ᠨᠠᠢᠮᠠᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠶᠢᠨ 2024 ᠣᠨ ᠤ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ  ᠲᠤᠭᠲᠠᠯᠴᠠᠭ᠎ᠠ ᠶᠢᠨ ᠥᠭᠡᠷᠡᠴᠢᠯᠡᠯᠲᠡ ᠬᠢᠭᠡᠳ ᠪᠥᠲᠥᠭᠡᠨ ᠪᠠᠶᠢᠭᠤᠯᠤᠯᠲᠠ ᠶᠢᠨ ᠨᠥᠬᠦᠪᠥᠷᠢ ᠶᠢᠨ ᠲᠥᠷᠥᠯ  ᠵᠦᠢᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠰᠢᠯᠢᠨ ᠰᠣᠩᠭᠤᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/8/27
      ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠯᠢᠦ ᠬᠤᠤ ᠲᠠᠷᠢᠶᠠᠯᠠᠩ ᠤᠨ ᠲᠠᠯᠠᠪᠠᠶ ᠶᠢᠨ ᠬᠠᠮᠢᠶᠠᠷᠤᠯᠲᠠ ᠶᠢᠨ ᠵᠥᠪᠯᠡᠯ᠄       ︽︿ᠲᠦᠩᠯᠢᠶᠣᠤ ᠬᠤᠲᠠ ᠶᠢᠨ 2024 ᠣᠨ ᠤ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠲᠤᠭᠲᠠᠯᠴᠠᠭ᠎ᠠ ᠶᠢᠨ ᠥᠭᠡᠷᠡᠴᠢᠯᠡᠯᠲᠡ ᠬᠢᠭᠡᠳ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢᠨ ᠬᠡᠷᠡᠭᠵᠢᠭᠦᠯᠬᠦ ᠲᠥᠰᠦᠯ﹀ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠲᠠᠷᠢᠶᠠᠯᠠᠩ ᠮᠠᠯ ᠠᠵᠤ ᠠᠬᠤᠶ ᠲᠠᠷᠬᠠᠭᠠᠭᠰᠠᠨ ﹇2024﹈ 198 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ 2024 ᠣᠨ ᠤ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠲᠤᠭᠲᠠᠯᠴᠠᠭ᠎ᠠ ᠶᠢᠨ ᠥᠭᠡᠷᠡᠴᠢᠯᠡᠯᠲᠡ ᠬᠢᠭᠡᠳ ᠪᠥᠲᠥᠭᠡᠨ ᠪᠠᠶᠢᠭᠤᠯᠤᠯᠲᠠ ᠶᠢᠨ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢᠨ ᠲᠦᠯᠦᠭᠡ᠂ ᠬᠤᠪᠢ ᠬᠥᠮᠦᠨ ᠭᠤᠶᠤᠴᠢᠯᠠᠬᠤ᠂ ᠰᠢᠶᠠᠩ ᠪᠠᠯᠭᠠᠰᠤ ᠲᠠᠨᠢᠯᠴᠠᠭᠤᠯᠬᠤ᠂ ᠲᠠᠷᠢᠶᠠᠯᠠᠩ ᠤᠨ ᠰᠠᠯᠠᠭ᠎ᠠ ᠮᠥᠴᠢᠷ ᠬᠢᠨᠠᠨ ᠲᠣᠭᠲᠠᠭᠠᠬᠤ ᠵᠠᠷᠴᠢᠮ ᠶᠣᠰᠣᠭᠠᠷ᠂ ᠪᠣᠳᠠᠲᠠᠶ ᠲᠠᠢ ᠪᠠᠨ ᠤᠶᠠᠯᠳᠤᠭᠤᠯᠤᠨ᠂ ᠪᠥᠬᠦ ᠬᠤᠰᠢᠭᠤᠨ ᠤ ᠬᠡᠪᠴᠢᠶᠡᠨ ᠳᠠᠬᠢ ᠬᠤᠷᠰᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠠᠵᠤ ᠠᠬᠤᠶᠢᠯᠠᠯ᠂ ᠬᠡᠷ ᠪᠦᠯᠢ ᠶᠢᠨ ᠲᠠᠷᠢᠶᠠᠯᠠᠩ ᠤᠨ ᠲᠠᠯᠠᠪᠠᠶ ᠳᠤ ᠰᠢᠯᠢᠳᠡᠭ ᠢ ᠨᠢ ᠰᠣᠩᠭᠤᠵᠤ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ 9 ᠢᠯᠡ ᠪᠠᠷ ᠰᠢᠯᠢᠨ ᠰᠣᠩᠭᠤᠨ᠎ᠠ᠃       ᠨᠢᠭᠡ᠂ ᠰᠢᠯᠢᠨ ᠰᠣᠩᠭᠤᠬᠤ ᠨᠥᠬᠦᠴᠡᠯ      1. ᠵᠠᠮ ᠬᠠᠷᠢᠯᠴᠠᠭ᠎ᠠ ᠳᠥᠭᠦᠮ ᠳᠥᠲᠡ ᠪᠠᠶᠢᠵᠤ ᠳᠡᠯᠭᠡᠨ ᠦᠵᠡᠭᠦᠯᠬᠦ ᠳᠤ ᠠᠮᠠᠷᠬᠠᠨ ᠪᠠᠶᠢᠳᠠᠭ᠃       2. ᠮᠠᠨ ᠤ ᠬᠤᠰᠢᠭᠤᠨ ᠤ ᠨᠡᠶᠢᠲᠡᠯᠡᠭᠰᠡᠨ ᠭᠤᠤᠯ ᠲᠥᠷᠥᠯ ᠵᠦᠢᠯ ᠪᠠ ᠭᠤᠤᠯ ᠳᠡᠯᠭᠡᠷᠡᠭᠦᠯᠬᠦ ᠮᠡᠷᠭᠡᠵᠢᠯ ︵ᠬᠤᠶᠠᠷ ᠵᠦᠢᠯ ᠠᠴᠠ ᠳᠡᠭᠡᠭᠰᠢ︶ ᠨᠢ ᠰᠠᠭᠤᠷᠢᠨ ᠭᠠᠵᠠᠷ ᠲᠤ ᠨᠡᠶᠢᠳᠡᠮ ᠲᠤᠷᠰᠢᠯᠲᠠ ᠬᠢᠵᠦ ᠵᠢᠱᠢᠶ᠎ᠡ ᠦᠵᠡᠭᠦᠯᠬᠦ ᠬᠡᠷᠡᠭᠲᠡᠶ᠃       3. ᠲᠠᠷᠢᠶᠠᠯᠠᠬᠤ ᠴᠠᠭ ᠲᠠᠷᠢᠶᠠᠯᠠᠬᠤ ᠤᠯᠠᠷᠢᠯ ᠲᠠᠢ ᠤᠶᠠᠯᠳᠤᠭᠤᠯᠤᠨ ᠲᠠᠷᠢᠶᠠᠯᠠᠩ ᠤᠨ ᠮᠡᠷᠭᠡᠵᠢᠯ ᠤᠨ ᠠᠵᠢᠯᠲᠠᠨ᠂ ᠥᠨᠳᠥᠷ ᠮᠡᠳᠡᠯᠭᠡ ᠪᠣᠯᠪᠠᠰᠤᠷᠠᠯ ᠲᠠᠢ ᠲᠠᠷᠢᠶᠠᠴᠢᠨ᠂ ᠵᠢᠱᠢᠶ᠎ᠡ ᠦᠵᠡᠭᠦᠯᠬᠦ ᠭᠤᠤᠯ ᠴᠣᠭᠴᠠ ᠶᠢ ᠵᠣᠬᠢᠶᠠᠨ ᠪᠠᠶᠢᠭᠤᠯᠤᠨ 5 ᠤᠳᠠᠭ᠎ᠠ ᠠᠴᠠ ᠳᠡᠭᠡᠭᠰᠢ ᠮᠡᠷᠭᠡᠵᠢᠯ ᠤᠨ ᠪᠤᠯᠪᠠᠰᠤᠷᠠᠯ᠂ ᠠᠵᠢᠯᠲᠠᠨ ᠤ ᠳᠠᠳᠤᠯᠭ᠎ᠠ  ᠪᠤᠯᠪᠠᠰᠤᠷᠠᠯ᠂ ᠲᠤᠬᠠᠶ ᠶᠢᠨ ᠲᠠᠯᠠᠪᠠᠶ ᠶᠢᠨ ᠦᠵᠡᠭᠦᠯᠦᠯᠭᠡ ᠶᠢᠨ ᠠᠵᠢᠯᠯᠠᠭ᠎ᠠ ᠦᠷᠨᠢᠭᠦᠯᠦᠭᠰᠡᠨ ᠪᠠᠶᠢᠬᠤ ᠬᠡᠷᠡᠭᠲᠡᠢ᠃       4. ᠤᠢᠢᠷ᠎ᠠ ᠶᠢᠨ ᠭᠤᠷᠪᠠᠨ ᠵᠢᠯ ᠳᠤ ᠲᠠᠷᠢᠶᠠᠯᠠᠩ ᠤᠨ ᠪᠦᠲᠦᠭᠡᠭᠳᠡᠬᠦᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠠᠳᠡᠯ ᠭᠠᠷᠤᠭᠰᠠᠨ ᠦᠬᠡᠢ᠂ ᠬᠠᠤᠯᠢ ᠶᠢᠨ ᠬᠥᠮᠦᠨ ᠶᠠᠯ᠎ᠠ ᠬᠢᠭᠰᠡᠨ ᠲᠡᠮᠳᠡᠭᠯᠡᠯ ᠪᠠᠶᠢᠬᠤ ᠦᠬᠡᠢ᠂ ᠢᠲᠡᠭᠡᠮᠵᠢ ᠶᠢᠨ ᠮᠠᠭᠤ ᠲᠡᠮᠳᠡᠭᠯᠡᠯ ᠦᠬᠡᠢ  ᠪᠠᠶᠢᠬᠤ ᠬᠡᠷᠡᠭᠲᠡᠢ᠃       ᠬᠤᠶᠠᠷ᠂ ᠭᠤᠶᠤᠴᠢᠯᠠᠨ ᠮᠡᠳᠡᠭᠦᠯᠬᠦ ᠮᠠᠲ᠋ᠧᠷᠢᠶᠠᠯ      1. ᠰᠠᠭᠤᠷᠢᠨ ᠭᠠᠵᠠᠷ ᠭᠤᠶᠤᠴᠢᠯᠠᠬᠤ᠂ ᠰᠢᠶᠠᠩ ᠪᠠᠯᠭᠠᠰᠤ ᠠᠴᠠ ᠲᠠᠨᠢᠯᠴᠠᠭᠤᠯᠬᠤ᠃       2. ᠡᠵᠡᠩᠨᠡᠯᠲᠡ ᠶᠢᠨ ᠦᠨᠡᠮᠯᠡᠯ᠂ ᠬᠠᠤᠯᠢ ᠶᠢᠨ ᠡᠷᠬᠡᠲᠡᠨ ᠤ ᠪᠡᠶ᠎ᠡ ᠶᠢᠨ ᠦᠨᠡᠮᠯᠡᠯ ᠤᠨ ᠬᠠᠭᠤᠯᠪᠤᠷᠢ᠂ ᠶᠠᠯ᠎ᠠ ᠬᠢᠭᠰᠡᠨ ᠲᠡᠮᠳᠡᠭᠯᠡᠯ ᠥᠬᠡᠶ ᠶᠢᠨ ᠭᠡᠷᠡᠴᠢ᠂ ᠺᠣᠮᠫᠠᠨᠢ ᠶᠢᠨ ᠲᠣᠪᠴᠢ ᠲᠠᠨᠢᠯᠴᠠᠭᠤᠯᠭ᠎ᠠ᠂ ᠬᠡᠷᠡᠭᠵᠢᠭᠦᠯᠬᠦ ᠲᠥᠰᠦᠯ ᠵᠡᠷᠭᠡ ᠬᠠᠮᠢᠶ᠎ᠠ ᠪᠥᠬᠦᠶ ᠮᠠᠲ᠋ᠧᠷᠢᠶᠠᠯ᠃       3. ᠭᠤᠶᠤᠴᠢᠯᠠᠨ ᠮᠡᠳᠡᠭᠦᠯᠬᠦ ᠭᠤᠤᠯ ᠴᠣᠭᠴᠠ ᠶᠢᠨ ᠡᠯ᠎ᠡ ᠵᠦᠢᠯ ᠤᠨ ᠰᠠᠶᠢᠰᠢᠶᠠᠨ ᠬᠦᠬᠢᠭᠦᠯᠦᠭᠰᠡᠨ ᠪᠢᠴᠢᠭ ᠮᠠᠲ᠋ᠧᠷᠢᠶᠠᠯ ᠤᠨ ᠭᠡᠷᠡᠴᠢ᠂ ᠱᠠᠩᠨᠠᠯ ᠣᠯᠤᠭᠰᠠᠨ ᠦᠨᠡᠮᠯᠡᠯ ᠤᠨ ᠬᠠᠭᠤᠯᠪᠤᠷᠢ ᠵᠡᠷᠭᠡ᠃       ᠭᠤᠷᠪᠠ᠂ ᠰᠢᠯᠢᠨ ᠰᠣᠩᠭᠤᠬᠤ ᠳᠡᠰ ᠳᠠᠷᠠᠭᠠᠯᠠᠯ      ᠭᠤᠤᠯ ᠴᠣᠭᠴᠠ ᠠᠴᠠ ᠭᠤᠶᠤᠴᠢᠯᠠᠯ ᠭᠠᠷᠭᠠᠵᠤ᠂ ᠰᠢᠶᠠᠩ ᠪᠠᠯᠭᠠᠰᠤ ᠠᠴᠠ ᠬᠢᠨᠠᠨ ᠬᠠᠷᠭᠤᠭᠤᠯᠤᠭᠰᠠᠨ ᠤ ᠳᠠᠷᠠᠭ᠎ᠠ ᠰᠠᠨᠠᠯ ᠨᠡᠮᠡᠵᠦ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠳᠤ ᠲᠠᠨᠢᠯᠴᠠᠭᠤᠯᠵᠤ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠵᠤ᠂ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠬᠤ ᠪᠠᠷ ᠳᠠᠮᠵᠢᠭᠤᠯᠤᠨ ᠰᠠᠨᠠᠯ ᠳᠤᠷᠠᠳᠴᠤ᠂ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠠᠴᠠ ᠰᠤᠳᠤᠯᠤᠨ ᠲᠣᠭᠲᠠᠭᠠᠵᠤ᠂ ᠵᠥᠪᠯᠡᠨ ᠲᠣᠭᠲᠠᠭᠠᠭᠰᠠᠨ ᠤ ᠳᠠᠷᠠᠭ᠎ᠠ ᠨᠡᠶᠢᠭᠡᠮ ᠳᠤ 5 ᠠᠵᠢᠯᠯᠠᠬᠤ ᠡᠳᠦᠷ ᠢ ᠵᠠᠷᠯᠠᠨ ᠨᠡᠶᠢᠲᠡᠯᠡᠨ᠎ᠡ᠃       ᠨᠡᠷ᠎ᠡ ᠮᠡᠳᠡᠭᠦᠯᠬᠦ ᠴᠠᠭ᠄ 2024 ᠣᠨ ᠤ 8 ᠰᠠᠷ᠎ᠠ ᠶᠢᠨ 26 ᠤ ᠡᠳᠦᠷ ᠠᠴᠠ 30 ᠤ ᠡᠳᠦᠷ        ᠨᠡᠷ᠎ᠡ ᠮᠡᠳᠡᠭᠦᠯᠬᠦ ᠭᠠᠵᠠᠷ᠄ ᠨᠠᠢᠮᠠᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ      ᠬᠠᠷᠢᠯᠴᠠᠬᠤ ᠬᠥᠮᠦᠨ᠄ ᠶᠦᠩ ᠰᠢᠩ      ᠬᠠᠷᠢᠯᠴᠠᠬᠤ ᠤᠲᠠᠰᠤ᠄ 0475 - 4213879

科技示范基地申请表.docx

          

               ᠨᠠᠢᠮᠠᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ

ᠲᠣᠪᠴᠢᠶ᠎ᠠ᠃

               2024 ᠣᠨ ᠤ 8 ᠰᠠᠷ᠎ᠠ ᠶᠢᠨ 26 ᠤ ᠡᠳᠦᠷ

 

 
ᠢᠷᠡᠯᠲᠡ᠄ ᠨᠠᠢᠮᠠᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06000874号