ᠨᠠᠢᠮᠠᠨ ᠵᠠᠰᠠᠭ ᠮᠡᠳᠡᠭᠳᠡᠯ ﹇2020﹈ 6 ᠳ᠋ᠤᠭᠠᠷ ᠲᠣᠭᠠᠲᠤ | ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ | ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢᠨ ᠵᠢᠯᠣᠭᠤᠳᠬᠤ ᠭᠠᠷᠴᠠᠭ﹀ ᠢ ᠳᠠᠷᠤᠮᠠᠯᠯᠠᠨ ᠲᠠᠷᠬᠠᠭᠠᠬᠤ | ᠲᠤᠬᠠᠶ ᠮᠡᠳᠡᠭᠳᠡᠯ︾ ︵ᠥᠪᠥᠷ ᠬᠠᠤᠯᠢ ᠲᠦᠩ ﹇2020﹈ 21 ᠳ᠋ᠦᠭᠡᠷ ᠲᠣᠭᠠᠲᠤ︶ ᠤᠨ ᠱᠠᠭᠠᠷᠳᠠᠯᠭ᠎ᠠ ᠶᠢ | ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠦᠷᠢᠮ︾ ᠢ | ᠦᠨᠳᠦᠰᠦᠯᠡᠨ᠂ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠲᠠᠢ | ᠤᠶᠠᠯᠳᠤᠭᠤᠯᠤᠨ᠂ ᠡᠯ᠎ᠡ ᠰᠤᠮᠤ ᠰᠢᠶᠠᠩ ᠪᠠᠯᠭᠠᠰᠤ ᠶᠢᠨ ᠳᠠᠭᠠᠭᠠᠨ ᠠᠪᠬᠤ ᠴᠢᠳᠠᠪᠤᠷᠢ ᠶᠢ ᠭᠦᠢᠴᠡᠳ | ᠪᠣᠳᠣᠯᠬᠢᠯᠠᠭᠰᠠᠨ ᠰᠠᠭᠤᠷᠢᠨ ᠳᠡᠭᠡᠷ᠎ᠡ᠂ ᠨᠠᠢᠮᠠᠨ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ | ᠵᠠᠰᠠᠭ ᠤᠨ ᠣᠷᠳᠣᠨ ᠤ 34 ᠳ᠋ᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠰᠤᠳᠤᠯᠤᠭᠠᠳ᠂ 54 ᠵᠦᠢᠯ ᠤᠨ | ᠵᠠᠰᠠᠭ ᠵᠠᠬᠢᠷᠭᠠᠨ ᠤ ᠰᠢᠢᠳᠬᠡᠯ ︵ᠳᠠᠭᠠᠯᠳᠤᠭᠤᠯᠤᠯ ᠳᠤ ᠦᠵᠡ︶ ᠢ ᠡᠯ᠎ᠡ ᠰᠤᠮᠤ ᠰᠢᠶᠠᠩ ᠪᠠᠯᠭᠠᠰᠤ ᠶᠢᠨ | ᠠᠷᠠᠳ ᠤᠨ ᠵᠠᠰᠠᠭ ᠤᠨ ᠣᠷᠳᠣᠨ ᠳᠤ ᠡᠷᠬᠡ ᠤᠯᠭᠤᠨ ᠬᠡᠷᠡᠭᠵᠢᠯᠡᠭᠦᠯᠬᠦ ᠪᠠᠷ ᠲᠣᠭᠲᠠᠪᠠ᠂ ᠡᠳᠦᠭᠡ ᠨᠡᠶᠢᠲᠡᠯᠡᠵᠦ᠂ | ᠳᠣᠤᠷᠠᠬᠢ ᠮᠡᠲᠦ ᠠᠵᠢᠯ ᠤᠨ ᠱᠠᠭᠠᠷᠳᠠᠯᠭ᠎ᠠ ᠶᠢ ᠳᠤᠷᠠᠳᠪᠠ᠄ | ᠨᠢᠭᠡ᠂ ᠡᠯ᠎ᠡ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ 2024 ᠣᠨ ᠤ 4 ᠰᠠᠷ᠎ᠠ ᠶᠢᠨ | 24 ᠤ ᠡᠳᠦᠷ ᠠᠴᠠ ᠡᠬᠢᠯᠡᠨ ︽ᠨᠠᠢᠮᠠᠨ ᠬᠤᠰᠢᠭᠤᠨ ᠤ ᠰᠤᠮᠤ ᠰᠢᠶᠠᠩ ᠪᠠᠯᠭᠠᠰᠤᠨ ᠳᠤ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠡᠷᠬᠡ ᠶᠢᠨ ᠨᠠᠷᠢᠨ ᠬᠠᠭᠤᠳᠠᠰᠤ ︵54 ᠵᠦᠢᠯ︶︾ ᠶᠢ ᠬᠡᠷᠡᠭᠵᠢᠭᠦᠯᠵᠦ᠂ 4 ᠰᠠᠷ᠎ᠠ ᠶᠢᠨ 24 ᠤ | ᠡᠳᠦᠷ ᠠᠴᠠ ᠡᠮᠦᠨ᠎ᠡ ᠨᠢᠭᠡᠨᠲᠡ ᠭᠥᠯᠢᠶᠡᠨ ᠠᠪᠤᠭᠰᠠᠨ ᠪᠤᠶᠤ ᠬᠡᠷᠡᠭ ᠪᠣᠯᠭᠠᠨ ᠳᠠᠩᠰᠠᠯᠠᠭᠰᠠᠨ ᠵᠠᠰᠠᠭ ᠵᠠᠬᠢᠷᠭᠠᠨ ᠤ | ᠰᠢᠢᠳᠬᠡᠯ ᠤᠨ ᠬᠡᠷᠡᠭ ᠢ ᠦᠷᠭᠦᠯᠵᠢᠯᠡᠨ ᠰᠢᠢᠳᠪᠦᠷᠢᠯᠡᠪᠡ᠃ ᠡᠯ᠎ᠡ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠤᠨ ᠭᠠᠷᠴᠠᠭ ᠢ | ᠴᠠᠭ ᠲᠤᠬᠠᠶ ᠳᠤᠨᠢ ᠲᠣᠬᠢᠷᠠᠭᠤᠯᠬᠤ ᠶᠢᠨ ᠬᠠᠮᠲᠤ ᠨᠡᠶᠢᠲᠡᠯᠡᠬᠦ ᠬᠡᠷᠡᠭᠲᠡᠶ᠃ | ᠬᠤᠶᠠᠷ᠂ ᠬᠤᠰᠢᠭᠤᠨ ᠤ ᠣᠷᠣᠨ ᠲᠤᠭ᠎ᠠ ᠶᠢᠨ ᠠᠯᠪᠠᠨ ᠬᠡᠷ ᠨᠢ ᠬᠤᠰᠢᠭᠤᠨ ᠤ ᠵᠠᠰᠠᠭ ᠤᠨ ᠣᠷᠳᠣᠨ ᠤ | ᠬᠠᠮᠢᠶ᠎ᠠ ᠪᠥᠬᠦᠶ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠢ ᠵᠣᠬᠢᠶᠠᠨ ᠪᠠᠶᠢᠭᠤᠯᠬᠤ ᠬᠢᠭᠡᠳ ᠡᠯ᠎ᠡ ᠰᠤᠮᠤ ᠰᠢᠶᠠᠩ | ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠤ ᠡᠷᠬᠡ ᠣᠯᠭᠤᠬᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠵᠦᠢᠯᠡᠰ ᠢ ᠵᠣᠯᠭᠠᠭᠤᠯᠬᠤ ᠠᠵᠢᠯ ᠢ ᠬᠠᠷᠢᠭᠤᠴᠠᠨ᠎ᠠ᠃ | ᠭᠤᠷᠪᠠ᠂ ᠬᠤᠰᠢᠭᠤᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ ᠨᠢ ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠵᠢᠴᠢ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ | ᠲᠣᠬᠢᠷᠠᠭᠤᠯᠬᠤ ᠵᠢᠴᠢ ᠨᠡᠶᠢᠲᠡᠯᠡᠬᠦ ᠶᠢ ᠬᠠᠷᠢᠭᠤᠴᠠᠨ ᠵᠢᠯᠣᠭᠤᠳᠤᠨ᠎ᠠ᠃ | ᠳᠥᠷᠪᠡ᠂ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠠᠵᠢᠯᠲᠠᠨ ᠤ ᠴᠢᠳᠠᠪᠤᠷᠢ ᠬᠡᠪ ᠴᠢᠨᠠᠷ ᠢ ᠳᠡᠭᠡᠭᠰᠢᠯᠡᠭᠦᠯᠬᠦ᠂ ᠬᠠᠤᠯᠢ ᠪᠠᠷ ᠵᠠᠰᠠᠬᠤ ᠰᠡᠳᠬᠢᠬᠦᠶ ᠶᠢ ᠴᠢᠩᠭᠠᠷᠠᠭᠤᠯᠬᠤ ᠶᠢ | ᠲᠦᠷᠦᠭᠦᠯᠡᠨ ᠬᠠᠷᠢᠭᠤᠴᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠶᠠᠰᠤ ᠴᠢᠨᠠᠷ ᠦᠷ᠎ᠡ | ᠪᠦᠲᠦᠮᠵᠢ ᠶᠢ ᠤᠯᠠᠮ ᠨᠢᠭᠡ ᠠᠯᠬᠤᠮ ᠴᠢᠩᠭᠠᠳᠬᠠᠨ᠎ᠠ᠃ | ᠲᠠᠪᠤ᠂ ᠬᠤᠰᠢᠭᠤᠨ ᠤ ᠲᠣᠰ ᠱᠠᠲᠤᠨ ᠤ ᠬᠠᠮᠢᠶ᠎ᠠ ᠪᠥᠬᠦᠶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ | ᠮᠥᠴᠢᠷ ᠨᠢ ᠡᠷᠬᠡ ᠣᠯᠭᠤᠬᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠢ ᠴᠠᠭ ᠲᠤᠬᠠᠶ ᠳᠤᠨᠢ ᠡᠯ᠎ᠡ | ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠲᠠᠢ ᠵᠣᠯᠭᠠᠭᠤᠯᠵᠤ᠂ ᠦᠨᠳᠦᠰᠦᠨ ᠱᠠᠲᠤᠨ ᠤ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠳᠤ ᠲᠤᠬᠠᠶᠢᠯᠠᠭᠰᠠᠨ ᠠᠵᠢᠯ ᠤᠨ | ᠪᠣᠯᠪᠠᠰᠤᠷᠠᠭᠤᠯᠤᠯ ᠬᠢᠨ᠎ᠠ᠃ | ᠡᠭᠦᠨ ᠤ ᠲᠤᠯᠠ ᠣᠨᠴᠠᠭᠠᠶᠢᠯᠠᠨ ᠵᠠᠷᠯᠠᠪᠠ | |