ᠨᠠᠢᠮᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ︽ᠪᠥᠬᠦ ᠬᠤᠰᠢᠭᠤᠨ ᠤ ᠲᠠᠷᠢᠶᠠᠨ | ᠭᠠᠵᠠᠷ ᠤᠨ ᠮᠠᠰᠢᠨ ᠴᠠᠬᠢᠯᠭᠠᠨ ᠬᠤᠳᠳᠤᠭ ᠤᠨ ᠬᠠᠮᠢᠶᠠᠷᠤᠯᠲᠠ ᠶᠢᠨ ᠠᠰᠠᠭᠤᠳᠠᠯ ᠢ ᠵᠢᠭᠰᠠᠭᠠᠨ ᠪᠠᠶᠢᠴᠠᠭᠠᠵᠤ | ᠴᠡᠭᠴᠡᠯᠡᠨ ᠰᠠᠶᠢᠵᠢᠷᠠᠭᠤᠯᠬᠤ ᠠᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ | ᠨᠢᠭᠡ᠂ ᠲᠣᠭᠲᠠᠭᠠᠭᠰᠠᠨ ᠠᠬᠤᠶ ᠪᠠᠶᠢᠳᠠᠯ | ᠳᠡᠭᠡᠳᠦ ᠱᠠᠲᠤᠨ ᠤ ᠲᠠᠷᠢᠶᠠᠨ ᠭᠠᠵᠠᠷ ᠤᠨ ᠮᠠᠰᠢᠨ ᠴᠠᠬᠢᠯᠭᠠᠨ ᠬᠤᠳᠳᠤᠭ ᠢ ᠪᠥᠬᠦ ᠲᠠᠯ᠎ᠠ ᠪᠠᠷ ᠵᠠᠰᠠᠬᠤ | ᠬᠠᠮᠢᠶᠠᠷᠤᠯᠲᠠ ᠶᠢ ᠪᠣᠳᠠᠲᠠᠶᠢᠵᠢᠭᠤᠯᠤᠭᠰᠠᠨ ᠥᠬᠡᠶ᠂ ᠰᠦᠢᠳᠭᠡᠯ ᠬᠤᠷᠢᠶᠠᠬᠤ ᠨᠢ ᠵᠦᠶ ᠵᠣᠬᠢᠰ ᠥᠬᠡᠶ ᠵᠡᠷᠭᠡ | ᠠᠰᠠᠭᠤᠳᠠᠯ ᠤᠨ ᠲᠤᠬᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠦᠨᠳᠦᠰᠦᠯᠡᠨ᠂ ᠲᠠᠷᠢᠶᠠᠨ ᠭᠠᠵᠠᠷ ᠤᠨ ᠮᠠᠰᠢᠨ | ᠴᠠᠬᠢᠯᠭᠠᠨ ᠬᠤᠳᠳᠤᠭ ᠤᠨ ᠬᠡᠷᠡᠭᠯᠡᠯᠲᠡ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠡᠯ᠎ᠡ | ᠲᠥᠷᠥᠯ ᠤᠨ ᠠᠰᠠᠭᠤᠳᠠᠯ ᠭᠠᠷᠬᠤ ᠶᠢ ᠡᠷᠡᠰ ᠬᠤᠷᠢᠭᠯᠠᠵᠤ᠂ ᠬᠤᠰᠢᠭᠤᠨ ᠤ ᠵᠠᠰᠠᠭ ᠤᠨ ᠣᠷᠳᠣᠨ ᠠᠴᠠ ᠪᠥᠬᠦ | ᠬᠤᠰᠢᠭᠤᠨ ᠤ ᠬᠡᠪᠴᠢᠶᠡᠨ ᠳᠤ ᠲᠠᠷᠢᠶᠠᠨ ᠭᠠᠵᠠᠷ ᠤᠨ ᠮᠠᠰᠢᠨ ᠴᠠᠬᠢᠯᠭᠠᠨ ᠬᠤᠳᠳᠤᠭ ᠤᠨ ᠬᠤᠯᠪᠣᠭᠳᠠᠯ ᠪᠥᠬᠦᠶ | ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠥᠷᠨᠢᠭᠦᠯᠬᠦ ᠪᠠᠷ ᠲᠣᠭᠲᠠᠵᠤ᠂ ᠲᠣᠰ | ᠠᠵᠢᠯ ᠤᠨ ᠲᠥᠰᠦᠯ ᠢ ᠣᠨᠴᠠᠭᠠᠶᠢᠯᠠᠨ ᠲᠣᠭᠲᠠᠭᠠᠪᠠ᠃ | ᠬᠤᠶᠠᠷ᠂ ᠦᠨᠳᠦᠰᠦᠨ ᠵᠠᠷᠴᠢᠮ | ︵ᠨᠢᠭᠡ︶ ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠪᠠᠷ ᠬᠥᠭᠵᠢᠭᠦᠯᠬᠦ ᠶᠢ | ᠪᠠᠷᠢᠮᠲᠠᠯᠠᠨ᠎ᠠ᠃ ᠮᠠᠨ ᠤ ᠬᠤᠰᠢᠭᠤᠨ ᠤ ᠲᠠᠷᠢᠶᠠᠯᠠᠩ ᠤᠨ ᠬᠥᠭᠵᠢᠯᠲᠡ ᠶᠢᠨ ᠰᠠᠭᠤᠷᠢ ᠪᠠ ᠤᠰᠤᠨ ᠤ ᠡᠬᠢ | ᠪᠠᠶᠠᠯᠢᠭ ᠤᠨ ᠪᠣᠳᠠᠲᠤ ᠪᠠᠶᠢᠳᠠᠯ ᠳᠤ ᠰᠠᠭᠤᠷᠢᠯᠠᠨ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢ ᠶᠡᠬᠡᠪᠡᠷ ᠠᠬᠢᠭᠤᠯᠵᠤ᠂ ᠶᠡᠷᠦᠩᠬᠡᠶᠢᠯᠡᠭᠰᠡᠨ ᠤᠰᠤ ᠠᠷᠪᠢᠯᠠᠬᠤ ᠮᠡᠷᠭᠡᠵᠢᠯ ᠤᠨ ᠰᠢᠰᠲ᠋ᠧᠮ ᠢ | ᠪᠠᠶᠢᠭᠤᠯᠤᠨ ᠲᠡᠭᠦᠯᠳᠡᠷᠵᠢᠭᠦᠯᠵᠦ᠂ ᠭᠠᠵᠠᠷ ᠳᠣᠤᠷᠠᠬᠢ ᠤᠰᠤᠨ ᠤ ᠬᠤᠷᠣᠭᠳᠠᠯ ᠢ ᠪᠠᠭᠠᠰᠬᠠᠨ᠎ᠠ᠃ | ︵ᠬᠤᠶᠠᠷ︶ ᠵᠠᠰᠠᠭ ᠤᠨ ᠣᠷᠳᠣᠨ ᠢᠶᠠᠷ ᠭᠤᠤᠯᠯᠠᠵᠤ᠂ ᠨᠢᠭᠡᠳᠦᠯᠲᠡᠶ ᠲᠥᠯᠥᠪᠯᠡᠨ ᠲᠦᠯᠬᠢᠨ ᠠᠬᠢᠭᠤᠯᠬᠤ ᠶᠢ | ᠪᠠᠷᠢᠮᠲᠠᠯᠠᠨ᠎ᠠ᠃ ᠡᠯ᠎ᠡ ᠰᠤᠮᠤ ᠰᠢᠶᠠᠩ ᠪᠠᠯᠭᠠᠰᠤ ︵ᠲᠠᠯᠠᠪᠠᠢ︶ ᠶᠢ ᠲᠤᠳᠤᠷᠬᠠᠶᠢᠯᠠᠵᠤ ᠵᠠᠰᠠᠭ ᠤᠨ ᠣᠷᠳᠣᠨ ᠤ | ᠲᠠᠷᠢᠶᠠᠨ ᠭᠠᠵᠠᠷ ᠤᠨ ᠮᠠᠰᠢᠨ ᠴᠠᠬᠢᠯᠭᠠᠨ ᠬᠤᠳᠳᠤᠭ ᠢ ᠬᠡᠷᠡᠭᠯᠡᠵᠦ ᠬᠠᠮᠢᠶᠠᠷᠬᠤ ᠲᠠᠯ᠎ᠠ ᠪᠠᠷ ᠬᠢ ᠭᠤᠤᠯ | ᠴᠣᠭᠴᠠ ᠶᠢᠨ ᠬᠠᠷᠢᠭᠤᠴᠠᠯᠭ᠎ᠠ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤ ᠪᠣᠯᠤᠨ | ᠭᠠᠴᠠᠭ᠎ᠠ ᠲᠣᠰᠬᠤᠨ ᠢ ᠨᠢᠭᠡᠳᠦᠯᠲᠡᠶ ᠲᠥᠯᠥᠪᠯᠡᠵᠦ ᠪᠠᠶᠢᠭᠠᠳ ᠲᠠᠷᠢᠶᠠᠨ ᠭᠠᠵᠠᠷ ᠤᠨ ᠮᠠᠰᠢᠨ ᠴᠠᠬᠢᠯᠭᠠᠨ | ᠬᠤᠳᠳᠤᠭ ᠤᠨ ᠰᠦᠢᠳᠬᠡᠯ ᠬᠤᠷᠢᠶᠠᠬᠤ ᠬᠠᠮᠢᠶᠠᠷᠤᠯᠲᠠ ᠶᠢᠨ ᠠᠷᠭ᠎ᠠ ᠶᠢ ᠰᠤᠳᠤᠯᠤᠨ ᠲᠣᠭᠲᠠᠭᠠᠵᠤ᠂ | ᠬᠤᠳᠳᠤᠭ ᠤᠨ ᠳᠠᠷᠤᠭ᠎ᠠ ᠶᠢᠨ ᠵᠢᠱᠢᠭᠳᠡᠭᠴᠢ ᠶᠢ ᠲᠣᠭᠲᠠᠭᠠᠵᠤ᠂ ᠰᠦᠢᠳᠬᠡᠯ ᠬᠤᠷᠢᠶᠠᠬᠤ ᠪᠠᠷᠢᠮᠵᠢᠶ᠎ᠠ ᠶᠢ | ᠲᠣᠳᠣᠷᠬᠠᠶᠢᠯᠠᠬᠤ ᠬᠡᠷᠡᠭᠲᠡᠶ᠃ | ︵ᠭᠤᠷᠪᠠ︶ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ᠂ ᠲᠥᠷᠥᠯ ᠬᠤᠪᠢᠶᠠᠨ ᠠᠷᠭ᠎ᠠ ᠪᠣᠳᠣᠯᠭ᠎ᠠ | ᠬᠡᠷᠡᠭᠵᠢᠭᠦᠯᠬᠦ ᠶᠢ ᠪᠠᠷᠢᠮᠲᠠᠯᠠᠨ᠎ᠠ᠃ ᠡᠯ᠎ᠡ ᠭᠠᠵᠠᠷ ᠤᠨ ᠲᠠᠷᠢᠶᠠᠨ ᠭᠠᠵᠠᠷ ᠤᠨ ᠮᠠᠰᠢᠨ ᠴᠠᠬᠢᠯᠭᠠᠨ ᠬᠤᠳᠳᠤᠭ ᠤᠨ | ᠬᠡᠷᠡᠭᠯᠡᠬᠦ ᠵᠢᠯ ᠬᠤᠭᠤᠴᠠᠭ᠎ᠠ ᠪᠣᠯᠤᠨ ᠪᠣᠳᠠᠲᠠᠶ ᠪᠠᠶᠢᠳᠠᠯ ᠢ ᠦᠨᠳᠦᠰᠦᠯᠡᠨ᠂ ᠲᠤᠬᠠᠶ ᠶᠢᠨ ᠭᠠᠵᠠᠷ ᠣᠷᠣᠨ ᠤ ᠪᠠᠶᠢᠳᠠᠯ | ᠳᠤ ᠲᠣᠬᠢᠷᠠᠭᠤᠯᠤᠨ ᠰᠦᠢᠳᠬᠡᠯ ᠬᠤᠷᠢᠶᠠᠬᠤ ᠪᠠᠷᠢᠮᠵᠢᠶ᠎ᠠ ᠶᠢ ᠲᠣᠭᠲᠠᠭᠠᠵᠤ᠂ ᠬᠠᠮᠢᠶᠠᠷᠤᠨ ᠬᠠᠮᠠᠭᠠᠯᠠᠬᠤ ᠠᠷᠭ᠎ᠠ | ᠬᠡᠮᠵᠢᠶ᠎ᠡ ᠶᠢ ᠲᠥᠷᠥᠯ ᠬᠤᠪᠢᠶᠠᠨ ᠲᠣᠭᠲᠠᠭᠠᠵᠤ᠂ ᠲᠠᠷᠢᠶᠠᠨ ᠭᠠᠵᠠᠷ ᠤᠨ ᠮᠠᠰᠢᠨ ᠴᠠᠬᠢᠯᠭᠠᠨ ᠬᠤᠳᠳᠤᠭ ᠢ ᠴᠡᠭᠴᠡᠯᠡᠨ | ᠰᠠᠶᠢᠵᠢᠷᠠᠭᠤᠯᠬᠤ ᠠᠵᠢᠯ ᠤᠨ ᠪᠣᠳᠠᠲᠠᠶ ᠲᠠᠢ ᠨᠡᠶᠢᠴᠡᠬᠦ ᠶᠢ ᠦᠨᠡᠨᠬᠦ ᠪᠠᠲᠤᠯᠠᠵᠤ᠂ ᠣᠯᠠᠨ ᠲᠦᠮᠡᠨ ᠤ ᠬᠡᠷᠡᠭᠴᠡᠭᠡ | ᠱᠠᠭᠠᠷᠳᠠᠯᠭ᠎ᠠ ᠶᠢ ᠬᠠᠩᠭᠠᠬᠤ ᠬᠡᠷᠡᠭᠲᠡᠶ᠃ | ︵ᠲᠦᠷᠪᠡ︶ ᠣᠯᠠᠨ ᠲᠦᠮᠡᠨ ᠢᠶᠠᠷ ᠭᠤᠣᠯ ᠴᠣᠭᠴᠠ ᠪᠤᠯᠭᠠᠵᠤ᠂ ᠬᠦᠰᠡᠯ ᠢ ᠨᠢ ᠬᠦᠨᠳᠦᠳᠭᠡᠬᠦ ᠶᠢ | ᠪᠠᠷᠢᠮᠲᠠᠯᠠᠨ᠎ᠠ᠃ ᠡᠯ᠎ᠡ ᠭᠠᠴᠠᠭ᠎ᠠ ᠲᠣᠰᠬᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢᠶᠠᠷ ᠳᠠᠮᠵᠢᠭᠤᠯᠤᠨ | ᠲᠠᠷᠢᠶᠠᠨ ᠭᠠᠵᠠᠷ ᠤᠨ ᠮᠠᠰᠢᠨ ᠴᠠᠬᠢᠯᠭᠠᠨ ᠬᠤᠳᠳᠤᠭ ᠢ ᠬᠠᠮᠢᠶᠠᠷᠴᠤ ᠬᠠᠮᠠᠭᠠᠯᠠᠬᠤ ᠠᠷᠭ᠎ᠠ ᠶᠢ ᠲᠣᠭᠲᠠᠭᠠᠬᠤ ᠶᠢ | ᠵᠣᠷᠢᠭᠵᠢᠭᠤᠯᠤᠨ ᠬᠥᠲᠥᠯᠥᠨ ᠵᠢᠯᠣᠭᠤᠳᠴᠤ᠂ ᠰᠦᠢᠳᠬᠡᠯ ᠬᠤᠷᠢᠶᠠᠬᠤ ᠪᠠᠷᠢᠮᠵᠢᠶ᠎ᠠ ᠶᠢ ᠢᠯᠡ ᠨᠡᠶᠢᠲᠡᠯᠡᠬᠦ᠂ | ᠰᠦᠢᠳᠬᠡᠯ ᠬᠤᠷᠢᠶᠠᠬᠤ ᠶᠠᠪᠤᠳᠠᠯ ᠢ ᠨᠠᠷᠢᠨ ᠪᠠᠶᠢᠴᠠᠭᠠᠨ ᠯᠠᠪᠯᠠᠬᠤ ᠪᠠ ᠵᠠᠭᠠᠯᠳᠤᠬᠤ ᠲᠣᠭᠲᠠᠴᠠ ᠶᠢ ᠪᠠᠶᠢᠭᠤᠯᠵᠤ᠂ | ᠲᠠᠷᠢᠶᠠᠨ ᠭᠠᠵᠠᠷ ᠤᠨ ᠮᠠᠰᠢᠨ ᠴᠠᠬᠢᠯᠭᠠᠨ ᠬᠤᠳᠳᠤᠭ ᠤᠨ ᠰᠦᠢᠳᠬᠡᠯ ᠬᠤᠷᠢᠶᠠᠬᠤ ᠶᠢ ᠨᠡᠶᠢᠲᠡᠯᠡᠵᠦ᠂ ᠢᠯᠡ ᠲᠣᠳᠣ | ᠪᠣᠯᠭᠠᠬᠤ ᠶᠢ ᠲᠦᠯᠬᠢᠨ ᠠᠬᠢᠭᠤᠯᠵᠤ᠂ ᠣᠯᠠᠨ ᠲᠦᠮᠡᠨ ᠤ ᠬᠢᠨᠠᠯᠲᠠ ᠲᠠᠯᠪᠢᠬᠤ ᠳᠤ ᠳᠥᠭᠦᠮ ᠦᠵᠡᠭᠦᠯᠵᠦ᠂ | ᠴᠡᠭᠴᠡᠯᠡᠨ ᠰᠠᠶᠢᠵᠢᠷᠠᠭᠤᠯᠬᠤ ᠠᠵᠢᠯ ᠤᠨ ᠥᠷᠭᠡᠨ ᠣᠯᠠᠨ ᠲᠣᠰᠬᠤᠨ ᠤ ᠠᠷᠠᠳ ᠤᠨ ᠵᠥᠪᠰᠢᠶᠡᠷᠡᠯ ᠢ ᠣᠯᠬᠤ ᠶᠢ | ᠦᠨᠡᠨᠬᠦ ᠪᠠᠲᠤᠯᠠᠬᠤ ᠬᠡᠷᠡᠭᠲᠡᠶ᠃ | ᠭᠤᠷᠪᠠ᠂ ᠭᠤᠣᠯ ᠠᠭᠤᠯᠭ᠎ᠠ | ︵ᠨᠢᠭᠡ︶ ᠠᠵᠢᠯ ᠤᠨ ᠪᠠᠶᠢᠷᠢᠯᠠᠭᠤᠯᠤᠯᠲᠠ ᠶᠢᠨ ᠱᠠᠲᠤ ᠦᠶ᠎ᠡ ︵2024 ᠣᠨ ᠤ 1 ᠰᠠᠷ᠎ᠠ ᠶᠢᠨ ᠡᠴᠦᠰ︶᠃ | ᠬᠤᠰᠢᠭᠤᠨ ᠵᠠᠰᠠᠭ ᠤᠨ ᠣᠷᠳᠣᠨ ︽ᠪᠥᠬᠦ ᠬᠤᠰᠢᠭᠤᠨ ᠤ ᠲᠠᠷᠢᠶᠠᠨ ᠭᠠᠵᠠᠷ ᠤᠨ ᠮᠠᠰᠢᠨ ᠴᠠᠬᠢᠯᠭᠠᠨ ᠬᠤᠳᠳᠤᠭ ᠤᠨ | ᠬᠠᠮᠢᠶᠠᠷᠤᠯᠲᠠ ᠶᠢᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠥᠰᠦᠯ︾ ᠢ | ᠳᠠᠷᠤᠮᠠᠯᠯᠠᠨ ᠲᠠᠷᠬᠠᠭᠠᠵᠤ᠂ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠳᠣᠭᠢᠷᠠᠭᠤᠯᠤᠨ | ᠪᠠᠶᠢᠷᠢᠯᠠᠭᠤᠯᠵᠤ᠂ ᠡᠯ᠎ᠡ ᠰᠤᠮᠤ ᠰᠢᠶᠠᠩ ᠪᠠᠯᠭᠠᠰᠤ ︵ᠲᠠᠯᠠᠪᠠᠶ ᠨᠢᠭᠡᠴᠡ︶ ᠶᠢᠨ ᠬᠠᠮᠢᠶ᠎ᠠ ᠪᠥᠬᠦᠶ ᠠᠵᠢᠯ ᠤᠨ | ᠱᠠᠭᠠᠷᠳᠠᠯᠭ᠎ᠠ ᠶᠣᠰᠣᠭᠠᠷ᠂ ᠪᠣᠳᠠᠲᠠᠶ ᠠᠵᠢᠯ ᠤᠨ ᠲᠥᠰᠦᠯ ᠲᠣᠭᠲᠠᠭᠠᠵᠤ᠂ ᠵᠣᠬᠢᠶᠠᠨ ᠪᠠᠶᠢᠭᠤᠯᠤᠨ ᠳᠠᠶᠢᠴᠢᠯᠠᠵᠤ | ᠪᠠᠶᠢᠷᠢᠯᠠᠭᠤᠯᠤᠨ᠂ ᠠᠵᠢᠯ ᠤᠨ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠵᠢᠭᠰᠠᠭᠠᠨ ᠪᠠᠶᠢᠴᠠᠭᠠᠬᠤ ᠠᠵᠢᠯ ᠢ ᠪᠥᠬᠦ | ᠲᠠᠯ᠎ᠠ ᠪᠠᠷ ᠥᠷᠨᠢᠭᠦᠯᠦᠨ᠎ᠡ᠃ | ︵ᠬᠤᠶᠠᠷ ︶ ᠪᠠᠶᠢᠳᠠᠯ ᠢ ᠣᠶᠢᠯᠠᠭᠠᠬᠤ ᠱᠠᠲᠤ ᠦᠶ᠎ᠡ ︵2024 ᠣᠨ ᠤ 2 ᠰᠠᠷ᠎ᠠ ᠶᠢᠨ ᠳᠤᠮᠳᠠᠴᠢ︶᠃ | ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠡᠯ᠎ᠡ ᠰᠤᠮᠤ ᠰᠢᠶᠠᠩ ᠪᠠᠯᠭᠠᠰᠤ ︵ᠲᠠᠯᠠᠪᠠᠢ︶ ᠶᠢ ᠪᠠᠶᠢᠷᠢᠯᠠᠭᠤᠯᠵᠤ᠂ | ᠭᠠᠴᠠᠭ᠎ᠠ ᠲᠣᠰᠬᠤᠨ ᠢᠶᠠᠷ ᠨᠢᠭᠡᠴᠢ ᠪᠣᠯᠭᠠᠵᠤ᠂ ᠮᠠᠰᠢᠨ ᠴᠠᠬᠢᠯᠭᠠᠨ ᠬᠤᠳᠳᠤᠭ ᠤᠨ ᠰᠠᠭᠤᠷᠢ ᠲᠤᠭ᠎ᠠ᠂ | ᠬᠤᠳᠳᠤᠭ ᠤᠨ ᠬᠠᠮᠢᠶᠠᠷᠤᠯᠲᠠ ᠶᠢᠨ ᠪᠠᠶᠢᠭᠤᠯᠤᠯ᠂ ᠰᠦᠢᠳᠬᠡᠯ ᠬᠤᠷᠢᠶᠠᠬᠤ ᠪᠠᠷᠢᠮᠵᠢᠶ᠎ᠠ᠂ ᠪᠠᠯᠭᠠᠰᠤ ᠲᠣᠰᠬᠤᠨ | ᠬᠤᠶᠠᠷ ᠱᠠᠲᠤᠨ ᠤ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠢ | ᠪᠥᠬᠦ ᠲᠠᠯ᠎ᠠ ᠪᠠᠷ ᠪᠠᠶᠢᠴᠠᠭᠠᠨ ᠣᠶᠢᠯᠠᠭᠠᠵᠤ᠂ ᠮᠠᠰᠢᠨ ᠴᠠᠬᠢᠯᠭᠠᠨ ᠬᠤᠳᠳᠤᠭ ᠤᠨ ᠬᠠᠮᠢᠶᠠᠷᠤᠨ ᠬᠠᠮᠠᠭᠠᠯᠠᠬᠤ | ᠡᠩᠨᠡᠭᠡ ᠶᠢᠨ ᠪᠠᠶᠢᠳᠠᠯ᠂ ᠬᠠᠮᠢᠶᠠᠷᠤᠯᠲᠠ ᠶᠢᠨ ᠡᠷᠬᠡ ᠶᠢ ᠲᠣᠭᠲᠠᠭᠠᠬᠤ ᠠᠷᠭ᠎ᠠ ᠮᠠᠶ᠋ᠢᠭ᠂ ᠬᠠᠮᠢᠶᠠᠷᠤᠯᠲᠠ ᠶᠢᠨ | ᠭᠡᠷ᠎ᠡ ᠶᠢᠨ ᠬᠤᠭᠤᠴᠠᠭ᠎ᠠ ᠬᠢᠵᠠᠭᠠᠷ᠂ ᠰᠦᠢᠳᠬᠡᠯ ᠬᠤᠷᠢᠶᠠᠬᠤ ᠪᠠᠷᠢᠮᠵᠢᠶ᠎ᠠ ᠶᠢ ᠲᠣᠭᠲᠠᠭᠠᠬᠤ ᠵᠠᠷᠴᠢᠮ ᠵᠡᠷᠭᠡ ᠶᠢ | ᠭᠤᠤᠯᠳᠠᠯᠭ᠎ᠠ ᠲᠠᠢ ᠲᠣᠳᠣᠷᠬᠠᠶ ᠣᠶᠢᠯᠠᠭᠠᠵᠤ᠂ ᠵᠢᠭᠰᠠᠭᠠᠨ ᠪᠠᠶᠢᠴᠠᠭᠠᠬᠤ ᠡᠬᠡ ᠲᠠᠩᠰᠠ ᠪᠠᠶᠢᠭᠤᠯᠵᠤ᠂ | ᠠᠰᠠᠭᠤᠳᠠᠯ ᠤᠨ ᠨᠠᠷᠢᠨ ᠬᠠᠭᠤᠳᠠᠰᠤ ᠶᠢ ᠵᠢᠭᠰᠠᠭᠠᠨ ᠭᠠᠷᠭᠠᠬᠤ ᠬᠡᠷᠡᠭᠲᠡᠶ᠃ | ︵ᠭᠤᠷᠪᠠ︶ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠱᠠᠲᠤ ᠦᠶ᠎ᠡ ︵2024 ᠣᠨ ᠤ 3 | ᠰᠠᠷ᠎ᠠ ᠶᠢᠨ ᠰᠡᠭᠦᠯᠴᠢ ᠠᠴᠠ ᠡᠮᠦᠨ᠎ᠡ︶᠃ ᠡᠯ᠎ᠡ ᠰᠣᠮᠣ ᠰᠢᠶᠠᠩ ᠪᠠᠯᠭᠠᠰᠤ ︵ᠲᠠᠯᠠᠪᠠᠢ︶ ᠶᠢᠨ ᠣᠷᠣᠰᠢᠵᠤ ᠪᠠᠶᠢᠭ᠎ᠠ | ᠠᠰᠠᠭᠤᠳᠠᠯ ᠢ ᠦᠨᠳᠦᠰᠦᠯᠡᠨ᠂ ᠴᠡᠭᠴᠡᠯᠡᠨ ᠰᠠᠶᠢᠵᠢᠷᠠᠭᠤᠯᠬᠤ ᠡᠬᠡ ᠳᠠᠩᠰᠠ ᠪᠠᠶᠢᠭᠤᠯᠵᠤ᠂ ᠨᠠᠷᠢᠨ ᠬᠢᠨᠠᠮᠠᠭᠠᠶ | ᠰᠤᠳᠤᠯᠵᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠣᠯᠠᠨ ᠲᠦᠮᠡᠨ ᠤ ᠰᠠᠨᠠᠯ ᠢ ᠥᠷᠭᠡᠨ ᠢᠶᠠᠷ | ᠬᠤᠷᠢᠶᠠᠵᠤ᠂ ᠴᠡᠭᠴᠡᠯᠡᠨ ᠰᠠᠶᠢᠵᠢᠷᠠᠭᠤᠯᠬᠤ ᠪᠣᠳᠠᠲᠠᠶ ᠠᠷᠭ᠎ᠠ ᠬᠡᠮᠵᠢᠶ᠎ᠡ ᠶᠢ ᠲᠣᠭᠲᠠᠭᠠᠬᠤ ᠬᠡᠷᠡᠭᠲᠡᠶ᠃ ᠬᠠᠮᠢᠶ᠎ᠠ | ᠪᠦᠬᠦᠢ ᠰᠠᠯᠠᠭ᠎ᠠ ᠮᠥᠴᠢᠷ ᠠᠴᠠ ᠮᠠᠰᠢᠨ ᠴᠠᠬᠢᠯᠭᠠᠨ ᠬᠤᠳᠳᠤᠭ ᠤᠨ ᠰᠦᠢᠳᠬᠡᠯ ᠬᠤᠷᠢᠶᠠᠬᠤ ᠬᠠᠮᠢᠶᠠᠷᠤᠯᠲᠠ ᠶᠢᠨ | ᠠᠷᠭ᠎ᠠ ᠶᠢ ᠰᠤᠳᠤᠯᠤᠨ ᠲᠣᠭᠲᠠᠭᠠᠵᠤ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ | ᠥᠭᠡᠷᠡᠴᠢᠯᠡᠯᠲᠡ ᠲᠠᠢ ᠤᠶᠠᠯᠳᠤᠭᠤᠯᠤᠨ᠂ ︽ᠴᠠᠬᠢᠯᠭᠠᠨ ᠢᠶᠠᠷ ᠤᠰᠤ ᠶᠢ ᠨᠤᠭᠤᠯᠤᠨ ᠪᠣᠳᠣᠬᠤ᠂ ᠲᠤᠭ᠎ᠠ ᠠᠴᠠ | ᠬᠡᠲᠦᠷᠡᠭᠦᠯᠦᠨ ᠠᠬᠢᠭᠤᠯᠤᠨ ᠪᠤᠳᠤᠵᠤ ᠦᠨ᠎ᠡ ᠨᠡᠮᠡᠬᠦ︾ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠲᠠᠷᠢᠶᠠᠨ ᠭᠠᠵᠠᠷ ᠤᠨ ᠮᠠᠰᠢᠨ ᠴᠠᠬᠢᠯᠭᠠᠨ ᠬᠤᠳᠳᠤᠭ ᠤᠨ ᠰᠦᠢᠳᠬᠡᠯ ᠬᠤᠷᠢᠶᠠᠬᠤ ᠪᠠᠷᠢᠮᠵᠢᠶ᠎ᠠ ᠶᠢ ᠵᠦᠢ ᠵᠣᠬᠢᠰᠲᠠᠶ | ᠲᠣᠭᠲᠠᠭᠠᠵᠤ᠂ ᠬᠤᠳᠳᠤᠭ ᠤᠨ ᠳᠠᠷᠤᠭ᠎ᠠ ᠰᠣᠩᠭᠤᠨ ᠭᠠᠷᠭᠠᠬᠤ ᠲᠣᠭᠲᠠᠴᠠ ᠶᠢ ᠲᠡᠭᠦᠯᠳᠡᠷᠵᠢᠭᠦᠯᠵᠦ᠂ | ᠬᠤᠳᠳᠤᠭ ᠤᠨ ᠬᠠᠮᠢᠶᠠᠷᠤᠯᠲᠠ ᠬᠠᠮᠠᠭᠠᠯᠠᠯᠲᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠲᠣᠭᠲᠠᠭᠠᠯ ᠠᠴᠠ | ᠵᠥᠷᠢᠴᠡᠨ ᠲᠠᠷᠢᠶᠠᠨ ᠭᠠᠵᠠᠷ ᠤᠨ ᠮᠠᠰᠢᠨ ᠴᠠᠬᠢᠯᠭᠠᠨ ᠬᠤᠳᠳᠤᠭ ᠤᠨ ᠬᠠᠮᠢᠶᠠᠷᠤᠯᠲᠠ ᠶᠢᠨ ᠡᠷᠬᠡ ᠶᠢ ᠬᠤᠳᠠᠯᠳᠤᠭᠰᠠᠨ | ᠪᠠᠶᠢᠪᠠᠯ ᠲᠣᠰᠬᠤᠨ ᠤ ᠬᠠᠮᠲᠤ ᠨᠡᠶᠢᠲᠡ ᠳᠤ ᠪᠤᠴᠠᠭᠠᠨ ᠥᠭᠴᠦ᠂ ᠰᠦᠢᠳᠬᠡᠯ ᠬᠤᠷᠢᠶᠠᠬᠤ ᠪᠠᠷᠢᠮᠵᠢᠶ᠎ᠠ ᠶᠢ | ᠳᠤᠷ᠎ᠠ ᠪᠠᠷ ᠢᠶᠠᠨ ᠳᠡᠭᠡᠭᠰᠢᠯᠡᠭᠦᠯᠬᠦ ᠶᠢ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ᠂ ᠰᠦᠢᠳᠬᠡᠯ | ᠬᠤᠷᠢᠶᠠᠬᠤ ᠰᠢᠨ᠎ᠡ ᠪᠠᠷᠢᠮᠵᠢᠶ᠎ᠠ ᠶᠢ ᠡᠷᠬᠡᠪᠰᠢ ᠲᠣᠰᠬᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢᠶᠠᠷ | ᠪᠠᠲᠤᠯᠠᠭᠤᠯᠤᠭᠰᠠᠨ ᠤ ᠳᠠᠷᠠᠭ᠎ᠠ ᠬᠡᠷᠡᠭᠵᠢᠭᠦᠯᠬᠦ ᠬᠡᠷᠡᠭᠲᠡᠢ᠂ 2024 ᠣᠨ ᠳᠤ ᠬᠠᠪᠤᠷ ᠤᠨ ᠤᠰᠤᠯᠠᠯᠲᠠ ᠠᠴᠠ | ᠡᠮᠦᠨ᠎ᠡ ᠲᠠᠷᠢᠶᠠᠨ ᠭᠠᠵᠠᠷ ᠤᠨ ᠮᠠᠰᠢᠨ ᠴᠠᠬᠢᠯᠭᠠᠨ ᠬᠤᠳᠳᠤᠭ ᠤᠨ ᠰᠦᠢᠳᠬᠡᠯ ᠬᠤᠷᠢᠶᠠᠬᠤ ᠰᠢᠨ᠎ᠡ ᠪᠠᠷᠢᠮᠵᠢᠶ᠎ᠠ ᠶᠢ | ᠪᠦᠬᠦ ᠲᠠᠯ᠎ᠠ ᠪᠠᠷ ᠬᠡᠷᠡᠭᠵᠢᠭᠦᠯᠬᠦ ᠬᠡᠷᠡᠭᠲᠡᠢ᠃ | ︵ᠳᠥᠷᠪᠡ ︶ ᠪᠠᠶᠢᠴᠠᠭᠠᠵᠤ ᠰᠢᠯᠭᠠᠨ ᠠᠪᠬᠤ ᠱᠠᠲᠤ ᠦᠶ᠎ᠡ ︵2024 ᠣᠨ ᠤ 4 ᠰᠠᠷ᠎ᠠ ᠶᠢᠨ ᠰᠡᠭᠦᠯᠴᠢ ᠠᠴᠠ | ᠡᠮᠦᠨ᠎ᠡ︶᠃ ᠡᠯ᠎ᠡ ᠰᠣᠮᠣ ᠰᠢᠶᠠᠩ ᠪᠠᠯᠭᠠᠰᠤ ︵ᠲᠠᠯᠠᠪᠠᠢ︶ ᠶᠢᠨ ᠬᠤᠳᠳᠤᠭ ᠤᠨ ᠳᠠᠷᠤᠭ᠎ᠠ ᠶᠢᠨ ᠡᠩᠨᠡᠭᠡᠨ ᠤ | ᠬᠠᠮᠢᠶᠠᠷᠤᠯᠲᠠ ᠵᠢᠷᠤᠮᠵᠢᠯ ᠥᠬᠡᠶ᠂ ᠰᠦᠢᠳᠬᠡᠯ ᠬᠤᠷᠢᠶᠠᠬᠤ ᠪᠠᠷᠢᠮᠵᠢᠶ᠎ᠠ ᠵᠦᠶ ᠵᠣᠬᠢᠰ ᠥᠬᠡᠶ ᠵᠡᠷᠭᠡ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠠᠵᠢᠯ ᠢ ᠪᠠᠶᠢᠴᠠᠭᠠᠨ ᠰᠢᠯᠭᠠᠨ ᠠᠪᠴᠤ᠂ ᠴᠡᠭᠴᠡᠯᠡᠨ ᠰᠠᠶᠢᠵᠢᠷᠠᠭᠤᠯᠤᠭᠰᠠᠨ ᠢᠶᠠᠷ | ᠲᠦᠢᠯᠪᠤᠷᠢᠲᠠᠶ ᠪᠤᠰᠤ᠂ ᠪᠣᠳᠠᠲᠠᠶᠢᠵᠢᠭᠤᠯᠤᠭᠰᠠᠨ ᠥᠬᠡᠶ᠂ ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ ᠴᠠᠭ | ᠲᠤᠬᠠᠶ ᠳᠤᠨᠢ ᠪᠡᠶᠡᠯᠡᠭᠦᠯᠵᠦ ᠳᠡᠶᠢᠯᠬᠦ ᠥᠬᠡᠶ ᠪᠠᠶᠢᠪᠠᠯ᠂ ᠵᠠᠷᠯᠠᠨ ᠮᠡᠳᠡᠭᠳᠡᠬᠦ᠂ ᠪᠣᠯᠵᠣᠨ ᠶᠠᠷᠢᠯᠴᠠᠬᠤ᠂ ᠰᠢᠮᠳᠠᠭᠤᠯᠤᠨ | ᠰᠢᠢᠳᠪᠦᠷᠢᠯᠡᠭᠦᠯᠬᠦ ᠵᠡᠷᠭᠡ ᠠᠷᠭ᠎ᠠ ᠬᠡᠮᠵᠢᠶ᠎ᠡ ᠠᠪᠴᠤ ᠰᠢᠮᠳᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃ | ᠳᠥᠷᠪᠡ᠂ ᠬᠡᠷᠡᠭᠵᠢᠭᠦᠯᠬᠦ ᠬᠡᠪᠴᠢᠶ᠎ᠡ | ᠪᠥᠬᠦ ᠬᠤᠰᠢᠭᠤᠨ ᠤ ᠬᠡᠪᠴᠢᠶᠡᠨ ᠳᠤ ᠲᠠᠷᠢᠶᠠᠨ ᠭᠠᠵᠠᠷ ᠤᠨ ᠤᠰᠤᠯᠠᠯᠲᠠ ᠶᠢᠨ ᠮᠠᠰᠢᠨ ᠴᠠᠬᠢᠯᠭᠠᠨ | ᠬᠤᠳᠳᠤᠭ ᠤᠨ ᠬᠠᠮᠢᠶᠠᠷᠤᠯᠲᠠ ᠶᠢᠨ ᠠᠰᠠᠭᠤᠳᠠᠯ ᠢ ᠪᠥᠬᠦ ᠲᠠᠯ᠎ᠠ ᠪᠠᠷ ᠪᠠᠶᠢᠴᠠᠭᠠᠨ ᠴᠡᠭᠴᠡᠯᠡᠨ᠎ᠡ᠃ | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠪᠠᠨ ᠲᠣᠳᠣᠷᠬᠠᠶᠢᠯᠠᠬᠤ ᠬᠡᠷᠡᠭᠲᠡᠶ᠃ ᠡᠯ᠎ᠡ | ᠰᠣᠮᠣ ᠰᠢᠶᠠᠩ ᠪᠠᠯᠭᠠᠰᠤ ︵ᠲᠠᠯᠠᠪᠠᠢ︶ ᠶᠢᠨ ᠵᠠᠰᠠᠭ ᠤᠨ ᠣᠷᠳᠣᠨ ᠤᠯᠤᠰ ᠲᠥᠷᠥ ᠶᠢᠨ ᠵᠣᠭᠰᠣᠴᠠ ᠪᠠᠨ | ᠳᠡᠭᠡᠭᠰᠢᠯᠡᠭᠦᠯᠵᠦ᠂ ᠲᠠᠷᠢᠶᠠᠨ ᠭᠠᠵᠠᠷ ᠤᠨ ᠮᠠᠰᠢᠨ ᠴᠠᠬᠢᠯᠭᠠᠨ ᠬᠤᠳᠳᠤᠭ ᠤᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠵᠣᠬᠢᠶᠠᠨ | ᠪᠠᠶᠢᠭᠤᠯᠤᠯᠲᠠ ᠶᠢᠨ ᠪᠠᠶᠢᠭᠤᠯᠤᠮᠵᠢ ᠪᠠᠶᠢᠭᠤᠯᠵᠤ᠂ ᠬᠠᠷᠠᠯᠲᠠ ᠡᠭᠦᠷᠭᠡ ᠪᠠᠨ ᠲᠣᠳᠣᠷᠬᠠᠶᠢᠯᠠᠵᠤ᠂ ᠬᠠᠷᠢᠭᠤᠴᠠᠯᠭ᠎ᠠ ᠶᠢ | ᠱᠠᠲᠤ ᠱᠠᠲᠤ ᠪᠠᠷ ᠪᠣᠳᠠᠲᠠᠶᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠳᠤᠮᠳᠠ ᠣᠷᠣᠰᠢᠵᠤ ᠪᠠᠶᠢᠭ᠎ᠠ | ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ ᠰᠢᠢᠳᠪᠦᠷᠢᠯᠡᠵᠦ᠂ ᠰᠠᠯᠠᠭ᠎ᠠ ᠮᠥᠴᠢᠷ ᠤᠨ ᠬᠤᠭᠤᠷᠣᠨᠳᠣᠬᠢ | ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠠᠵᠢᠯ ᠢᠶᠠᠨ ᠬᠤᠪᠢᠶᠠᠷᠢᠯᠠᠨ ᠬᠠᠮᠵᠢᠯᠴᠠᠬᠤ᠂ ᠨᠢᠭᠲᠠ | ᠬᠠᠮᠵᠢᠯᠴᠠᠬᠤ ᠠᠵᠢᠯ ᠤᠨ ᠪᠠᠶᠢᠷᠢᠰᠢᠯ ᠢ ᠪᠣᠶ ᠪᠣᠯᠭᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠷᠤᠭᠰᠢᠲᠠᠶ | ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ | ︵ᠬᠤᠶᠠᠷ︶ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠦᠳᠲᠡᠷ ᠲᠦᠷᠭᠡᠨ ᠴᠡᠭᠴᠡᠯᠡᠨ ᠰᠠᠶᠢᠵᠢᠷᠠᠭᠤᠯᠬᠤ | ᠬᠡᠷᠡᠭᠲᠡᠶ᠃ ᠡᠯ᠎ᠡ ᠰᠣᠮᠣ ᠰᠢᠶᠠᠩ ᠪᠠᠯᠭᠠᠰᠤ ︵ᠲᠠᠯᠠᠪᠠᠢ︶ ᠵᠠᠰᠠᠭ ᠤᠨ ᠣᠷᠳᠣᠨ ᠠᠴᠠ ᠬᠤᠰᠢᠭᠤᠨ ᠤ ᠵᠠᠰᠠᠭ ᠤᠨ | ᠣᠷᠳᠣᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠪᠠᠯᠭᠠᠰᠤ ᠲᠣᠰᠬᠤᠨ ᠬᠤᠶᠠᠷ ᠱᠠᠲᠤ ᠶᠢ | ᠳᠠᠷᠦ᠋ᠢᠬᠠᠨ ᠵᠣᠬᠢᠶᠠᠨ ᠪᠠᠶᠢᠭᠤᠯᠤᠨ ᠴᠡᠭᠴᠡᠯᠡᠨ ᠰᠠᠶᠢᠵᠢᠷᠠᠭᠤᠯᠬᠤ ᠠᠵᠢᠯ ᠢ ᠥᠷᠨᠢᠭᠦᠯᠬᠦ ᠬᠡᠷᠡᠭᠲᠡᠶ᠃ ᠠᠰᠠᠭᠤᠳᠠᠯ ᠤᠨ | ᠰᠢᠯᠲᠠᠭᠠᠨ ᠢ ᠭᠦᠨᠵᠡᠭᠡᠶ ᠵᠠᠳᠠᠯᠵᠤ᠂ ᠨᠢᠭᠡ ᠠᠴᠠ ᠨᠥᠭᠦᠭᠡ ᠶᠢ ᠵᠦᠢᠴᠢᠯᠡᠨ ᠮᠡᠳᠡᠵᠦ᠂ ᠪᠠᠷᠢᠨ ᠬᠡᠷᠡᠭᠵᠢᠭᠦᠯᠵᠦ ᠪᠠᠷᠢᠨ | ᠰᠠᠶᠢᠵᠢᠷᠠᠭᠤᠯᠵᠤ᠂ ᠪᠥᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ ︽ᠲᠦᠩᠯᠢᠶᠣᠤ ᠬᠤᠲᠠ ᠶᠢᠨ | ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠪᠡᠯᠡᠳᠬᠡᠮᠵᠢ ᠶᠢ ᠬᠠᠮᠢᠶᠠᠷᠴᠤ ᠬᠠᠮᠠᠭᠠᠯᠠᠬᠤ ᠠᠷᠭ᠎ᠠ︾ ᠶᠢᠨ | ᠱᠠᠭᠠᠷᠳᠠᠯᠭ᠎ᠠ ᠶᠣᠰᠣᠭᠠᠷ᠂ ᠲᠠᠷᠢᠶᠠᠨ ᠭᠠᠵᠠᠷ ᠤᠨ ᠮᠠᠰᠢᠨ ᠴᠠᠬᠢᠯᠭᠠᠨ ᠬᠤᠳᠳᠤᠭ ᠤᠨ ᠰᠦᠢᠳᠬᠡᠯ ᠬᠤᠷᠢᠶᠠᠬᠤ | ᠪᠣᠳᠠᠲᠠᠶ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ᠂ ᠮᠠᠰᠢᠨ ᠴᠠᠬᠢᠯᠭᠠᠨ ᠬᠤᠳᠳᠤᠭ ᠤᠨ ᠰᠦᠢᠳᠬᠡᠯ | ᠬᠤᠷᠢᠶᠠᠬᠤ ᠪᠠᠷᠢᠮᠵᠢᠶ᠎ᠠ ᠶᠢ ᠲᠣᠳᠣᠷᠬᠠᠶᠢᠯᠠᠵᠤ᠂ ᠬᠠᠮᠢᠶᠠᠷᠴᠤ ᠬᠠᠮᠠᠭᠠᠯᠠᠬᠤ ᠵᠠᠷᠤᠳᠠᠯ ᠢ ᠨᠠᠶᠢᠳᠠᠪᠤᠷᠢᠵᠢᠭᠤᠯᠵᠤ᠂ | ᠬᠠᠮᠢᠶᠠᠷᠴᠤ ᠬᠠᠮᠠᠭᠠᠯᠠᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠬᠦ ᠬᠡᠷᠡᠭᠲᠡᠶ᠃ ᠬᠠᠷᠢᠭᠤᠴᠠᠯᠭ᠎ᠠ ᠶᠢ | ᠲᠣᠰᠬᠤᠨ ᠳᠤ ᠬᠦᠷᠭᠡᠬᠦ᠂ ᠬᠤᠳᠳᠤᠭ ᠲᠤ ᠬᠦᠷᠬᠦ᠂ ᠬᠥᠮᠦᠨ ᠳᠤ ᠬᠦᠷᠲᠡᠯ᠎ᠡ ᠨᠠᠶᠢᠳᠠᠪᠤᠷᠢᠵᠢᠭᠤᠯᠬᠤ ᠶᠢ | ᠲᠣᠳᠣᠷᠬᠠᠶᠢᠯᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠪᠠᠷᠢᠮᠵᠢᠶ᠎ᠠ ᠪᠣᠯᠤᠨ ᠴᠠᠭ ᠬᠤᠭᠤᠴᠠᠭᠠᠨ ᠤ | ᠵᠠᠩᠭᠢᠯᠠᠭ᠎ᠠ ᠶᠢᠨ ᠴᠡᠭ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ | ᠰᠠᠶᠢᠵᠢᠷᠠᠭᠤᠯᠬᠤ ᠶᠢ ᠪᠣᠳᠠᠲᠠᠶᠢᠵᠢᠭᠤᠯᠬᠤ ᠶᠢ ᠪᠠᠲᠤᠯᠠᠬᠤ ᠬᠡᠷᠡᠭᠲᠡᠢ᠃ | ︵ᠭᠤᠷᠪᠠ︶ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠤᠯᠲᠠ ᠬᠢᠵᠦ᠂ ᠴᠢᠩᠭ᠎ᠠ ᠬᠢᠨᠠᠨ ᠵᠢᠯᠣᠭᠤᠳᠬᠤ | ᠬᠡᠷᠡᠭᠲᠡᠶ᠃ ᠡᠯ᠎ᠡ ᠰᠣᠮᠣ ᠰᠢᠶᠠᠩ ᠪᠠᠯᠭᠠᠰᠤ︶ ᠵᠠᠰᠠᠭ ᠤᠨ ᠣᠷᠳᠣᠨ ᠲᠣᠰ ᠲᠣᠰ ᠤᠨ ᠬᠠᠷᠢᠶ᠎ᠠ ᠣᠷᠣᠨ ᠤ ᠪᠠᠨ | ᠴᠡᠭᠴᠡᠯᠡᠨ ᠰᠠᠶᠢᠵᠢᠷᠠᠭᠤᠯᠬᠤ ᠠᠵᠢᠯ ᠢ ᠨᠠᠷᠢᠨ ᠬᠢᠨᠠᠮᠠᠭᠠᠶ ᠬᠠᠷᠢᠭᠤᠴᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠤᠨ | ᠠᠬᠢᠴᠠ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠵᠤ᠂ ᠴᠡᠭᠴᠡᠯᠡᠨ ᠰᠠᠶᠢᠵᠢᠷᠠᠭᠤᠯᠬᠤ | ᠠᠵᠢᠯ ᠤᠨ ᠠᠬᠢᠴᠠ ᠶᠢᠨ ᠪᠠᠶᠢᠳᠠᠯ ᠢ ᠴᠠᠭ ᠲᠤᠬᠠᠶ ᠳᠤᠨᠢ ᠬᠤᠰᠢᠭᠤᠨ ᠤ ᠲᠠᠷᠢᠶᠠᠯᠠᠩ ᠮᠠᠯ ᠠᠵᠦ ᠠᠬᠤᠢ ᠪᠠ | ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠳᠤ ᠮᠡᠳᠡᠭᠦᠯᠦᠨ ᠬᠦᠷᠭᠡᠵᠦ᠂ ᠲᠠᠷᠢᠶᠠᠯᠠᠩ ᠮᠠᠯ ᠠᠵᠦ ᠠᠬᠤᠢ ᠪᠠ | ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠬᠤᠷᠢᠶᠠᠩᠭᠤᠶᠢᠯᠠᠭᠰᠠᠨ ᠤ ᠳᠠᠷᠠᠭ᠎ᠠ ᠬᠤᠰᠢᠭᠤᠨ ᠤ ᠵᠠᠰᠠᠭ ᠤᠨ | ᠣᠷᠳᠣᠨ ᠳᠤ ᠮᠡᠳᠡᠭᠦᠯᠬᠦ ᠬᠡᠷᠡᠭᠲᠡᠶ᠃ ᠬᠤᠰᠢᠭᠤᠨ ᠤ ᠵᠠᠰᠠᠭ ᠤᠨ ᠣᠷᠳᠣᠨ ᠠᠴᠠ ᠬᠢᠨᠠᠨ ᠵᠢᠯᠣᠭᠤᠳᠬᠤ ᠳᠤᠭᠤᠶᠢᠯᠠᠩ | ᠪᠠᠶᠢᠭᠤᠯᠵᠤ ᠡᠯ᠎ᠡ ᠭᠠᠵᠠᠷ ᠲᠤ ᠬᠦᠷᠴᠦ ᠬᠢᠨᠠᠨ ᠪᠠᠶᠢᠴᠠᠭᠠᠯᠲᠠ ᠥᠷᠨᠢᠭᠦᠯᠵᠦ᠂ ᠨᠠᠷᠢᠨ ᠬᠢᠨᠠᠮᠠᠭᠠᠶ ᠴᠡᠭᠴᠡᠯᠡᠨ | ᠰᠠᠶᠢᠵᠢᠷᠠᠭᠤᠯᠤᠭᠰᠠᠨ ᠥᠬᠡᠶ᠂ ᠬᠠᠰᠢ ᠶᠠᠰᠢ ᠪᠠᠷ ᠬᠢᠭᠰᠡᠨ ᠪᠠᠶᠢᠪᠠᠯ᠂ ᠬᠠᠮᠢᠶ᠎ᠠ ᠪᠥᠬᠦᠶ ᠬᠠᠷᠢᠭᠤᠴᠠᠯᠭ᠎ᠠ ᠶᠢ | ᠨᠡᠬᠡᠮᠵᠢᠯᠡᠨ᠎ᠡ᠃ | ︵ᠲᠦᠷᠪᠡ︶ ᠤᠬᠠᠭᠤᠯᠭ᠎ᠠ ᠶᠢ ᠴᠢᠩᠭᠠᠳᠬᠠᠵᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠬᠡᠷᠡᠭᠲᠡᠢ᠃ | ᠪᠠᠯᠭᠠᠰᠤ᠂ ᠲᠣᠰᠬᠤᠨ ᠬᠤᠶᠠᠷ ᠱᠠᠲᠤᠨ ᠤ ᠬᠢᠨ ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ᠂ ᠸᠢᠴᠠᠲ ᠵᠡᠷᠭᠡ | ᠵᠠᠭᠤᠴᠢᠯᠠᠭᠤᠷ ᠢᠶᠠᠷ ᠳᠠᠮᠵᠢᠭᠤᠯᠤᠨ᠂ ᠲᠠᠷᠢᠶᠠᠨ ᠭᠠᠵᠠᠷ ᠤᠨ ᠮᠠᠰᠢᠨ ᠴᠠᠬᠢᠯᠭᠠᠨ ᠬᠤᠳᠳᠤᠭ ᠤᠨ ᠬᠠᠮᠢᠶᠠᠷᠤᠯᠲᠠ | ᠬᠡᠷᠡᠭᠯᠡᠯᠲᠡ ᠨᠢ ᠲᠠᠷᠢᠶᠠᠯᠠᠩ ᠤᠨ ᠦᠢᠯᠡᠳᠪᠦᠷᠢᠯᠡᠯ ᠪᠠ ᠬᠥᠳᠡᠭᠡ ᠲᠣᠰᠬᠤᠨ ᠤ ᠬᠥᠭᠵᠢᠯᠲᠡ ᠳᠤ ᠦᠵᠡᠭᠦᠯᠬᠦ | ᠴᠢᠬᠤᠯᠠ ᠠᠴᠢ ᠬᠤᠯᠪᠣᠭᠳᠠᠯ ᠢ ᠥᠷᠭᠡᠨ ᠢᠶᠠᠷ ᠤᠬᠠᠭᠤᠯᠵᠤ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠤ | ᠲᠠᠷᠢᠶᠠᠨ ᠭᠠᠵᠠᠷ ᠤᠨ ᠮᠠᠰᠢᠨ ᠴᠠᠬᠢᠯᠭᠠᠨ ᠬᠤᠳᠳᠤᠭ ᠢ ᠵᠢᠷᠤᠮᠵᠢᠭᠤᠯᠤᠨ ᠬᠠᠮᠢᠶᠠᠷᠬᠤ ᠬᠠᠷᠢᠭᠤᠴᠠᠯᠭᠠᠲᠤ ᠰᠡᠳᠬᠢᠯᠭᠡ | ᠪᠠ ᠡᠭᠦᠷᠭᠡᠲᠦ ᠰᠡᠳᠬᠢᠯᠭᠡ ᠶᠢ ᠨᠡᠮᠡᠭᠳᠡᠭᠦᠯᠵᠦ᠂ ᠥᠷᠭᠡᠨ ᠣᠯᠠᠨ ᠲᠠᠷᠢᠶᠠᠴᠢᠳ ᠤᠨ ᠲᠠᠷᠢᠶᠠᠨ ᠭᠠᠵᠠᠷ ᠤᠨ ᠮᠠᠰᠢᠨ | ᠴᠠᠬᠢᠯᠭᠠᠨ ᠬᠤᠳᠳᠤᠭ ᠢ ᠬᠠᠮᠢᠶᠠᠷᠤᠨ ᠬᠠᠮᠠᠭᠠᠯᠠᠬᠤ ᠳᠤ ᠢᠳᠡᠪᠬᠢᠲᠡᠶ ᠣᠷᠣᠯᠴᠠᠬᠤ ᠢᠳᠡᠪᠬᠢᠵᠢᠯ ᠪᠠ | ᠰᠠᠨᠠᠭᠠᠴᠢᠯᠠᠭᠠᠲᠤ ᠴᠢᠨᠠᠷ ᠢ ᠳᠡᠭᠡᠭᠰᠢᠯᠡᠭᠦᠯᠦᠨ᠂ ᠲᠠᠷᠢᠶᠠᠨ ᠭᠠᠵᠠᠷ ᠤᠨ ᠮᠠᠰᠢᠨ ᠴᠠᠬᠢᠯᠭᠠᠨ ᠬᠤᠳᠳᠤᠭ ᠢ ᠴᠡᠭᠴᠡᠯᠡᠨ | ᠰᠠᠶᠢᠵᠢᠷᠠᠭᠤᠯᠬᠤ ᠠᠵᠢᠯ ᠤᠨ ᠦᠷ᠎ᠡ ᠪᠦᠲᠦᠮᠵᠢ ᠪᠠ ᠨᠡᠶᠢᠲᠡᠯᠢᠭ ᠠᠷᠭ᠎ᠠ ᠬᠢᠳᠡᠯ ᠢ ᠪᠥᠬᠦ ᠲᠠᠯ᠎ᠠ ᠪᠠᠷ ᠤᠬᠠᠭᠤᠯᠤᠨ | ᠮᠡᠳᠡᠭᠡᠯᠡᠵᠦ᠂ ᠨᠡᠶᠢᠭᠡᠮ ᠤᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠨ᠂ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ | ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠬᠤ ᠬᠡᠷᠡᠭᠲᠡᠶ᠃ | ᠲᠠᠶᠢᠯᠤᠮᠵᠢ ᠬᠢᠭᠰᠡᠨ ᠪᠠᠶᠢᠭᠤᠯᠤᠮᠵᠢ᠄ ᠨᠠᠢᠮᠠᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ | ᠤᠬᠠᠭᠠᠨ ᠮᠡᠷᠭᠡᠵᠢᠯ ᠤᠨ ᠲᠣᠪᠴᠢᠶ᠎ᠠ | ᠲᠠᠶᠢᠯᠤᠮᠵᠢ ᠬᠢᠭᠴᠢ᠄ ᠯᠢ ᠰᠢᠨ | ᠲᠤᠰᠢᠶᠠᠯ᠄ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠳᠡᠳ᠋ ᠡᠷᠬᠢᠯᠡᠭᠴᠢ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ | ᠬᠠᠷᠢᠯᠴᠠᠬᠤ ᠤᠲᠠᠰᠤ᠄ 0475 - 4213879 |