ᠲᠦᠩᠯᠢᠶᠣᠤ ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠤᠨ ᠨᠠᠶᠮᠠᠨ ᠬᠤᠰᠢᠭᠤᠨ ᠤ ᠦᠶᠯᠡᠴᠢᠯᠡᠭᠡᠨ ᠤ ᠬᠡᠯᠲᠡᠰ ᠣᠯᠠᠨ ᠵᠦᠶᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠮᠢᠳᠤᠯᠢᠭ ᠢᠶᠠᠷ ᠠᠵᠢᠯ ᠣᠯᠤᠭᠰᠠᠳ ᠲᠤ ᠲᠤᠰᠢᠶᠠᠨ ᠬᠠᠳᠠᠭᠠᠯᠠᠭᠤᠯᠬᠤ ᠲᠥᠷᠥ  ᠶᠢᠨ ᠪᠣᠳᠣᠯᠭ᠎ᠠ ᠶᠢᠨ ᠤᠬᠠᠭᠤᠯᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/12/6
      ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠷᠥ ᠶᠢᠨ ᠪᠣᠳᠣᠯᠭ᠎ᠠ ᠶᠢᠨ ᠬᠠᠮᠤᠷᠬᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠬᠦ ᠶᠢᠨ ᠲᠥᠯᠥᠭᠡ᠂ ᠲᠦᠩᠯᠢᠶᠣᠤ ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠤᠨ ᠨᠠᠶᠮᠠᠨ ᠬᠤᠰᠢᠭᠤᠨ ᠤ ᠦᠶᠯᠡᠴᠢᠯᠡᠭᠡᠨ ᠤ ᠬᠡᠯᠲᠡᠰ ᠣᠶᠢᠷ᠎ᠠ ᠳᠤ ᠠᠮᠢᠳᠤᠯᠢᠭ ᠢᠶᠠᠷ ᠠᠵᠢᠯ ᠣᠯᠤᠭᠰᠠᠳ ᠤᠨ ᠣᠷᠣᠨ ᠰᠠᠭᠤᠴᠠ ᠶᠢᠨ ᠨᠡᠶᠢᠲᠡ  ᠶᠢᠨ ᠬᠤᠷᠠᠮᠳᠤᠭᠤᠯᠭ᠎ᠠ ᠶᠢᠨ ᠮᠥᠩᠭᠦ ᠶᠢ ᠲᠤᠰᠢᠶᠠᠨ ᠬᠠᠳᠠᠭᠠᠯᠠᠭᠤᠯᠬᠤ ᠪᠠ ᠬᠡᠷᠡᠭᠯᠡᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠪᠡ᠃       ᠨᠢᠭᠡ ᠳᠤ᠂ ᠴᠡᠭ ᠲᠣᠭᠲᠠᠭᠠᠨ ᠳᠡᠯᠭᠡᠭᠡ ᠮᠠᠶᠢᠮᠠᠶ ᠭᠠᠷᠭᠠᠵᠤ᠂ ᠲᠥᠪᠯᠡᠷᠡᠭᠦᠯᠦᠨ ᠤᠬᠠᠭᠤᠯᠬᠤ ᠬᠡᠷᠡᠭᠲᠡᠶ᠃ ᠠᠵᠢᠯᠲᠠᠳ ᠢ ᠵᠣᠬᠢᠶᠠᠨ ᠪᠠᠶᠢᠭᠤᠯᠵᠤ ᠨᠠᠶᠮᠠᠨ ᠬᠤᠰᠢᠭᠤᠨ ᠤ ᠠᠷᠠᠳ ᠤᠨ ᠠᠭᠤᠳᠠᠮ ᠲᠠᠯᠠᠪᠠᠶ᠂ ᠪᠠᠶᠠᠨᠲᠠᠯ᠎ᠠ ᠪᠠᠯᠭᠠᠰᠤᠨ ᠤ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ  ᠬᠦᠮᠦᠨ ᠬᠠᠷ᠎ᠠ ᠤᠯᠠᠨ ᠴᠤᠭᠯᠠᠷᠠᠳᠠᠭ ᠭᠠᠵᠠᠷ ᠲᠤ ᠲᠥᠷᠥ ᠶᠢᠨ ᠪᠣᠳᠣᠯᠭ᠎ᠠ ᠶᠢ ᠤᠬᠠᠭᠤᠯᠬᠤ ᠶᠢᠨ ᠬᠠᠮᠲᠤ ︽ᠲᠦᠩᠯᠢᠶᠣᠤ ᠬᠤᠲᠠ ᠶᠢᠨ ᠠᠮᠢᠳᠤᠯᠢᠭ ᠢᠶᠠᠷ ᠠᠵᠢᠯ ᠣᠯᠤᠭᠰᠠᠳ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠲᠤᠰᠢᠶᠠᠨ ᠬᠠᠳᠠᠭᠠᠯᠠᠬᠤ ᠵᠦᠭᠯᠡᠭᠦᠷ︾ ᠢ ᠲᠠᠷᠬᠠᠭᠠᠵᠤ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠠᠰᠠᠭᠤᠳᠠᠯ ᠳᠤ ᠲᠤᠬᠠᠶ  ᠶᠢᠨ ᠲᠠᠯᠠᠪᠠᠶ ᠳᠤ ᠬᠠᠷᠢᠭᠤᠯᠲᠠ ᠥᠭᠪᠡ᠃
通辽市住房公积金中心奈曼旗服务部多措并举开展灵活就业人员缴存政策宣传.JPG通辽市住房公积金中心奈曼旗服务部多措并举开展灵活就业人员缴存政策宣传2.JPG
    ᠬᠤᠶᠠᠷ ᠲᠤ᠂ ᠬᠡᠷ ᠲᠤᠨᠢ ᠬᠦᠷᠴᠦ ᠦᠢᠯᠡᠴᠢᠯᠡᠵᠦ᠂ ᠨᠠᠷᠢᠯᠢᠭ ᠤᠨᠤᠪᠴᠢᠲᠠᠢ ᠪᠠᠷ ᠤᠬᠠᠭᠤᠯᠪᠠ᠃ ᠠᠵᠢᠯᠲᠠᠳ ᠨᠤᠭᠤᠨᠵᠠᠶᠠᠭ᠎ᠠ ᠨᠡᠶᠢᠭᠡᠮ ᠲᠣᠭᠤᠷᠢᠭ᠂ ᠮᠸᠢ ᠲᠤᠸᠠᠨ ᠬᠤᠭᠤᠯᠠ ᠬᠦᠷᠭᠡᠭᠴᠢ᠂ ᠰᠢᠨ ᠲᠢᠶᠠᠨ ᠳ᠋ᠢ ᠪᠠᠷᠠᠭ᠎ᠠ ᠬᠤᠳᠠᠯᠳᠤᠨ ᠠᠪᠬᠤ ᠬᠤᠳᠠᠯᠳᠤᠭᠠᠨ ᠤ ᠲᠠᠯᠠᠪᠤᠷ ᠲᠤ ᠬᠦᠷᠴᠦ᠂ ᠠᠵᠢᠯ ᠣᠯᠤᠭᠰᠠᠳ ᠲᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠲᠤᠰᠢᠶᠠᠨ ᠬᠠᠳᠠᠭᠠᠯᠠᠬᠤ ᠵᠡᠷᠭᠡ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠪᠠ᠃
通辽市住房公积金中心奈曼旗服务部多措并举开展灵活就业人员缴存政策宣传3.jpg
通辽市住房公积金中心奈曼旗服务部多措并举开展灵活就业人员缴存政策宣传3a.JPG
通辽市住房公积金中心奈曼旗服务部多措并举开展灵活就业人员缴存政策宣传4.jpg
通辽市住房公积金中心奈曼旗服务部多措并举开展灵活就业人员缴存政策宣传4a.png
    ᠭᠤᠷᠪᠠ ᠳᠤ᠂ ᠵᠠᠰᠠᠭ ᠤᠨ ᠶᠠᠪᠤᠳᠠᠯ ᠤᠨ ᠰᠢᠭᠤᠳ ᠨᠡᠪᠲᠡᠷᠡᠭᠦᠯᠭᠡ ᠶᠠᠪᠤᠭᠤᠯᠵᠤ᠂ ᠵᠠᠭᠤᠴᠢᠯᠠᠭᠤᠷ ᠤᠨ ᠤᠬᠠᠭᠤᠯᠤᠯ ᠬᠢᠪᠡ᠃ ᠵᠠᠰᠠᠭ ᠤᠨ ᠶᠠᠪᠤᠳᠠᠯ ᠤᠨ ᠲᠥᠪ ᠤᠨ ︽ᠵᠠᠰᠠᠭ ᠤᠨ ᠵᠢᠵᠢᠭ ᠮᠡᠳᠡᠭᠡᠯᠡᠯ︾ ᠰᠢᠭᠤᠳ ᠨᠡᠪᠲᠡᠷᠡᠭᠦᠯᠭᠡ ᠶᠢ ᠠᠰᠢᠭᠯᠠᠨ ᠠᠮᠢᠳᠤᠯᠢᠭ ᠢᠶᠠᠷ ᠠᠵᠢᠯ ᠣᠯᠤᠭᠰᠠᠳ ᠤᠨ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ ᠲᠤᠰᠬᠠᠶ ᠲᠠᠯᠠᠪᠤᠷ ᠤᠨ ᠰᠢᠭᠤᠳ ᠨᠡᠪᠲᠡᠷᠡᠭᠦᠯᠭᠡ ᠶᠢᠨ ᠤᠬᠠᠭᠤᠯᠭ᠎ᠠ ᠶᠢ ᠦᠷᠨᠢᠭᠦᠯᠪᠡ᠃ ᠠᠵᠢᠯᠲᠠᠳ ᠬᠦᠯᠢᠴᠡᠩᠭᠦᠶ ᠪᠥᠭᠡᠳ ᠨᠠᠷᠢᠨ ᠨᠢᠮᠪᠠᠶ ᠣᠯᠠᠨ ᠲᠦᠮᠡᠨ ᠳᠤ ᠠᠮᠢᠳᠤᠯᠢᠭ ᠢᠶᠠᠷ ᠠᠵᠢᠯ ᠣᠯᠤᠭᠰᠠᠳ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠲᠤᠰᠢᠶᠠᠨ ᠬᠠᠳᠠᠭᠠᠯᠠᠭᠤᠯᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠵᠢᠴᠢ ᠭᠦᠢᠴᠡᠳᠭᠡᠬᠦ ᠶᠠᠪᠤᠴᠠ ᠶᠢ ᠲᠠᠶᠢᠯᠪᠤᠷᠢᠯᠠᠨ ᠥᠭᠴᠦ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠬᠢᠭᠡᠳ ᠬᠤᠳᠠᠯᠳᠤᠭᠠᠨ ᠤ ᠵᠢᠭᠡᠯᠡᠯᠭᠡ ᠶᠢᠨ ᠠᠰᠢᠭ ᠬᠤᠨᠵᠢᠪᠣᠷᠢ ᠵᠥᠷᠢᠶ᠎ᠡ ᠲᠠᠢ ᠠᠰᠠᠭᠤᠳᠠᠯ ᠤᠨ ᠲᠤᠬᠠᠶ ᠣᠯᠠᠨ ᠲᠦᠮᠡᠨ ᠲᠠᠢ ᠰᠠᠨᠠᠯ ᠢᠶᠠᠨ ᠰᠣᠯᠢᠯᠴᠠᠪᠠ᠃ ᠨᠡᠶᠢᠲᠡ ᠶᠢᠨ ᠬᠤᠷᠠᠮᠳᠠᠭᠤᠯᠭ᠎ᠠ ᠶᠢᠨ ᠮᠥᠩᠭᠦᠨ ᠤ ᠵᠢᠭᠡᠯᠡᠯᠭᠡ ᠶᠢᠨ ᠳᠠᠪᠠᠭᠤᠯᠢᠭ ᠢ ᠣᠯᠠᠨ ᠲᠦᠮᠡᠨ ᠳᠤ ᠨᠡᠩ ᠰᠢᠭᠤᠳ ᠲᠠᠨᠢᠯᠴᠠᠭᠤᠯᠪᠠ᠃
5.png
    ᠲᠦᠷᠪᠡ ᠳᠤ᠂ ᠬᠤᠯᠪᠣᠭᠠᠯᠠᠨ ᠬᠥᠳᠡᠯᠦᠯᠴᠡᠵᠦ᠂ ᠬᠠᠮᠵᠢᠯᠴᠠᠨ ᠤᠬᠠᠭᠤᠯᠪᠠ᠃ ᠬᠠᠮ ᠵᠠᠭᠤᠴᠢᠯᠠᠭᠤᠷ ᠤᠨ ᠲᠠᠪᠴᠠᠩ᠂ ᠵᠠᠰᠠᠭ ᠤᠨ ᠶᠠᠪᠤᠳᠠᠯ ᠤᠨ ᠲᠥᠪ ᠤᠨ LED ᠳᠡᠯᠭᠡᠴᠡ᠂ ᠤᠬᠠᠭᠤᠯᠭ᠎ᠠ ᠶᠢᠨ ᠵᠢᠶᠠᠰᠠ ᠵᠡᠷᠭᠡ ᠠᠷᠭ᠎ᠠ ᠮᠠᠶ᠋ᠢᠭ ᠢ ᠠᠰᠢᠭᠯᠠᠨ ᠠᠵᠢᠯ ᠣᠯᠤᠭᠰᠠᠳ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠲᠤᠰᠢᠶᠠᠨ ᠬᠠᠳᠠᠭᠠᠯᠠᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠤᠬᠠᠭᠤᠯᠪᠠ᠃    ᠳᠠᠷᠠᠭᠠᠴᠢ ᠶᠢᠨ ᠠᠯᠬᠤᠮ ᠳᠤ᠂ ᠲᠦᠩᠯᠢᠶᠣᠤ ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠨᠠᠢᠮᠠᠨ ᠬᠤᠰᠢᠭᠤᠨ ᠤ ᠦᠢᠯᠡᠴᠢᠯᠡᠭᠡᠨ ᠤ ᠭᠠᠵᠠᠷ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠤᠯᠠᠮ ᠨᠢᠭᠡ ᠠᠯᠬᠤᠮ ᠭᠦᠨᠵᠡᠭᠡᠶ ᠥᠷᠨᠢᠭᠦᠯᠵᠦ᠂ ᠲᠥᠷᠥ ᠶᠢᠨ ᠪᠣᠳᠣᠯᠭ᠎ᠠ ᠶᠢᠨ ᠮᠡᠳᠡᠷᠡᠮᠵᠢ ᠶᠢᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠠᠩ ᠣᠯᠠᠨ ᠠᠵᠢᠯ ᠣᠯᠤᠭᠰᠠᠳ ᠲᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠷᠥ ᠶᠢᠨ ᠪᠣᠳᠣᠯᠭ᠎ᠠ ᠶᠢ ᠭᠦᠨᠵᠡᠭᠡᠶ ᠣᠶᠢᠯᠠᠭᠠᠭᠤᠯᠵᠤ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠲᠦᠭ ᠲᠦᠮᠡᠨ ᠠᠶᠢᠯ ᠡᠷᠦᠬᠡ ᠳᠤ ᠦᠨᠡᠨᠬᠦ ᠬᠦᠷᠭᠡᠬᠦ ᠪᠠᠷ ᠴᠢᠷᠮᠠᠶᠢᠨ᠎ᠠ᠃   
 
ᠢᠷᠡᠯᠲᠡ᠄ ᠲᠦᠩᠯᠢᠶᠣᠤ ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06000874号