3 ᠰᠠᠷ᠎ᠠ ᠶᠢᠨ 2 ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠪᠦᠦ ᠯᠢᠶᠠᠨ ᠱᠠᠨ ᠨᠠᠢᠮᠠᠨ ᠬᠤᠰᠢᠭᠤᠨ ᠤ ᠠᠷᠪᠠᠨ | ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ 30 ᠳ᠋ᠤᠭᠠᠷ ᠤᠳᠠᠭ᠎ᠠ ᠶᠢᠨ ᠪᠠᠶᠢᠩᠭᠤ ᠶᠢᠨ | ᠬᠤᠷᠠᠯ ᠢ ᠡᠷᠭᠢᠯᠡᠨ ᠬᠤᠷᠠᠯᠳᠤᠭᠤᠯᠵᠤ᠂ ︽ᠨᠠᠢᠮᠠᠨ ᠬᠤᠰᠢᠭᠤᠨ ᠤ ᠬᠤᠲᠠ ᠪᠠᠯᠭᠠᠰᠤᠨ ᠤ ᠲᠥᠪᠯᠡᠷᠡᠭᠦᠯᠦᠨ | ᠳᠤᠯᠠᠭᠠᠯᠠᠭ᠎ᠠ ᠬᠠᠩᠭᠠᠬᠤ ᠢᠨᠵᠧᠨᠧᠷᠢᠩ ᠢ ᠬᠡᠷᠡᠭᠵᠢᠭᠦᠯᠬᠦ ᠲᠥᠰᠦᠯ︾᠂ ︽ᠨᠠᠢᠮᠠᠨ ᠬᠤᠰᠢᠭᠤᠨ ᠤ ᠳᠠᠴᠢᠨᠲᠠᠯ᠎ᠠ | ᠪᠠᠯᠭᠠᠰᠤᠨ ᠤ ᠭᠤᠤᠯ ᠬᠤᠲᠠ ᠶᠢᠨ ᠲᠣᠭᠤᠷᠢᠭ ᠤᠨ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ | ᠲᠦᠷᠢᠶᠡᠰᠦᠯᠡᠯ ᠤᠨ ᠨᠥᠬᠦᠪᠥᠷᠢ ᠶᠢᠨ ᠬᠡᠷᠡᠭᠵᠢᠭᠦᠯᠬᠦ ᠨᠠᠷᠢᠨ ᠲᠦᠷᠢᠮ︾᠂ ᠬᠤᠲᠠ ᠶᠢᠨ ᠶᠠᠪᠤᠳᠠᠯ ᠤᠨ ᠣᠯᠠᠨ | ᠨᠡᠶᠢᠲᠡ ᠶᠢᠨ ᠰᠠᠭᠤᠷᠢ ᠲᠥᠬᠦᠭᠡᠷᠦᠮᠵᠢ ᠶᠢᠨ ᠬᠠᠮᠠᠭᠠᠯᠠᠯᠲᠠ ᠥᠭᠡᠷᠡᠴᠢᠯᠡᠯᠲᠡ ᠵᠡᠷᠭᠡ ᠵᠦᠢᠯᠡᠰ ᠢ ᠰᠤᠳᠤᠯᠪᠠ᠃ | ᠬᠤᠷᠠᠯ ᠠᠴᠠ᠂ ᠬᠠᠶᠢᠷ᠎ᠠ ᠬᠠᠯᠠᠮᠵᠢ ᠶᠢᠨ ᠢᠨᠵᠧᠨᠧᠷᠢᠩ ᠪᠣᠯ ᠲᠦᠭ ᠲᠦᠮᠡᠨ ᠠᠶᠢᠯ ᠡᠷᠦᠬᠡ ᠳᠤ | ᠬᠤᠯᠪᠣᠭᠳᠠᠬᠤ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠂ ᠨᠢᠭᠡᠳᠦᠯᠲᠡᠶ ᠲᠥᠯᠥᠪᠵᠢᠭᠦᠯᠦᠨ | ᠲᠣᠬᠢᠷᠠᠭᠤᠯᠬᠤ ᠶᠢ ᠴᠢᠩᠭᠠᠳᠬᠠᠵᠤ᠂ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠪᠣᠳᠠᠲᠤ | ᠪᠠᠶᠢᠳᠠᠯ ᠳᠤ ᠰᠠᠭᠤᠷᠢᠯᠠᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠡᠷᠡᠭᠵᠢᠭᠦᠯᠬᠦ | ᠲᠥᠰᠦᠯ ᠢ ᠤᠯᠠᠮ ᠴᠢᠨᠠᠭᠰᠢᠳᠠ ᠨᠠᠷᠢᠯᠢᠭᠵᠢᠭᠤᠯᠵᠤ᠂ ᠴᠡᠪᠡᠷ ᠡᠨᠧᠷᠭᠢ ᠶᠢᠨ ᠥᠭᠡᠷᠡᠴᠢᠯᠡᠯᠲᠡ ᠶᠢ ᠨᠢᠭᠡᠳᠦᠯᠲᠡᠶ | ᠲᠥᠯᠥᠪᠵᠢᠭᠦᠯᠦᠨ ᠪᠣᠳᠣᠯᠬᠢᠯᠠᠵᠤ᠂ ᠳᠤᠯᠠᠭᠠᠯᠠᠭ᠎ᠠ ᠶᠢᠨ ᠶᠠᠰᠤ ᠴᠢᠨᠠᠷ ᠢ ᠢᠯᠡᠳᠲᠡ ᠰᠠᠶᠢᠵᠢᠷᠠᠭᠤᠯᠬᠤ ᠶᠢ ᠦᠨᠡᠨ ᠬᠦ | ᠪᠠᠲᠤᠯᠠᠬᠤ ᠬᠡᠷᠡᠭᠲᠡᠶ ᠭᠡᠵᠦ ᠴᠢᠩᠭᠠᠳᠬᠠᠪᠠ᠃ | ᠬᠤᠷᠠᠯ ᠠᠴᠠ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠣᠶ | ᠪᠣᠯᠭᠠᠵᠤ᠂ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠴᠢᠨᠠᠭᠰᠢᠳᠠ ᠴᠢᠩᠭᠠᠳᠬᠠᠵᠤ᠂ ᠣᠯᠠᠨ ᠨᠡᠶᠢᠲᠡ ᠶᠢᠨ | ᠲᠦᠷᠢᠶᠡᠰᠦᠨ ᠣᠷᠣᠨ ᠰᠠᠭᠤᠴᠠ ᠶᠢᠨ ᠪᠠᠲᠤᠯᠠᠭ᠎ᠠ ᠶᠢᠨ ᠰᠢᠰᠲ᠋ᠧᠮ ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ | ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠲᠦᠷᠢᠶᠡᠰᠦᠨ ᠨᠥᠬᠦᠪᠥᠷᠢ ᠵᠡᠷᠭᠡ ᠠᠵᠢᠯ ᠢ ᠯᠠᠪᠳᠠᠭᠤᠨ | ᠪᠠᠲᠤᠲᠠᠶ ᠰᠠᠶᠢᠲᠤᠷ ᠬᠢᠵᠦ᠂ ᠬᠦᠴᠢᠷᠳᠡᠯᠲᠡᠶ ᠣᠯᠠᠨ ᠲᠦᠮᠡᠨ ᠤ ᠣᠷᠣᠨ ᠰᠠᠭᠤᠴᠠ ᠶᠢᠨ ᠠᠰᠠᠭᠤᠳᠠᠯ ᠢ ᠲᠦᠷᠭᠡᠳᠬᠡᠨ | ᠰᠢᠢᠳᠪᠦᠷᠢᠯᠡᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ | ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠬᠦ ᠬᠡᠷᠡᠭᠲᠡᠶ ᠭᠡᠵᠦ ᠴᠢᠩᠭᠠᠳᠬᠠᠪᠠ᠃ | ᠬᠤᠷᠠᠯ ᠠᠴᠠ᠂ ᠠᠷᠭ᠎ᠠ ᠪᠤᠳᠤᠯᠭ᠎ᠠ ᠶᠢ ᠠᠷᠠᠳ ᠠᠴᠠ ᠠᠰᠠᠭᠤᠬᠤ᠂ ᠬᠡᠷᠡᠭᠴᠡᠭᠡ ᠶᠢ ᠠᠷᠠᠳ ᠠᠴᠠ | ᠠᠰᠠᠭᠤᠬᠤ ᠶᠢ ᠪᠠᠷᠢᠮᠲᠠᠯᠠᠵᠤ᠂ ᠬᠤᠳᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢ ᠰᠢᠨᠡᠳᠬᠡᠬᠦ ᠪᠠᠷ ᠬᠤᠳᠠ ᠶᠢᠨ | ᠴᠢᠳᠠᠮᠵᠢ ᠶᠢ ᠲᠡᠭᠦᠯᠳᠡᠷᠵᠢᠭᠦᠯᠬᠦ ᠴᠢᠬᠤᠯᠠ ᠭᠠᠷᠳᠠᠴᠠ ᠪᠣᠯᠭᠠᠵᠤ᠂ ᠬᠤᠳᠠ ᠶᠢᠨ ᠲᠣᠭᠤᠷᠢᠭ ᠤᠨ ᠬᠤᠳᠠ ᠶᠢᠨ | ᠶᠠᠪᠤᠳᠠᠯ ᠤᠨ ᠰᠠᠭᠤᠷᠢ ᠲᠥᠬᠦᠭᠡᠷᠦᠮᠵᠢ ᠶᠢ ᠬᠠᠮᠢᠶᠠᠷᠴᠤ ᠬᠠᠮᠠᠭᠠᠯᠠᠬᠤ ᠡᠷᠴᠢᠮ ᠢᠶᠠᠨ ᠦᠷᠭᠦᠯᠵᠢᠯᠡᠨ ᠴᠢᠩᠭᠠᠳᠬᠠᠵᠤ᠂ | ᠬᠤᠳᠠ ᠶᠢᠨ ᠲᠣᠭᠤᠷᠢᠭ ᠤᠨ ᠴᠢᠳᠠᠮᠵᠢ ᠶᠢᠨ ᠶᠠᠰᠤ ᠴᠢᠨᠠᠷ ᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ᠭᠤᠶᠤ | ᠰᠠᠶᠢᠬᠠᠨ᠂ ᠴᠡᠪᠡᠷ ᠲᠡᠭᠰᠢ᠂ ᠲᠠᠭᠠᠯᠠᠮᠵᠢᠲᠠᠢ ᠠᠮᠢᠳᠤᠷᠠᠯ ᠤᠨ ᠣᠷᠴᠢᠨ ᠲᠣᠭᠤᠷᠢᠨ ᠢ ᠬᠦᠴᠦᠯᠡᠨ ᠪᠤᠢ ᠪᠣᠯᠭᠠᠬᠤ | ᠬᠡᠷᠡᠭᠲᠡᠢ ᠭᠡᠵᠦ ᠴᠢᠩᠭᠠᠳᠬᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | | | |