3 ᠰᠠᠷ᠎ᠠ ᠶᠢᠨ 9 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠪᠦᠦ ᠯᠢᠶᠠᠨ ᠱᠠᠨ ᠨᠠᠢᠮᠠᠨ ᠬᠤᠰᠢᠭᠤᠨ ᠤ ᠠᠷᠪᠠᠨ | ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ 31 ᠳ᠋ᠦ᠋ᠭᠡᠷ ᠤᠳᠠᠭ᠎ᠠ ᠶᠢᠨ ᠪᠠᠶᠢᠩᠭᠤ ᠶᠢᠨ | ᠬᠤᠷᠠᠯ ᠢ ᠡᠷᠭᠢᠯᠡᠨ ᠬᠤᠷᠠᠯᠳᠤᠭᠤᠯᠵᠤ᠂ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠵᠡᠷᠭᠡ | ᠶᠠᠪᠤᠳᠠᠯ ᠢ ᠰᠤᠳᠤᠯᠪᠠ᠃ | | | | | | ᠦᠢᠯᠡᠴᠢᠯᠡᠭᠡᠨ ᠤ ᠦᠢᠯᠡᠰ ᠪᠣᠯ ᠤᠯᠤᠰ ᠠᠷᠠᠳ ᠤᠨ ᠠᠵᠤ ᠠᠬᠤᠢ ᠶᠢᠨ ᠴᠢᠬᠤᠯᠠ ᠪᠦᠷᠢᠯᠳᠦᠬᠦᠨ ᠬᠡᠰᠡᠭ | ᠮᠥᠨ᠃ ᠬᠠᠷᠠᠯᠲᠠ ᠡᠭᠦᠷᠭᠡ ᠶᠢᠨ ᠲᠣᠭᠤᠷᠢᠨ ᠳᠤ᠂ ᠨᠢᠭᠡᠳᠦᠯᠲᠡᠶ ᠲᠥᠯᠥᠪᠵᠢᠭᠦᠯᠬᠦ ᠶᠢ ᠴᠢᠩᠭᠠᠳᠬᠠᠵᠤ᠂ | ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠬᠢᠭᠡᠳ | ᠪᠣᠬᠢᠷᠲᠤᠯ ᠥᠬᠡᠶ ᠲᠠᠷᠢᠶᠠᠯᠠᠩ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ᠂ ᠡᠮᠴᠢᠯᠡᠭᠡ ᠰᠤᠪᠢᠯᠠᠯᠲᠠ ᠡᠷᠡᠭᠦᠯ ᠮᠡᠨᠳᠦ᠂ | ᠠᠷᠠᠯᠵᠢᠶ᠎ᠠ ᠬᠤᠳᠠᠯᠳᠤᠭᠠᠨ ᠤ ᠭᠦᠢᠯᠭᠡᠭᠡ᠂ ᠮᠥᠩᠭᠦᠨ ᠭᠦᠢᠯᠭᠡᠭᠡᠨ ᠤ ᠦᠢᠯᠡᠴᠢᠯᠡᠭᠡ ᠵᠡᠷᠭᠡ ᠡᠯ᠎ᠡ ᠬᠦᠷᠢᠶᠡᠨ ᠤ | ᠭᠦᠨᠵᠡᠭᠡᠶ ᠠᠭᠤᠰᠤᠯᠴᠠᠯ ᠢ ᠪᠥᠬᠦ ᠲᠠᠯ᠎ᠠ ᠪᠠᠷ ᠠᠬᠢᠭᠤᠯᠬᠤ ᠬᠡᠷᠡᠭᠲᠡᠶ︔ ᠵᠣᠬᠢᠶᠠᠨ ᠪᠠᠶᠢᠭᠤᠯᠵᠤ ᠤᠳᠤᠷᠢᠳᠬᠤ ᠪᠠᠨ | ᠴᠢᠩᠭᠠᠳᠬᠠᠵᠤ᠂ ᠨᠢᠭᠲᠠ ᠬᠠᠮᠵᠢᠯᠴᠠᠨ᠂ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠵᠤ᠂ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ | ᠬᠥᠳᠡᠯᠭᠡᠬᠦ ᠡᠨᠧᠷᠭᠢ ᠰᠢᠨ᠎ᠡ ᠳᠠᠪᠠᠭᠤᠯᠢᠭ ᠢ ᠲᠠᠰᠤᠷᠠᠯᠲᠠ ᠥᠬᠡᠶ ᠪᠣᠶ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |