2024 ᠣᠨ ᠤ ᠨᠠᠢᠮᠠᠨ ᠬᠤᠰᠢᠭᠤᠨ ᠤ ᠤᠯᠤᠰ ᠤᠨ ᠭᠤᠤᠯᠳᠠᠯᠭ᠎ᠠ ᠲᠠᠢ ᠠᠮᠢ ᠠᠬᠤᠶ ᠶᠢᠨ ᠴᠢᠳᠠᠮᠵᠢ ᠶᠢᠨ ᠣᠷᠣᠨ ᠤ ᠰᠢᠶᠠᠨ ᠤ ᠬᠡᠪᠴᠢᠶᠡᠨ ᠤ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠬᠡᠮᠵᠢᠵᠦ ᠦᠨᠡᠯᠡᠬᠦ ᠪᠠ ᠰᠢᠯᠭᠠᠨ ᠬᠢᠨᠠᠬᠤ ᠠᠵᠢᠯ ᠤᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠨᠠᠢᠮᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2024/8/6
2024 ᠣᠨ ᠤ ᠨᠠᠢᠮᠠᠨ ᠬᠤᠰᠢᠭᠤᠨ ᠤ ᠤᠯᠤᠰ ᠤᠨ ᠭᠤᠤᠯᠳᠠᠯᠭ᠎ᠠ ᠲᠠᠢ ᠠᠮᠢ ᠠᠬᠤᠶ ᠶᠢᠨ ᠴᠢᠳᠠᠮᠵᠢ ᠶᠢᠨ ᠣᠷᠣᠨ ᠤ ᠰᠢᠶᠠᠨ ᠤ ᠬᠡᠪᠴᠢᠶᠡᠨ ᠤ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠬᠡᠮᠵᠢᠵᠦ ᠦᠨᠡᠯᠡᠬᠦ ᠪᠠ ᠰᠢᠯᠭᠠᠨ ᠬᠢᠨᠠᠬᠤ ᠠᠵᠢᠯ ᠤᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠨᠠᠢᠮᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ                                  ᠨᠠᠢᠮᠠᠨ ᠠᠯᠪᠠᠨ ᠵᠠᠰᠠᠭ ﹇2024﹈ 20 ᠳ᠋ᠤᠭᠠᠷ ᠲᠤᠭᠠᠲᠤᠬᠤᠰᠢᠭᠤᠨ ᠤ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠠᠯᠪᠠᠨ ᠬᠡᠷ ᠲᠣᠪᠴᠢᠶ᠎ᠠ᠄       ︽2024 ᠣᠨ ᠤ ᠨᠠᠢᠮᠠᠨ ᠬᠤᠰᠢᠭᠤᠨ ᠤ ᠤᠯᠤᠰ ᠤᠨ ᠭᠤᠤᠯᠳᠠᠯᠭ᠎ᠠ ᠲᠠᠢ ᠠᠮᠢ ᠠᠬᠤᠶ ᠶᠢᠨ ᠴᠢᠳᠠᠮᠵᠢ ᠶᠢᠨ ᠣᠷᠣᠨ ᠤ ᠰᠢᠶᠠᠨ ᠤ ᠬᠡᠪᠴᠢᠶᠡᠨ ᠤ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠬᠡᠮᠵᠢᠵᠦ ᠦᠨᠡᠯᠡᠬᠦ ᠪᠠ ᠰᠢᠯᠭᠠᠨ ᠬᠢᠨᠠᠬᠤ ᠠᠵᠢᠯ ᠤᠨ ᠬᠡᠷᠡᠭᠵᠢᠭᠦᠯᠬᠦ ᠲᠥᠰᠦᠯ︾ ᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠲᠦᠭᠡᠶ᠃                               2024 ᠣᠨ ᠤ 5 ᠰᠠᠷ᠎ᠠ ᠶᠢᠨ 10 ᠤ ᠡᠳᠦᠷ       ︵ᠲᠤᠰ ᠪᠢᠴᠢᠭ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶  2024 ᠣᠨ ᠤ ᠨᠠᠢᠮᠠᠨ ᠬᠤᠰᠢᠭᠤᠨ ᠤ ᠤᠯᠤᠰ ᠤᠨ ᠭᠤᠤᠯᠳᠠᠯᠭ᠎ᠠ ᠲᠠᠢ ᠠᠮᠢ ᠠᠬᠤᠶ ᠶᠢᠨ ᠴᠢᠳᠠᠮᠵᠢ ᠶᠢᠨ ᠣᠷᠣᠨ  ᠤ ᠰᠢᠶᠠᠨ ᠤ ᠬᠡᠪᠴᠢᠶᠡᠨ ᠤ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠬᠡᠮᠵᠢᠵᠦ ᠦᠨᠡᠯᠡᠬᠦ ᠪᠠ ᠰᠢᠯᠭᠠᠨ ᠬᠢᠨᠠᠬᠤ ᠠᠵᠢᠯ ᠤᠨ ᠬᠡᠷᠡᠭᠵᠢᠭᠦᠯᠬᠦ ᠲᠥᠰᠦᠯ      ᠤᠯᠤᠰ ᠤᠨ ᠭᠤᠤᠯᠳᠠᠯᠭ᠎ᠠ ᠲᠠᠢ ᠠᠮᠢ ᠠᠬᠤᠶ ᠶᠢᠨ ᠴᠢᠳᠠᠮᠵᠢ ᠶᠢᠨ ᠣᠷᠣᠨ ᠤ ᠰᠢᠶᠠᠨ ᠤ ᠬᠡᠪᠴᠢᠶᠡᠨ ᠤ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠬᠡᠮᠵᠢᠬᠦ᠂ ᠦᠨᠡᠯᠡᠬᠦ ᠪᠠ ᠰᠢᠯᠭᠠᠨ ᠬᠢᠨᠠᠬᠤ ᠠᠵᠢᠯ ᠢ ᠦᠨᠡᠨᠬᠦ ᠴᠢᠩᠭᠠᠳᠬᠠᠬᠤ ᠶᠢᠨ ᠲᠦᠯᠦᠭᠡ᠂ ᠠᠮᠢ ᠠᠬᠤᠶ ᠶᠢᠨ ᠣᠷᠴᠢᠨ ᠲᠣᠭᠤᠷᠢᠨ ᠤ ᠶᠠᠮᠤᠨ᠂ ᠡᠳ᠋ ᠤᠨ ᠵᠠᠰᠠᠭ ᠤᠨ ᠶᠠᠮᠤᠨ ᠤ ᠬᠠᠮᠲᠤᠷᠠᠨ ᠲᠣᠭᠲᠠᠭᠠᠭᠰᠠᠨ ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠤᠯᠤᠰ ᠤᠨ ᠭᠤᠤᠯᠳᠠᠯᠭ᠎ᠠ ᠲᠠᠢ ᠠᠮᠢ ᠠᠬᠤᠶ ᠶᠢᠨ ᠴᠢᠳᠠᠮᠵᠢ ᠶᠢᠨ ᠣᠷᠣᠨ ᠤ ᠰᠢᠶᠠᠨ ᠤ ᠬᠡᠪᠴᠢᠶᠡᠨ ᠤ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠬᠡᠮᠵᠢᠬᠦ ᠪᠠ ᠦᠨᠡᠯᠡᠬᠦ ᠭᠦᠢᠴᠡᠳᠭᠡᠯ ᠲᠤᠭ᠎ᠠ ᠶᠢᠨ  ᠲᠤᠭᠲᠠᠯᠴᠠᠭ᠎ᠠ ᠵᠢᠴᠢ ᠬᠡᠷᠡᠭᠵᠢᠭᠦᠯᠬᠦ ᠨᠠᠷᠢᠨ ᠲᠦᠷᠢᠮ︾ ︵ᠣᠷᠴᠢᠨ ᠠᠯᠪᠠᠨ ᠬᠢᠨᠠᠨ ᠬᠡᠮᠵᠢᠬᠦ ᠵᠠᠬᠢᠳᠠᠯ  ﹇2022﹈30 ᠳ᠋ᠤᠭᠠᠷ ᠲᠣᠭᠠᠲᠤ︶ ᠵᠢᠴᠢ ᠠᠮᠢ ᠠᠬᠤᠶ ᠶᠢᠨ ᠣᠷᠴᠢᠨ ᠲᠣᠭᠤᠷᠢᠨ ᠤ ᠶᠠᠮᠤᠨ ᠤ ᠳᠠᠷᠤᠮᠠᠯᠯᠠᠨ ᠲᠠᠷᠬᠠᠭᠠᠭᠰᠠᠨ ︽ᠣᠷᠣᠨ ᠪᠦᠰᠡ ᠶᠢᠨ ᠠᠮᠢ ᠠᠬᠤᠶ ᠶᠢᠨ ᠶᠠᠰᠤ ᠴᠢᠨᠠᠷ ᠢ ᠦᠨᠡᠯᠡᠬᠦ ᠠᠷᠭ᠎ᠠ ︵ᠲᠤᠷᠰᠢᠨ ᠬᠡᠷᠡᠭᠵᠢᠭᠦᠯᠬᠦ︶︾ ︵ᠣᠷᠴᠢᠨ ᠲᠣᠭᠤᠷᠢᠨ ᠤ ᠬᠢᠨᠠᠨ ᠬᠡᠮᠵᠢᠬᠦ ﹇2021﹈ 99 ᠳ᠋ᠦ᠋ᠭᠡᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠲᠣᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃            ᠨᠢᠭᠡ᠂ ᠴᠢᠬᠤᠯᠠ ᠠᠴᠢ ᠬᠤᠯᠪᠣᠭᠳᠠᠯ        ᠰᠢᠶᠠᠨ ᠤ ᠬᠡᠪᠴᠢᠶᠡᠨ ᠤ ᠠᠮᠢ ᠠᠬᠤᠶ ᠶᠢᠨ ᠰᠢᠯᠭᠠᠨ ᠬᠢᠨᠠᠬᠤ ᠠᠵᠢᠯ ᠢ ᠥᠷᠨᠢᠭᠦᠯᠬᠦ ᠪᠣᠯ ᠤᠯᠤᠰ ᠤᠨ ᠭᠤᠤᠯᠳᠠᠯᠭ᠎ᠠ ᠲᠠᠢ ᠠᠮᠢ ᠠᠬᠤᠶ ᠶᠢᠨ ᠴᠢᠳᠠᠮᠵᠢ ᠶᠢᠨ ᠣᠷᠣᠨ ᠤ ᠰᠢᠶᠠᠨ ᠤ ᠬᠡᠪᠴᠢᠶᠡᠨ ᠤ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠤᠨ ᠬᠥᠳᠡᠯᠦᠩᠭᠦᠶ ᠬᠤᠪᠢᠷᠠᠯᠲᠠ ᠶᠢ ᠰᠢᠯᠭᠠᠨ ᠪᠠᠶᠢᠴᠠᠭᠠᠬᠤ ᠨᠢᠭᠡ ᠵᠦᠢᠯ ᠤᠨ ᠴᠢᠬᠤᠯᠠ ᠠᠵᠢᠯ ᠪᠣᠯᠤᠨ᠎ᠠ᠃ ᠮᠠᠨ ᠤ ᠬᠤᠰᠢᠭᠤ 2011 ᠣᠨ ᠠᠴᠠ ᠡᠬᠢᠯᠡᠨ᠂ ︽ᠤᠯᠤᠰ ᠤᠨ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢ ᠶᠢᠨ ᠣᠷᠣᠨ ᠤ ᠰᠢᠶᠠᠨ ᠤ ᠬᠡᠪᠴᠢᠶᠡᠨ ᠤ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠰᠢᠯᠭᠠᠬᠤ ᠨᠡᠷᠡᠰ︾ ᠲᠤ ᠣᠷᠣᠵᠤ᠂ ᠬᠢᠨᠠᠨ ᠰᠢᠯᠭᠠᠭᠰᠠᠨ ᠦᠷ᠎ᠡ ᠳ᠋ᠦᠩ ᠨᠢ ᠬᠤᠶᠢᠰᠢᠳᠠ ᠶᠢᠨ ᠲᠥᠪ᠂ ᠥᠪᠡᠷᠲᠡᠭᠡᠨ ᠵᠠᠰᠠᠬᠤ ᠣᠷᠣᠨ ᠠᠴᠠ ᠮᠠᠨ ᠤ ᠬᠤᠰᠢᠭᠤᠨ ᠤ ᠠᠮᠢ ᠠᠬᠤᠢ ᠶᠢᠨ ᠨᠥᠬᠦᠪᠥᠷᠢ ᠶᠢᠨ ᠰᠢᠯᠵᠢᠭᠦᠯᠦᠨ ᠥᠭᠬᠦ ᠪᠡᠯᠡ ᠮᠥᠩᠭᠦ ᠶᠢ ᠬᠡᠪ ᠤᠨ ᠶᠣᠰᠣᠭᠠᠷ ᠰᠢᠯᠵᠢᠭᠦᠯᠦᠨ ᠥᠭᠬᠦ ᠪᠠ ᠱᠠᠩᠨᠠᠨ ᠬᠥᠬᠢᠭᠦᠯᠬᠦ ᠳᠤ ᠬᠤᠯᠪᠣᠭᠳᠠᠨ᠎ᠠ᠃       ᠬᠤᠶᠠᠷ᠂ ᠰᠢᠯᠭᠠᠨ ᠬᠢᠨᠠᠬᠤ ᠬᠦᠷᠢᠶ᠎ᠡ ᠬᠡᠪᠴᠢᠶ᠎ᠡ᠂  ᠭᠦᠢᠴᠡᠳᠭᠡᠯ ᠲᠤᠭ᠎ᠠ ᠶᠢᠨ ᠲᠤᠭᠲᠠᠯᠴᠠᠭ᠎ᠠ       ︵ᠨᠢᠭᠡ︶ ᠰᠢᠯᠭᠠᠨ ᠬᠢᠨᠠᠬᠤ ᠬᠦᠷᠢᠶ᠎ᠡ ᠬᠡᠪᠴᠢᠶ᠎ᠡ᠃ ︽ᠤᠯᠤᠰ ᠤᠨ ᠭᠤᠤᠯᠳᠠᠯᠭ᠎ᠠ ᠲᠠᠢ ᠠᠮᠢ ᠠᠬᠤᠶ ᠶᠢᠨ ᠴᠢᠳᠠᠮᠵᠢ ᠶᠢᠨ ᠣᠷᠣᠨ ᠤ ᠰᠢᠶᠠᠨ ᠤ ᠬᠡᠪᠴᠢᠶᠡᠨ ᠤ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ  ᠰᠢᠯᠭᠠᠨ ᠬᠢᠨᠠᠬᠤ ᠨᠡᠷᠡᠰ︾ ᠢ ᠦᠨᠳᠦᠰᠦᠯᠡᠪᠡᠯ᠂ ᠮᠠᠨ ᠤ ᠬᠤᠰᠢᠭᠤᠨ ᠤ ᠪᠥᠬᠦ ᠬᠢᠯᠢ ᠴᠥᠮ ᠤᠯᠤᠰ ᠤᠨ ᠭᠤᠤᠯᠳᠠᠯᠭ᠎ᠠ ᠲᠠᠢ ᠠᠮᠢ ᠠᠬᠤᠶ ᠶᠢᠨ ᠴᠢᠳᠠᠮᠵᠢ ᠶᠢᠨ ᠣᠷᠣᠨ ᠤ ᠰᠢᠶᠠᠨ ᠤ ᠬᠡᠪᠴᠢᠶᠡᠨ ᠤ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠰᠢᠯᠭᠠᠬᠤ ᠬᠦᠷᠢᠶ᠎ᠡ ᠬᠡᠪᠴᠢᠶᠡᠨ ᠳᠤ ᠪᠠᠶᠢᠨ᠎ᠠ᠃       ︵ᠬᠤᠶᠠᠷ︶ ᠭᠦᠢᠴᠡᠳᠭᠡᠯ ᠲᠤᠭ᠎ᠠ ᠶᠢᠨ ᠲᠤᠭᠲᠠᠯᠴᠠᠭ᠎ᠠ᠃ ᠠᠮᠢ ᠠᠬᠤᠶ ᠣᠷᠴᠢᠨ ᠲᠣᠭᠤᠷᠢᠨ ᠤ ᠶᠠᠮᠤᠨ᠂ ᠡᠳ᠋ ᠤᠨ ᠵᠠᠰᠠᠭ ᠤᠨ ᠶᠠᠮᠤᠨ ᠤ ᠬᠠᠮᠲᠤᠷᠠᠨ ᠲᠣᠭᠲᠠᠭᠠᠭᠰᠠᠨ ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠤᠯᠤᠰ ᠤᠨ ᠭᠤᠤᠯᠳᠠᠯᠭ᠎ᠠ ᠲᠠᠢ ᠠᠮᠢ ᠠᠬᠤᠶ ᠣᠷᠴᠢᠨ ᠲᠣᠭᠤᠷᠢᠨ ᠤ ᠴᠢᠳᠠᠮᠵᠢ ᠶᠢᠨ ᠣᠷᠣᠨ ᠤ ᠰᠢᠶᠠᠨ ᠤ ᠬᠡᠪᠴᠢᠶ᠎ᠡ ᠶᠢ ᠰᠢᠯᠭᠠᠨ ᠬᠢᠨᠠᠬᠤ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠢ ᠰᠢᠯᠭᠠᠨ ᠬᠢᠨᠠᠬᠤ ᠬᠢᠭᠡᠳ ᠦᠨᠡᠯᠡᠬᠦ ᠭᠦᠢᠴᠡᠳᠬᠡᠯ ᠲᠣᠭᠠᠨ ᠤ ᠲᠤᠭᠲᠠᠯᠴᠠᠭ᠎ᠠ ᠵᠢᠴᠢ ᠬᠡᠷᠡᠭᠵᠢᠭᠦᠯᠬᠦ ᠨᠠᠷᠢᠨ ᠲᠦᠷᠢᠮ︾᠂ ︵ᠣᠷᠴᠢᠨ ᠠᠯᠪᠠᠨ ᠬᠡᠷ ᠤᠨ ᠰᠢᠯᠭᠠᠨ ᠬᠢᠨᠠᠬᠤ ᠵᠠᠬᠢᠳᠠᠯ  ﹇2022﹈ 30 ᠳ᠋ᠤᠭᠠᠷ ᠲᠣᠭᠠᠲᠤ︶ ᠵᠢᠴᠢ ᠠᠮᠢ ᠠᠬᠤᠶ ᠣᠷᠴᠢᠨ ᠲᠣᠭᠤᠷᠢᠨ ᠤ ᠶᠠᠮᠤᠨ ᠤ ᠳᠠᠷᠤᠮᠠᠯᠯᠠᠨ ᠲᠠᠷᠬᠠᠭᠠᠭᠰᠠᠨ ︽ᠣᠷᠣᠨ ᠪᠦᠰᠡ ᠶᠢᠨ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠢ ᠦᠨᠡᠯᠡᠬᠦ ᠠᠷᠭ᠎ᠠ ︵ᠲᠤᠷᠰᠢᠨ ᠬᠡᠷᠡᠭᠵᠢᠭᠦᠯᠬᠦ︶︾ ︵ᠣᠷᠴᠢᠨ ᠲᠣᠭᠤᠷᠢᠨ ᠤ ᠬᠢᠨᠠᠨ ᠬᠡᠮᠵᠢᠯᠲᠡ  ﹇2021﹈ 99 ᠳ᠋ᠦ᠋ᠭᠡᠷ ᠲᠣᠭᠠᠲᠤ︶ ᠶᠢᠨ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠮᠠᠨ ᠤ ᠬᠤᠰᠢᠭᠤᠨ ᠳᠤ ᠬᠤᠯᠪᠣᠭᠳᠠᠭᠰᠠᠨ ᠰᠢᠯᠭᠠᠨ ᠬᠢᠨᠠᠬᠤ ᠭᠦᠢᠴᠡᠳᠬᠡᠯ ᠲᠤᠭ᠎ᠠ ᠶᠢ ᠨᠠᠷᠢᠨ ᠬᠢᠨᠠᠮᠠᠭᠠᠶ ᠬᠤᠷᠢᠶᠠᠩᠭᠤᠶᠢᠯᠠᠵᠤ᠂ ᠦᠨᠡᠨ ᠪᠣᠳᠠᠲᠠᠶ ᠪᠠᠷ ᠲᠠᠭᠯᠠᠨ ᠮᠡᠳᠡᠭᠦᠯᠦᠨ᠎ᠡ᠃      ᠭᠤᠷᠪᠠ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ       ︵ᠨᠢᠭᠡ︶ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ᠃ ᠠᠮᠢ ᠠᠬᠤᠶ ᠶᠢ ᠬᠠᠮᠠᠭᠠᠯᠠᠨ ᠰᠡᠷᠭᠦᠭᠡᠬᠦ᠂ ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ ᠵᠠᠰᠠᠬᠤ᠂ ᠬᠤᠲᠠ ᠬᠥᠳᠡᠭᠡ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠡᠭᠦᠷᠭᠡ ᠶᠢ ᠲᠦᠯᠬᠢᠨ ᠠᠬᠢᠭᠤᠯᠬᠤ ᠬᠤᠷᠠᠯ ᠤᠨ ᠲᠡᠮᠳᠡᠭᠯᠡᠯ ︵ᠲᠣᠪᠴᠢ ᠲᠡᠮᠳᠡᠭᠯᠡᠯ︶ ᠮᠠᠲ᠋ᠧᠷᠢᠶᠠᠯ ᠬᠠᠩᠭᠠᠬᠤ ᠶᠢ ᠬᠠᠷᠢᠭᠤᠴᠠᠨ᠎ᠠ᠃       ︵ᠬᠤᠶᠠᠷ︶ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠃ ᠮᠠᠨ ᠤ ᠬᠤᠰᠢᠭᠤᠨ ᠤ ᠰᠢᠶᠠᠨ ᠤ ᠬᠡᠪᠴᠢᠶᠡᠨ ᠤ ᠰᠢᠯᠭᠠᠨ ᠬᠢᠨᠠᠬᠤ ᠠᠵᠢᠯ ᠤᠨ ᠵᠠᠷᠤᠳᠠᠯ ᠤᠨ ᠪᠠᠲᠤᠯᠠᠭ᠎ᠠ ᠶᠢ ᠬᠠᠷᠢᠭᠤᠴᠠᠵᠤ᠂ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠨᠠᠢᠮᠠᠨ ᠬᠤᠰᠢᠭᠤᠨ ᠤ ᠬᠤᠪᠢᠶᠠᠷᠢ ᠲᠣᠪᠴᠢᠶ᠎ᠠ ᠲᠠᠢ ᠬᠠᠮᠲᠤᠷᠠᠨ ᠲᠤᠬᠠᠶ ᠶᠢᠨ ᠲᠠᠯᠠᠪᠤᠷ ᠲᠤ ᠬᠠᠷᠭᠤᠭᠤᠯᠤᠨ ᠪᠠᠶᠢᠴᠠᠭᠠᠬᠤ ᠠᠵᠢᠯ ᠢ ᠥᠷᠨᠢᠭᠦᠯᠦᠨ᠎ᠡ︔ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠰᠠᠶᠢᠵᠢᠷᠠᠭᠤᠯᠬᠤ ᠲᠠᠯ᠎ᠠ ᠪᠠᠷ ᠬᠢ ᠡᠳ᠋ ᠤᠨ ᠵᠠᠰᠠᠭ ᠤᠨ ᠰᠢᠯᠵᠢᠭᠦᠯᠦᠨ ᠥᠭᠴᠦ ᠬᠡᠷᠡᠭᠯᠡᠭᠦᠯᠦᠭᠰᠡᠨ ᠪᠠᠶᠢᠳᠠᠯ ᠤᠨ ᠭᠡᠷᠡᠴᠢ ᠮᠠᠲ᠋ᠧᠷᠢᠶᠠᠯ ᠢ ᠲᠠᠭᠯᠠᠨ ᠮᠡᠳᠡᠭᠦᠯᠦᠨ᠎ᠡ︔ ᠰᠢᠯᠵᠢᠭᠦᠯᠦᠨ ᠥᠭᠬᠦ ᠪᠡᠯᠡ ᠮᠥᠩᠭᠦ ᠶᠢᠨ ᠬᠠᠮᠢᠶ᠎ᠠ ᠪᠦᠬᠦᠢ ᠰᠢᠯᠵᠢᠭᠦᠯᠦᠨ ᠥᠭᠬᠦ ᠭᠡᠷᠡᠴᠢ ᠪᠠᠷᠢᠮᠲᠠ ᠶᠢ ᠬᠠᠩᠭᠠᠨ᠎ᠠ᠃       ︵ᠭᠤᠷᠪᠠ︶ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠨᠠᠢᠮᠠᠨ ᠬᠤᠰᠢᠭᠤᠨ ᠤ ᠬᠤᠪᠢᠶᠠᠷᠢ ᠲᠣᠪᠴᠢᠶ᠎ᠠ᠃ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠰᠢᠯᠭᠠᠨ ᠬᠢᠨᠠᠬᠤ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠵᠤ ᠥᠷᠨᠢᠭᠦᠯᠦᠨ᠂ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠬᠡᠮᠵᠢᠬᠦ ᠠᠵᠢᠯ ᠵᠢᠴᠢ ᠣᠷᠴᠢᠨ ᠲᠣᠭᠤᠷᠢᠨ ᠢ ᠬᠢᠨᠠᠨ ᠬᠡᠮᠵᠢᠬᠦ ᠴᠢᠳᠠᠪᠤᠷᠢ ᠶᠢᠨ ᠪᠠᠶᠢᠭᠤᠯᠤᠯᠲᠠ ᠳᠤ ᠬᠢᠨᠠᠯᠲᠠ ᠲᠠᠯᠪᠢᠬᠤ ᠠᠵᠢᠯ ᠢ ᠵᠣᠬᠢᠴᠠᠭᠤᠯᠤᠨ ᠵᠣᠬᠢᠶᠠᠨ ᠪᠠᠶᠢᠭᠤᠯᠵᠤ ᠥᠷᠨᠢᠭᠦᠯᠬᠦ ᠶᠢᠨ ᠬᠠᠮᠲᠤ᠂ ᠲᠤᠬᠠᠶ ᠶᠢᠨ ᠭᠠᠵᠠᠷ ᠲᠤᠨᠢ ᠬᠠᠷᠭᠤᠭᠤᠯᠤᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ︔ ᠬᠠᠮᠢᠶ᠎ᠠ ᠪᠥᠬᠦᠶ  ᠨᠢᠭᠡᠴᠢ ᠶᠢᠨ ᠲᠠᠭᠯᠠᠨ ᠮᠡᠳᠡᠭᠦᠯᠦᠭᠰᠡᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠵᠤ᠂ ᠳᠡᠭᠡᠭᠰᠢ ᠮᠡᠳᠡᠭᠦᠯᠦᠭᠰᠡᠨ ᠥᠪᠡᠰᠦᠪᠡᠨ ᠪᠠᠶᠢᠴᠠᠭᠠᠭᠰᠠᠨ ᠮᠡᠳᠡᠭᠦᠯᠦᠯᠲᠡ ᠶᠢ ᠨᠠᠶᠢᠷᠠᠭᠤᠯᠤᠨ ᠪᠢᠴᠢᠨ᠎ᠡ᠃       ︵ᠳᠥᠷᠪᠡ︶ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠃ ᠤᠯᠤᠰ ᠤᠨ ᠭᠠᠵᠠᠷ ᠰᠢᠷᠣᠶ ᠶᠢᠨ ᠲᠠᠯᠠᠪᠠᠶ᠂ ᠠᠰᠢᠭᠯᠠᠭᠠᠳᠤᠶ ᠭᠠᠵᠠᠷ ᠤᠨ ᠲᠠᠯᠠᠪᠠᠶ᠂ ᠭᠠᠵᠠᠷ ᠰᠢᠷᠣᠶ ᠠᠰᠢᠭᠯᠠᠬᠤ ᠮᠡᠳᠡᠭᠡ ᠵᠠᠩᠭᠢ᠂ ᠲᠠᠷᠢᠶᠠᠨ ᠭᠠᠵᠠᠷ ᠪᠣᠯᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠠᠯᠠᠪᠠᠶ ︵ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠰᠡᠭ︶ ᠵᠡᠷᠭᠡ ᠭᠦᠢᠴᠡᠳᠬᠡᠬᠦ ᠲᠤᠭ᠎ᠠ ᠶᠢᠨ ᠲᠣᠭᠠᠴᠠᠭ᠎ᠠ ᠬᠢᠵᠦ ᠲᠠᠭᠯᠠᠨ ᠮᠡᠳᠡᠭᠦᠯᠬᠦ ᠶᠢ ᠬᠠᠷᠢᠭᠤᠴᠠᠨ᠎ᠠ᠃       ︵ᠲᠠᠪᠤ︶ ᠬᠤᠰᠢᠭᠤᠨ ᠤ ᠣᠷᠣᠨ ᠰᠠᠭᠤᠴᠠ ᠶᠢᠨ ᠲᠣᠪᠴᠢᠶ᠎ᠠ᠃ ᠬᠤᠲᠠ ᠪᠠᠯᠭᠠᠰᠤ ᠶᠢᠨ ᠪᠣᠬᠢᠷ ᠤᠰᠤ  ᠰᠢᠢᠳᠪᠦᠷᠢᠯᠡᠬᠦ ᠬᠢᠭᠡᠳ ᠬᠤᠭᠤᠯᠠᠶ ᠶᠢᠨ ᠲᠣᠣᠷ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠤᠨ ᠬᠠᠮᠢᠶ᠎ᠠ ᠪᠦᠬᠦᠢ ᠮᠠᠲ᠋ᠧᠷᠢᠶᠠᠯ ᠬᠠᠩᠭᠠᠬᠤ ᠶᠢ ᠬᠠᠷᠢᠭᠤᠴᠠᠨ᠎ᠠ᠃       ︵ᠵᠢᠷᠭᠤᠭ᠎ᠠ︶ ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶ᠎ᠠ᠃ ᠤᠰᠤᠨ ᠣᠷᠣᠨ ᠤ ᠨᠤᠭᠤ ᠭᠠᠵᠠᠷ ᠤᠨ ᠲᠠᠯᠠᠪᠠᠶ᠂ ᠬᠥᠷᠥᠰᠥ ᠰᠢᠷᠣᠶ ᠶᠢᠨ ᠢᠳᠡᠭᠳᠡᠯ ᠤᠨ ᠲᠠᠯᠠᠪᠠᠶ ᠵᠡᠷᠭᠡ ᠭᠦᠢᠴᠡᠳᠭᠡᠯ ᠲᠤᠭ᠎ᠠ ᠶᠢᠨ ᠲᠣᠭᠠᠴᠠᠭ᠎ᠠ ᠬᠢᠵᠦ ᠲᠠᠭᠯᠠᠨ ᠮᠡᠳᠡᠭᠦᠯᠬᠦ ᠶᠢ ᠬᠠᠷᠢᠭᠤᠴᠠᠨ᠎ᠠ᠃       ︵ᠳᠣᠯᠤᠭ᠎ᠠ︶ ᠬᠤᠰᠢᠭᠤᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠃ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠬᠢᠨᠠᠨ ᠬᠡᠮᠵᠢᠬᠦ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ᠂ ᠬᠢᠮᠢ ᠶᠢᠨ ᠪᠣᠷᠳᠣᠭᠤᠷ ᠬᠡᠷᠡᠭᠯᠡᠬᠦ᠂ ᠲᠠᠷᠢᠶᠠᠨ ᠡᠮ ᠬᠡᠷᠡᠭᠯᠡᠬᠦ ᠵᠡᠷᠭᠡ ᠭᠦᠢᠴᠡᠳᠭᠡᠯ ᠲᠤᠭ᠎ᠠ ᠶᠢᠨ ᠲᠣᠭᠠᠴᠠᠭ᠎ᠠ ᠶᠢ ᠲᠠᠭᠯᠠᠨ ᠮᠡᠳᠡᠭᠦᠯᠬᠦ᠂ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠲᠠᠯᠠᠪᠠᠶ ᠶᠢᠨ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠶᠡᠷᠦᠩᠬᠡᠶᠢᠯᠡᠨ ᠠᠰᠢᠭᠯᠠᠬᠤ ᠡᠬᠡ ᠳᠠᠩᠰᠠ ᠶᠢ ᠬᠠᠷᠢᠭᠤᠴᠠᠨ᠎ᠠ᠃        ︵ᠨᠠᠢᠮᠠ︶ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠃ ᠣᠶᠢᠲᠤ ᠭᠠᠵᠠᠷ ᠤᠨ ᠲᠠᠯᠠᠪᠠᠶ᠂ ᠪᠡᠯᠴᠢᠭᠡᠷ ᠤᠨ ᠲᠠᠯᠠᠪᠠᠶ᠂ ᠡᠯᠡᠰᠦᠷᠬᠡᠭᠵᠢᠭᠰᠡᠨ ᠭᠠᠵᠠᠷ ᠰᠢᠷᠣᠶ ᠶᠢᠨ ᠲᠠᠯᠠᠪᠠᠶ ᠵᠡᠷᠭᠡ ᠭᠦᠢᠴᠡᠳᠭᠡᠯ ᠲᠤᠭ᠎ᠠ ᠶᠢᠨ ᠲᠣᠭᠠᠴᠠᠭ᠎ᠠ ᠬᠢᠵᠦ ᠲᠠᠭᠯᠠᠨ ᠮᠡᠳᠡᠭᠦᠯᠬᠦ ᠶᠢ ᠬᠠᠷᠢᠭᠤᠴᠠᠨ᠎ᠠ᠃       ︵ᠶᠢᠰᠦ︶ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ᠃ ᠪᠠᠶᠢᠭᠠᠯᠢ᠂ ᠨᠡᠶᠢᠭᠡᠮ᠂ ᠠᠵᠤ ᠠᠬᠤᠶ ᠶᠢᠨ ᠦᠨᠳᠦᠰᠦᠨ ᠪᠠᠶᠢᠳᠠᠯ ᠤᠨ ᠬᠦᠰᠦᠨᠦᠭᠲᠦ᠂ ᠠᠵᠤ ᠦᠢᠯᠡᠰ ᠤᠨ ᠨᠡᠮᠡᠭᠳᠡᠯ ᠥᠷᠲᠡᠭ ᠤᠨ  ᠭᠦᠢᠴᠡᠳᠭᠡᠯ ᠲᠤᠭ᠎ᠠ ᠶᠢᠨ ᠲᠠᠭᠯᠠᠨ ᠮᠡᠳᠡᠭᠦᠯᠬᠦ ᠶᠢ ᠬᠠᠷᠢᠭᠤᠴᠠᠨ᠎ᠠ᠃       ︵ᠠᠷᠪᠠ︶ ᠨᠠᠢᠮᠠᠨ ᠬᠤᠰᠢᠭᠤᠨ ᠤ ᠬᠤᠲᠠ ᠬᠥᠳᠡᠭᠡ ᠶᠢᠨ ᠤᠰᠤ ᠬᠠᠩᠭᠠᠬᠤ ᠭᠠᠳᠠᠭᠰᠢᠯᠠᠭᠤᠯᠬᠤ ᠬᠢᠵᠠᠭᠠᠷᠲᠤ ᠺᠣᠮᠫᠠᠨᠢ᠃ ᠬᠤᠲᠠ ᠪᠠᠯᠭᠠᠰᠤ ᠶᠢᠨ ᠠᠮᠢᠳᠤᠷᠠᠯ ᠤᠨ ᠪᠣᠬᠢᠷ ᠤᠰᠤ ᠶᠢ ᠲᠥᠪᠯᠡᠷᠡᠭᠦᠯᠦᠨ ᠰᠢᠢᠳᠪᠦᠷᠢᠯᠡᠬᠦ ᠨᠣᠷᠮ᠎ᠠ ᠶᠢᠨ ᠭᠦᠢᠴᠡᠳᠭᠡᠯ ᠲᠤᠭ᠎ᠠ ᠶᠢᠨ ᠲᠣᠭᠠᠴᠠᠭ᠎ᠠ ᠬᠢᠵᠦ ᠲᠠᠭᠯᠠᠨ ᠮᠡᠳᠡᠭᠦᠯᠬᠦ ᠶᠢ ᠬᠠᠷᠢᠭᠤᠴᠠᠨ᠎ᠠ᠃       ︵ᠠᠷᠪᠠᠨ ᠨᠢᠭᠡ︶ ᠬᠤᠰᠢᠭᠤᠨ ᠤ ᠬᠤᠲᠠ ᠶᠢᠨ ᠶᠠᠪᠤᠳᠠᠯ ᠤᠨ ᠴᠡᠴᠡᠷᠯᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠭᠠᠵᠠᠷ᠃ ᠬᠤᠲᠠ ᠪᠠᠯᠭᠠᠰᠤ ᠶᠢᠨ ᠠᠮᠢᠳᠤᠷᠠᠯ ᠤᠨ ᠬᠤᠭ ᠨᠣᠪᠰᠢ ᠶᠢ ᠬᠤᠤᠷ ᠥᠬᠡᠶᠢᠳᠡᠭᠦᠯᠦᠨ ᠰᠢᠢᠳᠪᠦᠷᠢᠯᠡᠬᠦ ᠨᠣᠷᠮ᠎ᠠ ᠶᠢᠨ ᠭᠦᠢᠴᠡᠳᠭᠡᠯ ᠲᠤᠭ᠎ᠠ ᠶᠢᠨ ᠲᠣᠭᠠᠴᠠᠭ᠎ᠠ ᠬᠢᠵᠦ ᠲᠠᠭᠯᠠᠨ ᠮᠡᠳᠡᠭᠦᠯᠬᠦ ᠶᠢ ᠬᠠᠷᠢᠭᠤᠴᠠᠨ᠎ᠠ᠃       ᠳᠥᠷᠪᠡ᠂ 2024 ᠣᠨ ᠤ ᠰᠢᠯᠭᠠᠨ ᠬᠢᠨᠠᠬᠤ ᠠᠵᠢᠯ ᠤᠨ ᠲᠣᠬᠢᠷᠠᠭᠤᠯᠤᠯᠲᠠ       ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠥᠪᠡᠰᠦᠪᠡᠨ ᠪᠠᠶᠢᠴᠠᠭᠠᠬᠤ ᠠᠵᠢᠯ ᠢ ᠨᠠᠷᠢᠨ ᠬᠢᠨᠠᠮᠠᠭᠠᠶ ᠥᠷᠨᠢᠭᠦᠯᠵᠦ ᠂ ᠥᠪᠡᠰᠦᠪᠡᠨ ᠪᠠᠶᠢᠴᠠᠭᠠᠭᠰᠠᠨ ᠮᠡᠳᠡᠭᠦᠯᠦᠯᠲᠡ ᠶᠢ ᠨᠠᠶᠢᠷᠠᠭᠤᠯᠤᠨ ᠪᠢᠴᠢᠬᠦ ᠶᠢ ᠵᠣᠬᠢᠶᠠᠨ ᠪᠠᠶᠢᠭᠤᠯᠵᠤ᠂ ᠱᠠᠭᠠᠷᠳᠠᠯᠭ᠎ᠠ ᠶᠣᠰᠣᠭᠠᠷ ᠬᠠᠮᠢᠶ᠎ᠠ ᠪᠥᠬᠦᠶ ᠲᠤᠭ᠎ᠠ ᠪᠠᠷᠢᠮᠲᠠ ᠶᠢ ︽ᠤᠯᠤᠰ ᠤᠨ ᠭᠤᠤᠯᠳᠠᠯᠭ᠎ᠠ ᠲᠠᠢ ᠠᠮᠢ ᠠᠬᠤᠶ ᠶᠢᠨ ᠴᠢᠳᠠᠮᠵᠢ  ᠶᠢᠨ ᠣᠷᠣᠨ ᠤ ᠰᠢᠶᠠᠨ ᠤ ᠬᠡᠪᠴᠢᠶᠡᠨ ᠤ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠤᠨ ᠲᠤᠭ᠎ᠠ ᠪᠠᠷᠢᠮᠲᠠ ᠶᠢ ᠲᠠᠭᠯᠠᠨ ᠮᠡᠳᠡᠭᠦᠯᠬᠦ ᠵᠥᠭᠡᠯᠡᠨ ᠲᠣᠨᠤᠭ︾ ᠲᠤ ᠪᠢᠴᠢᠵᠦ ᠣᠷᠣᠭᠤᠯᠤᠨ᠂ ᠵᠥᠭᠡᠯᠡᠨ ᠲᠣᠨᠤᠭ ᠢ ᠲᠠᠭᠯᠠᠨ ᠮᠡᠳᠡᠭᠦᠯᠬᠦ ᠶᠢᠨ ᠬᠠᠮᠲᠤ ᠮᠥᠷᠳᠡᠨ ᠭᠠᠷᠭᠠᠭᠰᠠᠨ ᠲᠤᠭ᠎ᠠ ᠪᠠᠷᠢᠮᠲᠠ ᠶᠢᠨ ᠪᠢᠴᠢᠭᠡᠰᠦ ᠶᠢ ᠯᠠᠶᠢᠰᠧᠷ ᠫᠠᠨᠰᠠ ᠪᠣᠯᠭᠠᠨ ᠲᠡᠮᠳᠡᠭᠯᠡᠬᠦ ᠶᠢᠨ ᠬᠠᠮᠲᠤ᠂ 2024 ᠣᠨ ᠤ 10 ᠰᠠᠷ᠎ᠠ ᠶᠢᠨ 25 ᠤ ᠡᠳᠦᠷ ᠠᠴᠠ ᠡᠮᠦᠨ᠎ᠡ᠂ ᠥᠪᠡᠰᠦᠪᠡᠨ ᠪᠠᠶᠢᠴᠠᠭᠠᠭᠰᠠᠨ ᠮᠡᠳᠡᠭᠦᠯᠦᠯᠲᠡ᠂ ᠲᠤᠭ᠎ᠠ ᠪᠠᠷᠢᠮᠲᠠ ᠶᠢᠨ ᠯᠠᠶᠢᠰᠧᠷ ᠫᠠᠨᠰᠠ ᠵᠢᠴᠢ ᠬᠠᠮᠢᠶ᠎ᠠ ᠪᠥᠬᠦᠶ ᠭᠡᠷᠡᠴᠢ ᠮᠠᠲ᠋ᠧᠷᠢᠶᠠᠯ ᠵᠡᠷᠭᠡ ᠶᠢ ᠵᠢᠩᠬᠢᠨᠢ ᠪᠠᠷ ᠪᠢᠴᠢᠭ ᠮᠠᠲ᠋ᠧᠷᠢᠶᠠᠯ ︵ᠡᠯᠧᠺᠲᠷᠣᠨ ᠬᠡᠪᠯᠡᠯ ᠪᠠᠭᠲᠠᠨ᠎ᠠ︶ ᠢᠶᠠᠷ ᠬᠤᠰᠢᠭᠤᠨ ᠤ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠳᠤ ᠮᠡᠳᠡᠭᠦᠯᠦᠨ ᠬᠦᠷᠭᠡᠨ᠎ᠡ᠃       ᠬᠠᠷᠢᠯᠴᠠᠬᠤ ᠬᠥᠮᠦᠨ᠄ ᠪᠦ᠋ ᠹᠠᠨ ᡁᠢ        ᠬᠠᠷᠢᠯᠴᠠᠬᠤ ᠤᠲᠠᠰᠤ ︵ᠸᠢᠴᠠᠲ︶᠄ 15247561977       ᠢᠮᠧᠯ᠄ 535637669 @ qq . com       ᠲᠠᠪᠤ᠂ 2024 ᠣᠨ ᠤ ᠬᠢᠨᠠᠨ ᠬᠡᠮᠵᠢᠬᠦ ᠠᠵᠢᠯ ᠤᠨ ᠲᠥᠰᠦᠯ        ︵ᠨᠢᠭᠡ︶ ᠲᠥᠪᠯᠡᠷᠡᠭᠰᠡᠨ ᠮᠠᠶ᠋ᠢᠭ ᠤᠨ ᠤᠤᠭᠤᠬᠤ ᠤᠰᠤᠨ ᠤ ᠤᠰᠤᠨ ᠰᠤᠷᠪᠤᠯᠵᠢ ᠶᠢᠨ ᠭᠠᠵᠠᠷ ᠤᠨ ᠤᠰᠤᠨ ᠤ ᠴᠢᠨᠠᠷ ᠢ ᠬᠢᠨᠠᠨ ᠬᠡᠮᠵᠢᠨ᠎ᠡ᠃      1. ᠬᠢᠨᠠᠨ ᠬᠡᠮᠵᠢᠬᠦ ᠡᠲᠡᠭᠡᠳ        ᠲᠦᠩᠯᠢᠶᠣᠤ ᠬᠤᠲᠠ ᠶᠢᠨ ᠨᠠᠢᠮᠠᠨ ᠬᠤᠰᠢᠭᠤᠨ ᠤ ᠲᠠᠴᠢᠨᠲᠠᠯ᠎ᠠ ᠪᠠᠯᠭᠠᠰᠤᠨ ᠤ ᠲᠥᠪᠯᠡᠷᠡᠭᠰᠡᠨ ᠮᠠᠶ᠋ᠢᠭ ᠤᠨ ᠤᠤᠭᠤᠬᠤ ᠤᠰᠤᠨ ᠤ ᠤᠰᠤᠨ ᠰᠤᠷᠪᠤᠯᠵᠢ ᠶᠢᠨ ᠭᠠᠵᠠᠷ᠃       2. ᠬᠢᠨᠠᠨ ᠬᠡᠮᠵᠢᠬᠦ ᠭᠦᠢᠴᠡᠳᠭᠡᠯ ᠲᠤᠭ᠎ᠠ       ᠮᠠᠨ ᠤ ᠬᠤᠰᠢᠭᠤᠨ ᠤ ᠲᠥᠪᠯᠡᠷᠡᠭᠰᠡᠨ ᠮᠠᠶ᠋ᠢᠭ ᠤᠨ ᠤᠤᠭᠤᠬᠤ ᠤᠰᠤᠨ ᠤ ᠰᠤᠷᠪᠤᠯᠵᠢ ᠶᠢᠨ ᠭᠠᠵᠠᠷ ᠨᠢ ᠭᠠᠵᠠᠷ ᠳᠤᠤᠷᠠᠬᠢ ᠤᠤᠭᠤᠬᠤ ᠤᠰᠤᠨ ᠤ ᠰᠤᠷᠪᠤᠯᠵᠢ ᠶᠢᠨ ᠭᠠᠵᠠᠷ ᠲᠤ ᠬᠠᠷᠢᠶᠠᠯᠠᠭᠳᠠᠨ᠎ᠠ᠂ ᠡᠩ ᠤᠨ ᠬᠢᠨᠠᠨ ᠬᠡᠮᠵᠢᠬᠦ ᠭᠦᠢᠴᠡᠳᠭᠡᠯ ᠲᠤᠭ᠎ᠠ ᠳᠤ ︽ᠭᠠᠵᠠᠷ ᠳᠤᠤᠷᠠᠬᠢ ᠤᠰᠤᠨ ᠤ ᠶᠠᠰᠤ ᠴᠢᠨᠠᠷ ᠤᠨ ᠪᠠᠷᠢᠮᠵᠢᠶ᠎ᠠ︾ ︵GB / T14848—2017︶ ᠶᠢᠨ ᠳᠣᠲᠣᠷᠠᠬᠢ 30 ᠵᠦᠢᠯ ᠪᠠᠭᠲᠠᠨ᠎ᠠ︔ ᠪᠥᠬᠦ ᠵᠠᠳᠠᠯᠤᠯᠲᠠ ᠶᠢᠨ  ᠭᠦᠢᠴᠡᠳᠭᠡᠯ ᠲᠤᠭ᠎ᠠ ᠳᠤ ︽ᠭᠠᠵᠠᠷ ᠳᠤᠤᠷᠠᠬᠢ ᠤᠰᠤᠨ ᠤ ᠶᠠᠰᠤ ᠴᠢᠨᠠᠷ ᠤᠨ ᠪᠠᠷᠢᠮᠵᠢᠶ᠎ᠠ︾ ︵GB / T 14848—2017︶ ᠳᠣᠲᠣᠷᠠᠬᠢ 39 ᠵᠦᠢᠯ ᠪᠠᠭᠲᠠᠨ᠎ᠠ᠃       3. ᠬᠢᠨᠠᠨ ᠬᠡᠮᠵᠢᠬᠦ ᠳᠠᠪᠲᠠᠮᠵᠢ ᠤᠳᠠᠭ᠎ᠠ       ᠭᠠᠵᠠᠷ ᠳᠣᠣᠷᠠᠬᠢ ᠤᠤᠭᠤᠬᠤ ᠤᠰᠤᠨ ᠤ ᠤᠰᠤᠨ ᠰᠤᠷᠪᠤᠯᠵᠢ ᠶᠢᠨ ᠭᠠᠵᠠᠷ ᠢ ᠬᠠᠭᠠᠰ ᠵᠢᠯ ᠳᠤ ᠨᠢᠭᠡ ᠤᠳᠠᠭ᠎ᠠ ᠬᠢᠨᠠᠨ ᠬᠡᠮᠵᠢᠵᠦ᠂ ᠵᠢᠯ ᠪᠦᠷᠢ 2 ᠤᠳᠠᠭ᠎ᠠ ᠬᠢᠨᠠᠨ ᠬᠡᠮᠵᠢᠵᠦ᠂ ᠬᠤᠶᠠᠷ ᠵᠢᠯ ᠳᠤ ᠨᠢᠭᠡ ᠤᠳᠠᠭ᠎ᠠ ᠤᠰᠤᠨ ᠤ ᠴᠢᠨᠠᠷ ᠲᠤ ᠪᠦᠷᠢᠨ ᠵᠠᠳᠠᠯᠤᠯᠲᠠ ᠬᠢᠵᠦ ᠬᠢᠨᠠᠨ ᠬᠡᠮᠵᠢᠨ᠎ᠡ᠃       4. ᠬᠢᠨᠠᠨ ᠬᠡᠮᠵᠢᠬᠦ ᠶᠠᠰᠤ ᠴᠢᠨᠠᠷ ᠢ ᠡᠵᠡᠮᠳᠡᠬᠦ       ︽ᠭᠠᠵᠠᠷ ᠳᠡᠭᠡᠷᠡᠬᠢ ᠤᠰᠤᠨ ᠤ ᠣᠷᠴᠢᠨ ᠲᠣᠭᠤᠷᠢᠨ ᠤ ᠴᠢᠨᠠᠷ ᠤᠨ ᠪᠠᠷᠢᠮᠵᠢᠶ᠎ᠠ︾ ︵GB 3838  — 2002︶᠂ ︽ᠭᠠᠵᠠᠷ ᠳᠤᠤᠷᠠᠬᠢ ᠤᠰᠤᠨ ᠤ ᠴᠢᠨᠠᠷ ᠤᠨ ᠪᠠᠷᠢᠮᠵᠢᠶ᠎ᠠ︾ ︵GB / T 14848 — 2017︶᠂ ︽ᠭᠠᠵᠠᠷ ᠳᠡᠭᠡᠷᠡᠬᠢ ᠤᠰᠤ ᠪᠠ ᠪᠣᠬᠢᠷ ᠤᠰᠤ ᠶᠢ ᠬᠢᠨᠠᠨ ᠬᠡᠮᠵᠢᠬᠦ ᠮᠡᠷᠭᠡᠵᠢᠯ ᠤᠨ ᠵᠢᠷᠤᠮᠵᠢᠯ︾ ︵HJ / T91 — 2002︶᠂ ︽ᠣᠷᠴᠢᠨ ᠲᠣᠭᠤᠷᠢᠨ ᠤ ᠤᠰᠤᠨ ᠤ ᠴᠢᠨᠠᠷ ᠢ ᠬᠢᠨᠠᠨ ᠬᠡᠮᠵᠢᠬᠦ ᠶᠠᠰᠤ ᠴᠢᠨᠠᠷ ᠢ ᠪᠠᠲᠤᠯᠠᠬᠤ ᠭᠠᠷ ᠳᠡᠪᠲᠡᠷ ︵ᠬᠤᠶᠠᠳᠤᠭᠠᠷ ᠬᠡᠪᠯᠡᠯ︶︾ ᠵᠢᠴᠢ ︽ᠤᠰᠤ ᠪᠠ ᠬᠠᠶᠠᠭᠳᠠᠮᠠᠯ ᠤᠰᠤ ᠶᠢ ᠬᠢᠨᠠᠨ ᠬᠡᠮᠵᠢᠵᠦ ᠵᠠᠳᠠᠯᠬᠤ ᠠᠷᠭ᠎ᠠ ︵ᠳᠥᠷᠪᠡᠳᠦᠭᠡᠷ ᠬᠡᠪᠯᠡᠯ︶︾ ᠵᠡᠷᠭᠡ ᠬᠠᠮᠢᠶ᠎ᠠ ᠪᠦᠬᠦᠢ ᠪᠠᠷᠢᠮᠵᠢᠶ᠎ᠠ ᠪᠠ ᠵᠢᠷᠤᠮᠵᠢᠯ ᠢ ᠴᠢᠩᠭ᠎ᠠ ᠬᠡᠷᠡᠭᠵᠢᠭᠦᠯᠵᠦ᠂ ᠲᠤᠷᠰᠢᠯᠲᠠ ᠶᠢᠨ ᠲᠠᠰᠤᠭ ᠤᠨ ᠶᠠᠰᠤ ᠴᠢᠨᠠᠷ ᠢ ᠡᠵᠡᠮᠳᠡᠬᠦ ᠪᠠᠨ ᠴᠢᠩᠭᠠᠳᠬᠠᠨ᠎ᠠ᠃       ︵ᠬᠤᠶᠠᠷ︶ ᠮᠢᠩᠭᠠᠨ ᠲᠣᠨ ᠲᠦᠮᠡᠨ ᠬᠥᠮᠦᠨ ᠤ ᠤᠰᠤᠨ ᠰᠤᠷᠪᠤᠯᠵᠢ ᠶᠢᠨ ᠭᠠᠵᠠᠷ ᠤᠨ ᠤᠰᠤᠨ ᠤ ᠴᠢᠨᠠᠷ ᠢ ᠬᠢᠨᠠᠨ ᠬᠡᠮᠵᠢᠨ᠎ᠡ᠃       1. ᠬᠢᠨᠠᠨ ᠰᠢᠨᠵᠢᠬᠦ ᠡᠲᠡᠭᠡᠳ      ᠲᠦᠩᠯᠢᠶᠣᠤ ᠬᠤᠲᠠ ᠶᠢᠨ ᠨᠠᠢᠮᠠᠨ ᠬᠤᠰᠢᠭᠤᠨ ᠤ ᠬᠤᠩᠬᠤᠷᠲᠠᠯ᠎ᠠ ᠰᠤᠮᠤᠨ ᠤ ᠬᠤᠯᠪᠣᠭᠠᠲᠤ ᠲᠣᠰᠬᠤᠨ ᠤ ᠤᠰᠤ ᠬᠠᠩᠭᠠᠬᠤ ᠢᠨᠵᠧᠨᠧᠷᠢᠩ᠃       ᠲᠦᠩᠯᠢᠶᠣᠤ ᠬᠤᠲᠠ ᠶᠢᠨ ᠨᠠᠢᠮᠠᠨ ᠬᠤᠰᠢᠭᠤᠨ ᠤ ᠳ᠋ᠦᠩ ᠮᠢᠩ ᠪᠠᠯᠭᠠᠰᠤᠨ ᠤ ᠤᠤᠭᠤᠬᠤ ᠤᠰᠤᠨ ᠤ ᠤᠰᠤᠨ ᠰᠤᠷᠪᠤᠯᠵᠢ ᠶᠢᠨ ᠭᠠᠵᠠᠷ᠃       2. ᠬᠢᠨᠠᠨ ᠬᠡᠮᠵᠢᠬᠦ  ᠭᠦᠢᠴᠡᠳᠭᠡᠯ ᠲᠤᠭ᠎ᠠ      ᠮᠠᠨ ᠤ ᠬᠤᠰᠢᠭᠤᠨ ᠤ ᠬᠤᠩᠬᠤᠷᠲᠠᠯ᠎ᠠ ᠰᠤᠮᠤᠨ ᠤ ᠬᠤᠯᠪᠣᠭᠠᠲᠤ ᠲᠣᠰᠬᠤᠨ ᠤ ᠤᠰᠤ ᠬᠠᠩᠭᠠᠬᠤ ᠢᠨᠵᠧᠨᠧᠷᠢᠩ ᠪᠠ ᠳ᠋ᠦᠩ ᠮᠢᠩ ᠪᠠᠯᠭᠠᠰᠤᠨ ᠤ ᠤᠤᠭᠤᠬᠤ ᠤᠰᠤᠨ ᠤ ᠤᠰᠤᠨ ᠰᠤᠷᠪᠤᠯᠵᠢ ᠶᠢᠨ ᠭᠠᠵᠠᠷ ᠨᠢ ᠭᠠᠵᠠᠷ ᠳᠤᠤᠷᠠᠬᠢ ᠤᠤᠭᠤᠬᠤ ᠤᠰᠤᠨ ᠤ ᠤᠰᠤᠨ ᠰᠤᠷᠪᠤᠯᠵᠢ ᠶᠢᠨ ᠭᠠᠵᠠᠷ ᠲᠤ ᠬᠠᠷᠢᠶᠠᠯᠠᠭᠳᠠᠨ᠎ᠠ᠂ ᠡᠩ ᠤᠨ ᠬᠢᠨᠠᠨ ᠬᠡᠮᠵᠢᠬᠦ ᠭᠦᠢᠴᠡᠳᠭᠡᠯ ᠲᠤᠭ᠎ᠠ ᠳᠤ ︽ᠭᠠᠵᠠᠷ ᠳᠤᠤᠷᠠᠬᠢ ᠤᠰᠤᠨ ᠤ ᠶᠠᠰᠤ ᠴᠢᠨᠠᠷ ᠤᠨ ᠪᠠᠷᠢᠮᠵᠢᠶ᠎ᠠ︾ ︵GB / T 148482017︶ ᠶᠢᠨ ᠳᠣᠲᠣᠷᠠᠬᠢ 39 ᠵᠦᠢᠯ ᠪᠠᠭᠲᠠᠨ᠎ᠠ︔ ᠪᠥᠬᠦ ᠵᠠᠳᠠᠯᠤᠯᠲᠠ ᠶᠢᠨ  ᠭᠦᠢᠴᠡᠳᠭᠡᠯ ᠲᠤᠭ᠎ᠠ ᠳᠤ ︽ᠭᠠᠵᠠᠷ ᠳᠤᠤᠷᠠᠬᠢ ᠤᠰᠤᠨ ᠤ ᠶᠠᠰᠤ ᠴᠢᠨᠠᠷ ᠤᠨ ᠪᠠᠷᠢᠮᠵᠢᠶ᠎ᠠ︾ ︵GB / T 14848 - 2017︶ ᠳᠣᠲᠣᠷᠠᠬᠢ 39 ᠵᠦᠢᠯ ᠪᠠᠭᠲᠠᠨ᠎ᠠ᠃       3. ᠬᠢᠨᠠᠨ ᠬᠡᠮᠵᠢᠬᠦ ᠳᠠᠪᠲᠠᠮᠵᠢ ᠤᠳᠠᠭ᠎ᠠ       ᠮᠢᠩᠭᠠᠨ ᠲᠣᠨ ᠲᠦᠮᠡᠨ ᠬᠥᠮᠦᠨ ᠤ ᠤᠤᠭᠤᠬᠤ ᠤᠰᠤᠨ ᠤ ᠡᠬᠢ ᠰᠤᠷᠪᠤᠯᠵᠢ ᠶᠢ ᠬᠠᠭᠠᠰ ᠵᠢᠯ ᠳᠤ ᠨᠢᠭᠡ ᠤᠳᠠᠭ᠎ᠠ ᠬᠢᠨᠠᠨ ᠬᠡᠮᠵᠢᠵᠦ᠂ ᠵᠢᠯ ᠪᠦᠷᠢ 2 ᠤᠳᠠᠭ᠎ᠠ ᠬᠢᠨᠠᠨ ᠬᠡᠮᠵᠢᠨ᠎ᠡ᠃       4. ᠬᠢᠨᠠᠨ ᠬᠡᠮᠵᠢᠬᠦ ᠶᠠᠰᠤ ᠴᠢᠨᠠᠷ ᠢ ᠡᠵᠡᠮᠳᠡᠬᠦ       ︽ᠭᠠᠵᠠᠷ ᠳᠡᠭᠡᠷᠡᠬᠢ ᠤᠰᠤᠨ ᠤ ᠣᠷᠴᠢᠨ ᠲᠣᠭᠤᠷᠢᠨ ᠤ ᠴᠢᠨᠠᠷ ᠤᠨ ᠪᠠᠷᠢᠮᠵᠢᠶ᠎ᠠ︾ ︵GB/T 3838-2002︶᠂ ︽ᠭᠠᠵᠠᠷ ᠳᠣᠣᠷᠠᠬᠢ ᠤᠰᠤᠨ ᠤ ᠴᠢᠨᠠᠷ ᠤᠨ ᠪᠠᠷᠢᠮᠵᠢᠶ᠎ᠠ︾ ︵GB / T 14848 - 2017︶᠂ ︽ᠭᠠᠵᠠᠷ ᠳᠡᠭᠡᠷᠡᠬᠢ ᠤᠰᠤ ᠪᠠ ᠪᠣᠬᠢᠷ ᠤᠰᠤ ᠶᠢ ᠬᠢᠨᠠᠨ ᠬᠡᠮᠵᠢᠬᠦ ᠮᠡᠷᠭᠡᠵᠢᠯ ᠤᠨ ᠵᠢᠷᠤᠮᠵᠢᠯ︾ ︵HJ / T 91-2002︶᠂ ︽ᠣᠷᠴᠢᠨ ᠲᠣᠭᠤᠷᠢᠨ ᠤ ᠤᠰᠤᠨ ᠤ ᠴᠢᠨᠠᠷ ᠢ ᠬᠢᠨᠠᠨ ᠬᠡᠮᠵᠢᠬᠦ ᠶᠠᠰᠤ ᠴᠢᠨᠠᠷ ᠢ ᠪᠠᠲᠤᠯᠠᠬᠤ ᠭᠠᠷ ᠳᠡᠪᠲᠡᠷ ︵ᠬᠤᠶᠠᠳᠤᠭᠠᠷ ᠬᠡᠪᠯᠡᠯ︶︾ ᠵᠢᠴᠢ ︽ᠤᠰᠤ ᠪᠠ ᠬᠠᠶᠠᠭᠳᠠᠮᠠᠯ ᠤᠰᠤ ᠶᠢ ᠬᠢᠨᠠᠨ ᠬᠡᠮᠵᠢᠵᠦ ᠵᠠᠳᠠᠯᠬᠤ ᠠᠷᠭ᠎ᠠ ︵ᠳᠥᠷᠪᠡᠳᠦᠭᠡᠷ ᠬᠡᠪᠯᠡᠯ︶︾ ᠵᠡᠷᠭᠡ ᠬᠠᠮᠢᠶ᠎ᠠ ᠪᠦᠬᠦᠢ ᠪᠠᠷᠢᠮᠵᠢᠶ᠎ᠠ ᠪᠠ ᠵᠢᠷᠤᠮᠵᠢᠯ ᠢ ᠴᠢᠩᠭ᠎ᠠ ᠬᠡᠷᠡᠭᠵᠢᠭᠦᠯᠵᠦ᠂ ᠲᠤᠷᠰᠢᠯᠲᠠ ᠶᠢᠨ ᠲᠠᠰᠤᠭ ᠤᠨ ᠶᠠᠰᠤ ᠴᠢᠨᠠᠷ ᠢ ᠡᠵᠡᠮᠳᠡᠬᠦ ᠪᠠᠨ  ᠴᠢᠩᠭᠠᠳᠬᠠᠨ᠎ᠠ᠃       ︵ᠭᠤᠷᠪᠠ︶ ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠤᠨ ᠭᠦᠢᠴᠡᠳᠭᠡᠯ ᠲᠤᠭ᠎ᠠ ᠶᠢ  ᠲᠡᠭᠦᠯᠳᠡᠷᠵᠢᠭᠦᠯᠦᠨ᠎ᠠ       ︽ᠠᠮᠢ ᠠᠬᠤᠶ ᠶᠢᠨ ᠣᠷᠴᠢᠨ ᠲᠣᠭᠤᠷᠢᠨ ᠢ ᠬᠢᠨᠠᠨ ᠬᠡᠮᠵᠢᠬᠦ ᠲᠥᠯᠥᠪᠵᠢᠭᠦᠯᠭᠡ ᠶᠢᠨ ᠬᠥᠲᠥᠯᠪᠦᠷᠢ ︵2020 —2035︶︾ ︵ᠣᠷᠴᠢᠨ ᠲᠣᠭᠤᠷᠢᠨ ᠤ ᠬᠢᠨᠠᠨ ᠬᠡᠮᠵᠢᠯᠲᠡ ﹇2019﹈ 86 ᠳ᠋ᠤᠭᠠᠷ ᠲᠣᠭᠠᠲᠤ︶᠂ ︽ᠰᠢᠶᠠᠨ ᠤ ᠬᠡᠪᠴᠢᠶᠡᠨ ᠤ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ  ᠬᠡᠮᠵᠢᠬᠦ ᠬᠢᠭᠡᠳ ᠦᠨᠡᠯᠡᠬᠦ ᠴᠡᠭ ︵ᠣᠭᠲᠣᠯᠤᠭᠠᠰᠤ︶ ᠤᠨ ᠬᠠᠮᠢᠶᠠᠷᠤᠯᠲᠠ ᠶᠢᠨ ᠠᠷᠭ᠎ᠠ︾ ︵ᠣᠷᠴᠢᠨ ᠠᠯᠪᠠᠨ ᠬᠢᠨᠠᠨ ᠬᠡᠮᠵᠢᠯᠲᠡ ﹇2019﹈ 59 ᠳ᠋ᠦ᠋ᠭᠡᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠢ ᠨᠠᠶᠢᠳᠠᠪᠤᠷᠢᠵᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠤᠯᠤᠰ ᠤᠨ ᠭᠠᠵᠠᠷ ᠳᠡᠭᠡᠷᠡᠬᠢ ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠬᠡᠮᠵᠢᠬᠦ ᠱᠠᠭᠠᠷᠳᠠᠯᠭ᠎ᠠ ᠶᠣᠰᠣᠭᠠᠷ᠂ ᠮᠠᠨ ᠤ ᠬᠤᠰᠢᠭᠤᠨ ᠤ ᠬᠢᠯᠢ ᠳᠣᠲᠣᠷᠠᠬᠢ ᠭᠤᠤᠯ ᠪᠣᠯᠬᠤ ᠭᠤᠤᠯ ᠮᠥᠷᠡᠨ᠂ ᠨᠠᠭᠤᠷ ᠴᠥᠭᠦᠷᠥᠮ ᠤᠨ ᠪᠠᠶᠢᠷᠢᠯᠠᠭᠤᠯᠤᠯᠲᠠ ᠳᠤ ᠬᠢᠨᠠᠨ ᠬᠡᠮᠵᠢᠬᠦ ᠴᠡᠭ ︵ᠣᠭᠲᠣᠯᠤᠭᠠᠰᠤ ᠪᠠᠭᠲᠠᠨ᠎ᠠ︶ ᠢ ᠳᠣᠭᠢᠷᠠᠭᠤᠯᠬᠤ ᠶᠢᠨ ᠬᠠᠮᠲᠤ ᠬᠢᠨᠠᠨ ᠬᠡᠮᠵᠢᠬᠦ ᠠᠵᠢᠯ ᠢ ᠬᠢᠨ᠎ᠠ᠃       ︵ᠳᠥᠷᠪᠡ︶ ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ ᠤᠨ ᠦᠨᠡᠮᠯᠡᠯ ᠤᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ      ᠬᠠᠤᠯᠢ ᠴᠠᠭᠠᠵᠠ ᠶᠢᠨ ᠲᠣᠭᠲᠠᠭᠠᠯ ᠢ ᠦᠨᠳᠦᠰᠦᠯᠡᠨ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ ᠤᠨ ᠦᠨᠡᠮᠯᠡᠯ ᠤᠨ ᠬᠠᠮᠢᠶᠠᠷᠤᠯᠲᠠ ᠶᠢ ᠬᠡᠷᠡᠭᠵᠢᠭᠦᠯᠵᠦ ᠪᠠᠶᠢᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠣᠯᠤᠨ ᠪᠤᠰᠤᠳ ᠦᠢᠯᠡᠳᠪᠦᠷᠢᠯᠡᠯ ᠡᠵᠡᠩᠨᠡᠭᠴᠢ ︽ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ ᠤᠨ ᠬᠠᠮᠢᠶᠠᠷᠤᠯᠲᠠ ᠶᠢᠨ ᠲᠦᠷᠢᠮ︾ ᠤᠨ ᠲᠣᠭᠲᠠᠭᠠᠯ ᠢ ᠦᠨᠳᠦᠰᠦᠯᠡᠨ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ ᠤᠨ ᠦᠨᠡᠮᠯᠡᠯ ᠭᠤᠶᠤᠴᠢᠯᠠᠵᠤ᠂ ᠪᠣᠬᠢᠷᠲᠤᠯ ᠪᠣᠳᠠᠰ ᠭᠠᠳᠠᠭᠰᠢᠯᠠᠭᠤᠯᠬᠤ ᠨᠢᠭᠡᠴᠢ ᠶᠢ ᠦᠨᠡᠮᠯᠡᠯ ᠲᠠᠢ ᠪᠠᠷ ᠪᠣᠬᠢᠷᠲᠤᠯ ᠪᠣᠳᠠᠰ ᠭᠠᠳᠠᠭᠰᠢᠯᠠᠭᠤᠯᠬᠤ ᠪᠣᠯᠭᠠᠵᠤ᠂ ᠪᠣᠬᠢᠷᠲᠤᠯ ᠪᠣᠳᠠᠰ ᠭᠠᠳᠠᠭᠰᠢᠯᠠᠭᠤᠯᠬᠤ ᠬᠠᠭᠤᠳᠠᠰᠤ ᠶᠢ ᠴᠢᠩᠭᠠᠳᠬᠠᠨ᠎ᠠ᠃      ᠵᠢᠷᠭᠤᠭ᠎ᠠ᠂ ᠠᠵᠢᠯ ᠤᠨ ᠱᠠᠭᠠᠷᠳᠠᠯᠭ᠎ᠠ       ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠰᠢᠶᠠᠨ ᠤ ᠬᠡᠪᠴᠢᠶᠡᠨ ᠤ ᠠᠮᠢ ᠠᠬᠤᠶ ᠶᠢᠨ ᠰᠢᠯᠭᠠᠨ ᠬᠢᠨᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠠᠯᠠᠭ᠎ᠠ ᠮᠥᠴᠢᠷ ᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ᠂ ᠨᠡᠪᠲᠡᠷᠡᠯᠴᠡᠨ ᠵᠣᠯᠭᠠᠭᠤᠯᠬᠤ ᠶᠢ ᠰᠠᠶᠢᠲᠤᠷ ᠬᠢᠵᠦ᠂ ᠠᠮᠢ ᠠᠬᠤᠶ ᠶᠢᠨ ᠪᠣᠯᠪᠠᠰᠤᠨ ᠤ ᠳᠦᠷᠢᠮ ᠤᠨ ᠪᠠᠶᠢᠭᠤᠯᠤᠯᠲᠠ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠨ᠂ ᠰᠢᠨᠵᠢᠯᠡᠬᠦ ᠤᠬᠠᠭᠠᠨᠴᠢ ᠬᠥᠭᠵᠢᠯᠲᠡ ᠶᠢ ᠠᠬᠢᠭᠤᠯᠵᠤ᠂ ᠠᠵᠤ ᠠᠬᠤᠶ ᠶᠢᠨ ᠬᠥᠭᠵᠢᠯᠲᠡ ᠶᠢᠨ ᠠᠷᠭ᠎ᠠ ᠮᠠᠶ᠋ᠢᠭ ᠢ ᠲᠦᠷᠭᠡᠳᠬᠡᠨ ᠬᠤᠪᠢᠷᠠᠭᠤᠯᠬᠤ ᠬᠡᠷᠡᠭᠲᠡᠶ᠃ ᠪᠣᠳᠠᠲᠠᠶ ᠠᠵᠢᠯ ᠤᠨ ᠲᠥᠰᠦᠯ ᠢ ᠵᠣᠬᠢᠶᠠᠨ ᠪᠠᠶᠢᠭᠤᠯᠤᠨ ᠲᠣᠭᠲᠠᠭᠠᠵᠤ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢᠶᠠᠨ ᠲᠣᠳᠣᠷᠬᠠᠶᠢᠯᠠᠨ᠂ ᠬᠠᠷᠢᠭᠤᠴᠠᠯᠭ᠎ᠠ ᠶᠢ ᠵᠠᠳᠠᠯᠵᠤ᠂ ᠬᠥᠮᠦᠨ ᠳᠤᠨᠢ ᠬᠦᠷᠲᠡᠯ᠎ᠡ ᠨᠠᠶᠢᠳᠠᠪᠤᠷᠢᠵᠢᠭᠤᠯᠬᠤ ᠬᠡᠷᠡᠭᠲᠡᠶ᠃ ᠰᠢᠶᠠᠨ ᠤ ᠬᠡᠪᠴᠢᠶᠡᠨ ᠤ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠢ ᠰᠢᠯᠭᠠᠨ ᠬᠢᠨᠠᠬᠤ ᠠᠵᠢᠯ ᠤᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠰᠢᠯᠭᠠᠨ ᠬᠢᠨᠠᠬᠤ ᠠᠵᠢᠯ ᠤᠨ ᠤᠷᠤᠭᠰᠢᠲᠠᠶ ᠬᠡᠷᠡᠭᠵᠢᠭᠦᠯᠦᠭᠳᠡᠬᠦ ᠶᠢ ᠪᠠᠲᠤᠯᠠᠬᠤ ᠬᠡᠷᠡᠭᠲᠡᠢ᠃       ︵ᠬᠤᠶᠠᠷ︶ ᠠᠵᠢᠯ ᠤᠨ ᠪᠠᠶᠢᠷᠢᠯᠠᠭᠤᠯᠤᠯᠲᠠ ᠶᠢ ᠨᠢᠭᠡᠳᠭᠡᠬᠦ ᠬᠡᠷᠡᠭᠲᠡᠢ᠃ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠢᠶᠠᠨ ᠤ ᠬᠡᠪᠴᠢᠶᠡᠨ ᠤ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠢ ᠰᠢᠯᠭᠠᠨ ᠬᠢᠨᠠᠬᠤ ᠠᠵᠢᠯ ᠢ ᠨᠢᠭᠡᠳᠦᠯᠲᠡᠶ ᠪᠠᠶᠢᠷᠢᠯᠠᠭᠤᠯᠤᠨ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠯᠠᠪᠳᠠᠭᠤᠨ ᠪᠠᠲᠤᠲᠠᠶ ᠥᠷᠨᠢᠭᠦᠯᠵᠦ᠂ ᠡᠮᠬᠢ ᠵᠢᠷᠤᠮ ᠲᠠᠢ ᠪᠠᠷ ᠠᠬᠢᠭᠤᠯᠬᠤ ᠬᠡᠷᠡᠭᠲᠡᠶ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠠᠵᠢᠯ ᠤᠨ ᠱᠠᠭᠠᠷᠳᠠᠯᠭ᠎ᠠ ᠶᠣᠰᠣᠭᠠᠷ᠂ ᠲᠤᠭ᠎ᠠ ᠪᠠᠷᠢᠮᠲᠠ ᠴᠤᠭᠯᠠᠭᠤᠯᠬᠤ ᠪᠠ ᠲᠠᠭᠯᠠᠨ ᠮᠡᠳᠡᠭᠦᠯᠬᠦ᠂ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠬᠡᠮᠵᠢᠬᠦ᠂ ᠰᠠᠭᠤᠷᠢ ᠴᠢᠳᠠᠪᠤᠷᠢ ᠶᠢᠨ ᠪᠠᠶᠢᠭᠤᠯᠤᠯᠲᠠ ᠬᠢᠭᠡᠳ ᠠᠵᠢᠯ ᠤᠨ ᠵᠠᠷᠤᠳᠠᠯ ᠢ ᠪᠠᠲᠤᠯᠠᠬᠤ ᠵᠡᠷᠭᠡ ᠠᠵᠢᠯ ᠢ ᠰᠠᠶᠢᠲᠤᠷ ᠬᠢᠨ᠎ᠠ᠃           ︵ᠭᠤᠷᠪᠠ︶ ᠶᠠᠰᠤ ᠴᠢᠨᠠᠷ ᠤᠨ ᠡᠵᠡᠮᠳᠡᠯ ᠢ ᠴᠢᠩᠳᠠᠯᠠᠬᠤ ᠬᠡᠷᠡᠭᠲᠡᠢ᠃ ᠰᠢᠯᠭᠠᠨ ᠬᠢᠨᠠᠬᠤ ᠠᠵᠢᠯ ᠢ ᠬᠠᠮᠢᠶ᠎ᠠ ᠪᠦᠬᠦᠢ ᠪᠠᠷᠢᠮᠵᠢᠶ᠎ᠠ ᠵᠢᠴᠢ ᠵᠢᠷᠤᠮᠯᠠᠯ ᠶᠣᠰᠣᠭᠠᠷ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠣᠷᠴᠢᠨ ᠲᠣᠭᠤᠷᠢᠨ ᠢ ᠬᠢᠨᠠᠨ ᠬᠡᠮᠵᠢᠬᠦ ᠪᠠᠶᠢᠭᠤᠯᠤᠮᠵᠢ ᠵᠢᠴᠢ ᠲᠡᠭᠦᠨ ᠤ ᠬᠠᠷᠢᠭᠤᠴᠠᠯᠭᠠᠲᠠᠨ ᠨᠢ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ ᠪᠠ ᠣᠨᠣᠪᠴᠢᠲᠤ ᠴᠢᠨᠠᠷ ᠲᠤ ᠬᠠᠷᠢᠭᠤᠴᠠᠨ᠎ᠠ᠃ ᠬᠤᠰᠢᠭᠤᠨ ᠤ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠬᠢᠨᠠᠨ ᠬᠠᠷᠭᠤᠭᠤᠯᠬᠤ᠂ ᠬᠢᠨᠠᠨ ᠬᠠᠮᠢᠶᠠᠷᠬᠤ ᠪᠠᠨ ᠴᠢᠩᠭᠠᠳᠬᠠᠵᠤ᠂ ᠠᠮᠢ ᠠᠬᠤᠶ ᠣᠷᠴᠢᠨ ᠲᠣᠭᠤᠷᠢᠨ ᠢ ᠬᠢᠨᠠᠨ ᠬᠡᠮᠵᠢᠬᠦ ᠶᠠᠪᠤᠴᠠ ᠳᠠᠬᠢ ᠶᠠᠰᠤ ᠴᠢᠨᠠᠷ ᠢ ᠪᠠᠲᠤᠯᠠᠬᠤ ᠪᠠ ᠶᠠᠰᠤ ᠴᠢᠨᠠᠷ ᠢ ᠡᠵᠡᠮᠳᠡᠬᠦ  ᠲᠤᠭᠲᠠᠯᠴᠠᠭ᠎ᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠎ᠡ᠃
 
ᠢᠷᠡᠯᠲᠡ᠄ ᠨᠠᠢᠮᠠᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06000874号