ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢ ᠰᠠᠶᠢᠲᠤᠷ ᠬᠢᠬᠦ ᠲᠤᠬᠠᠶ ᠨᠠᠢᠮᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2024/9/25
                ᠨᠠᠢᠮᠠᠨ ᠵᠠᠰᠠᠭ ᠠᠯᠪᠠᠨ ᠲᠠᠷᠬᠠᠭᠠᠭᠰᠠᠨ  ﹇2024﹈ 6 ᠳ᠋ᠤᠭᠠᠷ ᠲᠣᠭᠠᠲᠤ ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠯᠢᠦ ᠬᠤᠤ ᠲᠠᠷᠢᠶᠠᠯᠠᠩ ᠤᠨ ᠲᠠᠯᠠᠪᠠᠶ ᠶᠢᠨ ᠬᠠᠮᠢᠶᠠᠷᠤᠯᠲᠠ ᠶᠢᠨ ᠵᠥᠪᠯᠡᠯ᠂ ᠲᠠᠴᠢᠨᠲᠠᠯ᠎ᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠰᠢᠭᠤᠨ ᠤ ᠵᠠᠰᠠᠭ ᠤᠨ ᠣᠷᠳᠣᠨ ᠤ ᠡᠯ᠎ᠡ ᠵᠥᠪᠯᠡᠯ ᠠᠯᠪᠠᠨ ᠬᠡᠷ ᠲᠣᠪᠴᠢᠶ᠎ᠠ᠂ ᠬᠤᠯᠪᠣᠭᠳᠠᠯ ᠪᠥᠬᠦᠶ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠄       ︽ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠮᠡᠳᠡᠭᠳᠡᠯ︾ ︵ᠲᠥᠷᠥ ᠲᠠᠷᠬᠠᠭᠠᠭᠰᠠᠨ  ﹇2023﹈ 18 ᠳ᠋ᠤᠭᠠᠷ ᠲᠣᠭᠠᠲᠤ︶᠂ ︽ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢ ᠰᠠᠶᠢᠲᠤᠷ ᠬᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ ︾ ︵ᠥᠪᠥᠷ ᠵᠠᠰᠠᠭ ᠲᠠᠷᠬᠠᠭᠠᠭᠰᠠᠨ ﹇2023﹈ 26 ᠳ᠋ᠤᠭᠠᠷ ᠲᠣᠭᠠᠲᠤ︶ ᠪᠣᠯᠤᠨ ︽ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢ ᠰᠠᠶᠢᠲᠤᠷ ᠬᠢᠬᠦ ᠲᠤᠬᠠᠶ ᠲᠦᠩᠯᠢᠶᠣᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠲᠦᠩᠯᠢᠶᠤᠤ ᠵᠠᠰᠠᠭ ᠲᠠᠷᠬᠠᠭᠠᠭᠰᠠᠨ ﹇2024﹈ 27 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ  ᠲᠤᠭᠤᠰᠢᠯᠠᠭᠤᠯᠤᠨ  ᠨᠠᠶᠢᠳᠠᠪᠤᠷᠢᠵᠢᠭᠤᠯᠤᠨ᠂ ᠪᠥᠬᠦ ᠬᠤᠰᠢᠭᠤᠨ ᠤ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠪᠥᠬᠦ ᠲᠠᠯ᠎ᠠ ᠪᠠᠷ ᠠᠬᠢᠭᠤᠯᠤᠨ᠂ ᠡᠯ᠎ᠡ ᠵᠦᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠶᠢᠨ ᠲᠦᠯᠦᠭᠡ᠂ ᠡᠳᠦᠭᠡ ᠬᠤᠯᠪᠣᠭᠳᠠᠯ ᠪᠦᠬᠦᠢ ᠤᠴᠢᠷ ᠢ ᠲᠤᠤᠷᠠᠬᠢ ᠮᠡᠲᠦ ᠮᠡᠳᠡᠭᠳᠡᠶ᠎ᠡ ᠄      ᠨᠢᠭᠡ᠂ ᠵᠢᠯᠣᠭᠤᠳᠬᠤ ᠦᠵᠡᠯ ᠰᠠᠨᠠᠭ᠎ᠠ       ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠤᠯᠭᠠᠨ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠤᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ ᠳᠤ ᠠᠩᠬᠠᠷᠤᠯ ᠢᠶᠠᠨ ᠲᠦᠪᠯᠡᠷᠡᠭᠦᠯᠦᠨ᠂ ᠬᠠᠮᠠᠭᠠᠯᠠᠯᠲᠠ ᠨᠢᠭᠡᠳᠦᠭᠡᠷ ᠪᠠᠶᠢᠬᠤ᠂ ᠬᠠᠮᠢᠶᠠᠷᠤᠯᠲᠠ ᠪᠠᠨ ᠴᠢᠩᠭᠠᠳᠬᠠᠬᠤ᠂ ᠥᠷᠲᠡᠭ ᠢ ᠡᠷᠢᠬᠦ᠂ ᠪᠦᠲᠦᠮᠵᠢᠲᠡᠶ ᠠᠰᠢᠭᠯᠠᠬᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠠᠮᠢᠯᠠᠭᠤᠯᠬᠤ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠬᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠂ ᠬᠠᠤᠯᠢ ᠶᠣᠰᠣᠭᠠᠷ ᠬᠡᠷᠡᠭᠵᠢᠭᠦᠯᠬᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠ ᠪᠠᠶᠢᠷᠢᠯᠠᠭᠤᠯᠤᠯᠲᠠ ᠲᠣᠬᠢᠷᠠᠭᠤᠯᠤᠯᠲᠠ ᠶᠢ ᠴᠢᠩᠭᠠᠳᠬᠠᠨ᠂ ᠨᠡᠶᠢᠳᠡᠮ ᠪᠠᠶᠢᠴᠠᠭᠠᠯᠲᠠ ᠶᠢᠨ ᠦᠷ᠎ᠡ ᠳ᠋ᠦᠩ ᠢ ᠪᠠᠲᠤᠯᠠᠵᠤ ᠪᠦᠬᠦ ᠬᠤᠰᠢᠭᠤᠨ ᠤ ᠰᠢᠯᠵᠢᠭᠦᠯᠵᠦ ᠪᠣᠯᠤᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠦᠨᠳᠦᠰᠦᠨ ᠪᠠᠶᠢᠳᠠᠯ ᠢ ᠪᠦᠬᠦ ᠲᠠᠯ᠎ᠠ ᠪᠠᠷ ᠪᠤᠰᠤᠳᠴᠢ ᠪᠠᠷ ᠲᠤᠰᠬᠠᠵᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠳᠤ ᠬᠦᠴᠦᠨ ᠨᠡᠮᠡᠷᠢᠯᠡᠨ᠎ᠡ᠃       ᠬᠤᠶᠠᠷ᠂ ᠬᠠᠷᠠᠯᠲᠠ ᠡᠭᠦᠷᠭᠡ      ᠲᠥᠷᠥ ᠶᠢᠨ ᠶᠠᠪᠤᠳᠠᠯ ᠤᠨ ᠬᠤᠷᠢᠶᠠᠨ ᠤ ᠳᠤᠷᠠᠳᠤᠭᠰᠠᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠶᠡᠷᠦᠩᠬᠡᠶ ᠬᠠᠷᠠᠯᠲᠠ ᠶᠣᠰᠣᠭᠠᠷ᠂ ᠯᠠᠪᠳᠠᠭᠤᠨ ᠪᠠᠲᠤᠲᠠᠶ ᠪᠥᠭᠡᠳ ᠪᠦᠲᠦᠮᠵᠢᠲᠡᠶ ᠨᠡᠶᠢᠳᠡᠮ ᠪᠠᠶᠢᠴᠠᠭᠠᠯᠲᠠ ᠶᠢᠨ ᠠᠵᠢᠯ ᠢᠶᠠᠷ ᠳᠠᠮᠵᠢᠭᠤᠯᠤᠨ᠂ ᠳᠤᠤᠷᠠᠬᠢ ᠮᠡᠲᠦ ᠠᠵᠢᠯ ᠤᠨ ᠬᠠᠷᠠᠯᠲᠠ ᠪᠣᠯᠤᠨ ᠡᠭᠦᠷᠭᠡ ᠶᠢ ᠪᠡᠶᠡᠯᠡᠭᠦᠯᠦᠨ᠎ᠡ᠄ ᠨᠢᠭᠡ ᠳᠤ ᠪᠦᠬᠦ ᠬᠤᠰᠢᠭᠤᠨ ᠤ ᠰᠢᠯᠵᠢᠭᠦᠯᠵᠦ ᠪᠣᠯᠤᠰᠢ ᠦᠭᠡᠶ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠶᠡᠷᠦᠩᠬᠡᠶ ᠭᠠᠷᠴᠠᠭ ᠪᠣᠯᠤᠨ ᠳ᠋ᠠᠶᠢᠲ᠋ᠠ ᠬᠥᠮᠥᠷᠭᠡ ᠶᠢ ᠪᠠᠶᠢᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠡᠳ᠋ ᠬᠥᠷᠥᠩᠭᠡ ᠶᠢᠨ ᠬᠥᠳᠡᠯᠦᠩᠭᠦᠶ ᠬᠠᠮᠢᠶᠠᠷᠤᠯᠲᠠ ᠶᠢ ᠪᠡᠶᠡᠯᠡᠭᠦᠯᠦᠨ᠎ᠡ︔ ᠬᠤᠶᠠᠷ ᠲᠤ ᠰᠢᠯᠵᠢᠭᠦᠯᠵᠦ ᠪᠣᠯᠤᠰᠢ ᠦᠭᠡᠢ ᠲᠡᠦᠬᠡ ᠶᠢᠨ ᠳᠤᠷᠠᠰᠬᠠᠯᠲᠤ ᠵᠦᠢᠯ ᠢ ᠮᠠᠭᠠᠳᠯᠠᠨ ᠲᠣᠭᠲᠠᠭᠠᠬᠤ ᠠᠵᠢᠯ ᠢ ᠰᠠᠶᠢᠲᠤᠷ ᠬᠢᠵᠦ᠂ ᠨᠡᠷᠡᠰ ᠤᠨ ᠵᠢᠭᠰᠠᠭᠠᠯᠲᠠ ᠶᠢ ᠨᠡᠶᠢᠲᠡᠯᠡᠬᠦ ᠰᠢᠰᠲ᠋ᠧᠮ ᠢ ᠲᠡᠭᠦᠯᠳᠡᠷᠵᠢᠭᠦᠯᠦᠨ᠎ᠡ︔ ᠭᠤᠷᠪᠠ ᠳᠤ ᠰᠢᠯᠵᠢᠭᠦᠯᠵᠦ ᠪᠣᠯᠤᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠪᠦᠬᠦ ᠲᠠᠯ᠎ᠠ ᠪᠠᠷ ᠨᠡᠶᠢᠳᠡᠮ ᠪᠠᠶᠢᠴᠠᠭᠠᠬᠤ᠂ ᠲᠤᠰᠬᠠᠢ ᠪᠠᠶᠢᠴᠠᠭᠠᠯᠲᠠ ᠬᠢᠬᠦ᠂ ᠣᠷᠣᠨ ᠵᠠᠢ ᠶᠢ ᠬᠠᠮᠢᠶᠠᠷᠤᠨ ᠡᠵᠡᠮᠳᠡᠬᠦ᠂ ᠬᠥᠳᠡᠯᠦᠩᠭᠦᠢ ᠪᠠᠷ ᠬᠢᠨᠠᠨ ᠬᠡᠮᠵᠢᠬᠦ ᠶᠢ ᠤᠶᠠᠯᠳᠤᠭᠤᠯᠤᠭᠰᠠᠨ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ᠎ᠠ︔ ᠳᠥᠷᠪᠡ ᠳᠤ ᠲᠤᠰᠬᠠᠶ ᠮᠡᠷᠭᠡᠵᠢᠯ ᠤᠨ ᠠᠵᠢᠯᠲᠠᠨ ᠢ ᠬᠥᠮᠦᠵᠢᠭᠦᠯᠦᠨ ᠪᠣᠯᠪᠠᠰᠤᠷᠠᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠡᠩᠨᠡᠭᠡᠨ ᠤ ᠪᠦᠬᠦᠯᠢ ᠴᠣᠭᠴᠠ ᠶᠢᠨ ᠬᠡᠪ ᠴᠢᠨᠠᠷ ᠢ ᠳᠡᠭᠡᠭᠰᠢᠯᠡᠭᠦᠯᠦᠨ᠂ ᠪᠦᠬᠦ ᠠᠷᠠᠳ ᠤᠨ ᠰᠣᠶᠣᠯ ᠤᠨ ᠥᠪ ᠬᠥᠷᠥᠩᠭᠡ ᠶᠢᠨ ᠬᠠᠮᠠᠭᠠᠯᠠᠯᠲᠠ ᠶᠢᠨ ᠦᠵᠡᠯ ᠤᠬᠠᠮᠰᠠᠷ ᠢ ᠳᠡᠭᠡᠭᠰᠢᠯᠡᠭᠦᠯᠦᠨ᠎ᠡ᠃       ᠭᠤᠷᠪᠠ᠂ ᠨᠡᠶᠢᠳᠡᠮ ᠪᠠᠶᠢᠴᠠᠭᠠᠬᠤ ᠬᠡᠪᠴᠢᠶ᠎ᠡ ᠪᠣᠯᠤᠨ ᠠᠭᠤᠯᠭ᠎ᠠ      ︵ᠨᠢᠭᠡ︶ ᠨᠡᠶᠢᠳᠡᠮ ᠪᠠᠶᠢᠴᠠᠭᠠᠬᠤ ᠬᠡᠪᠴᠢᠶ᠎ᠡ᠃ ᠨᠢᠭᠡᠨᠲᠡ ᠨᠤᠲᠠᠯᠠᠨ ᠲᠣᠭᠲᠠᠭᠠᠵᠤ ᠳᠠᠩᠰᠠᠯᠠᠭᠤᠯᠤᠭᠰᠠᠨ 366 ᠭᠠᠵᠠᠷ ᠤᠨ ᠰᠢᠯᠵᠢᠭᠦᠯᠵᠦ ᠪᠣᠯᠤᠰᠢ ᠦᠭᠡᠶ ᠲᠡᠦᠬᠡ ᠶᠢᠨ ᠳᠤᠷᠠᠰᠬᠠᠯᠲᠤ ᠵᠦᠢᠯ ᠢ ᠳᠠᠪᠲᠠᠨ ᠪᠠᠶᠢᠴᠠᠭᠠᠬᠤ ᠶᠢᠨ ᠬᠠᠮᠲᠤ ᠰᠢᠨ᠎ᠡ ᠪᠠᠷ ᠣᠯᠵᠤ ᠮᠡᠳᠡᠭᠰᠡᠨ ᠰᠢᠯᠵᠢᠭᠦᠯᠵᠦ ᠪᠣᠯᠤᠰᠢ ᠦᠭᠡᠶ ᠲᠡᠦᠬᠡ ᠶᠢᠨ ᠳᠤᠷᠠᠰᠬᠠᠯᠲᠤ ᠵᠦᠢᠯ ᠢ ᠪᠠᠶᠢᠴᠠᠭᠠᠵᠤ᠂ ᠨᠤᠲᠠᠯᠠᠨ ᠲᠣᠭᠲᠠᠭᠠᠵᠤ᠂ ᠳᠠᠩᠰᠠᠯᠠᠨ᠎ᠠ᠃       ︵ᠬᠤᠶᠠᠷ︶ ᠨᠡᠶᠢᠳᠡᠮ ᠪᠠᠶᠢᠴᠠᠭᠠᠯᠲᠠ ᠶᠢᠨ ᠠᠭᠤᠯᠭ᠎ᠠ᠃ ᠨᠡᠶᠢᠳᠡᠮ ᠪᠠᠶᠢᠴᠠᠭᠠᠯᠲᠠ ᠶᠢᠨ ᠪᠠᠶᠢᠴᠠᠭᠠᠭᠳᠠᠭᠴᠢ ᠶᠢᠨ ᠨᠡᠷᠡᠶᠢᠳᠦᠯ᠂ ᠣᠷᠣᠨ ᠪᠠᠶᠢᠷᠢ᠂ ᠬᠠᠮᠠᠭᠠᠯᠠᠯᠲᠠ ᠶᠢᠨ ᠳᠡᠰ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠲᠥᠷᠥᠯ ᠢᠯᠭᠠᠯ᠂ ᠣᠨ ᠵᠢᠯ᠂ ᠡᠷᠬᠡ ᠶᠢᠨ ᠬᠠᠷᠢᠶ᠎ᠠ᠂ ᠬᠡᠷᠡᠭᠯᠡᠭᠰᠡᠨ ᠪᠠᠶᠢᠳᠠᠯ᠂ ᠬᠠᠳᠠᠭᠠᠯᠠᠭᠰᠠᠨ ᠪᠠᠶᠢᠳᠠᠯ ᠵᠡᠷᠭᠡ ᠶᠢ ᠪᠠᠭᠲᠠᠭᠠᠨ᠎ᠠ᠃      ᠳᠥᠷᠪᠡ᠂ ᠴᠠᠭ ᠬᠤᠭᠤᠴᠠᠭᠠᠨ ᠤ ᠲᠣᠬᠢᠷᠠᠭᠤᠯᠤᠯᠲᠠ      ᠲᠥᠷᠥ ᠶᠢᠨ ᠶᠠᠪᠤᠳᠠᠯ ᠤᠨ ᠬᠤᠷᠢᠶᠠᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠲᠣᠰ ᠤᠳᠠᠭᠠᠨ ᠤ ᠨᠡᠶᠢᠳᠡᠮ ᠪᠠᠶᠢᠴᠠᠭᠠᠯᠲᠠ ᠶᠢ 2023 ᠣᠨ ᠤ 11 ᠰᠠᠷ᠎ᠠ ᠠᠴᠠ ᠡᠬᠢᠯᠡᠵᠦ᠂ 2026 ᠣᠨ ᠤ 6 ᠰᠠᠷ᠎ᠠ ᠳᠤ ᠳᠠᠭᠤᠰᠬᠠᠵᠤ᠂ ᠭᠤᠷᠪᠠᠨ ᠱᠠᠲᠤ ᠬᠤᠪᠢᠶᠠᠨ ᠶᠠᠪᠤᠭᠳᠠᠭᠤᠯᠤᠨ᠎ᠠ᠃ ᠨᠡᠶᠢᠳᠡᠮ ᠪᠠᠶᠢᠴᠠᠭᠠᠯᠲᠠ ᠶᠢᠨ ᠪᠠᠷᠢᠮᠵᠢᠶᠠᠲᠤ ᠴᠠᠭ ᠨᠢ 2024 ᠣᠨ ᠤ 4 ᠰᠠᠷ᠎ᠠ ᠶᠢᠨ 30 ᠤ ᠡᠳᠦᠷ ᠪᠣᠯᠤᠨ᠎ᠠ᠃       ︵ᠨᠢᠭᠡ︶ ᠨᠢᠭᠡᠳᠦᠭᠡᠷ ᠱᠠᠲᠤ ᠦᠶ᠎ᠡ᠃ 2023 ᠣᠨ ᠤ 11 ᠰᠠᠷ᠎ᠠ ᠠᠴᠠ 2024 ᠣᠨ ᠤ 4 ᠰᠠᠷ᠎ᠠ ᠪᠣᠯᠲᠠᠯ᠎ᠠ᠃ ᠠᠵᠢᠯ ᠤᠨ ᠡᠭᠦᠷᠭᠡ᠄ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠪᠣᠯᠤᠨ ᠨᠡᠶᠢᠳᠡᠮ ᠪᠠᠶᠢᠴᠠᠭᠠᠯᠲᠠ ᠶᠢᠨ ᠡᠩᠨᠡᠭᠡ ᠶᠢ ᠪᠠᠶᠢᠭᠤᠯᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠲᠥᠯᠥᠪᠯᠡᠭᠡ ᠶᠢ ᠲᠣᠭᠲᠠᠭᠠᠨ᠂ ᠨᠡᠶᠢᠳᠡᠮ ᠪᠠᠶᠢᠴᠠᠭᠠᠯᠲᠠ ᠶᠢᠨ ᠮᠡᠷᠭᠡᠵᠢᠯ ᠤᠨ ᠪᠠᠷᠢᠮᠵᠢᠶ᠎ᠠ ᠪᠣᠯᠤᠨ ᠵᠢᠷᠤᠮᠵᠢᠯ ᠤᠨ ᠶᠣᠰᠣᠭᠠᠷ᠂ ᠨᠡᠶᠢᠳᠡᠮ ᠪᠠᠶᠢᠴᠠᠭᠠᠯᠲᠠ ᠶᠢᠨ ᠰᠢᠰᠲ᠋ᠧᠮ ᠬᠢᠭᠡᠳ ᠵᠥᠭᠡᠯᠡᠨ ᠬᠡᠷᠡᠭᠰᠡᠯ ᠴᠤᠭᠯᠠᠭᠤᠯᠬᠤ ᠶᠢ ᠦᠨᠳᠦᠰᠦᠯᠡᠨ᠂ ᠪᠣᠯᠪᠠᠰᠤᠷᠠᠭᠤᠯᠤᠯ᠂ ᠲᠤᠷᠰᠢᠯᠲᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃       ︵ᠬᠤᠶᠠᠷ︶ ᠬᠤᠶᠠᠳᠤᠭᠠᠷ ᠱᠠᠲᠤ ᠦᠶ᠎ᠡ᠃ 2024 ᠣᠨ ᠤ 5 ᠰᠠᠷ᠎ᠠ ᠠᠴᠠ 2025 ᠣᠨ ᠤ 5 ᠰᠠᠷ᠎ᠠ ᠪᠣᠯᠲᠠᠯ᠎ᠠ᠃ ᠠᠵᠢᠯ ᠤᠨ ᠡᠭᠦᠷᠭᠡ᠄ ᠰᠤᠮᠤ ᠰᠢᠶᠠᠩ ᠪᠠᠯᠭᠠᠰᠤ ᠲᠠᠯᠠᠪᠠᠶ᠂ ᠵᠡᠭᠡᠯᠢ ᠭᠤᠳᠤᠮᠵᠢ ᠪᠠᠷ ᠦᠨᠳᠦᠰᠦᠨ ᠨᠢᠭᠡᠴᠢ ᠪᠣᠯᠭᠠᠨ᠂ ᠲᠤᠬᠠᠶ ᠶᠢᠨ ᠭᠠᠵᠠᠷ ᠲᠤᠨᠢ ᠲᠡᠦᠬᠡ ᠶᠢᠨ ᠳᠤᠷᠠᠰᠬᠠᠯᠲᠤ ᠵᠦᠢᠯᠡᠰ ᠤᠨ ᠪᠠᠶᠢᠴᠠᠭᠠᠯᠲᠠ ᠶᠢ ᠥᠷᠨᠢᠭᠦᠯᠦᠨ᠎ᠡ᠃       ︵ᠭᠤᠷᠪᠠ︶ ᠭᠤᠷᠪᠠᠳᠤᠭᠠᠷ ᠱᠠᠲᠤ ᠦᠶ᠎ᠡ᠃ 2025 ᠣᠨ ᠤ 6 ᠰᠠᠷ᠎ᠠ ᠠᠴᠠ 2026 ᠣᠨ ᠤ 6 ᠰᠠᠷ᠎ᠠ ᠪᠣᠯᠲᠠᠯ᠎ᠠ᠃ ᠠᠵᠢᠯ ᠤᠨ ᠡᠭᠦᠷᠭᠡ᠄ ᠰᠢᠯᠵᠢᠭᠦᠯᠵᠦ ᠪᠣᠯᠤᠰᠢ ᠥᠬᠡᠶ ᠲᠡᠦᠬᠡ ᠶᠢᠨ ᠳᠤᠷᠠᠰᠬᠠᠯᠲᠤ ᠵᠦᠢᠯᠡᠰ ᠢ ᠬᠠᠤᠯᠢ ᠶᠣᠰᠣᠭᠠᠷ ᠮᠠᠭᠠᠳᠯᠠᠨ ᠲᠣᠭᠲᠠᠭᠠᠵᠤ᠂ ᠳᠠᠩᠰᠠᠯᠠᠬᠤ ᠶᠢᠨ ᠬᠠᠮᠲᠤ ᠨᠡᠶᠢᠲᠡᠯᠡᠵᠦ᠂ ᠪᠥᠬᠦ ᠬᠤᠰᠢᠭᠤᠨ ᠤ ᠰᠢᠯᠵᠢᠭᠦᠯᠵᠦ ᠪᠣᠯᠤᠰᠢ ᠥᠬᠡᠶ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠶᠡᠷᠦᠩᠬᠡᠶ ᠭᠠᠷᠴᠠᠭ ᠢ ᠪᠠᠶᠢᠭᠤᠯᠵᠤ᠂ ᠰᠢᠯᠭᠠᠨ ᠠᠪᠬᠤ ᠠᠵᠢᠯ ᠢ ᠪᠡᠶᠡᠯᠡᠭᠦᠯᠬᠦ ᠶᠢᠨ ᠬᠠᠮᠲᠤ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠢ ᠨᠡᠶᠢᠭᠡᠮ ᠳᠤ ᠨᠡᠶᠢᠲᠡᠯᠡᠨ᠎ᠡ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠨᠡᠶᠢᠳᠡᠮ ᠪᠠᠶᠢᠴᠠᠭᠠᠯᠲᠠ ᠶᠢᠨ ᠦᠷ᠎ᠡ ᠳ᠋ᠦᠩ ᠢ ᠦᠨᠳᠦᠰᠦᠯᠡᠨ᠂ ᠴᠠᠭ ᠲᠤᠨᠢ ᠲᠣᠬᠢᠷᠠᠭᠤᠯᠤᠨ ᠰᠢᠯᠵᠢᠭᠦᠯᠵᠦ ᠪᠣᠯᠤᠰᠢ ᠦᠭᠡᠶ ᠴᠢᠬᠤᠯᠠ ᠲᠡᠦᠬᠡ ᠶᠢᠨ ᠳᠤᠷᠠᠰᠬᠠᠯᠲᠤ ᠵᠦᠢᠯ ᠢ ᠵᠣᠬᠢᠴᠠᠩᠭᠤᠶ ᠪᠦᠬᠦᠢ ᠲᠠᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ ᠪᠠᠷ ᠬᠢᠨᠠᠨ ᠲᠣᠭᠲᠠᠭᠠᠵᠤ ᠨᠡᠶᠢᠲᠡᠯᠡᠨ᠎ᠡ᠃      ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠎ᠡ᠃ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠪᠣᠯ ᠤᠯᠤᠰ ᠤᠨ ᠪᠠᠶᠢᠳᠠᠯ ᠤᠯᠤᠰ ᠤᠨ ᠬᠦᠴᠦᠨ ᠤ ᠪᠠᠶᠢᠴᠠᠭᠠᠯᠲᠠ ᠶᠢᠨ ᠴᠢᠬᠤᠯᠠ ᠪᠦᠷᠢᠯᠳᠦᠬᠦᠨ ᠬᠡᠰᠡᠭ ᠮᠥᠨ᠂ ᠤᠯᠤᠰ ᠤᠨ ᠲᠡᠦᠬᠡ ᠰᠣᠶᠣᠯ ᠤᠨ ᠥᠪ ᠤᠨ ᠠᠮᠤᠷ ᠲᠦᠪᠰᠢᠨ ᠢ ᠪᠠᠲᠤᠯᠠᠬᠤ ᠴᠢᠬᠤᠯᠠ ᠠᠷᠭ᠎ᠠ ᠬᠡᠮᠵᠢᠶ᠎ᠡ ᠮᠥᠨ᠂ ᠮᠠᠨ ᠤ ᠤᠯᠤᠰ ᠤᠨ ᠰᠣᠶᠣᠯ ᠤᠨ ᠥᠪ ᠤᠨ ᠬᠠᠮᠠᠭᠠᠯᠠᠯᠲᠠ ᠶᠢᠨ ᠴᠢᠬᠤᠯᠠ ᠰᠠᠭᠤᠷᠢ ᠠᠵᠢᠯ ᠮᠥᠨ᠂ ᠶᠡᠷᠦᠩᠬᠡᠶ ᠱᠦᠵᠢ ᠰᠢ ᠶᠢᠨ ᠫᠢᠩ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯ ᠤᠨ ᠲᠤᠬᠠᠶ ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠰᠣᠶᠣᠯ ᠤᠨ ᠬᠦᠴᠦᠷᠬᠡᠭ ᠤᠯᠤᠰ ᠢ ᠪᠥᠲᠥᠭᠡᠨ ᠪᠠᠶᠢᠭᠤᠯᠬᠤ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠨᠠᠷᠢᠨ ᠨᠢᠭᠲᠠ ᠪᠠᠶᠢᠷᠢᠯᠠᠭᠤᠯᠵᠤ᠂ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠨᠡᠶᠢᠳᠡᠮ ᠪᠠᠶᠢᠴᠠᠭᠠᠯᠲᠠ ᠶᠢᠨ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃       ︵ᠬᠤᠶᠠᠷ︶ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠪᠠᠶᠢᠭᠤᠯᠤᠨ᠎ᠠ᠃ ᠨᠠᠢᠮᠠᠨ ᠬᠤᠰᠢᠭᠤᠨ ᠤ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠳᠤᠮᠳᠠ ᠴᠢᠬᠤᠯᠠ ᠶᠡᠭᠡ ᠠᠰᠠᠭᠤᠳᠠᠯ ᠢ ᠰᠤᠳᠤᠯᠬᠤ ᠪᠠ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠬᠠᠷᠢᠭᠤᠴᠠᠵᠤ᠂ ᠬᠤᠯᠪᠣᠭᠳᠠᠯ ᠪᠥᠬᠦᠶ ᠴᠢᠬᠤᠯᠠ ᠵᠦᠢᠯᠡᠰ ᠢ ᠬᠢᠨᠠᠨ ᠲᠣᠭᠲᠠᠭᠠᠵᠤ᠂ ᠨᠠᠢᠮᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠪᠣᠯᠭᠠᠬᠤ ᠥᠬᠡᠶ᠂ ᠡᠭᠦᠷᠭᠡ ᠪᠠᠨ ᠪᠡᠶᠡᠯᠡᠭᠦᠯᠦᠭᠰᠡᠨ ᠤ ᠳᠠᠷᠠᠭ᠎ᠠ ᠠᠶᠠᠨᠳᠠᠭᠠᠨ ᠬᠦᠴᠦᠨ ᠥᠬᠡᠶ ᠪᠣᠯᠭᠠᠨ᠎ᠠ᠃ ᠡᠯ᠎ᠡ ᠭᠠᠵᠠᠷ ᠪᠣᠯᠤᠨ ᠡᠯ᠎ᠡ ᠬᠤᠯᠪᠣᠭᠳᠠᠯ ᠪᠦᠬᠦᠢ ᠨᠢᠭᠡᠴᠢ ᠵᠣᠬᠢᠴᠠᠩᠭᠤᠶ ᠪᠦᠬᠦᠢ ᠨᠡᠶᠢᠳᠡᠮ ᠪᠠᠶᠢᠴᠠᠭᠠᠯᠲᠠ ᠶᠢᠨ ᠲᠣᠭᠲᠠᠴᠠ ᠪᠠᠶᠢᠭᠤᠯᠵᠤ᠂ ᠲᠤᠰ ᠭᠠᠵᠠᠷ ᠣᠷᠣᠨ ᠤ ᠪᠠᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠬᠢᠨᠠᠮᠠᠭᠠᠶ ᠰᠠᠶᠢᠲᠤᠷ ᠬᠢᠬᠦ ᠬᠡᠷᠡᠭᠲᠡᠶ᠃        ︵ᠭᠤᠷᠪᠠ︶ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠢ ᠨᠠᠶᠢᠳᠠᠪᠤᠷᠢᠵᠢᠭᠤᠯᠤᠨ᠎ᠠ᠃ ︽ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢ ᠰᠠᠶᠢᠲᠤᠷ ᠬᠢᠬᠦ ᠲᠤᠬᠠᠶ ᠲᠦᠩᠯᠢᠶᠣᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠲᠦᠩᠯᠢᠶᠤᠤ ᠵᠠᠰᠠᠭ ᠲᠠᠷᠬᠠᠭᠠᠭᠰᠠᠨ ﹇2024﹈ 27 ᠳ᠋ᠤᠭᠠᠷ ᠲᠣᠭᠠᠲᠤ︶ ᠪᠠ ︽ᠡᠮ ᠡᠮᠨᠡᠯᠭᠡ ᠡᠷᠡᠭᠦᠯ ᠬᠠᠮᠠᠭᠠᠯᠠᠯ ᠤᠨ ᠬᠦᠷᠢᠶ᠎ᠡ ᠴᠠᠷᠠᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶ᠎ᠡ ᠴᠠᠷᠠᠭ᠎ᠠ᠂ ᠰᠤᠷᠭᠠᠨ ᠬᠥᠮᠦᠵᠢᠯ ᠤᠨ ᠬᠦᠷᠢᠶ᠎ᠡ ᠴᠠᠷᠠᠭ᠎ᠠ᠂ ᠣᠯᠠᠨ ᠨᠡᠶᠢᠲᠡ ᠶᠢᠨ ᠰᠣᠶᠣᠯ ᠤᠨ ᠬᠦᠷᠢᠶ᠎ᠡ ᠴᠠᠷᠠᠭ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠬᠦᠷᠢᠶ᠎ᠡ ᠴᠠᠷᠠᠭ᠎ᠠ ᠶᠢᠨ ᠬᠤᠲᠠ ᠬᠢᠭᠡᠳ ᠬᠤᠰᠢᠭᠤ ᠰᠢᠶᠠᠨ ᠲᠣᠭᠤᠷᠢᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠲᠦᠩᠯᠢᠶᠣᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠳᠤ ᠬᠡᠷᠡᠭᠰᠡᠬᠦ ᠵᠠᠷᠤᠳᠠᠯ ᠢ ᠵᠦᠶ ᠵᠣᠬᠢᠰᠲᠠᠶ ᠲᠥᠰᠦᠭᠡᠯᠡᠨ ᠪᠤᠳᠤᠵᠤ᠂ ᠣᠨ ᠢᠶᠠᠷ ᠡᠳ᠋ ᠤᠨ ᠵᠠᠰᠠᠭ ᠤᠨ ᠲᠥᠰᠦᠪ ᠲᠤ ᠣᠷᠣᠭᠤᠯᠤᠨ᠂ ᠴᠠᠭ ᠲᠤᠬᠠᠶ ᠳᠤᠨᠢ ᠰᠠᠯᠭᠠᠨ ᠥᠭᠴᠦ᠂ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠨ᠎ᠠ᠃        ︵ᠳᠥᠷᠪᠡ︶ ᠨᠡᠶᠢᠳᠡᠮ ᠪᠠᠶᠢᠴᠠᠭᠠᠯᠲᠠ ᠶᠢᠨ ᠬᠠᠮᠢᠶᠠᠷᠤᠯᠲᠠ ᠶᠢ ᠰᠠᠶᠢᠲᠤᠷ ᠬᠢᠨ᠎ᠡ᠃ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠬᠠᠷᠢᠭᠤᠴᠠᠯᠭ᠎ᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠡᠯ᠎ᠡ ᠰᠤᠮᠤ ᠰᠢᠶᠠᠩ ᠪᠠᠯᠭᠠᠰᠤ ᠲᠠᠯᠠᠪᠠᠶ᠂ ᠵᠡᠭᠡᠯᠢ ᠭᠤᠳᠤᠮᠵᠢ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠭᠡᠵᠦ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠮᠥᠷᠳᠡᠨ ᠤᠬᠤᠴᠢᠯᠠᠬᠤ ᠲᠣᠭᠲᠠᠴᠠ ᠶᠢ ᠪᠠᠶᠢᠭᠤᠯᠤᠨ᠂ ᠨᠡᠶᠢᠳᠡᠮ ᠪᠠᠶᠢᠴᠠᠭᠠᠯᠲᠠ ᠶᠢᠨ ᠶᠠᠰᠤ ᠴᠢᠨᠠᠷ ᠢ ᠡᠵᠡᠮᠳᠡᠬᠦ ᠪᠠᠨ ᠴᠢᠩᠭᠠᠳᠬᠠᠵᠤ᠂ ᠨᠡᠶᠢᠳᠡᠮ ᠪᠠᠶᠢᠴᠠᠭᠠᠯᠲᠠ ᠶᠢᠨ ᠲᠥᠰᠦᠯ ᠢ ᠴᠢᠩᠭ᠎ᠠ ᠬᠡᠷᠡᠭᠵᠢᠭᠦᠯᠦᠨ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠴᠤᠪᠤᠷᠠᠯ ᠢ ᠵᠢᠷᠤᠮᠵᠢᠭᠤᠯᠵᠤ᠂ ᠠᠵᠢᠯ ᠬᠡᠷᠡᠭ ᠤᠨ ᠡᠮᠦᠨ᠎ᠡ ᠬᠤᠶᠢᠨᠠᠬᠢ ᠲᠤᠭ᠎ᠠ ᠪᠠᠷᠢᠮᠲᠠ ᠶᠢᠨ ᠶᠠᠰᠤ ᠴᠢᠨᠠᠷ ᠢ ᠪᠠᠶᠢᠴᠠᠭᠠᠵᠤ ᠬᠠᠷᠭᠤᠭᠤᠯᠤᠨ ᠪᠠᠶᠢᠴᠠᠭᠠᠬᠤ ᠶᠢ ᠴᠢᠩᠭᠠᠷᠠᠭᠤᠯᠤᠨ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠶ ᠵᠥᠪ ᠣᠨᠣᠪᠴᠢᠲᠠᠶ᠂ ᠪᠦᠷᠢᠨ ᠪᠦᠲᠦᠨ ᠢᠲᠡᠭᠡᠮᠵᠢᠲᠡᠶ ᠪᠠᠶᠢᠬᠤ ᠶᠢ ᠦᠨᠡᠨᠬᠦ ᠪᠠᠲᠤᠯᠠᠵᠤ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠴᠤᠭᠯᠠᠭᠤᠯᠬᠤ᠂ ᠳᠠᠮᠵᠢᠭᠤᠯᠬᠤ᠂ ᠬᠠᠳᠠᠭᠠᠯᠠᠬᠤ ᠪᠠ ᠬᠡᠷᠡᠭᠯᠡᠬᠦ ᠳᠤ ᠠᠮᠤᠷ ᠲᠦᠪᠰᠢᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠳᠤ ᠵᠣᠷᠢᠭᠤᠳᠠ ᠭᠠᠷ ᠲᠦᠷᠦᠭᠦ ᠡᠯ᠎ᠡ ᠵᠦᠢᠯ ᠤᠨ ᠦᠢᠯᠡ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠡᠶ᠃       ︵ᠲᠠᠪᠤ︶ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠬᠡᠯᠡᠯᠴᠡᠨ᠎ᠡ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠪᠣᠯᠤᠨ ᠨᠢᠭᠡᠴᠢ ᠵᠢᠴᠢ ᠬᠤᠪᠢ ᠬᠥᠮᠦᠨ ᠳᠠᠩᠰᠠᠯᠠᠭᠤᠯᠤᠭᠰᠠᠨ ᠮᠡᠳᠡᠭᠡ ᠵᠠᠩᠭᠢ ᠪᠠᠨ ᠦᠨᠡᠨ ᠪᠣᠳᠠᠲᠠᠶ ᠪᠠᠷ ᠲᠠᠭᠯᠠᠨ ᠮᠡᠳᠡᠭᠦᠯᠵᠦ᠂ ᠬᠤᠳᠠᠯ ᠮᠡᠳᠡᠭᠦᠯᠵᠦ᠂ ᠳᠠᠷᠤᠭᠠᠳ ᠮᠡᠳᠡᠭᠦᠯᠬᠦ ᠦᠭᠡᠶ᠂ ᠮᠡᠳᠡᠭᠦᠯᠬᠦ ᠶᠢ ᠲᠡᠪᠴᠢᠵᠦ᠂ ᠤᠳᠠᠭᠠᠰᠢᠷᠠᠭᠤᠯᠤᠨ ᠮᠡᠳᠡᠭᠦᠯᠵᠦ ᠪᠣᠯᠬᠤ ᠦᠭᠡᠶ᠂ ᠨᠡᠶᠢᠳᠡᠮ ᠪᠠᠶᠢᠴᠠᠭᠠᠯᠲᠠ ᠶᠢᠨ  ᠮᠠᠲ᠋ᠧᠷᠢᠶᠠᠯ ᠪᠣᠯᠤᠨ ᠲᠤᠭ᠎ᠠ ᠪᠠᠷᠢᠮᠲᠠ ᠶᠢ ᠬᠠᠭᠤᠷᠮᠠᠭ ᠢᠶᠠᠷ ᠵᠣᠬᠢᠶᠠᠵᠤ᠂ ᠥᠭᠡᠷᠡᠲᠦᠭᠦᠯᠵᠦ ᠪᠣᠯᠬᠤ ᠦᠭᠡᠶ᠂ ᠬᠡᠷᠪᠡ ᠳᠡᠭᠡᠷ᠎ᠡ ᠳᠤᠷᠠᠳᠤᠭᠰᠠᠨ ᠪᠠᠶᠢᠳᠠᠯ ᠭᠠᠷᠪᠠᠯ᠂ ᠬᠠᠤᠯᠢ ᠰᠠᠬᠢᠯᠭ᠎ᠠ ᠶᠢᠨ ᠶᠣᠰᠣᠭᠠᠷ ᠰᠢᠢᠳᠪᠦᠷᠢᠯᠡᠬᠦ ᠬᠡᠷᠡᠭᠲᠡᠶ᠃ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠵᠢᠴᠢ ᠠᠵᠢᠯᠲᠠᠳ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠪᠣᠯᠤᠨ ᠮᠠᠲ᠋ᠧᠷᠢᠶᠠᠯ ᠢ ᠲᠣᠬᠢᠲᠠᠶ ᠬᠠᠳᠠᠭᠠᠯᠠᠵᠤ᠂ ᠨᠡᠶᠢᠳᠡᠮ ᠪᠠᠶᠢᠴᠠᠭᠠᠯᠲᠠ ᠳᠤ ᠬᠤᠯᠪᠣᠭᠳᠠᠬᠤ ᠤᠯᠤᠰ ᠤᠨ ᠨᠢᠭᠤᠴᠠ ᠳᠤ ᠨᠢᠭᠤᠴᠠ ᠶᠢ ᠬᠠᠮᠠᠭᠠᠯᠠᠬᠤ ᠡᠭᠦᠷᠭᠡ ᠪᠠᠨ ᠭᠦᠢᠴᠡᠳᠬᠡᠵᠦ᠂ ᠨᠢᠭᠤᠴᠠ ᠶᠢ ᠵᠠᠳᠠᠷᠠᠭᠤᠯᠤᠭᠰᠠᠨ ᠬᠡᠷᠡᠭ ᠭᠠᠷᠪᠠᠯ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ︾ ᠶᠢᠨ ᠲᠣᠭᠲᠠᠭᠠᠯ ᠶᠣᠰᠣᠭᠠᠷ ᠰᠢᠳᠬᠡᠨ ᠲᠣᠷᠭᠠᠬᠤ ᠬᠡᠷᠡᠭᠲᠡᠶ᠃ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠶᠢᠨ ᠳᠤᠮᠳᠠ᠂ ᠬᠡᠷᠪᠡ ᠵᠣᠷᠢᠭᠤᠳᠠ ᠡᠪᠳᠡᠭᠰᠡᠨ᠂ ᠬᠢᠨᠠᠨ ᠬᠠᠮᠢᠶᠠᠷᠤᠭᠰᠠᠨ ᠢᠶᠠᠷ ᠬᠦᠴᠦᠨ ᠦᠭᠡᠶ ᠵᠡᠷᠭᠡ ᠬᠦᠴᠦᠨ ᠵᠦᠢᠯ ᠠᠴᠠ ᠪᠣᠯᠵᠤ ᠨᠢᠭᠡᠨᠲᠡ ᠳᠠᠩᠰᠠᠯᠠᠭᠤᠯᠤᠭᠰᠠᠨ ᠲᠡᠦᠬᠡ ᠶᠢᠨ ᠳᠤᠷᠠᠰᠬᠠᠯᠲᠤ ᠵᠦᠢᠯ ᠡᠪᠳᠡᠭᠳᠡᠭᠰᠡᠨ᠂ ᠬᠠᠰᠤᠭᠳᠠᠭᠰᠠᠨ᠂ ᠤᠰᠠᠳᠤᠭᠰᠠᠨ ᠪᠠᠶᠢᠳᠠᠯ ᠢ ᠣᠯᠵᠤ ᠮᠡᠳᠡᠪᠡᠯ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠬᠠᠤᠯᠢ ᠰᠠᠬᠢᠯᠭ᠎ᠠ ᠠᠴᠠ ᠵᠥᠷᠢᠴᠡᠭᠰᠡᠨ ᠰᠦᠪᠡᠭᠴᠢ ᠶᠢ ᠨᠢ ᠴᠠᠭ ᠲᠤᠬᠠᠶ ᠳᠤᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠬᠦ ᠬᠡᠷᠡᠭᠲᠡᠶ᠃         2024 ᠣᠨ ᠤ 2  ᠰᠠᠷ᠎ᠠ ᠶᠢᠨ 29 ᠤ ᠡᠳᠦᠷ
 
ᠢᠷᠡᠯᠲᠡ᠄ ᠨᠠᠢᠮᠠᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06000874号