ᠨᠠᠢᠮᠠᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
ᠨᠡᠶᠢᠲᠡᠯᠡᠭᠰᠡᠨ ᠴᠠᠭ᠄
2024/8/9
ᠨᠠᠢᠮᠠᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ        ᠨᠢᠭᠡ᠂ ᠭᠤᠣᠯ ᠡᠭᠦᠷᠭᠡ ᠬᠠᠷᠢᠭᠤᠴᠠᠯᠭ᠎ᠠ       ︵ᠨᠢᠭᠡ︶ ᠬᠤᠰᠢᠭᠤᠨ ᠤ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃       ︵ᠬᠤᠶᠠᠷ︶ ᠬᠤᠰᠢᠭᠤᠨ ᠤ ᠵᠠᠰᠠᠭ ᠤᠨ ᠣᠷᠳᠣᠨ ᠤ ᠬᠤᠷᠠᠯ ᠤᠨ ᠪᠡᠯᠡᠳᠬᠡᠯ ᠠᠵᠢᠯ ᠢ ᠬᠠᠷᠢᠭᠤᠴᠠᠵᠤ᠂ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠬᠤ ᠨᠥᠬᠦᠳ ᠢ ᠬᠠᠪᠰᠤᠷᠤᠨ ᠬᠤᠷᠠᠯ ᠳᠡᠭᠡᠷ᠎ᠡ ᠲᠣᠭᠲᠠᠭᠠᠬᠤ  ᠵᠦᠢᠯᠡᠰ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃       ︵ᠭᠤᠷᠪᠠ︶ ᠬᠤᠰᠢᠭᠤᠨ ᠤ ᠵᠠᠰᠠᠭ ᠤᠨ ᠣᠷᠳᠣᠨ᠂ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ ᠤᠨ ᠨᠡᠷ᠎ᠡ ᠪᠠᠷ ᠨᠡᠶᠢᠲᠡᠯᠡᠭᠰᠡᠨ ᠪᠢᠴᠢᠭ ᠮᠠᠲ᠋ᠧᠷᠢᠶᠠᠯ ᠵᠢᠴᠢ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠠᠵᠢᠯ ᠤᠨ ᠢᠯᠡᠳᠬᠡᠯ ᠪᠠ ᠴᠢᠬᠤᠯᠠ ᠶᠠᠷᠢᠶ᠎ᠠ ᠶᠢ ᠵᠣᠬᠢᠶᠠᠨ ᠪᠠᠶᠢᠭᠤᠯᠵᠤ ᠲᠤᠭᠤᠷᠪᠢᠬᠤ ᠪᠤᠶᠤ ᠬᠢᠨᠠᠨ ᠬᠠᠷᠭᠤᠭᠤᠯᠤᠨ᠎ᠠ᠃       ︵ᠳᠥᠷᠪᠡ︶ ᠥᠪᠡᠷᠲᠡᠭᠡᠨ ᠵᠠᠰᠠᠬᠤ ᠣᠷᠣᠨ᠂ ᠲᠦᠩᠯᠢᠶᠣᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠵᠠᠰᠠᠭ ᠤᠨ ᠣᠷᠳᠣᠨ ᠤ ᠠᠯᠪᠠᠨ ᠭᠡᠷ ︵ᠲᠢᠩᠬᠢᠮ︶ ᠵᠢᠴᠢ ᠡᠯ᠎ᠡ ᠵᠥᠪᠯᠡᠯ ᠠᠯᠪᠠᠨ ᠭᠡᠷ ᠲᠢᠩᠬᠢᠮ ᠲᠣᠪᠴᠢᠶ᠎ᠠ ᠶᠢᠨ ᠢᠷᠡᠭᠦᠯᠦᠭᠰᠡᠨ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ ᠶᠢ ᠰᠢᠢᠳᠪᠦᠷᠢᠯᠡᠬᠦ ᠶᠢ ᠬᠠᠷᠢᠭᠤᠴᠠᠨ᠎ᠠ︔ ᠡᠯ᠎ᠡ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠪᠠ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠳᠡᠭᠡᠭᠰᠢ ᠮᠡᠳᠡᠭᠦᠯᠦᠭᠰᠡᠨ ᠪᠢᠴᠢᠭ ᠮᠠᠲ᠋ᠧᠷᠢᠶᠠᠯ ᠢ ᠰᠢᠢᠳᠪᠦᠷᠢᠯᠡᠬᠦ ᠶᠢ ᠬᠠᠷᠢᠭᠤᠴᠠᠨ᠎ᠠ︔ ᠬᠤᠰᠢᠭᠤᠨ ᠤ ᠵᠠᠰᠠᠭ ᠤᠨ ᠣᠷᠳᠣᠨ᠂ ᠵᠠᠰᠠᠭ ᠤᠨ ᠣᠷᠳᠣᠨ ᠤ ᠠᠯᠪᠠᠨ ᠬᠡᠷ ᠤᠨ ᠡᠯ᠎ᠡ ᠲᠥᠷᠥᠯ ᠤᠨ ᠪᠢᠴᠢᠭ ᠮᠠᠲ᠋ᠧᠷᠢᠶᠠᠯ᠂ ᠲᠠᠩᠰᠠ ᠡᠪᠬᠡᠮᠡᠯ ᠤᠨ ᠬᠠᠮᠢᠶᠠᠷᠤᠯᠲᠠ ᠪᠠ ᠨᠢᠭᠤᠴᠠ ᠶᠢ ᠬᠠᠮᠠᠭᠠᠯᠠᠬᠤ ᠠᠵᠢᠯ ᠢ ᠳᠠᠭᠠᠭᠠᠴᠢᠯᠠᠨ  ᠭᠦᠢᠴᠡᠳᠭᠡᠨ᠎ᠡ᠃       ︵ᠲᠠᠪᠤ︶ ᠬᠤᠰᠢᠭᠤᠨ ᠤ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠪᠠ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠵᠠᠰᠠᠭ ᠤᠨ ᠣᠷᠳᠣᠨ ᠠᠴᠠ ᠵᠢᠭᠠᠪᠤᠷᠢ ᠠᠪᠬᠤ ᠤᠴᠢᠷ ᠶᠠᠪᠤᠳᠠᠯ ᠢ ᠰᠤᠳᠤᠯᠵᠤ᠂ ᠬᠢᠨᠠᠨ ᠬᠠᠷᠭᠤᠭᠤᠯᠵᠤ ᠰᠢᠢᠳᠪᠦᠷᠢᠯᠡᠬᠦ ᠰᠠᠨᠠᠯ ᠢᠶᠠᠨ ᠳᠤᠷᠠᠳᠴᠤ᠂  ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠬᠤ ᠨᠥᠬᠦᠳ ᠲᠤ ᠮᠡᠳᠡᠭᠦᠯᠦᠨ ᠬᠢᠨᠠᠨ ᠵᠥᠪᠰᠢᠶᠡᠷᠡᠭᠦᠯᠦᠨ᠎ᠡ᠃       ︵ᠵᠢᠷᠭᠤᠭ᠎ᠠ︶ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠵᠢᠭᠠᠪᠤᠷᠢ ᠪᠤᠶᠤ ᠪᠢᠴᠢᠭ ᠮᠠᠲ᠋ᠧᠷᠢᠶᠠᠯ ᠢ ᠭᠦᠢᠴᠡᠳᠭᠡᠬᠦ ᠬᠡᠷᠡᠭᠴᠡᠭᠡ ᠶᠢ ᠦᠨᠳᠦᠰᠦᠯᠡᠨ᠂ ᠬᠤᠰᠢᠭᠤᠨ ᠤ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠮᠠᠷᠭᠤᠭᠠᠨ ᠲᠠᠢ ᠠᠰᠠᠭᠤᠳᠠᠯ ᠳᠤ ᠰᠢᠢᠳᠪᠦᠷᠢᠯᠡᠬᠦ ᠰᠠᠨᠠᠯ ᠳᠤᠷᠠᠳᠴᠤ᠂ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠬᠤ ᠨᠥᠬᠦᠳ ᠲᠤ ᠮᠡᠳᠡᠭᠦᠯᠦᠨ ᠬᠢᠨᠠᠨ ᠵᠥᠪᠰᠢᠶᠡᠷᠡᠭᠦᠯᠦᠨ᠎ᠡ᠃       ︵ᠳᠣᠯᠤᠭ᠎ᠠ︶ ᠬᠤᠰᠢᠭᠤᠨ ᠤ ᠵᠠᠰᠠᠭ ᠤᠨ ᠣᠷᠳᠣᠨ ᠤ ᠶᠡᠷᠦᠩᠬᠡᠶ ᠵᠢᠵᠢᠭᠦᠷ ᠤᠨ ᠠᠵᠢᠯ ᠢ ᠬᠠᠷᠢᠭᠤᠴᠠᠵᠤ᠂ ᠴᠠᠭ ᠲᠤᠬᠠᠶ ᠳᠤ ᠨᠢ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠤᠯᠭ᠎ᠠ ᠳᠤ ᠴᠢᠬᠤᠯᠠ ᠪᠠᠶᠢᠳᠠᠯ ᠢ ᠮᠡᠳᠡᠭᠦᠯᠵᠦ ᠂ ᠬᠠᠮᠢᠶ᠎ᠠ ᠪᠥᠬᠦᠶ ᠤᠴᠢᠷ ᠢ ᠬᠠᠮᠵᠢᠨ ᠰᠢᠢᠳᠪᠦᠷᠢᠯᠡᠨ᠎ᠡ᠃       ︵ᠨᠠᠢᠮᠠ︶ ᠬᠤᠰᠢᠭᠤᠨ ᠤ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠪᠣᠯᠤᠨ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ᠂  ᠬᠤᠰᠢᠭᠤᠨ ᠤ ᠵᠠᠰᠠᠭ ᠤᠨ ᠣᠷᠳᠣᠨ ᠤ ᠬᠤᠷᠠᠯ ᠠᠴᠠ ᠲᠣᠭᠲᠠᠭᠠᠭᠰᠠᠨ ᠤᠴᠢᠷ ᠶᠠᠪᠤᠳᠠᠯ ᠵᠢᠴᠢ  ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠴᠢᠬᠤᠯᠠ ᠴᠣᠬᠤᠯᠠᠪᠤᠷᠢ ᠶᠢ ᠬᠡᠷᠡᠭᠵᠢᠭᠦᠯᠦᠭᠰᠡᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠶᠢᠨ ᠬᠠᠮᠲᠤ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠬᠤ ᠨᠥᠬᠦᠳ ᠲᠤ ᠮᠡᠳᠡᠭᠦᠯᠦᠨ᠎ᠡ᠃       ︵ᠶᠢᠰᠦ︶ ᠬᠤᠰᠢᠭᠤᠨ ᠤ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠠᠷᠠᠳ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ  ᠭᠦᠢᠴᠡᠳᠭᠡᠬᠦ ᠠᠵᠢᠯ ᠢ ᠵᠣᠬᠢᠶᠠᠨ ᠪᠠᠶᠢᠭᠤᠯᠵᠤ᠂ ᠵᠢᠯᠣᠭᠤᠳᠬᠤ ᠶᠢᠨ ᠬᠠᠮᠲᠤ ᠬᠡᠰᠡᠭ ᠰᠠᠨᠠᠭᠤᠯᠭ᠎ᠠ ᠪᠠ ᠰᠠᠨᠠᠯ ᠳᠤᠷᠠᠳᠤᠯᠭ᠎ᠠ ᠳᠤ ᠬᠠᠷᠢᠭᠤᠯᠲᠠ ᠥᠭᠬᠦ ᠠᠵᠢᠯ ᠢ ᠡᠭᠦᠷᠭᠡᠯᠡᠨ᠎ᠡ᠃       ︵ᠠᠷᠪᠠ︶ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠵᠢᠭᠠᠪᠤᠷᠢ ᠶᠢ ᠦᠨᠳᠦᠰᠦᠯᠡᠨ᠂ ᠪᠠᠶᠢᠴᠠᠭᠠᠨ ᠰᠤᠳᠤᠯᠤᠯᠲᠠ ᠶᠢ ᠵᠣᠬᠢᠶᠠᠨ ᠪᠠᠶᠢᠭᠤᠯᠵᠤ᠂ ᠴᠠᠭ ᠲᠤᠬᠠᠶ ᠳᠤᠨᠢ ᠪᠠᠶᠢᠳᠠᠯ ᠢ ᠲᠤᠰᠬᠠᠵᠤ ᠂ ᠰᠠᠨᠠᠭᠤᠯᠭ᠎ᠠ ᠳᠤᠷᠠᠳᠴᠤ᠂ ᠤᠳᠤᠷᠢᠳᠤᠯᠭ᠎ᠠ ᠶᠢᠨ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠦᠢᠯᠡᠴᠢᠯᠡᠭᠡ ᠬᠠᠩᠭᠠᠨ᠎ᠠ᠃       ︵ᠠᠷᠪᠠᠨ ᠨᠢᠭᠡ︶ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠴᠤᠭᠯᠠᠭᠤᠯᠬᠤ᠂ ᠡᠮᠬᠢᠳᠬᠡᠬᠦ᠂ ᠳᠠᠮᠵᠢᠭᠤᠯᠬᠤ ᠶᠢ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ᠂ ᠲᠦᠩᠯᠢᠶᠣᠤ ᠬᠤᠲᠠ ᠳᠤ ᠴᠢᠬᠤᠯᠠ ᠮᠡᠳᠡᠭᠡ ᠵᠠᠩᠭᠢ ᠶᠢ ᠳᠡᠭᠡᠭᠰᠢ ᠮᠡᠳᠡᠭᠦᠯᠵᠦ᠂ ᠤᠳᠤᠷᠢᠳᠤᠯᠭ᠎ᠠ ᠶᠢᠨ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠮᠡᠳᠡᠭᠡ ᠵᠠᠩᠭᠢ ᠶᠢᠨ ᠦᠢᠯᠡᠴᠢᠯᠡᠭᠡᠨ ᠬᠠᠩᠭᠠᠨ᠎ᠠ᠃       ︵ᠠᠷᠪᠠᠨ ᠬᠤᠶᠠᠷ︶ ᠬᠤᠰᠢᠭᠤᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠭ᠎ᠠ ᠶᠢᠨ ᠵᠢᠭᠠᠨ ᠲᠣᠭᠲᠠᠭᠠᠭᠰᠠᠨ ᠪᠢᠴᠢᠭ ᠮᠠᠲ᠋ᠧᠷᠢᠶᠠᠯ᠂ ᠭᠤᠤᠯ ᠪᠣᠯᠬᠤ ᠬᠤᠷᠠᠯ ᠤᠨ ᠮᠠᠲ᠋ᠧᠷᠢᠶᠠᠯ ᠤᠨ ᠮᠣᠩᠭᠤᠯ ᠬᠡᠯᠡᠨ ᠤ ᠣᠷᠴᠢᠭᠤᠯᠭ᠎ᠠ᠂ ᠠᠮᠠᠨ ᠣᠷᠴᠢᠭᠤᠯᠭ᠎ᠠ ᠶᠢᠨ ᠠᠵᠢᠯ ᠢ ᠬᠠᠷᠢᠭᠤᠴᠠᠨ᠎ᠠ᠃       ︵ᠠᠷᠪᠠᠨ ᠭᠤᠷᠪᠠ︶ ᠪᠥᠬᠦ ᠬᠤᠰᠢᠭᠤᠨ ᠤ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠠᠯᠪᠠᠨ ᠶᠠᠪᠤᠳᠠᠯ ᠳᠤ ᠬᠡᠷᠡᠭᠯᠡᠬᠦ ᠲᠡᠷᠭᠡ᠂ ᠠᠯᠪᠠᠨ ᠬᠡᠷᠡᠭᠯᠡᠭᠡᠨ ᠤ ᠬᠡᠷ᠂ ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠠᠷᠪᠢᠯᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃       ︵ᠠᠷᠪᠠᠨ ᠳᠥᠷᠪᠡ︶ ᠤᠯᠤᠰ᠂ ᠥᠪᠡᠷᠲᠡᠭᠡᠨ ᠵᠠᠰᠠᠬᠤ ᠣᠷᠣᠨ᠂ ᠲᠦᠩᠯᠢᠶᠣᠤ ᠬᠤᠲᠠ ᠶᠢᠨ ᠤᠳᠤᠷᠢᠳᠤᠯᠭ᠎ᠠ᠂ ᠬᠤᠰᠢᠭᠤᠨ ᠠᠴᠠ ᠭᠠᠳᠠᠨᠠᠬᠢ ᠴᠢᠬᠤᠯᠠ ᠵᠣᠴᠢᠳ ᠢ ᠬᠦᠯᠢᠶᠡᠨ ᠠᠪᠬᠤ ᠠᠵᠢᠯ ᠢ ᠡᠭᠦᠷᠭᠡᠯᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠭᠤᠯᠤᠨ ᠵᠢᠯᠣᠭᠤᠳᠴᠤ ᠪᠠᠶᠢᠭᠠᠳ ᠬᠦᠯᠢᠶᠡᠨ ᠠᠪᠬᠤ ᠦᠢᠯᠡᠴᠢᠯᠡᠭᠡᠨ ᠤ ᠠᠵᠢᠯ ᠢ ᠰᠠᠶᠢᠲᠤᠷ ᠬᠢᠨ᠎ᠡ᠃       ︵ᠠᠷᠪᠠᠨ ᠲᠠᠪᠤ︶ ᠬᠤᠰᠢᠭᠤᠨ ᠤ ᠵᠠᠰᠠᠭ ᠤᠨ ᠣᠷᠳᠣᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠢ ᠵᠣᠬᠢᠴᠠᠭᠤᠯᠤᠨ ᠬᠠᠮᠢᠶᠠᠷᠬᠤ᠂ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃       ︵ᠠᠷᠪᠠᠨ ᠵᠢᠷᠭᠤᠭ᠎ᠠ︶ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠣᠯᠭᠤᠭᠰᠠᠨ ᠮᠥᠩᠭᠦᠨ ᠭᠦᠢᠯᠭᠡᠭᠡᠨ ᠤ ᠠᠵᠢᠯ ᠢ ᠵᠣᠬᠢᠴᠠᠭᠤᠯᠬᠤ᠂ ᠵᠢᠯᠣᠭᠤᠳᠬᠤ᠂  ᠦᠢᠯᠡᠴᠢᠯᠡᠬᠦ ᠪᠠ ᠬᠠᠮᠢᠶᠠᠷᠬᠤ ᠡᠭᠦᠷᠭᠡ ᠴᠢᠳᠠᠪᠤᠷᠢ ᠶᠢ ᠬᠠᠷᠢᠭᠤᠴᠠᠨ ᠭᠦᠢᠴᠡᠳᠭᠡᠨ᠎ᠡ᠃       ︵ᠠᠷᠪᠠᠨ ᠳᠣᠯᠤᠭ᠎ᠠ︶ ᠪᠥᠬᠦ ᠬᠤᠰᠢᠭᠤᠨ ᠤ ᠭᠠᠳᠠᠭᠠᠳᠤ ᠶᠠᠪᠤᠳᠠᠯ ᠤᠨ ᠠᠵᠢᠯ᠂ ᠬᠠᠷᠢᠶᠠᠲᠤ ᠶᠢᠨ ᠠᠵᠢᠯᠯᠠᠭ᠎ᠠ ᠪᠠ ᠰᠢᠶᠠᠩᠭᠠᠩ ᠣᠣᠮᠧᠨ ᠤ ᠬᠡᠷᠡᠭ ᠶᠠᠪᠤᠳᠠᠯ ᠢ ᠬᠠᠷᠢᠭᠤᠴᠠᠨ ᠰᠢᠢᠳᠪᠦᠷᠢᠯᠡᠬᠦ ᠪᠠ ᠵᠣᠬᠢᠴᠠᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠭᠠᠳᠠᠭᠠᠳᠤ ᠶᠠᠪᠤᠳᠠᠯ ᠤᠨ ᠠᠵᠢᠯ ᠤᠨ ᠵᠥᠪᠯᠡᠯ ᠤᠨ ᠠᠯᠪᠠᠨ ᠬᠡᠷ ᠤᠨ ᠠᠵᠢᠯ ᠢ ᠬᠠᠷᠢᠭᠤᠴᠠᠨ᠎ᠠ᠃       ︵ᠠᠷᠪᠠᠨ ᠨᠠᠢᠮᠠ︶ ᠬᠤᠰᠢᠭᠤᠨ ᠤ ᠵᠠᠰᠠᠭ ᠤᠨ ᠣᠷᠳᠣᠨ ᠤ ᠬᠠᠤᠯᠢ ᠳᠤ ᠬᠤᠯᠪᠣᠭᠳᠠᠬᠤ ᠬᠡᠷᠡᠭ ᠶᠠᠪᠤᠳᠠᠯ ᠢ ᠨᠢᠭᠡᠳᠦᠯᠲᠡᠶ ᠲᠥᠯᠥᠪᠯᠡᠨ ᠬᠠᠮᠢᠶᠠᠷᠬᠤ᠂ ᠬᠤᠰᠢᠭᠤᠨ ᠤ ᠵᠠᠰᠠᠭ ᠤᠨ ᠣᠷᠳᠣᠨ ᠤ ᠬᠠᠤᠯᠢᠴᠢ ᠵᠥᠪᠯᠡᠭᠴᠢ᠂ ᠬᠠᠤᠯᠢ ᠴᠠᠭᠠᠵᠠ ᠶᠢᠨ ᠵᠥᠪᠯᠡᠯᠭᠡ ᠥᠭᠬᠦ ᠲᠤᠰᠬᠠᠶ ᠮᠡᠷᠭᠡᠵᠢᠯᠲᠡᠨ ᠤ ᠬᠥᠮᠥᠷᠭᠡ᠂ ᠴᠢᠬᠤᠯᠠ ᠶᠡᠭᠡ ᠵᠠᠰᠠᠭ ᠵᠠᠬᠢᠷᠭᠠᠨ ᠤ  ᠰᠢᠢᠳᠪᠦᠷᠢᠲᠦ ᠪᠣᠳᠣᠯᠭ᠎ᠠ ᠲᠣᠭᠲᠠᠭᠠᠬᠤ ᠲᠤᠰᠬᠠᠶ ᠮᠡᠷᠭᠡᠵᠢᠯᠲᠡᠨ ᠤ ᠬᠥᠮᠥᠷᠭᠡ ᠶᠢ ᠰᠣᠩᠭᠤᠨ ᠤᠷᠢᠬᠤ ᠵᠢᠴᠢ ᠬᠠᠮᠢᠶᠠᠷᠬᠤ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠪᠠ ᠭᠡᠷ᠎ᠡ ᠶᠢᠨ ᠪᠢᠴᠢᠭ ᠤᠨ ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠬᠤ ᠵᠡᠷᠭᠡ ᠠᠵᠢᠯ ᠢ ᠬᠠᠷᠢᠭᠤᠴᠠᠨ᠎ᠠ᠃        ︵ᠠᠷᠪᠠ ᠶᠢᠰᠦ︶ ᠬᠤᠰᠢᠭᠤᠨ ᠤ ᠵᠠᠰᠠᠭ ᠤᠨ ᠣᠷᠳᠣᠨ ᠤ ᠠᠵᠤ ᠠᠬᠤᠶ ᠶᠢᠨ ᠪᠠᠶᠢᠭᠤᠯᠤᠯ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯ᠂ ᠨᠡᠶᠢᠭᠡᠮ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠬᠦᠷᠢᠶᠡᠨ ᠤ  ᠭᠦᠢᠴᠡᠳᠭᠡᠯ ᠲᠤᠭ᠎ᠠ ᠲᠣᠭᠲᠠᠭᠠᠬᠤ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠣᠯᠤᠨ ᠬᠢᠨᠠᠨ ᠰᠢᠯᠭᠠᠵᠤ ᠰᠢᠯᠭᠠᠨ ᠠᠪᠬᠤ ᠠᠵᠢᠯ ᠢ ᠬᠠᠷᠢᠭᠤᠴᠠᠨ᠎ᠠ᠃      ︵ᠬᠤᠷᠢ︶ ᠬᠤᠰᠢᠭᠤᠨ ᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠡᠭᠦᠷᠭᠡ ᠬᠠᠷᠠᠯᠲᠠ ᠶᠢᠨ ᠭᠦᠢᠴᠡᠳᠭᠡᠯ ᠲᠤᠭ᠎ᠠ ᠲᠣᠭᠲᠠᠭᠠᠬᠤ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠ ᠬᠢᠨᠠᠨ ᠰᠢᠯᠭᠠᠵᠤ ᠰᠢᠯᠭᠠᠨ ᠠᠪᠬᠤ ᠠᠵᠢᠯ ᠢ ᠬᠠᠷᠢᠭᠤᠴᠠᠨ᠎ᠠ᠃       ︵ᠬᠤᠷᠢᠨ ᠨᠢᠭᠡ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃       ᠬᠤᠶᠠᠷ᠂ ᠬᠠᠷᠢᠯᠴᠠᠬᠤ ᠠᠷᠭ᠎ᠠ ᠮᠠᠶ᠋ᠢᠭ       ᠠᠯᠪᠠᠨ ᠤᠲᠠᠰᠤ᠄ 0475 - 4212541       ᠬᠠᠷᠢᠭᠤᠴᠠᠯᠭᠠᠲᠠᠨ᠄ ᠴᠠᠩ ᠴᠧᠩ      ᠬᠠᠷᠢᠯᠴᠠᠬᠤ ᠬᠥᠮᠦᠨ᠄ ᠵᠠᠩ ᡁᠢ ᠴᠢᠶᠠᠩ       ᠹᠠᠺᠰ᠄ 0475 - 4222541      ᠢᠮᠧᠯ᠄ nmxinxike @ 163 . com      ᠰᠢᠦᠳᠠᠨ ᠳ᠋ᠤᠭᠠᠷ᠄ 028300       ᠠᠵᠢᠯᠯᠠᠬᠤ ᠭᠠᠵᠠᠷ᠄ ᠨᠠᠢᠮᠠᠨ ᠬᠤᠰᠢᠭᠤᠨ ᠤ ᠠᠮᠢ ᠠᠬᠤᠶ ᠶᠢᠨ ᠵᠡᠭᠡᠯᠢ ᠶᠢᠨ ᠨᠠᠮ ᠵᠠᠰᠠᠭ ᠤᠨ ᠶᠡᠷᠦᠩᠬᠡᠶᠢᠯᠡᠭᠰᠡᠨ ᠠᠰᠠᠷ ᠤᠨ 611 ᠲᠠᠰᠤᠭ       ᠠᠵᠢᠯᠯᠠᠬᠤ ᠴᠠᠭ᠄ 8᠄ 30 — 12᠄ 00  14᠄ 30 — 17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶       ᠭᠤᠷᠪᠠ᠂ ᠳᠣᠲᠣᠭᠠᠳᠤ ᠪᠠᠶᠢᠭᠤᠯᠤᠮᠵᠢ        ᠳᠡᠭᠡᠷᠡᠬᠢ ᠡᠭᠦᠷᠭᠡ ᠬᠠᠷᠢᠭᠤᠴᠠᠯᠭ᠎ᠠ ᠶᠢ ᠦᠨᠳᠦᠰᠦᠯᠡᠨ᠂ ᠨᠠᠢᠮᠠᠨ ᠬᠤᠰᠢᠭᠤᠨ ᠤ ᠠᠷᠠᠳ ᠤᠨ ᠵᠠᠰᠠᠭ  ᠤᠨ ᠣᠷᠳᠣᠨ ᠤ ᠠᠯᠪᠠᠨ ᠭᠡᠷ ᠲᠤ ᠠᠷᠪᠠᠨ ᠭᠤᠷᠪᠠᠨ ᠳᠣᠲᠣᠭᠠᠳᠤ ᠪᠠᠶᠢᠭᠤᠯᠤᠮᠵᠢ ᠭᠠᠷᠭᠠᠪᠠ᠄       ︵ᠨᠢᠭᠡ︶ ᠨᠠᠷᠢᠨ ᠪᠢᠴᠢᠭᠡᠴᠢ ᠶᠢᠨ ᠲᠠᠰᠤᠭ ︵ᠠᠯᠪᠠᠨ ᠬᠡᠷ︶       ᠬᠤᠰᠢᠭᠤᠨ ᠤ ᠵᠠᠰᠠᠭ ᠤᠨ ᠣᠷᠳᠣᠨ᠂ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ ᠤᠨ ᠠᠯᠪᠠᠨ ᠪᠢᠴᠢᠭ ᠵᠣᠬᠢᠶᠠᠨ ᠲᠠᠷᠬᠠᠭᠠᠬᠤ᠂ ᠠᠯᠪᠠᠨ ᠪᠢᠴᠢᠭ ᠭᠥᠯᠢᠶᠡᠨ ᠠᠪᠴᠤ ᠰᠢᠢᠳᠪᠦᠷᠢᠯᠡᠬᠦ᠂ ᠡᠯᠧᠺᠲᠷᠣᠨ ᠠᠯᠪᠠᠨ ᠪᠢᠴᠢᠭ ᠬᠤᠷᠢᠶᠠᠨ ᠲᠠᠷᠬᠠᠭᠠᠬᠤ᠂ ᠠᠯᠪᠠᠨ ᠪᠢᠴᠢᠭ ᠢ ᠬᠢᠨᠠᠨ ᠵᠠᠰᠠᠬᠤ᠂ ᠲᠠᠮᠠᠭ᠎ᠠ ᠪᠢᠴᠢᠭ ᠤᠨ ᠬᠠᠮᠢᠶᠠᠷᠤᠯᠲᠠ᠂ ᠲᠠᠩᠰᠠ ᠡᠪᠬᠡᠮᠡᠯ ᠳᠤ ᠣᠷᠣᠭᠤᠯᠬᠤ᠂ ᠲᠠᠩᠰᠠ ᠡᠪᠬᠡᠮᠡᠯ ᠤᠨ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ︔ ᠨᠢᠭᠤᠴᠠ ᠴᠢᠬᠤᠯᠠ ᠪᠢᠴᠢᠭ ᠴᠠᠬᠢᠯᠭᠠᠨ ᠮᠡᠳᠡᠭᠡ ᠪᠣᠯᠤᠨ ᠮᠠᠲ᠋ᠧᠷᠢᠶᠠᠯ  ᠢ ᠳᠠᠮᠵᠢᠭᠤᠯᠤᠨ ᠦᠵᠡᠬᠦ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠪᠥᠬᠦ ᠬᠤᠰᠢᠭᠤᠨ ᠤ ᠵᠠᠰᠠᠭ ᠤᠨ ᠣᠷᠳᠣᠨ ᠤ ᠰᠢᠰᠲ᠋ᠧᠮ ᠤᠨ ᠴᠠᠭᠠᠰᠤ ᠬᠡᠷᠡᠭᠯᠡᠬᠦ ᠥᠬᠡᠶ ᠪᠠᠷ ᠠᠯᠪᠠᠯᠠᠬᠤ ᠲᠠᠪᠴᠠᠩ ᠤᠨ ᠪᠠᠶᠢᠭᠤᠯᠤᠯᠲᠠ᠂ ᠰᠡᠯᠪᠢᠨ ᠬᠠᠮᠠᠭᠠᠯᠠᠯᠲᠠ᠂ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠪᠥᠬᠦ ᠬᠤᠰᠢᠭᠤᠨ ᠤ ᠵᠠᠰᠠᠭ ᠤᠨ ᠣᠷᠳᠣᠨ ᠤ ᠰᠢᠰᠲ᠋ᠧᠮ ᠤᠨ ᠠᠯᠪᠠᠨ ᠪᠢᠴᠢᠭ ᠰᠢᠢᠳᠪᠦᠷᠢᠯᠡᠬᠦ ᠲᠤᠬᠠᠶᠢᠯᠠᠭᠰᠠᠨ ᠠᠵᠢᠯ ᠢ ᠵᠢᠯᠣᠭᠤᠳᠬᠤ ᠠᠵᠢᠯ ᠢ ᠬᠠᠷᠢᠭᠤᠴᠠᠨ᠎ᠠ︔ ᠪᠦᠬᠦ ᠬᠤᠰᠢᠭᠤᠨ ᠤ ᠵᠠᠰᠠᠭ ᠤᠨ ᠣᠷᠳᠣᠨ ᠤ ᠰᠢᠰᠲ᠋ᠧᠮ ᠤᠨ ᠬᠤᠷᠠᠯ ᠤᠨ ᠶᠠᠪᠤᠳᠠᠯ ᠪᠠ ᠬᠦᠯᠢᠶᠡᠨ ᠠᠪᠬᠤ ᠠᠵᠢᠯ ᠢ ᠬᠠᠷᠢᠭᠤᠴᠠᠨ ᠪᠠᠶᠢᠴᠠᠭᠠᠵᠤ ᠵᠢᠯᠣᠭᠤᠳᠤᠨ᠎ᠠ︔ ᠨᠢᠭᠡᠳᠦᠯᠲᠡᠶ ᠲᠥᠯᠥᠪᠯᠡᠵᠦ᠂ ᠵᠣᠬᠢᠴᠠᠭᠤᠯᠵᠤ᠂ ᠬᠤᠰᠢᠭᠤᠨ ᠤ ᠵᠠᠰᠠᠭ ᠤᠨ ᠣᠷᠳᠣᠨ ᠵᠢᠴᠢ ᠠᠯᠪᠠᠨ ᠬᠡᠷ ᠤᠨ ᠳᠠᠭᠠᠭᠠᠨ ᠡᠷᠭᠢᠯᠡᠭᠰᠡᠨ ᠬᠤᠷᠠᠯ ᠤᠨ ᠶᠠᠪᠤᠳᠠᠯ ᠪᠠ ᠭᠥᠯᠢᠶᠡᠨ ᠠᠪᠬᠤ ᠠᠵᠢᠯ ᠢ ᠭᠦᠢᠴᠡᠳᠭᠡᠵᠦ᠂ ᠬᠤᠷᠠᠯ ᠤᠨ ᠶᠠᠪᠤᠳᠠᠯ ᠵᠢᠴᠢ ᠬᠠᠮᠢᠶ᠎ᠠ ᠪᠥᠬᠦᠶ ᠮᠡᠳᠡᠭᠡ ᠵᠠᠩᠭᠢ ᠶᠢᠨ ᠮᠠᠲ᠋ᠧᠷᠢᠶᠠᠯ ᠢ ᠡᠮᠬᠢᠯᠡᠬᠦ ᠪᠠ ᠬᠡᠪᠯᠡᠭᠦ ᠶᠢ ᠬᠠᠷᠢᠭᠤᠴᠠᠨ᠎ᠠ︔ ᠬᠤᠰᠢᠭᠤᠨ ᠤ ᠵᠠᠰᠠᠭ ᠤᠨ ᠣᠷᠳᠣᠨ ᠪᠣᠯᠤᠨ ᠠᠯᠪᠠᠨ ᠭᠡᠷ ᠤᠨ ᠬᠤᠯᠪᠣᠭᠳᠠᠯ ᠪᠦᠬᠦᠢ ᠬᠤᠷᠠᠯ ᠤᠨ ᠮᠡᠳᠡᠭᠳᠡᠯ ᠵᠢᠴᠢ ᠬᠤᠷᠠᠯ ᠤᠨ ᠮᠡᠳᠡᠭᠳᠡᠯ ᠢ ᠲᠤᠭᠤᠷᠪᠢᠬᠤ ᠠᠵᠢᠯ ᠢ ᠬᠠᠷᠢᠭᠤᠴᠠᠨ᠎ᠠ︔ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ ᠤᠳᠤᠷᠢᠳᠤᠯᠭ᠎ᠠ ᠶᠢ ᠬᠠᠮᠵᠢᠨ ᠳᠡᠭᠡᠭᠰᠢ ᠳᠣᠷᠣᠭᠰᠢ ᠳᠠᠮᠵᠢᠭᠤᠯᠬᠤ᠂ ᠶᠡᠷᠦᠩᠬᠡᠶᠢᠯᠡᠨ ᠵᠣᠬᠢᠴᠠᠭᠤᠯᠬᠤ ᠵᠡᠷᠭᠡ ᠡᠳᠦᠷ ᠲᠤᠲᠤᠮ ᠤᠨ ᠠᠵᠢᠯ ᠢ  ᠰᠢᠢᠳᠪᠦᠷᠢᠯᠡᠨ᠎ᠡ︔ ᠠᠯᠪᠠᠨ ᠭᠡᠷ ᠤᠨ ᠡᠷᠬᠢᠯᠡᠭᠴᠢ ᠶᠢᠨ ᠵᠥᠪᠰᠢᠶᠡᠷᠡᠨ ᠭᠦᠢᠴᠡᠳᠭᠡᠬᠦ  ᠵᠦᠢᠯᠡᠰ ᠢ ᠰᠢᠮᠳᠠᠭᠤᠯᠤᠨ ᠭᠦᠢᠴᠡᠳᠭᠡᠯᠭᠡᠭᠦ ᠠᠵᠢᠯ ᠢ ᠬᠠᠷᠢᠭᠤᠴᠠᠨ᠎ᠠ︔ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠬᠤᠷᠠᠯ ᠤᠨ ᠲᠣᠪᠴᠢ ᠲᠡᠮᠳᠡᠭᠯᠡᠯ︔ ᠡᠯ᠎ᠡ ᠲᠠᠰᠤᠭ ᠤᠨ ᠠᠯᠪᠠᠨ ᠭᠡᠷ ᠤᠨ ᠬᠡᠷᠡᠭᠰᠡᠯ ᠵᠢᠴᠢ ᠬᠤᠷᠣᠭᠳᠠᠯ ᠮᠠᠲ᠋ᠧᠷᠢᠶᠠᠯ ᠬᠤᠳᠠᠯᠳᠤᠨ ᠠᠪᠬᠤ ᠠᠵᠢᠯ ᠢ ᠡᠭᠦᠷᠭᠡᠯᠡᠨ᠎ᠡ︔ ᠬᠤᠰᠢᠭᠤᠨ ᠤ ᠵᠠᠰᠠᠭ ᠤᠨ ᠣᠷᠳᠣᠨ ᠪᠠ ᠠᠯᠪᠠᠨ ᠭᠡᠷ ᠤᠨ ᠤᠳᠤᠷᠢᠳᠤᠯᠭ᠎ᠠ ᠶᠢᠨ ᠲᠤᠰᠢᠶᠠᠨ  ᠭᠦᠢᠴᠡᠳᠭᠡᠯᠭᠡᠬᠦ ᠪᠤᠰᠤᠳ ᠠᠵᠢᠯ ᠢ ᠬᠠᠷᠢᠭᠤᠴᠠᠨ᠎ᠠ᠃       ᠬᠠᠷᠢᠯᠴᠠᠬᠤ ᠬᠥᠮᠦᠨ᠄ ᠵᠠᠩ ᡁᠢ ᠴᠢᠶᠠᠩ       ᠤᠲᠠᠰᠤ᠄ 0475 - 4212541       ᠠᠵᠢᠯᠯᠠᠬᠤ ᠴᠠᠭ᠄ 8᠄ 30 — 12᠄ 00 14᠄ 30 — 17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶       ︵ᠬᠤᠶᠠᠷ︶ ᠶᠡᠷᠦᠩᠬᠡᠶᠢᠯᠡᠭᠰᠡᠨ ᠲᠠᠰᠤᠭ       ᠬᠤᠰᠢᠭᠤᠨ ᠤ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ᠂ ᠳᠡᠳ᠋ ᠬᠤᠰᠢᠭᠤᠨ ᠳᠠᠷᠤᠭ᠎ᠠ ᠶᠢᠨ ᠬᠤᠷᠠᠯ ᠤᠨ ᠶᠠᠪᠤᠳᠠᠯ᠂ ᠭᠥᠯᠢᠶᠡᠨ ᠠᠪᠬᠤ ᠵᠢᠴᠢ ᠴᠢᠬᠤᠯᠠ ᠠᠵᠢᠯᠯᠠᠭ᠎ᠠ ᠶᠢ ᠵᠣᠬᠢᠶᠠᠨ ᠪᠠᠶᠢᠭᠤᠯᠵᠤ ᠵᠣᠬᠢᠴᠠᠭᠤᠯᠬᠤ ᠠᠵᠢᠯ ᠢ ᠬᠠᠷᠢᠭᠤᠴᠠᠵᠤ᠂ ᠠᠯᠪᠠᠨ ᠪᠢᠴᠢᠭ ᠢ ᠳᠠᠮᠵᠢᠭᠤᠯᠤᠨ ᠤᠩᠰᠢᠬᠤ᠂ ᠴᠣᠬᠤᠯᠠᠪᠤᠷᠢᠯᠠᠨ ᠭᠦᠢᠴᠡᠳᠭᠡᠬᠦ ᠠᠵᠢᠯ ᠢ ᠬᠠᠷᠢᠭᠤᠴᠠᠵᠤ᠂ ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠶᠠᠪᠤᠳᠠᠯ ᠵᠡᠷᠭᠡ ᠬᠤᠷᠠᠯ ᠤᠨ ᠵᠥᠪᠯᠡᠬᠦ ᠰᠡᠳᠦᠪ ᠵᠢᠴᠢ ᠬᠠᠮᠢᠶ᠎ᠠ ᠪᠥᠬᠦᠶ ᠬᠤᠰᠢᠭᠤᠨ ᠤ ᠵᠠᠰᠠᠭ ᠤᠨ ᠣᠷᠳᠣᠨ ᠠᠴᠠ ᠵᠢᠭᠠᠪᠤᠷᠢ ᠠᠪᠬᠤ  ᠵᠦᠢᠯᠡᠰ ᠢ ᠬᠢᠨᠠᠨ ᠬᠠᠷᠭᠤᠭᠤᠯᠵᠤ ᠵᠣᠬᠢᠴᠠᠭᠤᠯᠬᠤ ᠠᠵᠢᠯ ᠢ ᠬᠠᠷᠢᠭᠤᠴᠠᠨ᠎ᠠ︔ ᠡᠯ᠎ᠡ ᠭᠠᠵᠠᠷ᠂ ᠡᠯ᠎ᠡ ᠰᠠᠯᠠᠭ᠎ᠠ ᠮᠥᠴᠢᠷ᠂ ᠡᠯ᠎ᠡ ᠠᠵᠢᠯ ᠲᠥᠷᠥᠯ ᠤᠨ ᠴᠢᠬᠤᠯᠠ ᠠᠵᠢᠯ ᠤᠨ ᠠᠬᠢᠴᠠ ᠶᠢᠨ ᠪᠠᠶᠢᠳᠠᠯ ᠢ ᠶᠡᠷᠦᠩᠬᠡᠶᠢᠯᠡᠨ ᠮᠡᠳᠡᠭᠦᠯᠬᠦ ᠶᠢ ᠬᠠᠷᠢᠭᠤᠴᠠᠵᠤ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠪᠣᠯᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠡᠯ᠎ᠡ ᠲᠥᠷᠥᠯ ᠤᠨ ᠡᠬᠡ ᠪᠢᠴᠢᠭ ᠢ ᠵᠣᠬᠢᠶᠠᠨ ᠪᠠᠶᠢᠭᠤᠯᠤᠨ ᠲᠤᠭᠤᠷᠪᠢᠬᠤ ᠶᠢ ᠬᠠᠷᠢᠭᠤᠴᠠᠨ᠎ᠠ︔ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠤᠰᠢᠭᠤᠨ ᠤ ᠵᠠᠰᠠᠭ ᠤᠨ ᠣᠷᠳᠣᠨ ᠪᠠ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ ᠤᠨ ᠨᠡᠷ᠎ᠡ ᠪᠠᠷ ᠪᠢᠴᠢᠭ ᠮᠠᠲ᠋ᠧᠷᠢᠶᠠᠯ ᠪᠠᠭᠤᠯᠭᠠᠬᠤ ᠪᠠᠷ ᠪᠠᠶᠢᠭ᠎ᠠ ᠣᠷᠣᠯᠠᠨ ᠨᠤᠤᠷᠠᠭᠯᠠᠭᠰᠠᠨ ᠡᠬᠡ ᠪᠢᠴᠢᠭ ᠢ ᠠᠩᠬ᠎ᠠ ᠬᠠᠷᠭᠤᠭᠤᠯᠬᠤ ᠠᠵᠢᠯ ᠢ ᠬᠠᠷᠢᠭᠤᠴᠠᠨ᠎ᠠ︔ ᠬᠤᠰᠢᠭᠤᠨ ᠤ ᠵᠠᠰᠠᠭ ᠤᠨ ᠣᠷᠳᠣᠨ ᠤ ᠪᠥᠬᠦ ᠲᠠᠯ᠎ᠠ ᠶᠢᠨ ᠴᠢᠨᠠᠷᠲᠠᠶ ᠠᠵᠢᠯ ᠳᠤ ᠬᠤᠯᠪᠣᠭᠳᠠᠭᠰᠠᠨ ᠪᠠᠶᠢᠴᠠᠭᠠᠨ ᠰᠤᠳᠤᠯᠤᠯᠲᠠ ᠶᠢᠨ ᠠᠵᠢᠯ ᠢ ᠬᠠᠷᠢᠭᠤᠴᠠᠬᠤ ᠪᠤᠶᠤ ᠣᠷᠣᠯᠴᠠᠵᠤ ᠂ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢ ᠪᠦᠷᠢᠯᠳᠦᠭᠦᠯᠦᠨ᠂ ᠬᠤᠰᠢᠭᠤᠨ ᠤ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠯᠠᠪᠯᠠᠯᠲᠠ ᠬᠠᠩᠭᠠᠨ᠎ᠠ︔ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠪᠠᠶᠢᠩᠭᠤ ᠶᠢᠨ ᠬᠤᠷᠠᠯ᠂ ᠬᠤᠰᠢᠭᠤᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠵᠡᠷᠭᠡ ᠬᠤᠷᠠᠯ ᠤᠨ ᠲᠡᠮᠳᠡᠭᠯᠡᠯ ᠪᠠ ᠲᠣᠪᠴᠢ ᠲᠡᠮᠳᠡᠭᠯᠡᠯ ᠤᠨ ᠠᠵᠢᠯ ᠢ ᠬᠠᠷᠢᠭᠤᠴᠠᠨ᠎ᠠ︔ ᠬᠤᠰᠢᠭᠤᠨ ᠤ ᠵᠠᠰᠠᠭ ᠤᠨ ᠣᠷᠳᠣᠨ ᠤ ᠶᠡᠷᠦᠩᠬᠡᠶᠢᠯᠡᠭᠰᠡᠨ ᠬᠡᠷᠡᠭ ᠶᠠᠪᠤᠳᠠᠯ ᠢ ᠵᠣᠬᠢᠴᠠᠭᠤᠯᠬᠤ ᠠᠵᠢᠯ ᠢ ᠬᠠᠷᠢᠭᠤᠴᠠᠨ᠎ᠠ︔ ᠬᠤᠰᠢᠭᠤᠨ ᠤ ᠵᠠᠰᠠᠭ ᠤᠨ ᠣᠷᠳᠣᠨ ᠪᠠ ᠠᠯᠪᠠᠨ ᠭᠡᠷ ᠤᠨ ᠤᠳᠤᠷᠢᠳᠤᠯᠭ᠎ᠠ ᠶᠢᠨ ᠲᠤᠰᠢᠶᠠᠨ ᠭᠦᠢᠴᠡᠳᠭᠡᠯᠭᠡᠭᠰᠡᠨ ᠪᠤᠰᠤᠳ ᠠᠵᠢᠯ ᠢ ᠬᠠᠷᠢᠭᠤᠴᠠᠨ᠎ᠠ᠃       ᠬᠠᠷᠢᠯᠴᠠᠬᠤ ᠬᠥᠮᠦᠨ᠄ ᠵᠧᠩ ᠶᠠᠨ ᠴᠢᠤᠸᠠᠨ      ᠤᠲᠠᠰᠤ᠄ 0475 - 4226682      ᠠᠵᠢᠯᠯᠠᠬᠤ ᠴᠠᠭ᠄ 8᠄ 30 — 12᠄ 00  14᠄ 30 — 17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶       ︵ᠭᠤᠷᠪᠠ︶ ᠵᠠᠰᠠᠭ ᠵᠠᠬᠢᠷᠭᠠᠨ ᠤ ᠲᠠᠰᠤᠭ      ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ ᠵᠠᠰᠠᠭ ᠵᠠᠬᠢᠷᠭᠠᠨ ᠤ ᠶᠠᠪᠤᠳᠠᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠪᠥᠬᠦ ᠬᠤᠰᠢᠭᠤᠨ ᠤ ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠠᠷᠪᠢᠯᠠᠬᠤ ᠶᠢ ᠬᠠᠮᠢᠶᠠᠷᠬᠤ ᠪᠠ ᠳᠡᠭᠡᠳᠦ ᠱᠠᠲᠤᠨ ᠤ ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠠᠷᠪᠢᠯᠠᠬᠤ ᠶᠢ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠠᠵᠢᠯ ᠢ ᠬᠠᠷᠢᠭᠤᠴᠠᠨ᠎ᠠ︔ ᠬᠤᠰᠢᠭᠤᠨ ᠤ ᠵᠠᠰᠠᠭ ᠤᠨ ᠣᠷᠳᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠵᠣᠬᠢᠴᠠᠭᠤᠯᠤᠨ ᠬᠠᠮᠢᠶᠠᠷᠬᠤ᠂ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ︔ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ ᠲᠡᠷᠭᠡᠨ ᠤ ᠬᠠᠮᠢᠶᠠᠷᠤᠯᠲᠠ ᠶᠢ ᠬᠠᠷᠢᠭᠤᠴᠠᠨ᠎ᠠ︔ ᠬᠤᠰᠢᠭᠤᠨ ᠤ ᠵᠠᠰᠠᠭ ᠤᠨ ᠣᠷᠳᠣᠨ ᠪᠠ ᠠᠯᠪᠠᠨ ᠭᠡᠷ ᠤᠨ ᠤᠳᠤᠷᠢᠳᠤᠯᠭ᠎ᠠ ᠶᠢᠨ ᠲᠤᠰᠢᠶᠠᠨ ᠭᠦᠢᠴᠡᠳᠭᠡᠯᠭᠡᠭᠰᠡᠨ ᠪᠤᠰᠤᠳ ᠠᠵᠢᠯ ᠢ ᠬᠠᠷᠢᠭᠤᠴᠠᠨ᠎ᠠ᠃       ᠬᠠᠷᠢᠯᠴᠠᠬᠤ ᠬᠥᠮᠦᠨ᠄ ᠯᠢᠦ ᠵᠢᠩ ᠬᠤᠸᠠ        ᠤᠲᠠᠰᠤ᠄ 0475 - 4213670      ᠠᠵᠢᠯᠯᠠᠬᠤ ᠴᠠᠭ᠄ 8᠄ 30 — 12᠄ 00 14᠄ 30 —17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶᠃      ︵ᠳᠥᠷᠪᠡ︶ ᠬᠠᠤᠯᠢ ᠲᠣᠭᠲᠠᠭᠠᠯ ᠤᠨ ᠲᠠᠰᠤᠭ      ᠬᠤᠰᠢᠭᠤᠨ ᠤ ᠵᠠᠰᠠᠭ ᠤᠨ ᠣᠷᠳᠣᠨ ᠤ ᠨᠡᠷ᠎ᠡ ᠪᠠᠷ ᠲᠣᠭᠲᠠᠭᠠᠭᠰᠠᠨ ᠡᠯ᠎ᠡ ᠲᠥᠷᠥᠯ ᠤᠨ ᠭᠡᠷ᠎ᠡ ᠶᠢᠨ ᠬᠡᠯᠡᠯᠴᠡᠭᠡᠷ ᠤᠨ ᠬᠠᠤᠯᠢ ᠴᠠᠭᠠᠵᠠ ᠶᠢᠨ ᠬᠢᠨᠠᠨ ᠬᠠᠷᠭᠤᠭᠤᠯᠬᠤ ᠠᠵᠢᠯ ᠢ ᠬᠠᠷᠢᠭᠤᠴᠠᠨ᠎ᠠ︔ ᠬᠤᠰᠢᠭᠤᠨ ᠤ ᠵᠠᠰᠠᠭ ᠤᠨ ᠣᠷᠳᠣᠨ ᠵᠢᠴᠢ ᠠᠯᠪᠠᠨ ᠭᠡᠷ ᠤᠨ ᠨᠡᠷ᠎ᠡ ᠪᠠᠷ ᠳᠠᠷᠤᠮᠠᠯᠯᠠᠨ ᠲᠠᠷᠬᠠᠭᠠᠭᠰᠠᠨ ᠵᠠᠰᠠᠭ ᠵᠠᠬᠢᠷᠭᠠᠨ ᠤ ᠪᠢᠴᠢᠭ ᠮᠠᠲ᠋ᠧᠷᠢᠶᠠᠯ ᠢ ᠬᠢᠨᠠᠨ ᠬᠠᠷᠭᠤᠭᠤᠯᠬᠤ ᠠᠵᠢᠯ ᠢ ᠬᠠᠷᠢᠭᠤᠴᠠᠨ᠎ᠠ︔ ᠬᠤᠰᠢᠭᠤᠨ ᠤ ᠵᠠᠰᠠᠭ ᠤᠨ ᠣᠷᠳᠣᠨ ᠤ ᠬᠠᠤᠯᠢᠴᠢ ᠵᠥᠪᠯᠡᠭᠴᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠬᠤᠰᠢᠭᠤᠨ ᠤ ᠵᠠᠰᠠᠭ ᠤᠨ ᠣᠷᠳᠣᠨ ᠪᠠ ᠠᠯᠪᠠᠨ ᠭᠡᠷ ᠤᠨ ᠤᠳᠤᠷᠢᠳᠤᠯᠭ᠎ᠠ ᠶᠢᠨ ᠲᠤᠰᠢᠶᠠᠨ ᠭᠦᠢᠴᠡᠳᠭᠡᠯᠭᠡᠭᠰᠡᠨ ᠪᠤᠰᠤᠳ ᠠᠵᠢᠯ ᠢ ᠬᠠᠷᠢᠭᠤᠴᠠᠨ᠎ᠠ᠃       ᠬᠠᠷᠢᠯᠴᠠᠬᠤ ᠬᠥᠮᠦᠨ᠄ ᠰᠣᠶᠣᠯ       ᠤᠲᠠᠰᠤ᠄ 0475 - 4212029      ᠠᠵᠢᠯᠯᠠᠬᠤ ᠴᠠᠭ᠄ 8᠄ 30 — 12᠄ 00 14᠄ 30 — 17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶       ︵ᠲᠠᠪᠤ︶ ᠮᠡᠳᠡᠭᠡ ᠵᠠᠩᠭᠢ ᠶᠢᠨ ᠲᠠᠰᠤᠭ       ᠪᠥᠬᠦ ᠬᠤᠰᠢᠭᠤᠨ ᠤ ᠵᠠᠰᠠᠭ ᠤᠨ ᠣᠷᠳᠣᠨ ᠤ ᠰᠢᠰᠲ᠋ᠧᠮ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠢ ᠵᠣᠬᠢᠶᠠᠨ ᠪᠠᠶᠢᠭᠤᠯᠵᠤ ᠵᠢᠯᠣᠭᠤᠳᠬᠤ ᠪᠠ ᠮᠡᠳᠡᠭᠡ ᠵᠠᠩᠭᠢ ᠴᠤᠭᠯᠠᠭᠤᠯᠬᠤ᠂ ᠰᠢᠯᠢᠨ ᠰᠣᠩᠭᠤᠬᠤ᠂ ᠪᠣᠯᠪᠠᠰᠤᠷᠠᠭᠤᠯᠬᠤ᠂ ᠨᠠᠶᠢᠷᠠᠭᠤᠯᠤᠨ ᠲᠠᠷᠬᠠᠭᠠᠬᠤ᠂ ᠬᠠᠷᠢᠭᠤ ᠲᠤᠰᠬᠠᠬᠤ ᠵᠢᠴᠢ ᠮᠡᠳᠡᠭᠡ ᠵᠠᠩᠭᠢ ᠶᠢᠨ ᠰᠦᠯᠵᠢᠶᠡᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠴᠠᠭ ᠲᠤᠬᠠᠶ ᠳᠤᠨᠢ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠲᠤ ᠮᠡᠳᠡᠭᠡ ᠵᠠᠩᠭᠢ ᠮᠡᠳᠡᠭᠦᠯᠬᠦ ᠠᠵᠢᠯ ᠢ ᠬᠠᠷᠢᠭᠤᠴᠠᠨ᠎ᠠ︔ ᠪᠦᠬᠦ ᠬᠤᠰᠢᠭᠤᠨ ᠤ ᠵᠠᠰᠠᠭ ᠤᠨ ᠣᠷᠳᠣᠨ ᠤ ᠰᠢᠰᠲ᠋ᠧᠮ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠪᠠ ᠰᠣᠯᠢᠯᠴᠠᠭᠠᠨ ᠤ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠎ᠡ︔ ᠬᠤᠰᠢᠭᠤᠨ ᠤ ᠵᠠᠰᠠᠭ ᠤᠨ ᠣᠷᠳᠣᠨ ᠪᠠ ᠠᠯᠪᠠᠨ ᠭᠡᠷ ᠤᠨ ᠤᠳᠤᠷᠢᠳᠤᠯᠭ᠎ᠠ ᠶᠢᠨ ᠲᠤᠰᠢᠶᠠᠨ ᠭᠦᠢᠴᠡᠳᠭᠡᠯᠭᠡᠭᠰᠡᠨ ᠪᠤᠰᠤᠳ ᠠᠵᠢᠯ ᠢ ᠬᠠᠷᠢᠭᠤᠴᠠᠨ᠎ᠠ᠃       ᠬᠠᠷᠢᠯᠴᠠᠬᠤ ᠬᠥᠮᠦᠨ᠄ ᠶᠠᠨ ᠴᠤᠤ ᠰᠢᠤᠢ᠃       ᠤᠲᠠᠰᠤ᠄ 0475 - 4212725       ᠠᠵᠢᠯᠯᠠᠬᠤ ᠴᠠᠭ᠄ 8᠄ 30 — 12᠄ 00 14᠄ 30 — 17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶       ︵ᠵᠢᠷᠭᠤᠭ᠎ᠠ︶ ᠣᠷᠴᠢᠭᠤᠯᠭ᠎ᠠ ᠶᠢᠨ ᠲᠠᠰᠤᠭ      ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠵᠠᠰᠠᠭ ᠤᠨ ᠣᠷᠳᠣᠨ ᠤ ᠠᠯᠪᠠᠨ ᠭᠡᠷ ᠤᠨ ᠪᠢᠴᠢᠭ ᠮᠠᠲ᠋ᠧᠷᠢᠶᠠᠯ ᠵᠢᠴᠢ ᠦᠨᠳᠦᠰᠦᠨ ᠱᠠᠲᠤᠨ ᠳᠤ ᠮᠡᠳᠡᠭᠦᠯᠦᠭᠰᠡᠨ ᠮᠣᠩᠭᠤᠯ ᠬᠡᠯᠡᠨ ᠤ ᠡᠬᠡ ᠪᠢᠴᠢᠭ ᠤᠨ ᠣᠷᠴᠢᠭᠤᠯᠭ᠎ᠠ ᠶᠢᠨ ᠠᠵᠢᠯ ᠢ ᠬᠠᠷᠢᠭᠤᠴᠠᠨ᠎ᠠ︔ ᠬᠤᠰᠢᠭᠤᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠭ᠎ᠠ ᠶᠢᠨ ᠡᠯ᠎ᠡ ᠲᠥᠷᠥᠯ ᠤᠨ ᠲᠣᠮᠣ ᠬᠡᠯᠪᠡᠷᠢ ᠶᠢᠨ ᠬᠤᠷᠠᠯ ᠤᠨ ᠠᠵᠢᠯ ᠤᠨ ᠮᠡᠳᠡᠭᠦᠯᠦᠯᠲᠡ᠂ ᠪᠢᠴᠢᠭ ᠮᠠᠲ᠋ᠧᠷᠢᠶᠠᠯ ᠤᠨ ᠣᠷᠴᠢᠭᠤᠯᠭ᠎ᠠ᠂ ᠠᠮᠠᠨ ᠣᠷᠴᠢᠭᠤᠯᠭ᠎ᠠ ᠵᠢᠴᠢ ᠪᠤᠰᠤᠳ ᠣᠷᠴᠢᠭᠤᠯᠭ᠎ᠠ ᠶᠢᠨ ᠠᠵᠢᠯ ᠢ ᠳᠠᠭᠠᠭᠠᠴᠢᠯᠠᠨ ᠡᠷᠭᠢᠯᠡᠨ ᠬᠢᠨ᠎ᠠ︔ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶᠡᠨ ᠤ ᠥᠷᠲᠡᠭᠡ ᠶᠢᠨ ᠠᠵᠢᠯᠯᠠᠭᠤᠯᠬᠤ᠂ ᠬᠠᠮᠢᠶᠠᠷᠬᠤ᠂ ᠬᠠᠮᠠᠭᠠᠯᠠᠬᠤ ᠠᠵᠢᠯ ᠢ ᠬᠠᠷᠢᠭᠤᠴᠠᠨ᠎ᠠ᠃ ᠬᠤᠰᠢᠭᠤᠨ ᠤ ᠵᠠᠰᠠᠭ ᠤᠨ ᠣᠷᠳᠣᠨ ᠪᠠ ᠠᠯᠪᠠᠨ ᠭᠡᠷ ᠤᠨ ᠤᠳᠤᠷᠢᠳᠤᠯᠭ᠎ᠠ ᠶᠢᠨ ᠲᠤᠰᠢᠶᠠᠨ ᠭᠦᠢᠴᠡᠳᠭᠡᠯᠭᠡᠭᠰᠡᠨ ᠪᠤᠰᠤᠳ ᠠᠵᠢᠯ ᠢ ᠬᠠᠷᠢᠭᠤᠴᠠᠨ᠎ᠠ᠃       ᠬᠠᠷᠢᠯᠴᠠᠬᠤ ᠬᠥᠮᠦᠨ᠄ ᠬᠥᠩ ᠴᠤᠯᠮᠤᠨ      ᠤᠲᠠᠰᠤ᠄ 0475 - 4212317       ᠠᠵᠢᠯᠯᠠᠬᠤ ᠴᠠᠭ᠄ 8᠄ 30 — 12᠄ 00 14᠄ 30 — 17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶      ︵ᠲᠤᠯᠤᠭ᠎ᠠ︶ ᠭᠠᠳᠠᠭᠠᠳᠤ ᠶᠠᠪᠤᠳᠠᠯ ᠤᠨ ᠲᠠᠰᠤᠭ       ᠭᠠᠳᠠᠭᠠᠳᠤ ᠶᠠᠪᠤᠳᠠᠯ ᠤᠨ ᠰᠠᠬᠢᠯᠭ᠎ᠠ ᠪᠠᠲᠤ ᠶᠢᠨ ᠬᠥᠮᠦᠵᠢᠯ ᠵᠢᠴᠢ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠡᠭᠦᠷᠭᠡᠯᠡᠨ᠎ᠡ︔ ᠮᠠᠨ ᠤ ᠬᠤᠰᠢᠭᠤᠨ ᠤ ᠭᠠᠳᠠᠭᠠᠳᠤ ᠲᠠᠢ ᠬᠤᠯᠪᠣᠭᠳᠠᠬᠤ ᠶᠠᠪᠤᠳᠠᠯ ᠢ ᠬᠠᠷᠢᠭᠤᠴᠠᠬᠤ ᠪᠤᠶᠤ ᠬᠠᠮᠵᠢᠨ ᠰᠢᠢᠳᠪᠦᠷᠢᠯᠡᠨ᠎ᠡ︔ ᠮᠠᠨ ᠤ ᠬᠤᠰᠢᠭᠤᠨ ᠤ ᠴᠢᠬᠤᠯᠠ ᠭᠠᠳᠠᠭᠠᠳᠤ ᠶᠠᠪᠤᠳᠠᠯ ᠤᠨ ᠠᠵᠢᠯᠯᠠᠭ᠎ᠠ ᠶᠢ ᠵᠣᠬᠢᠴᠠᠭᠤᠯᠬᠤ ᠪᠠ ᠵᠣᠬᠢᠶᠠᠨ ᠪᠠᠶᠢᠭᠤᠯᠬᠤ ᠳᠤ ᠣᠷᠣᠯᠴᠠᠨ᠎ᠠ︔ ᠮᠠᠨ ᠤ ᠬᠤᠰᠢᠭᠤᠨ ᠤ ᠠᠯᠪᠠᠨ ᠶᠠᠪᠤᠳᠠᠯ ᠢᠶᠠᠷ ᠭᠠᠳᠠᠭᠠᠳᠤ ᠳᠤ ᠭᠠᠷᠬᠤ ︵ᠬᠢᠯᠢ︶ ᠪᠠ ᠭᠠᠳᠠᠭᠠᠳᠤ ᠶᠢᠨ ᠬᠥᠮᠦᠨ ᠢ ᠤᠷᠢᠵᠤ ᠮᠠᠨ ᠤ ᠬᠤᠰᠢᠭᠤᠨ ᠳᠤ ᠠᠶᠢᠯᠴᠢᠯᠠᠭᠤᠯᠬᠤ ᠶᠠᠪᠤᠳᠠᠯ ᠢ ᠭᠥᠯᠢᠶᠡᠨ ᠠᠪᠴᠤ ᠰᠢᠢᠳᠪᠦᠷᠢᠯᠡᠬᠦ ᠪᠠ ᠳᠡᠭᠡᠭᠰᠢ ᠮᠡᠳᠡᠭᠦᠯᠦᠨ᠎ᠡ︔ ᠮᠠᠨ ᠤ ᠬᠤᠰᠢᠭᠤᠨ ᠤ ᠠᠷᠠᠳ ᠤᠨ ᠬᠤᠭᠤᠷᠣᠨᠳᠣᠬᠢ ᠭᠠᠳᠠᠭᠠᠳᠤ ᠬᠠᠷᠢᠯᠴᠠᠭᠠᠨ ᠤ ᠠᠵᠢᠯ ᠢ ᠵᠢᠯᠣᠭᠤᠳᠤᠨ ᠬᠠᠮᠢᠶᠠᠷᠤᠨ᠎ᠠ︔ ᠬᠤᠯᠪᠣᠭᠳᠠᠯ ᠪᠦᠬᠦᠢ ᠨᠢᠭᠡᠴᠢ ᠲᠠᠢ ᠬᠠᠮᠲᠤᠷᠠᠨ ᠭᠠᠳᠠᠭᠠᠳᠤ ᠤᠬᠠᠭᠤᠯᠭ᠎ᠠ ᠵᠢᠴᠢ ᠬᠠᠮᠢᠶ᠎ᠠ ᠪᠦᠬᠦᠢ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠨ᠎ᠡ︔ ᠬᠤᠰᠢᠭᠤᠨ ᠤ ᠵᠠᠰᠠᠭ ᠤᠨ ᠣᠷᠳᠣᠨ ᠪᠠ ᠠᠯᠪᠠᠨ ᠭᠡᠷ ᠤᠨ ᠤᠳᠤᠷᠢᠳᠤᠯᠭ᠎ᠠ ᠶᠢᠨ ᠲᠤᠰᠢᠶᠠᠨ ᠭᠦᠢᠴᠡᠳᠭᠡᠯᠭᠡᠭᠰᠡᠨ ᠪᠤᠰᠤᠳ ᠠᠵᠢᠯ ᠢ ᠬᠠᠷᠢᠭᠤᠴᠠᠨ᠎ᠠ᠃       ᠬᠠᠷᠢᠯᠴᠠᠬᠤ ᠬᠥᠮᠦᠨ᠄  ᠴᠢ ᠹᠧᠩ ᠶᠠᠨ        ᠤᠲᠠᠰᠤ᠄ 0475 - 4228880       ᠠᠵᠢᠯᠯᠠᠬᠤ ᠴᠠᠭ᠄ 8᠄ 30 — 12᠄ 00 14᠄ 30 — 17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶       ︵ᠨᠠᠢᠮᠠ︶ ᠰᠢᠮᠳᠠᠭᠤᠯᠤᠨ ᠪᠠᠶᠢᠴᠠᠭᠠᠬᠤ ᠭᠡᠷ       ᠬᠤᠰᠢᠭᠤᠨ ᠤ ᠵᠠᠰᠠᠭ ᠤᠨ ᠣᠷᠳᠣᠨ ᠤ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ᠂ ᠴᠢᠬᠤᠯᠠ ᠪᠠᠶᠢᠷᠢᠯᠠᠭᠤᠯᠤᠯᠲᠠ ᠵᠢᠴᠢ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠲᠣᠭᠲᠠᠭᠠᠭᠰᠠᠨ ᠭᠤᠤᠯᠳᠠᠯᠭ᠎ᠠ ᠲᠠᠢ ᠠᠵᠢᠯ ᠢ ᠮᠥᠷᠳᠡᠨ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ︔ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠪᠢᠴᠢᠭ᠂ ᠬᠤᠷᠠᠯ ᠢᠶᠠᠷ ᠲᠣᠭᠲᠠᠭᠠᠭᠰᠠᠨ ᠤᠴᠢᠷ ᠶᠠᠪᠤᠳᠠᠯ ᠵᠢᠴᠢ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠬᠤᠯᠪᠣᠭᠳᠠᠯ ᠪᠥᠬᠦᠶ ᠵᠢᠭᠠᠪᠤᠷᠢ ᠶᠢ ᠬᠡᠷᠡᠭᠵᠢᠭᠦᠯᠵᠦ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠪᠠ ᠮᠥᠷᠳᠡᠨ ᠪᠠᠶᠢᠴᠠᠭᠠᠨ ᠰᠤᠳᠤᠯᠵᠤ᠂ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠤᠯᠭ᠎ᠠ ᠳᠤ ᠴᠠᠭ ᠲᠤᠬᠠᠶ ᠳᠤᠨᠢ ᠮᠡᠳᠡᠭᠦᠯᠦᠨ᠎ᠡ︔ ᠳᠡᠭᠡᠳᠦ ᠱᠠᠲᠤᠨ ᠤ ᠤᠳᠤᠷᠢᠳᠤᠯᠭ᠎ᠠ ᠶᠢᠨ ᠱᠠᠭᠠᠷᠳᠠᠭᠰᠠᠨ ᠴᠣᠬᠤᠯᠠᠪᠤᠷᠢ ᠶᠢ ᠳᠠᠭᠠᠭᠠᠨ ᠬᠢᠬᠦ︔ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ ᠶᠡᠭᠡ ᠬᠤᠷᠠᠯ ᠤᠨ ᠵᠥᠪᠯᠡᠯᠭᠡ ᠪᠠ ᠤᠯᠤᠰ ᠲᠥᠷᠥ ᠶᠢᠨ ᠵᠥᠪᠯᠡᠯᠭᠡᠨ ᠤ ᠵᠥᠪᠯᠡᠯᠭᠡ ᠶᠢ ᠰᠢᠢᠳᠪᠦᠷᠢᠯᠡᠬᠦ ᠶᠢ ᠵᠣᠬᠢᠶᠠᠨ ᠪᠠᠶᠢᠭᠤᠯᠬᠤ᠂ ᠵᠣᠬᠢᠴᠠᠭᠤᠯᠬᠤ᠂ ᠪᠠᠶᠢᠴᠠᠭᠠᠬᠤ᠂ ᠰᠢᠪᠠᠳᠠᠬᠤ ᠶᠢ ᠬᠠᠷᠢᠭᠤᠴᠠᠨ᠎ᠠ︔ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠠᠴᠠ ᠬᠤᠰᠢᠭᠤᠨ ᠤ ᠵᠠᠰᠠᠭ ᠤᠨ ᠣᠷᠳᠣᠨ ᠳᠤ ᠲᠤᠰᠢᠶᠠᠵᠤ ᠰᠢᠢᠳᠪᠦᠷᠢᠯᠷᠭᠦᠯᠬᠦ ᠬᠤᠯᠪᠣᠭᠳᠠᠯ ᠪᠥᠬᠦᠶ ᠠᠵᠢᠯ ᠢ ᠳᠠᠭᠠᠭᠠᠨ  ᠭᠦᠢᠴᠡᠳᠭᠡᠨ᠎ᠡ︔ ᠬᠤᠰᠢᠭᠤᠨ ᠤ ᠵᠠᠰᠠᠭ ᠤᠨ ᠣᠷᠳᠣᠨ ᠪᠠ ᠠᠯᠪᠠᠨ ᠭᠡᠷ ᠤᠨ ᠤᠳᠤᠷᠢᠳᠤᠯᠭ᠎ᠠ ᠶᠢᠨ ᠲᠤᠰᠢᠶᠠᠨ ᠭᠦᠢᠴᠡᠳᠭᠡᠯᠭᠡᠭᠰᠡᠨ ᠪᠤᠰᠤᠳ ᠠᠵᠢᠯ ᠢ ᠬᠠᠷᠢᠭᠤᠴᠠᠨ᠎ᠠ᠃       ᠬᠠᠷᠢᠯᠴᠠᠬᠤ ᠬᠥᠮᠦᠨ᠄ ᠨᠠᠷᠠᠰᠤ       ᠤᠲᠠᠰᠤ᠄ 0475 - 4213842      ᠠᠵᠢᠯᠯᠠᠬᠤ ᠴᠠᠭ᠄ 8᠄ 30 — 12᠄ 00 14᠄ 30 — 17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶      ︵ᠶᠢᠰᠦ︶ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠪᠠ ᠥᠭᠡᠷᠡᠴᠢᠯᠡᠯᠲᠡ ᠶᠢ ᠠᠬᠢᠭᠤᠯᠬᠤ ᠲᠠᠰᠤᠭ        ᠪᠥᠬᠦ ᠬᠤᠰᠢᠭᠤᠨ ᠤ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠭᠦᠢᠴᠡᠳᠭᠡᠯ ᠲᠤᠭ᠎ᠠ ᠶᠢ ᠲᠣᠭᠲᠠᠭᠠᠬᠤ᠂ ᠡᠳᠦᠷ ᠲᠤᠲᠤᠮ ᠤᠨ ᠬᠢᠨᠠᠨ ᠡᠵᠡᠮᠳᠡᠬᠦ ᠪᠠ ᠬᠢᠨᠠᠨ ᠰᠢᠯᠭᠠᠵᠤ ᠰᠢᠯᠭᠠᠨ ᠬᠤᠷᠢᠶᠠᠬᠤ ᠵᠡᠷᠭᠡ ᠠᠵᠢᠯ ᠢ ᠬᠠᠷᠢᠭᠤᠴᠠᠨ᠎ᠠ︔ ᠠᠵᠤ ᠠᠬᠤᠶ ᠶᠢᠨ ᠪᠠᠶᠢᠭᠤᠯᠤᠯ ᠪᠣᠯᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ᠂ ᠨᠡᠶᠢᠭᠡᠮ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠬᠦᠷᠢᠶᠡᠨ ᠤ  ᠭᠦᠢᠴᠡᠳᠭᠡᠯ ᠲᠤᠭ᠎ᠠ ᠲᠣᠭᠲᠠᠭᠠᠬᠤ᠂ ᠡᠳᠦᠷ ᠲᠤᠲᠤᠮ ᠤᠨ ᠬᠢᠨᠠᠨ ᠡᠵᠡᠮᠳᠡᠬᠦ ᠪᠠ ᠬᠢᠨᠠᠨ ᠰᠢᠯᠭᠠᠵᠤ ᠰᠢᠯᠭᠠᠨ ᠠᠪᠬᠤ ᠵᠡᠷᠭᠡ ᠠᠵᠢᠯ ᠢ ᠬᠠᠷᠢᠭᠤᠴᠠᠨ᠎ᠠ︔ ᠳᠡᠭᠡᠳᠦ ᠱᠠᠲᠤᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠡᠭᠦᠷᠭᠡᠯᠡᠨ᠎ᠡ︔ ᠬᠤᠰᠢᠭᠤᠨ ᠤ ᠵᠠᠰᠠᠭ ᠤᠨ ᠣᠷᠳᠣᠨ ᠪᠠ ᠠᠯᠪᠠᠨ ᠭᠡᠷ ᠤᠨ ᠤᠳᠤᠷᠢᠳᠤᠯᠭ᠎ᠠ ᠶᠢᠨ ᠲᠤᠰᠢᠶᠠᠨ ᠭᠦᠢᠴᠡᠳᠭᠡᠯᠭᠡᠭᠰᠡᠨ ᠪᠤᠰᠤᠳ ᠠᠵᠢᠯ ᠢ ᠬᠠᠷᠢᠭᠤᠴᠠᠨ᠎ᠠ᠃       ᠬᠠᠷᠢᠯᠴᠠᠬᠤ ᠬᠥᠮᠦᠨ᠄ ᠶᠠᠩ ᠴᠢ ᠸᠧᠶ       ᠤᠲᠠᠰᠤ᠄ 0475 - 4213842      ᠠᠵᠢᠯᠯᠠᠬᠤ ᠴᠠᠭ᠄ 8᠄ 30 — 12᠄ 00 14᠄ 30 —17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶᠃       ︵ᠠᠷᠪᠠ︶ ᠨᠡᠶᠢᠲᠡ ᠶᠢᠨ ᠶᠠᠪᠤᠳᠠᠯ ᠤᠨ ᠬᠠᠮᠢᠶᠠᠷᠤᠯᠲᠠ ᠶᠢᠨ ᠲᠠᠰᠤᠭ      ᠪᠥᠬᠦ ᠬᠤᠰᠢᠭᠤᠨ ᠤ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠬᠤᠳᠠᠯᠳᠤᠨ ᠠᠪᠬᠤ ᠶᠢ ᠬᠢᠨᠠᠨ ᠵᠥᠪᠰᠢᠶᠡᠷᠡᠬᠦ᠂ ᠬᠢᠨᠠᠨ ᠬᠠᠮᠢᠶᠠᠷᠬᠤ ᠪᠠ ᠬᠢᠨᠠᠨ ᠬᠠᠮᠢᠶᠠᠷᠬᠤ ᠲᠠᠪᠴᠠᠩ ᠤᠨ ᠪᠠᠶᠢᠭᠤᠯᠤᠯᠲᠠ᠂ ᠠᠵᠢᠯᠯᠠᠭᠠᠨ᠂ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠪᠥᠬᠦ ᠬᠤᠰᠢᠭᠤᠨ ᠤ ᠵᠠᠰᠠᠭ ᠵᠠᠬᠢᠷᠭᠠᠨ ᠤ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ  ᠶᠢᠨ ᠠᠯᠪᠠᠨ ᠬᠡᠷᠡᠭᠯᠡᠭᠡᠨ ᠤ ᠬᠡᠷ ᠪᠠᠶᠢᠰᠢᠩ ᠢ ᠶᠡᠷᠦᠩᠬᠡᠶᠢᠯᠡᠨ ᠬᠠᠮᠢᠶᠠᠷᠴᠤ ᠲᠣᠬᠢᠷᠠᠭᠤᠯᠤᠨ ᠬᠡᠷᠡᠭᠯᠡᠬᠦ ᠶᠢ ᠬᠠᠷᠢᠭᠤᠴᠠᠨ᠎ᠠ︔ ᠬᠤᠰᠢᠭᠤᠨ ᠤ ᠵᠠᠰᠠᠭ ᠤᠨ ᠣᠷᠳᠣᠨ ᠪᠠ ᠠᠯᠪᠠᠨ ᠭᠡᠷ ᠤᠨ ᠤᠳᠤᠷᠢᠳᠤᠯᠭ᠎ᠠ ᠶᠢᠨ ᠲᠤᠰᠢᠶᠠᠨ ᠭᠦᠢᠴᠡᠳᠭᠡᠯᠭᠡᠭᠰᠡᠨ ᠪᠤᠰᠤᠳ ᠠᠵᠢᠯ ᠢ ᠬᠠᠷᠢᠭᠤᠴᠠᠨ᠎ᠠ᠃       ᠬᠠᠷᠢᠯᠴᠠᠬᠤ ᠬᠥᠮᠦᠨ᠄ ᠯᠢᠦ ᠵᠢᠩ ᠬᠤᠸᠠ       ᠤᠲᠠᠰᠤ᠄ 0475 - 4213670       ᠠᠵᠢᠯᠯᠠᠬᠤ ᠴᠠᠭ᠄ 8᠄ 30 — 12᠄ 00 14᠄ 30 —17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶᠃      ︵ᠠᠷᠪᠠᠨ ᠨᠢᠭᠡ︶ ᠠᠵᠢᠯᠲᠠᠨ ᠤ ᠶᠠᠪᠤᠳᠠᠯ ᠡᠳ᠋ ᠤᠨ ᠶᠠᠪᠤᠳᠠᠯ ᠤᠨ ᠲᠠᠰᠤᠭ      ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ ᠪᠠᠶᠢᠭᠤᠯᠭ᠎ᠠ ᠪᠠ ᠬᠠᠷᠢᠶ᠎ᠠ ᠨᠢᠭᠡᠴᠢ ᠶᠢᠨ ᠵᠣᠬᠢᠶᠠᠨ ᠪᠠᠶᠢᠭᠤᠯᠤᠯᠲᠠ᠂ ᠠᠵᠢᠯᠲᠠᠨ ᠤ ᠶᠠᠪᠤᠳᠠᠯ᠂ ᠬᠥᠳᠡᠯᠮᠦᠷᠢ ᠴᠠᠯᠢᠩ᠂ ᠲᠤᠭ᠎ᠠ ᠪᠦᠷᠢᠳᠬᠡᠯ᠂ ᠪᠠᠶᠢᠭᠤᠯᠤᠮᠵᠢ ᠶᠢᠨ ᠣᠷᠣᠨ ᠲᠤᠭ᠎ᠠ ᠵᠡᠷᠭᠡ ᠠᠵᠢᠯ ᠢ ᠬᠠᠷᠢᠭᠤᠴᠠᠨ᠎ᠠ︔ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ ᠵᠠᠰᠠᠭ ᠵᠠᠬᠢᠷᠭᠠᠨ ᠤ ᠵᠠᠷᠤᠳᠠᠯ᠂ ᠲᠥᠰᠦᠪ ᠤᠨ ᠭᠠᠳᠠᠨᠠᠬᠢ ᠵᠠᠷᠤᠯᠭ᠎ᠠ ᠵᠡᠷᠭᠡ ᠲᠤᠰᠬᠠᠶ  ᠵᠦᠢᠯ ᠤᠨ ᠵᠠᠷᠤᠳᠠᠯ ᠤᠨ ᠬᠠᠮᠢᠶᠠᠷᠤᠯᠲᠠ ᠪᠠ ᠲᠥᠰᠦᠪ᠂ ᠲᠥᠰᠦᠪ ᠤᠨ ᠭᠦᠢᠴᠡᠳᠭᠡᠯ ᠢ ᠬᠠᠷᠢᠭᠤᠴᠠᠨ᠎ᠠ︔ ᠲᠤᠰ ᠨᠢᠭᠡᠴᠢ ᠶᠢᠨ ᠢᠶᠠᠨ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ︔ ᠬᠤᠰᠢᠭᠤᠨ ᠤ ᠵᠠᠰᠠᠭ ᠤᠨ ᠣᠷᠳᠣᠨ ᠪᠠ ᠠᠯᠪᠠᠨ ᠭᠡᠷ ᠤᠨ ᠤᠳᠤᠷᠢᠳᠤᠯᠭ᠎ᠠ ᠶᠢᠨ ᠲᠤᠰᠢᠶᠠᠨ  ᠭᠦᠢᠴᠡᠳᠭᠡᠯᠭᠡᠭᠰᠡᠨ ᠪᠤᠰᠤᠳ ᠠᠵᠢᠯ ᠢ ᠬᠠᠷᠢᠭᠤᠴᠠᠨ᠎ᠠ᠃       ᠬᠠᠷᠢᠯᠴᠠᠬᠤ ᠬᠥᠮᠦᠨ᠄ ᠰᠦᠨ ᠸᠠᠨ ᠵᠢᠶ       ᠤᠲᠠᠰᠤ᠄ 0475 - 4219977      ᠠᠵᠢᠯᠯᠠᠬᠤ ᠴᠠᠭ᠄ 8᠄ 30 — 12᠄ 00 14᠄ 30 —17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶᠃       ︵ᠠᠷᠪᠠᠨ ᠬᠤᠶᠠᠷ︶ ᠶᠡᠷᠦᠩᠬᠡᠢ ᠵᠢᠵᠢᠭᠦᠷᠯᠡᠬᠦ ᠲᠠᠰᠤᠭ ︵ᠬᠤᠰᠢᠭᠤᠨ ᠳᠠᠷᠤᠭ᠎ᠠ ᠶᠢᠨ ᠬᠠᠯᠠᠮᠰᠢᠯ ᠤᠲᠠᠰᠤᠨ ᠤ ᠲᠠᠰᠤᠭ︶        ᠪᠦᠬᠦ ᠬᠤᠰᠢᠭᠤᠨ ᠤ ᠵᠠᠰᠠᠭ ᠤᠨ ᠣᠷᠳᠣᠨ ᠤ ᠰᠢᠰᠲ᠋ᠧᠮ ᠤᠨ ᠵᠢᠵᠢᠭᠦᠷ ᠲᠣᠬᠢᠷᠠᠭᠤᠯᠬᠤ᠂ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠵᠤ᠂ ᠬᠠᠮᠢᠶᠠᠷᠤᠯᠲᠠ ᠶᠢᠨ ᠠᠵᠢᠯ ᠢ ᠴᠢᠩᠭᠠᠳᠬᠠᠨ᠎ᠠ︔ ᠵᠢᠵᠢᠭᠦᠷᠯᠡᠬᠦ ᠬᠤᠭᠤᠴᠠᠭᠠᠨ ᠳᠠᠬᠢ ᠪᠠᠴᠢᠮ ᠪᠠᠶᠢᠳᠠᠯ ᠢ ᠠᠷᠭᠠᠴᠠᠬᠤ ᠬᠡᠷᠡᠭ ᠶᠠᠪᠤᠳᠠᠯ᠂ ᠴᠢᠬᠤᠯᠠ ᠵᠦᠢᠯᠡᠰ ᠢ ᠴᠤᠭᠯᠠᠭᠤᠯᠬᠤ᠂ ᠳᠡᠭᠡᠭᠰᠢ ᠮᠡᠳᠡᠭᠦᠯᠬᠦ᠂ ᠰᠢᠯᠵᠢᠭᠦᠯᠦᠨ ᠭᠦᠢᠴᠡᠳᠭᠡᠬᠦ ᠵᠡᠷᠭᠡ ᠠᠵᠢᠯ ᠢ ᠬᠠᠷᠢᠭᠤᠴᠠᠨ᠎ᠠ︔ ᠬᠤᠰᠢᠭᠤᠨ ᠳᠠᠷᠤᠭ᠎ᠠ ᠶᠢᠨ ᠬᠠᠯᠠᠮᠰᠢᠯ ᠤᠲᠠᠰᠤ ᠵᠢᠴᠢ ᠵᠣᠬᠢᠴᠠᠭᠤᠯᠬᠤ᠂ ᠳᠡᠭᠡᠭᠰᠢ ᠬᠤᠲᠠ ᠶᠢᠨ ᠵᠠᠰᠠᠭ ᠤᠨ ᠣᠷᠳᠣᠨ ᠳᠤ ᠮᠡᠳᠡᠭᠦᠯᠦᠨ  ᠭᠦᠢᠴᠡᠳᠭᠡᠬᠦ ᠬᠤᠲᠠ ᠶᠢᠨ ᠳᠠᠷᠤᠭ᠎ᠠ ᠶᠢᠨ ᠬᠠᠯᠠᠮᠰᠢᠯ ᠤᠲᠠᠰᠤ ᠶᠢ ᠴᠤᠭᠯᠠᠭᠤᠯᠵᠤ ᠰᠢᠢᠳᠪᠦᠷᠢᠯᠷᠬᠦ ᠶᠢ ᠬᠠᠷᠢᠭᠤᠴᠠᠨ᠎ᠠ       ᠬᠠᠷᠢᠯᠴᠠᠬᠤ ᠬᠥᠮᠦᠨ᠄ ᠤᠯᠠᠭᠠᠨᠰᠠᠷᠠᠨ᠎ᠠ       ᠤᠲᠠᠰᠤ᠄ 0475 - 4212541       ᠠᠵᠢᠯᠯᠠᠬᠤ ᠴᠠᠭ᠄ 8᠄ 30 — 12᠄ 00 14᠄ 30 — 17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶       ︵ᠠᠷᠪᠠᠨ ᠭᠤᠷᠪᠠ︶ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠯᠪᠠᠨ ᠬᠡᠷ       ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ ᠤᠨ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ᠂ ᠠᠵᠢᠯᠴᠢᠨ ᠤ ᠡᠪᠯᠡᠯ᠂ ᠡᠮᠡᠭᠲᠡᠶᠢᠴᠦᠳ᠂ ᠵᠠᠯᠠᠭᠤᠴᠤᠳ᠂ ᠲᠥᠯᠥᠪᠯᠡᠭᠡᠲᠦ ᠦᠷᠡᠵᠢᠯ ᠪᠠ ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠬᠠᠮᠢᠶᠠᠷᠤᠯᠲᠠ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ︔ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ ᠤᠨ ᠣᠨ ᠤ ᠪᠣᠳᠠᠲᠤ ᠪᠦᠲᠦᠮᠵᠢ ᠶᠢ ᠬᠢᠨᠠᠨ ᠰᠢᠯᠭᠠᠬᠤ ᠠᠵᠢᠯ ᠢ ᠬᠠᠷᠢᠭᠤᠴᠠᠨ᠎ᠠ︔ ᠬᠤᠰᠢᠭᠤᠨ ᠤ ᠵᠠᠰᠠᠭ ᠤᠨ ᠣᠷᠳᠣᠨ ᠵᠢᠴᠢ ᠠᠯᠪᠠᠨ ᠬᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠲᠥᠪᠯᠡᠷᠡᠩᠭᠦᠶ ᠰᠤᠷᠤᠯᠴᠠᠯᠭ᠎ᠠ ᠵᠢᠴᠢ ᠨᠠᠮ ᠤᠨ ᠤᠳᠤᠷᠢᠳᠬᠤ ᠳᠤᠭᠤᠶᠢᠯᠠᠩ ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠳᠠᠭᠠᠭᠠᠨ ᠡᠷᠭᠢᠯᠡᠬᠦ ᠶᠢ ᠬᠠᠷᠢᠭᠤᠴᠠᠨ᠎ᠠ︔ ᠬᠤᠰᠢᠭᠤᠨ ᠤ ᠵᠠᠰᠠᠭ ᠤᠨ ᠣᠷᠳᠣᠨ ᠪᠠ ᠠᠯᠪᠠᠨ ᠭᠡᠷ ᠤᠨ ᠤᠳᠤᠷᠢᠳᠤᠯᠭ᠎ᠠ ᠶᠢᠨ ᠲᠤᠰᠢᠶᠠᠨ ᠭᠦᠢᠴᠡᠳᠭᠡᠯᠭᠡᠭᠰᠡᠨ ᠪᠤᠰᠤᠳ ᠠᠵᠢᠯ ᠢ ᠬᠠᠷᠢᠭᠤᠴᠠᠨ᠎ᠠ᠃       ᠬᠠᠷᠢᠯᠴᠠᠬᠤ ᠬᠥᠮᠦᠨ᠄ ᠵᠠᠩ ᠶᠢᠤ ᠢᠦᠢ      ᠤᠲᠠᠰᠤ᠄ 0475 - 4212029       ᠠᠵᠢᠯᠯᠠᠬᠤ ᠴᠠᠭ᠄ 8᠄ 30 —12᠄ 00 14᠄ 30 —17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶᠃      ᠳᠥᠷᠪᠡ᠂ ᠳᠤᠤᠷᠠᠬᠢ ᠬᠤᠶᠠᠳᠤᠭᠠᠷ ᠳᠡᠰ ᠤᠨ ᠨᠢᠭᠡᠴᠢ       ᠬᠡᠷᠡᠭ ᠶᠠᠪᠤᠳᠠᠯ ᠤᠨ ᠦᠢᠯᠡᠴᠢᠯᠡᠭᠡᠨ ᠤ ᠲᠥᠪ       ︵ᠨᠢᠭᠡ︶ ᠭᠤᠣᠯ ᠡᠭᠦᠷᠭᠡ ᠬᠠᠷᠢᠭᠤᠴᠠᠯᠭ᠎ᠠ᠄       1. ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠮᠡᠳᠡᠭᠡ ᠵᠠᠩᠭᠢ ᠶᠢᠨ ᠮᠠᠲ᠋ᠧᠷᠢᠶᠠᠯ ᠢ ᠴᠤᠭᠯᠠᠭᠤᠯᠵᠤ ᠡᠮᠬᠢᠳᠬᠡᠨ ᠵᠠᠳᠠᠯᠬᠤ ᠠᠵᠢᠯ ᠢ ᠡᠭᠦᠷᠭᠡᠯᠡᠵᠦ᠂ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ ᠲᠤ ᠰᠠᠭᠤᠷᠢ ᠲᠤᠭ᠎ᠠ ᠪᠠᠷᠢᠮᠲᠠ ᠶᠢᠨ ᠮᠠᠲ᠋ᠧᠷᠢᠶᠠᠯ ᠬᠠᠩᠭᠠᠨ᠎ᠠ᠃       2. ᠬᠤᠰᠢᠭᠤᠨ ᠤ ᠵᠠᠰᠠᠭ ᠤᠨ ᠣᠷᠳᠣᠨ᠂ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ ᠤᠨ ᠪᠠᠶᠢᠴᠠᠭᠠᠨ ᠰᠤᠳᠤᠯᠵᠤ ᠰᠢᠮᠳᠠᠭᠤᠯᠤᠨ ᠪᠠᠶᠢᠴᠠᠭᠠᠬᠤ ᠵᠡᠷᠭᠡ ᠦᠢᠯᠡᠴᠢᠯᠡᠭᠡᠨ ᠤ ᠠᠵᠢᠯ ᠢ ᠡᠭᠦᠷᠭᠡᠯᠡᠵᠦ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠂ ᠡᠯ᠎ᠡ ᠠᠵᠢᠯ ᠲᠥᠷᠥᠯ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠴᠤᠭᠯᠠᠭᠤᠯᠤᠨ ᠡᠮᠬᠢᠳᠬᠡᠨ᠎ᠡ᠃       3. ᠬᠤᠰᠢᠭᠤᠨ ᠤ ᠵᠠᠰᠠᠭ ᠤᠨ ᠣᠷᠳᠣᠨ᠂ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ ᠦᠰᠦᠭ ᠪᠢᠴᠢᠭ ᠤᠨ ᠮᠠᠲ᠋ᠧᠷᠢᠶᠠᠯ ᠢ ᠬᠠᠷᠭᠤᠭᠤᠯᠬᠤ᠂ ᠳᠠᠷᠤᠮᠠᠯᠯᠠᠬᠤ᠂ ᠬᠤᠪᠢᠶᠠᠨ ᠲᠠᠷᠬᠠᠭᠠᠬᠤ ᠵᠡᠷᠭᠡ ᠠᠵᠢᠯ ᠢ ᠡᠭᠦᠷᠭᠡᠯᠡᠨ᠎ᠡ᠃       4. ᠵᠠᠰᠠᠭ ᠤᠨ ᠣᠷᠳᠣᠨ ᠤ ᠠᠯᠪᠠᠨ ᠭᠡᠷ ᠤᠨ ᠪᠡᠯᠡᠳᠬᠡᠮᠵᠢ ᠲᠥᠬᠦᠭᠡᠷᠦᠮᠵᠢ ᠶᠢᠨ ᠡᠳᠦᠷ ᠲᠤᠲᠤᠮ ᠤᠨ ᠬᠠᠮᠢᠶᠠᠷᠤᠯᠲᠠ ᠪᠣᠯᠤᠨ ᠬᠠᠮᠠᠭᠠᠯᠠᠬᠤ ᠠᠵᠢᠯ ᠢ ᠡᠭᠦᠷᠭᠡᠯᠡᠨ᠎ᠡ᠃       5. ᠬᠤᠰᠢᠭᠤᠨ ᠤ ᠵᠠᠰᠠᠭ ᠤᠨ ᠣᠷᠳᠣᠨ᠂ ᠬᠤᠰᠢᠭᠤᠨ ᠤ ᠵᠠᠰᠠᠭ ᠤᠨ ᠣᠷᠳᠣᠨ ᠤ ᠬᠤᠷᠠᠯ ᠤᠨ ᠦᠶ᠋ᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ᠃       6. ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠠᠴᠠ ᠲᠤᠰᠢᠶᠠᠭᠰᠠᠨ ᠪᠤᠰᠤᠳ ᠠᠵᠢᠯ ᠢ ᠡᠭᠦᠷᠭᠡᠯᠡᠨ᠎ᠡ᠃       ︵ᠬᠤᠶᠠᠷ︶ ᠬᠠᠷᠢᠯᠴᠠᠬᠤ ᠠᠷᠭ᠎ᠠ ᠮᠠᠶ᠋ᠢᠭ      ᠠᠯᠪᠠᠨ ᠤᠲᠠᠰᠤ᠄ 0475 - 4226682      ᠬᠠᠷᠢᠭᠤᠴᠠᠯᠭᠠᠲᠠᠨ᠄ ᠵᠧᠩ ᠶᠠᠨ ᠴᠢᠤᠸᠠᠨ       ᠬᠠᠷᠢᠯᠴᠠᠬᠤ ᠬᠥᠮᠦᠨ᠄ ᠴᠢ ᠹᠧᠩ ᠶᠠᠨ      ᠹᠠᠺᠰ᠄ 0475 - 4222541      ᠢᠮᠧᠯ᠄ nmxinxike @ 163 . com       ᠰᠢᠤᠳᠠᠨ ᠨᠣᠮᠧᠷ᠄ 028300      ᠠᠵᠢᠯᠯᠠᠬᠤ ᠭᠠᠵᠠᠷ᠄ ᠨᠠᠢᠮᠠᠨ ᠬᠤᠰᠢᠭᠤᠨ ᠤ ᠠᠮᠢ ᠠᠬᠤᠶ ᠶᠢᠨ ᠵᠡᠭᠡᠯᠢ ᠶᠢᠨ ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠠᠰᠠᠷ ᠤᠨ 6 ᠳ᠋ᠤᠭᠠᠷ ᠳᠠᠪᠬᠤᠷᠭ᠎ᠠ       ᠠᠵᠢᠯᠯᠠᠬᠤ ᠴᠠᠭ᠄ 8᠄ 30 — 12᠄ 00 14᠄ 30 — 17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶ 
 
ᠢᠷᠡᠯᠲᠡ᠄ ᠨᠠᠢᠮᠠᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠡᠭᠦᠳᠡᠴᠢ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06000874号