷᠣᠨ ᠳᠡᠯᠭᠡᠴᠡ ᠪᠠᠷ ᠰᠢᠯᠭᠠᠷᠠᠭᠤᠯᠬᠤ ᠺᠣᠮᠢᠰ ᠤᠨ ᠺᠣᠮᠫᠢᠦ᠋ᠲ᠋ᠧᠷ ᠤᠨ ᠰᠢᠷᠡᠭᠡᠨ ᠨᠢᠭᠤᠷ ᠢ ᠠᠯᠤᠰ ᠠᠴᠠ ᠦᠵᠡᠵᠦ ᠪᠣᠯᠤᠨ᠎ᠠ ᠃ ᠡᠭᠦᠨ ᠤ ᠬᠠᠮᠲᠤ᠂ ᠠᠵᠢᠯᠲᠠᠳ ᠠᠪᠢᠶ᠎ᠠ ᠪᠠᠷ ᠶᠠᠷᠢᠯᠴᠠᠬᠤ ᠲᠥᠬᠦᠭᠡᠷᠦᠮᠵᠢ ᠪᠠᠷ ᠰᠢᠯᠭᠠᠷᠠᠭᠤᠯᠬᠤ ᠺᠣᠮᠢᠰ ᠤᠨ ᠭᠡᠰᠢᠭᠦᠳ ᠲᠠᠢ ᠴᠠᠭ ᠲᠤᠬᠠᠶ ᠳᠤᠨᠢ ᠶᠠᠷᠢᠯᠴᠠᠨ ᠨᠡᠪᠲᠡᠷᠡᠯᠴᠡᠵᠦ᠂ ︽ᠬᠤᠷᠢᠭ᠎ᠠ ᠴᠡᠭ︾ ᠢ ᠲᠣᠳᠣᠷᠬᠠᠶᠢᠯᠠᠨ᠂ ᠰᠢᠶᠳᠪᠦᠷᠢᠯᠡᠬᠦ ᠵᠠᠷᠯᠢᠭ ᠪᠠᠭᠤᠯᠭᠠᠵᠤ᠂ ᠰᠢᠯᠭᠠᠷᠠᠭᠤᠯᠬᠤ ᠺᠣᠮᠢᠰ ᠤᠨ ᠭᠡᠰᠢᠭᠦᠳ ᠢ ᠬᠠᠪᠰᠤᠷᠤᠨ ᠠᠵᠢᠯ ᠤᠨ ᠶᠠᠪᠤᠴᠠ ᠶᠢᠨ ︽ᠬᠦᠴᠢᠷ ᠠᠰᠠᠭᠤᠳᠠᠯ︾ ᠢ ᠰᠢᠶᠳᠪᠦᠷᠢᠯᠡᠵᠦ ᠪᠣᠯᠤᠨ᠎ᠠ᠃ ᠡᠨᠡ ᠶᠠᠪᠤᠴᠠ ᠳᠤ᠂ ᠠᠵᠢᠯᠲᠠᠨ ᠰᠢᠯᠭᠠᠷᠠᠭᠤᠯᠬᠤ ᠺᠣᠮᠢᠰ ᠤᠨ ᠺᠣᠮᠫᠢᠦ᠋ᠲ᠋ᠧᠷ ᠤᠨ ᠮᠠᠦ᠋ᠰ ᠤᠨ ᠳᠠᠷᠤᠪᠴᠢ ᠶᠢ ᠬᠡᠷᠡᠭᠯᠡᠵᠦ ᠳᠡᠢᠯᠬᠦ ᠦᠭᠡᠢ᠂ ᠵᠥᠪᠬᠡᠨ ᠠᠪᠢᠶ᠎ᠠ ᠪᠠᠷ ᠳᠠᠮᠵᠢᠨ ᠵᠢᠭᠠᠨ ᠵᠢᠯᠣᠭᠤᠳᠤᠨ᠎ᠠ᠃ ᠶᠠᠷᠢᠯᠴᠠᠭ᠎ᠠ ᠨᠢ ᠴᠥᠮ ︽ᠲᠠᠭᠤ ᠬᠤᠭᠤᠯᠠᠶ ᠶᠢ ᠥᠷᠭᠡᠳᠬᠡᠨ ᠲᠠᠭᠤ ᠶᠢ ᠳᠡᠭᠡᠭᠰᠢᠯᠡᠭᠦᠯᠬᠦ ᠥᠬᠡᠶ︾ ᠵᠠᠭᠪᠤᠷ ᠢᠶᠠᠷ ᠶᠠᠪᠤᠭᠳᠠᠵᠤ᠂ ᠵᠢᠯᠣᠭᠤᠳᠬᠤ ᠶᠠᠪᠤᠴᠠ ᠨᠢ ᠴᠥᠮ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨᠠᠯᠲᠠ ᠳᠣᠤᠷ᠎ᠠ ᠶᠠᠪᠤᠭᠳᠠᠵᠤ᠂ ᠰᠣᠯᠢᠯᠴᠠᠭᠠᠨ ᠤ ᠶᠠᠪᠤᠴᠠ ᠶᠢ ᠴᠥᠮ ᠬᠢᠨᠠᠨ ᠡᠵᠡᠮᠳᠡᠬᠦ ᠬᠠᠷᠠᠭᠠᠨ ᠳᠠᠪᠲᠠᠮᠵᠢ ᠳᠤ ᠲᠡᠮᠳᠡᠭᠯᠡᠵᠦ᠂ ᠦᠭᠡ ᠶᠠᠷᠢᠶ᠎ᠠ ᠦᠶᠯᠡ ᠠᠵᠢᠯᠯᠠᠭ᠎ᠠ ᠶᠢ ᠴᠥᠮ ᠢᠯᠡ ᠪᠣᠯᠭᠠᠵᠤ᠂ ︽ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ︾ ᠶᠢ ᠬᠤᠷᠢᠭᠯᠠᠭᠰᠠᠨ ᠢᠶᠠᠷ ᠪᠠᠷᠠᠬᠤ ᠥᠬᠡᠶ᠂ ᠳᠠᠭᠠᠭᠠᠴᠢᠯᠠᠯᠲᠠ ᠦᠨᠡᠯᠡᠬᠦ ᠦᠷ᠎ᠡ ᠪᠦᠲᠦᠮᠵᠢ᠂ ᠲᠥᠪ ᠭᠤᠤᠯᠴᠢ ᠴᠢᠨᠠᠷ ᠪᠠ ᠢᠯᠡ ᠲᠣᠳᠣ ᠶᠢᠨ ᠬᠡᠮᠵᠢᠶ᠎ᠡ ᠶᠢ ᠴᠦ ᠲᠤᠶᠢᠯ ᠤᠨ ᠶᠡᠭᠡ  ᠪᠠᠷ ᠳᠡᠭᠡᠭᠰᠢᠯᠡᠭᠦᠯᠵᠡᠶ᠃    ︽ᠳᠠᠭᠠᠭᠠᠴᠢᠯᠠᠯᠲᠠ ᠦᠨᠡᠯᠡᠬᠦ ᠴᠤᠪᠤᠷᠠᠯ ᠤᠨ ᠵᠢᠯᠣᠭᠤᠳᠣᠯᠭ᠎ᠠ ᠲᠠᠢ ᠠᠭᠤᠯᠵᠠᠬᠤ ᠥᠬᠡᠶ︾ ᠪᠠᠶᠢᠬᠤ ᠶᠢ ᠬᠡᠷᠡᠭᠵᠢᠭᠦᠯᠵᠦ᠂ ᠵᠢᠩᠬᠢᠨᠢ ᠤᠳᠬ᠎ᠠ ᠠᠭᠤᠯᠭ᠎ᠠ ᠳᠡᠭᠡᠷᠡᠬᠢ ᠳᠠᠭᠠᠭᠠᠴᠢᠯᠠᠯᠲᠠ ᠦᠨᠡᠯᠡᠬᠦ ᠰᠢᠯᠭᠠᠷᠠᠭᠤᠯᠬᠤ ︽ᠲᠠᠪᠤᠨ ᠲᠠᠯ᠎ᠠ ᠶᠢ ᠰᠠᠯᠭᠠᠬᠤ︾ ᠶᠢ ᠪᠡᠶᠡᠯᠡᠭᠦᠯᠪᠡ᠃ ᠡᠯ᠎ᠡ ᠲᠠᠯ᠎ᠠ ᠶᠢᠨ ᠠᠷᠠᠯᠵᠢᠶᠠᠨ ᠤ ᠭᠤᠤᠯ ᠴᠣᠭᠴᠠ ᠨᠢ ᠹᠢᠽᠢᠺ ᠤᠨ ᠲᠠᠯ᠎ᠠ ᠪᠠᠷ ᠲᠤᠰᠠᠭᠠᠷᠯᠠᠬᠤ ᠪᠠ ᠲᠠᠷᠠᠬᠠᠶ ᠪᠤᠲᠠᠷᠬᠠᠶ ᠪᠠᠶᠢᠬᠤ ᠶᠢ ᠪᠡᠶᠡᠯᠡᠭᠦᠯᠦᠭᠰᠡᠨ ᠮᠥᠷᠲᠡᠭᠡᠨ ᠪᠠᠰᠠ ᠤᠯᠠᠮᠵᠢᠯᠠᠯᠲᠤ ᠵᠠᠭᠪᠤᠷ ᠳᠣᠤᠷ᠎ᠠ ︽ᠴᠤᠪᠤᠷᠠᠯ ᠤᠨ ᠵᠢᠯᠣᠭᠤᠳᠣᠯᠭ᠎ᠠ︾ ᠶᠢ ᠰᠢᠶᠳᠪᠦᠷᠢᠯᠡᠬᠦ ᠳᠤ ᠠᠵᠢᠯᠲᠠᠨ ᠢ ᠳᠠᠭᠠᠭᠠᠴᠢᠯᠠᠯᠲᠠ ᠦᠨᠡᠯᠡᠬᠦ ᠲᠣᠭᠤᠷᠢᠭ ᠲᠤ ︽ᠨᠠᠭᠠᠯᠳᠤᠭᠤᠯᠬᠤ︾ ᠪᠠᠷ ᠵᠢᠭᠠᠨ ᠵᠢᠯᠣᠭᠤᠳᠣᠭᠤᠯᠵᠤ᠂ ᠳᠠᠭᠠᠭᠠᠴᠢᠯᠠᠯᠲᠠ ᠦᠨᠡᠯᠡᠬᠦ ᠡᠯ᠎ᠡ ᠲᠠᠯ᠎ᠠ ᠶᠢᠨ ᠭᠤᠤᠯ ᠴᠣᠭᠴᠠ ᠶᠢᠨ ︽ᠪᠥᠬᠦ ᠶᠠᠪᠤᠴᠠ ᠳᠤ ᠠᠭᠤᠯᠵᠠᠬᠤ ᠥᠬᠡᠶ︾ ᠪᠠᠶᠢᠬᠤ ᠶᠢ ᠪᠡᠶᠡᠯᠡᠭᠦᠯᠵᠦ᠂ ︽ᠰᠡᠮᠡᠭᠡᠷ ᠶᠠᠷᠢᠯᠴᠠᠬᠤ︾ ᠪᠠ  ︽ᠲᠠᠨᠢᠯ ᠬᠥᠮᠦᠨ ᠤ ᠦᠶᠯᠡᠳᠦᠯ︾ ᠢ ᠪᠦᠲᠦᠮᠵᠢᠲᠡᠶ ᠬᠤᠷᠢᠭᠯᠠᠵᠤ᠂ ᠳᠠᠭᠠᠭᠠᠴᠢᠯᠠᠯᠲᠠ ᠦᠨᠡᠯᠡᠬᠦ ᠠᠵᠢᠯ ᠤᠨ ᠪᠡᠶ᠎ᠡ ᠪᠠᠨ ᠳᠠᠭᠠᠭᠠᠬᠤ ᠴᠢᠨᠠᠷ ᠪᠠ ᠪᠤᠰᠤᠳᠴᠢ ᠴᠢᠨᠠᠷ ᠢ ᠲᠤᠶᠢᠯ ᠤᠨ ᠶᠡᠭᠡ ᠪᠠᠷ ᠳᠡᠭᠡᠭᠰᠢᠯᠡᠭᠦᠯᠪᠡ᠃ ᠣᠳᠣᠬᠠᠨ ᠪᠣᠯᠲᠠᠯ᠎ᠠ᠂ ᠨᠠᠶᠮᠠᠨ ᠬᠤᠰᠢᠭᠤᠨ ᠤ 527 ᠵᠦᠶᠯ ᠤᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠪᠠ ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠷᠥᠯ ᠵᠦᠶᠯ ᠤᠨ ᠳᠠᠭᠠᠭᠠᠴᠢᠯᠠᠯᠲᠠ ᠦᠨᠡᠯᠡᠬᠦ  ᠳᠤ ︽ᠨᠢᠭᠤᠷ ᠵᠣᠯᠭᠠᠬᠤ ᠥᠬᠡᠶ ᠪᠠᠷ ᠳᠠᠭᠠᠭᠠᠴᠢᠯᠠᠯᠲᠠ ᠦᠨᠡᠯᠡᠬᠦ ᠴᠤᠪᠤᠷᠠᠯ ᠤᠨ ᠵᠢᠯᠣᠭᠤᠳᠣᠯᠭ᠎ᠠ︾ ᠶᠢᠨ ᠰᠢᠨ᠎ᠡ ᠵᠠᠭᠪᠤᠷ ᠢ ᠬᠡᠷᠡᠭᠯᠡᠵᠦ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠲᠤ ︽ᠵᠠᠭᠠᠯᠳᠤᠯᠭ᠎ᠠ ᠥᠬᠡᠶ︾ ᠪᠠᠶᠢᠬᠤ ᠶᠢ ᠪᠡᠶᠡᠯᠡᠭᠦᠯᠪᠡ᠃    ︽ᠨᠢᠭᠤᠷ ᠤᠴᠠᠷᠠᠬᠤ ᠥᠬᠡᠶ ᠪᠠᠷ ᠳᠠᠭᠠᠭᠠᠴᠢᠯᠠᠯᠲᠠ ᠰᠢᠯᠭᠠᠷᠠᠭᠤᠯᠬᠤ ᠴᠤᠪᠤᠷᠠᠯ ᠤᠨ ᠵᠢᠯᠣᠭᠤᠳᠣᠯᠭ᠎ᠠ︾ ᠶᠢᠨ ᠰᠢᠨ᠎ᠡ ᠵᠠᠭᠪᠤᠷ ᠨᠢ ᠡᠯᠧᠺᠲᠷᠤᠨᠴᠢᠯᠠᠭᠰᠠᠨ᠂ ᠲᠤᠭᠠᠵᠢᠭᠤᠯᠤᠭᠰᠠᠨ ᠬᠥᠭᠵᠢᠯᠲᠡ ᠶᠢᠨ ᠬᠠᠨᠳᠤᠰᠢ ᠲᠠᠢ ᠵᠣᠬᠢᠴᠠᠭᠰᠠᠨ  ᠢᠶᠠᠷ ᠪᠠᠷᠠᠬᠤ ᠥᠬᠡᠶ ᠪᠠᠰᠠ ᠳᠠᠭᠠᠭᠠᠴᠢᠯᠠᠯᠲᠠ ᠰᠢᠯᠭᠠᠷᠠᠭᠤᠯᠬᠤ ᠶᠠᠪᠤᠴᠠ ᠶᠢᠨ ᠪᠥᠬᠦ ᠶᠠᠪᠤᠴᠠ ᠳᠤ ᠣᠷᠣᠮ ᠦᠯᠡᠳᠡᠭᠡᠬᠦ ᠶᠢ ᠪᠡᠶᠡᠯᠡᠭᠦᠯᠵᠦ᠂ ᠳᠠᠭᠠᠭᠠᠴᠢᠯᠠᠯᠲᠠ ᠰᠢᠯᠭᠠᠷᠠᠭᠤᠯᠬᠤ ᠠᠵᠢᠯ ᠤᠨ ᠢᠯᠡ ᠲᠣᠳᠣ ᠴᠢᠨᠠᠷ ᠪᠠ ᠮᠥᠷᠳᠡᠵᠦ ᠪᠣᠯᠬᠤᠶᠢᠴᠠ ᠴᠢᠨᠠᠷ ᠢ ᠦᠨᠡᠨᠬᠦ ᠪᠠᠲᠤᠯᠠᠪᠠ ᠃ ᠲᠠᠷᠠᠭᠠᠴᠢ ᠶᠢᠨ ᠠᠯᠬᠤᠮ ᠳᠤ᠂ ᠨᠠᠶᠮᠠᠨ ᠬᠤᠰᠢᠭᠤᠨ ᠤ ᠬᠤᠪᠢᠶᠠᠷᠢ ᠲᠥᠪ ᠨᠢ ᠰᠢᠨ᠎ᠡ ᠶᠢ ᠡᠭᠦᠳᠬᠦ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠵᠤ᠂ ᠳᠠᠭᠠᠭᠠᠴᠢᠯᠠᠯᠲᠠ ᠰᠢᠯᠭᠠᠷᠠᠭᠤᠯᠬᠤ ᠠᠵᠢᠯ ᠤᠨ ᠣᠶᠤᠨᠴᠢᠯᠠᠭᠰᠠᠨ ᠬᠢᠷᠢ ᠲᠦᠪᠰᠢᠨ ᠪᠠ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠳᠠᠭᠠᠭᠠᠴᠢᠯᠠᠯᠲᠠ ᠰᠢᠯᠭᠠᠷᠠᠭᠤᠯᠬᠤ ᠠᠵᠢᠯ ᠤᠨ ᠡᠷᠬᠡ ᠲᠡᠭᠰᠢ᠂ ᠲᠥᠪ ᠭᠤᠤᠯᠴᠢ᠂ ᠵᠢᠷᠤᠮᠵᠢᠭᠤᠨ᠂ ᠡᠮᠬᠢ ᠵᠢᠷᠤᠮ  ᠲᠠᠢ ᠪᠠᠶᠢᠬᠤ ᠶᠢ ᠪᠠᠲᠤᠯᠠᠵᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠨᠠᠩ ᠰᠢᠯᠢᠳᠡᠭᠵᠢᠭᠦᠯᠬᠦ ᠳᠤ ᠬᠦᠴᠦᠲᠡᠶ ᠲᠤᠯᠭᠠᠭᠤᠷᠢᠯᠠᠯ ᠬᠠᠩᠭᠠᠬᠤ ᠪᠣᠯᠤᠨ᠎ᠠ᠃
 
ᠢᠷᠡᠯᠲᠡ᠄ ᠲᠦᠩᠯᠢᠶᠣᠤ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠤᠨ ᠨᠠᠶᠮᠠᠨ ᠬᠤᠰᠢᠭᠤᠨ ᠤ ᠬᠤᠪᠢᠶᠠᠷᠢ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06000874号