| 2024 ᠣᠨ ᠤ 1 ᠰᠠᠷ᠎ᠠ ᠶᠢᠨ 26 ᠤ ᠡᠳᠦᠷ ᠨᠠᠢᠮᠠᠨ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠳᠡᠭᠡᠷ᠎ᠡ | ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠬᠤᠰᠢᠭᠤᠨ ᠳᠠᠷᠤᠭ᠎ᠠ ᠪᠤᠤ ᠯᠢᠶᠠᠨ ᠱᠠᠨ | ᠲᠥᠯᠥᠭᠡᠯᠡᠭᠴᠢᠳ ᠡ᠄ | ᠣᠲᠣ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠦ ᠶᠡᠭᠡ ᠬᠤᠷᠠᠯ ᠳᠤ ᠠᠵᠢᠯ | ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠣᠯᠤᠨ | ᠬᠤᠷᠠᠯ ᠳᠤ ᠰᠤᠯᠠ ᠤᠷᠤᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ 2023 ᠣᠨ ᠤ ᠠᠵᠢᠯ ᠤᠨ ᠡᠷᠭᠢᠴᠡᠭᠦᠯᠦᠯ | 2023 ᠤᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠬᠤ ᠡᠬᠢᠯᠡᠯᠲᠡ ᠶᠢᠨ ᠵᠢᠯ ᠮᠥᠨ᠂ ᠪᠠᠰᠠ ᠴᠤ ᠮᠠᠨ ᠤ ᠬᠤᠰᠢᠭᠤᠨ ᠤ ᠬᠥᠭᠵᠢᠯᠲᠡ ᠶᠡᠷᠦ ᠪᠤᠰᠦ ᠶᠢᠨ᠂ | ᠳᠠᠪᠠᠯᠲᠠ ᠲᠠᠢ ᠪᠠᠷ ᠨᠡᠬᠡᠵᠦ ᠭᠦᠢᠴᠡᠭᠰᠡᠨ ᠵᠠᠩᠭᠢᠯᠭ᠎ᠠ ᠶᠢᠨ ᠨᠢᠭᠡ ᠵᠢᠯ ᠮᠥᠨ᠃ ᠨᠠᠷᠢᠨ ᠪᠤᠳᠤᠯᠢᠶᠠᠨᠲᠠᠶ ᠪᠥᠭᠡᠳ | ᠬᠤᠪᠢᠷᠠᠯᠲᠠ ᠶᠡᠬᠡᠲᠡᠶ ᠠᠵᠤ ᠠᠬᠤᠶ ᠶᠢᠨ ᠪᠠᠶᠢᠳᠠᠯ ᠪᠣᠯᠤᠨ ᠪᠡᠷᠬᠡ ᠬᠠᠲᠠᠭᠤᠵᠢᠯᠲᠠᠶ ᠬᠥᠭᠵᠢᠯᠲᠡ ᠶᠢᠨ ᠡᠭᠦᠷᠭᠡ ᠶᠢᠨ | ᠡᠮᠦᠨ᠎ᠡ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠤ ︽ | ᠬᠤᠶᠠᠷ ᠶᠡᠭᠡ ᠶᠠᠪᠤᠳᠠᠯ︾ ᠪᠠ ︽ᠰᠢᠨ᠎ᠡ ᠵᠠᠮ ᠢ ᠨᠡᠬᠡᠭᠡᠵᠦ᠂ ᠳᠤᠮᠳᠠ ᠲᠦᠪᠰᠢᠨ ᠳᠤ ᠳᠠᠪᠰᠢᠬᠤ︾ ᠶᠢ ᠰᠠᠶᠢᠲᠤᠷ | ᠬᠢᠬᠦ ᠬᠠᠷᠠᠯᠲᠠ ᠶᠢᠨ ᠲᠣᠭᠤᠷᠢᠨ ᠳᠤ᠂ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ | ᠳᠣᠤᠷ᠎ᠠ᠂ ᠪᠥᠬᠦ ᠬᠤᠰᠢᠭᠤᠨ ᠤ ᠡᠯ᠎ᠡ ᠦᠨᠳᠦᠰᠦᠲᠡᠨ ᠤ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠶᠢᠴᠢᠯᠠᠵᠤ᠂ | ᠡᠷᠡᠮᠡᠬᠡᠶᠢᠯᠡᠨ ᠤᠷᠤᠭᠰᠢᠯᠠᠵᠤ ᠬᠥᠭᠵᠢᠯᠲᠡ ᠶᠢ ᠡᠷᠢᠯᠬᠢᠯᠡᠨ᠂ ᠣᠳᠣᠬᠢᠴᠢᠯᠠᠭᠰᠠᠨ ᠨᠠᠢᠮᠠᠨ ᠢ ᠪᠦᠲᠦᠭᠡᠨ ᠪᠠᠶᠢᠭᠤᠯᠬᠤ | ᠳᠤ ᠯᠠᠪᠳᠠᠭᠤᠨ ᠪᠠᠲᠤᠲᠠᠢ ᠠᠯᠬᠤᠪᠠ᠃ ᠪᠦᠬᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ | ᠥᠷᠲᠡᠭ 146 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 5% ᠪᠠᠷ ᠨᠡᠮᠡᠭᠳᠡᠪᠡ︔ ᠲᠣᠭᠲᠠᠮᠠᠯ ᠬᠥᠷᠥᠩᠭᠡ ᠶᠢᠨ | ᠪᠠᠯᠠ ᠣᠷᠣᠭᠤᠯᠤᠯᠲᠠ 67.5 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 54.1% ᠪᠠᠷ ᠨᠡᠮᠡᠭᠳᠡᠵᠦ᠂ | ᠨᠡᠮᠡᠭᠲᠡᠯ ᠤᠨ ᠬᠤᠷᠲᠤᠴᠠ ᠲᠡᠦᠭᠡ ᠶᠢᠨ ᠰᠢᠨ᠎ᠡ ᠲᠡᠮᠲᠡᠭᠯᠡᠯ ᠢ ᠡᠭᠦᠳᠴᠡᠢ︔ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ 4.9% ᠳᠤ ᠬᠦᠷᠪᠡ︔ ᠨᠡᠶᠢᠭᠡᠮ ᠤᠨ | ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ 28 ᠳ᠋ᠦᠩᠰᠢᠭᠤᠷ ᠲᠥᠭᠦᠷᠢᠭ ᠲᠤ ᠬᠦᠷᠴᠦ | ᠂ 4.4% ᠪᠠᠷ ᠨᠡᠮᠡᠭᠳᠡᠪᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 6.2 ᠳ᠋ᠦᠩᠰᠢᠭᠤᠷ | ᠲᠥᠭᠦᠷᠢᠭ ᠲᠤ ᠬᠦᠷᠴᠦ᠂ 7% ᠪᠠᠷ ᠨᠡᠮᠡᠭᠳᠡᠪᠡ︔ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ | ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 35675 ᠲᠥᠭᠦᠷᠢᠭ ᠪᠠ | 18235 ᠲᠥᠭᠦᠷᠢᠭ ᠲᠤ ᠬᠦᠷᠴᠦ᠂ 5.3% ᠪᠠ 9.5% ᠪᠠᠷ ᠨᠡᠮᠭᠳᠡᠵᠦ᠂ ᠨᠡᠮᠡᠭᠳᠡᠯ ᠤᠨ ᠬᠤᠷᠳᠤᠴᠠ ᠨᠢ | ᠴᠥᠮ ᠪᠥᠬᠦ ᠬᠤᠲᠠ ᠶᠢᠨ ᠳᠤᠮᠳᠠᠴᠢ ᠬᠢᠷᠢ ᠲᠦᠪᠰᠢᠨ ᠠᠴᠠ ᠥᠨᠳᠥᠷ ᠪᠣᠯᠪᠠ᠃ | ——ᠨᠡᠮᠡᠭᠳᠡᠯ ᠢ ᠲᠣᠭᠲᠠᠪᠤᠷᠢᠵᠢᠭᠤᠯᠵᠤ᠂ ᠶᠡᠷᠦᠩᠬᠡᠢ ᠬᠡᠮᠵᠢᠶ᠎ᠡ ᠶᠢ ᠥᠷᠭᠡᠳᠬᠡᠵᠦ᠂ ᠬᠥᠭᠵᠢᠯᠲᠡ ᠶᠢᠨ | ᠰᠠᠭᠤᠷᠢ ᠨᠡᠩ ᠪᠠᠲᠤ ᠪᠠᠬᠢ ᠪᠤᠯᠪᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 16 ᠲᠦᠮᠡᠨ ᠮᠦ ᠰᠢᠨ᠎ᠡ ᠪᠠᠷ | ᠪᠠᠶᠢᠭᠤᠯᠤᠨ ᠥᠭᠡᠷᠡᠴᠢᠯᠡᠵᠦ᠂ ᠤᠯᠤᠰ ᠤᠨ ᠠᠮᠢᠳᠤ ᠪᠣᠳᠠᠰ ᠤᠨ ᠡᠭᠦᠯᠳᠡᠷ ᠪᠤᠶᠢᠵᠢᠭᠤᠯᠬᠤ ᠶᠢ ᠠᠵᠤ | ᠦᠢᠯᠡᠰᠵᠢᠭᠦᠯᠦᠨ ᠬᠡᠷᠡᠭᠯᠡᠬᠦ ᠲᠤᠷᠰᠢᠯᠲᠠ ᠶᠢᠨ ᠴᠡᠭ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠡᠷᠳᠡᠨᠢ | ᠰᠢᠰᠢ ᠶᠢᠨ ᠥᠨᠳᠥᠷ ᠤᠨᠠᠯᠲᠠ ᠲᠠᠢ ︽ᠨᠠᠢᠮᠠᠨ ᠤ ᠬᠡᠯᠪᠡᠷᠢ︾ ᠶᠢ ᠪᠦᠬᠦ ᠣᠷᠣᠨ ᠳᠤ ᠳᠡᠯᠭᠡᠷᠡᠭᠦᠯᠵᠦ᠂ ᠠᠮᠤ | ᠪᠤᠳᠠᠭᠠᠨ ᠤ ᠶᠡᠷᠦᠩᠬᠡᠢ ᠤᠨᠠᠯᠲᠠ 25.8 ᠳ᠋ᠦᠩᠰᠢᠭᠤᠷ ᠵᠢᠩ ᠳᠤ ᠬᠦᠷᠴᠦ᠂ ︽ᠠᠷᠪᠠᠨ ᠨᠢᠭᠡᠨ ᠵᠢᠯ ᠳᠠᠷᠠᠭᠠᠯᠠᠨ | ᠡᠯᠪᠡᠭ ᠬᠤᠷᠢᠶᠠᠯᠲᠠ ᠤᠯᠬᠤ︾ ᠶᠢ ᠪᠡᠶᠡᠯᠡᠭᠦᠯᠪᠡ᠃ 23 ᠲᠦᠮᠡᠨ ᠦᠬᠡᠷ ᠲᠤ ᠢᠴᠡᠭᠡᠯ ᠦᠷ᠎ᠡ ᠶᠢᠨ ᠬᠡᠭᠡᠯᠲᠦᠭᠦᠯᠭᠡ | ᠬᠢᠵᠦ᠂ ᠮᠠᠯᠵᠢᠯ ᠤᠨ ᠣᠨ ᠤ ᠭᠡᠷ ᠤᠨ ᠲᠡᠵᠢᠭᠡᠪᠦᠷᠢ ᠶᠢᠨ ᠲᠤᠭ᠎ᠠ 208.6 ᠲᠦᠮᠡᠨ ᠲᠣᠯᠣᠭᠠᠢ ᠳᠤ ᠬᠦᠷᠪᠡ᠃ | ᠤᠯᠤᠰ᠂ ᠥᠪᠡᠷᠲᠡᠭᠡᠨ ᠵᠠᠰᠠᠬᠤ ᠣᠷᠣᠨ ᠤ ᠰᠢᠨ᠎ᠡ ᠬᠡᠯᠪᠡᠷᠢ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ ᠶᠢ 10 ᠪᠤᠶᠢᠵᠢᠭᠤᠯᠵᠤ᠂ ᠨᠡᠶᠢᠭᠡᠮᠴᠢᠯᠡᠭᠰᠡᠨ ᠦᠢᠯᠡᠴᠢᠯᠡᠭᠡᠨ ᠤ ᠲᠠᠯᠠᠪᠠᠶ ᠶᠢ 45 ᠲᠦᠮᠡᠨ ᠮᠥ ᠠᠴᠠ | ᠳᠡᠭᠡᠭᠰᠢ ᠪᠣᠯᠭᠠᠵᠤ᠂ 22 ᠭᠠᠴᠠᠭ᠎ᠠ ᠲᠣᠰᠬᠤᠨ ᠪᠥᠬᠦ ᠲᠣᠰᠬᠤᠨ ᠤ ᠭᠠᠵᠠᠷ ᠰᠢᠷᠣᠶ ᠶᠢ ᠡᠷᠭᠢᠯᠲᠡ ᠳᠤ | ᠣᠷᠣᠭᠤᠯᠬᠤ ᠶᠢ ᠪᠡᠶᠡᠯᠡᠭᠦᠯᠵᠦ᠂ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠦᠷᠭᠦᠯᠵᠢᠯᠡᠨ | ᠥᠷᠭᠡᠳᠬᠡᠪᠡ᠃ 2.4 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ 48 ᠲᠦᠷᠦᠯ ᠵᠦᠢᠯ ᠢ ᠬᠡᠷᠡᠭᠵᠢᠭᠦᠯᠵᠦ᠂ ᠭᠠᠴᠠᠭ᠎ᠠ ᠲᠣᠰᠬᠤᠨ ᠤ ᠬᠠᠮᠲᠤ ᠶᠢᠨ ᠠᠵᠤ | ᠠᠬᠤᠢ ᠶᠢᠨ ᠶᠡᠷᠦᠩᠬᠡᠢ ᠣᠷᠣᠯᠭ᠎ᠠ 1 ᠳ᠋ᠦᠩᠰᠢᠭᠤᠷ ᠲᠥᠭᠦᠷᠢᠭ ᠢ ᠳᠠᠪᠠᠵᠤ᠂ ᠮᠠᠨ ᠤ ᠬᠤᠰᠢᠭᠤ ᠥᠪᠡᠷᠲᠡᠭᠡᠨ | ᠵᠠᠰᠠᠬᠤ ᠣᠷᠣᠨ ᠤ ︽ᠲᠦᠮᠡᠨ ᠠᠵᠤ ᠠᠬᠤᠶᠢᠯᠠᠯ ᠢᠶᠠᠷ ᠲᠦᠮᠡᠨ ᠲᠣᠰᠬᠤᠨ ᠢ ᠬᠥᠭᠵᠢᠭᠦᠯᠦᠨ ᠮᠠᠨᠳᠤᠭᠤᠯᠬᠤ︾ | ᠠᠵᠢᠯᠯᠠᠭ᠎ᠠ ᠶᠢᠨ ᠨᠡᠶᠢᠲᠡᠯᠢᠭ ᠬᠤᠰᠢᠭᠤ ᠰᠢᠶᠠᠨ ᠢᠶᠠᠷ ᠦᠨᠡᠯᠡᠭᠳᠡᠪᠡ᠃ ᠵᠢᠩ ᠠᠨ ᠨᠢᠺᠧᠯ ᠲᠡᠮᠦᠷ ᠤᠨ | ᠦᠢᠯᠡᠳᠪᠦᠷᠢᠯᠡᠯ ᠤᠨ ᠱᠤᠭᠤᠮ ᠮᠡᠷᠭᠡᠵᠢᠯ ᠤᠨ ᠥᠭᠡᠷᠡᠴᠢᠯᠡᠯᠲᠡ ᠬᠢᠵᠦ ᠲᠠᠰ ᠳᠡᠪᠰᠢᠭᠦᠯᠬᠦ ᠶᠢ ᠪᠡᠶᠡᠯᠡᠭᠦᠯᠵᠦ᠂ | ᠵᠢᠪᠡᠷᠡᠬᠦ ᠥᠬᠡᠶ ᠪᠣᠯᠣᠳ᠂ ᠪᠣᠯᠣᠳ ᠬᠡᠪᠰᠢᠭᠦᠯᠵᠦ ᠬᠦᠴᠢᠯ ᠢᠶᠠᠷ ᠤᠬᠢᠶᠠᠬᠤ ᠦᠢᠯᠡᠳᠪᠦᠷᠢᠯᠡᠯ ᠤᠨ ᠱᠤᠭᠤᠮ ᠤᠨ | ᠭᠤᠤᠯ ᠴᠣᠭᠴᠠ ᠶᠢᠨ ᠠᠵᠢᠯ ᠳᠠᠭᠤᠰᠴᠤ᠂ ᠨᠢᠺᠧᠯ ᠰᠠᠭᠤᠷᠢ ᠬᠠᠶᠢᠯᠤᠰᠢ ᠰᠢᠨ᠎ᠡ ᠮᠠᠲ᠋ᠧᠷᠢᠶᠠᠯ ᠤᠨ ᠠᠵᠤ ᠦᠢᠯᠡᠰ | ᠪᠣᠬᠢᠷᠲᠤᠯ ᠥᠬᠡᠶ᠂ ᠳᠡᠭᠡᠳᠦ ᠳᠡᠰ ᠳᠠᠰᠢ ᠤᠷᠤᠭᠰᠢᠯᠠᠪᠠ᠃ ᠰᠢᠩ ᠭᠦ᠋ ᠨᠠᠮᠢ ᠶᠢᠨ ᠪᠢᠴᠢᠯ ᠲᠠᠯᠠᠰᠲᠤ ᠶᠢᠨ ᠰᠢᠨ᠎ᠡ | ᠮᠠᠲ᠋ᠧᠷᠢᠶᠠᠯ ᠤᠨ ᠮᠡᠷᠭᠡᠵᠢᠯ ᠰᠢᠨ᠎ᠡ ᠰᠢᠪᠲᠤᠯᠤᠯᠲᠠ ᠲᠠᠢ ᠪᠤᠯᠵᠤ᠂ ᠦᠢᠯᠡᠳᠬᠦᠨ ᠨᠢ ᠤᠯᠤᠰ ᠤᠨ ᠲᠤᠳᠤᠭᠠᠳᠤ | ᠭᠠᠳᠠᠭᠠᠳᠤ ᠳᠤ ᠪᠤᠷᠤᠯᠠᠭᠤᠯᠤᠭᠳᠠᠪᠠ︔ ᠰᠢᠯᠦᠷᠬᠡᠥ ᠰᠢᠷᠬᠡᠭ ᠤᠨ ᠠᠵᠤ ᠠᠬᠤᠶᠢᠯᠠᠯ 24 ᠪᠣᠯᠵᠣ᠂ ᠰᠢᠯᠦᠷᠬᠡᠥ | ᠰᠢᠷᠬᠡᠭ ᠤᠨ ᠨᠡᠶᠢᠯᠡᠮᠡᠯ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠡᠪᠴᠢᠶ᠎ᠡ ᠦᠷᠭᠦᠯᠵᠢᠯᠡᠨ ᠪᠤᠵᠠᠭᠠᠶᠢᠷᠠᠪᠠ᠃ ᠮᠤ᠋ | ᠶᠤᠸᠠᠨ ᠤ ᠵᠢᠯ ᠤᠨ ᠭᠠᠭ᠋ᠠᠢ ᠨᠢᠲᠤᠯᠬᠤ ᠬᠡᠮᠵᠢᠶ᠎ᠡ 100 ᠲᠦᠮᠡ ᠶᠢ ᠳᠠᠪᠠᠪᠠ︔ ᠼᠠᠢ ᠰᠢᠨ ᠪᠣᠬᠢᠷᠲᠤᠯ ᠦᠭᠡᠢ | ᠢᠳᠡᠰᠢᠨ ᠨᠣᠭᠤᠭ᠎ᠠ ᠶᠢᠨ ᠨᠢᠭᠡᠳᠦᠭᠡᠷ ᠬᠤᠭᠤᠴᠠᠭᠠᠨ ᠤ ᠦᠢᠯᠡᠳᠪᠦᠷᠢᠯᠡᠯ ᠦᠷ᠎ᠡ ᠠᠰᠢᠭ ᠤᠯᠵᠤ᠂ ᠬᠤᠶᠠᠳᠤᠭᠠᠷ | ᠬᠤᠭᠤᠴᠠᠭᠠᠨ ᠤ ᠦᠢᠯᠡᠳᠪᠦᠷᠢᠯᠡᠯ ᠠᠰᠢᠭᠯᠠᠯᠲᠠ ᠳᠤ ᠤᠷᠤᠬᠤ ᠨᠥᠬᠦᠴᠡᠯ ᠢ ᠪᠦᠷᠢᠯᠳᠦᠭᠦᠯᠵᠦ᠂ ᠰᠢᠨ᠎ᠡ ᠰᠣᠷᠭᠤᠭ | ᠢᠳᠡᠭᠡᠨ ᠤ ᠡᠷᠳᠡᠨᠢ ᠰᠢᠰᠢ ᠶᠢᠨ ᠠᠵᠤ ᠦᠢᠯᠡᠰ ᠲᠤᠭᠲᠠᠭᠤᠨ ᠢᠶᠠᠷ ᠬᠦᠭᠵᠢᠪᠡ᠃ ᠮᠢᠩ ᠶᠠᠩ᠂ ᠭᠤᠸᠠᠩ ᠰᠢᠩ | ᠰᠠᠯᠬᠢᠨ ᠬᠦᠴᠦᠨ ᠤ ᠴᠠᠬᠢᠯᠭᠠᠨ ᠤ ᠪᠦᠬᠦ ᠪᠠᠭᠲᠠᠭᠠᠮᠵᠢ ᠨᠢ ᠲᠣᠣᠷ ᠲᠤ ᠨᠡᠶᠢᠯᠡᠵᠦ᠂ ᠰᠢᠨ᠎ᠡ ᠡᠨᠧᠷᠭᠢ ᠶᠢᠨ ᠮᠠᠰᠢᠨ | ᠴᠣᠭᠴᠠᠯᠠᠪᠤᠷᠢ ᠶᠢᠨ ᠬᠡᠪᠴᠢᠶ᠎ᠡ ᠨᠢ 1000 ᠰᠠᠶ᠎ᠠ ᠸᠠᠲ ᠢ ᠳᠠᠪᠠᠵᠠᠢ᠃ ᠥᠪᠡᠷᠲᠡᠭᠡᠨ ᠵᠠᠰᠠᠬᠤ ᠣᠷᠣᠨ ᠤ ᠡᠮ ᠤᠨ | ᠮᠠᠲ᠋ᠧᠷᠢᠶᠠᠯ ᠤᠨ ᠪᠠᠷᠢᠮᠵᠢᠶᠠᠵᠢᠭᠤᠯᠤᠭᠰᠠᠨ ᠲᠠᠷᠢᠮᠠᠯ ᠤᠨ ᠵᠢᠱᠢᠶ᠎ᠡ ᠦᠵᠡᠭᠦᠯᠬᠦ ᠠᠵᠤ ᠠᠬᠤᠶᠢᠯᠠᠯ ᠢ 1 ᠪᠤᠶᠢᠵᠢᠭᠤᠯᠵᠤ᠂ | ᠡᠮ ᠤᠨ ᠮᠠᠲ᠋ᠧᠷᠢᠶᠠᠯ ᠳᠠᠷᠢᠬᠤ ᠲᠠᠯᠠᠪᠠᠶ ᠶᠢ 20 ᠲᠦᠮᠡᠨ ᠮᠥ ᠳᠤ ᠲᠣᠭᠲᠠᠪᠤᠷᠢᠵᠢᠭᠤᠯᠪᠠ᠃ ᠬᠡᠪᠴᠢᠶᠡᠵᠢᠯ ᠠᠴᠠ | ᠳᠡᠭᠡᠭᠰᠢᠬᠢ ᠠᠵᠤ ᠠᠬᠤᠶᠢᠯᠠᠯ ᠢ ᠰᠢᠨ᠎ᠡ ᠪᠠᠷ 4 ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠦᠢᠯᠡᠳᠬᠦᠨ ᠤ ᠥᠷᠲᠡᠭ 51.9 ᠳ᠋ᠦᠩᠰᠢᠭᠤᠷ ᠲᠥᠭᠦᠷᠢᠭ ᠲᠤ ᠬᠦᠷᠪᠡ᠃ ᠨᠠᠢᠮᠠᠨ ᠤ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠡᠵᠡᠮᠰᠢᠯ ᠤᠨ ᠴᠢᠨᠠᠷᠲᠠᠶ ᠨᠠᠷᠢᠨ ᠲᠥᠯᠥᠪᠵᠢᠭᠦᠯᠭᠡ ᠶᠢ ᠡᠬᠢᠯᠡᠨ | ᠨᠠᠶᠢᠷᠠᠭᠤᠯᠤᠨ ᠵᠣᠬᠢᠶᠠᠵᠤ᠂ ᠣᠶᠤᠨᠴᠢ ᠬᠦᠷᠢᠶᠡᠯᠡᠩ ᠲᠣᠭᠤᠷᠢᠭ ᠤᠨ ᠲᠠᠪᠴᠠᠩ ᠢ ᠠᠰᠢᠭᠯᠠᠯᠲᠠ ᠳᠤ ᠣᠷᠣᠭᠤᠯᠤᠨ᠂ | ᠴᠠᠷᠠᠰᠤ — ᠢ ᠯᠦᠩ ᠶᠦᠩ ᠪᠠᠶᠢᠭᠠᠯᠢ ᠶᠢᠨ ᠰᠢᠲᠠᠮᠠᠬᠠᠶ ᠬᠡᠢ ᠶᠢᠨ ᠬᠤᠭᠤᠯᠠᠶ᠂ 305 ᠰᠠᠶ᠎ᠠ ᠸᠠᠲ ᠤᠨ ᠪᠣᠬᠢᠷᠲᠤᠯ | ᠥᠬᠡᠶ ᠴᠠᠬᠢᠯᠭᠠᠨ ᠬᠠᠩᠭᠠᠬᠤ ᠲᠥᠷᠥᠯ ᠵᠦᠢᠯ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ ᠭᠤᠸᠠᠩ | ᠰᠢᠩ 220 ᠺᠢᠯᠣᠸᠠᠲ ᠤᠨ ᠬᠦᠴᠦᠳᠡᠯ ᠥᠭᠡᠷᠡᠴᠢᠯᠡᠬᠦ ᠥᠷᠲᠡᠭᠡ ᠶᠢᠨ ᠭᠤᠤᠯ ᠴᠣᠭᠴᠠ ᠶᠢᠨ ᠠᠵᠢᠯ ᠳᠠᠭᠤᠰᠴᠤ᠂ | ᠥᠪᠡᠷᠲᠡᠭᠡᠨ ᠵᠠᠰᠠᠬᠤ ᠣᠷᠣᠨ ᠤ ᠲᠣᠭᠠᠴᠢᠯᠠᠭᠰᠠᠨ ᠦᠢᠯᠡᠳᠪᠦᠷᠢ᠂ ᠤᠶᠤᠨᠲᠤ ᠦᠢᠯᠡᠳᠪᠦᠷᠢ ᠶᠢ ᠲᠣᠰ ᠲᠣᠰ 1 | ᠪᠠᠶᠢᠭᠤᠯᠵᠤ᠂ ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ 3 ᠪᠤᠶᠢᠵᠢᠭᠤᠯᠪᠠ᠃ ᠪᠤᠭᠲᠤ | ᠡᠯᠡᠰᠦᠨ ᠴᠥᠯ ᠤᠨ ᠵᠢᠭᠤᠯᠴᠢᠯᠠᠯ ᠤᠨ ᠣᠷᠣᠨ ᠥᠪᠡᠷᠲᠡᠭᠡᠨ ᠵᠠᠰᠠᠬᠤ ᠣᠷᠣᠨ ᠤ ᠰᠦᠯᠵᠢᠶᠡᠨ ᠤ ᠬᠠᠯᠠᠮᠰᠢᠯ ᠭᠠᠵᠠᠷ | ᠪᠤᠯᠵᠤ᠂ ᠪᠠᠶᠠᠨᠲᠠᠯ᠎ᠠ ᠰᠤᠮᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠰᠣᠶᠣᠯ ᠵᠢᠭᠤᠯᠴᠢᠯᠠᠯ ᠢ | ᠠᠭᠤᠰᠤᠯᠴᠠᠭᠤᠯᠤᠭᠰᠠᠨ ᠵᠢᠱᠢᠶ᠎ᠡ ᠦᠵᠡᠭᠦᠯᠬᠦ ᠪᠠᠯᠭᠠᠰᠤ ᠪᠠᠷ ᠦᠨᠡᠯᠡᠭᠳᠡᠪᠡ᠃ ᠨᠠᠢᠮᠠᠨ ᠤ ᠪᠠᠷᠠᠭᠠᠨ ᠤ ᠭᠦᠢᠯᠭᠡᠭᠡᠨ ᠤ | ᠬᠦᠷᠢᠶᠡᠯᠡᠩ ᠲᠤᠭᠤᠷᠢᠭ ᠤᠨ ᠵᠠᠮ ᠤᠨ ᠲᠤᠤᠷ ᠲᠡᠷᠭᠡ ᠨᠡᠪᠲᠡᠷᠡᠵᠦ᠂ ᠵᠢᠶ ᠹᠧᠩ ᠠᠮᠤ ᠪᠤᠳᠠᠭ᠎ᠠ ᠳᠠᠮᠵᠢᠭᠤᠯᠬᠤ | ᠪᠠᠷᠠᠭᠠᠨ ᠤ ᠭᠦᠢᠯᠭᠡᠭᠡᠨ ᠤ ᠲᠥᠪ ︽ᠵᠠᠰᠠᠮᠠᠯ ᠵᠠᠮ ᠲᠡᠮᠦᠷ ᠵᠠᠮ ᠳᠠᠯᠠᠢ ᠶᠢᠨ ᠵᠠᠮ︾ ᠣᠯᠠᠨ ᠬᠡᠯᠪᠡᠷᠢ ᠶᠢᠨ | ᠬᠠᠮᠲᠤᠷᠠᠭᠰᠠᠨ ᠲᠡᠭᠡᠭᠡᠪᠦᠷᠢ ᠶᠢ ᠪᠡᠶᠡᠯᠡᠭᠦᠯᠪᠡ᠃ ᠴᠢ ᠶᠠ ᠬᠤᠳᠠᠯᠳᠤᠭᠠᠨ ᠤ ᠶᠡᠷᠦᠩᠬᠡᠢ ᠴᠣᠭᠴᠠ ᠶᠢᠨ ᠲᠥᠷᠥᠯ | ᠵᠦᠢᠯ ᠢ ᠡᠬᠢᠯᠡᠨ ᠪᠠᠶᠢᠭᠤᠯᠵᠤ᠂ ᠬᠢᠵᠠᠭᠠᠷᠯᠠᠭᠰᠠᠨ ᠳᠤᠭ᠎ᠠ ᠠᠴᠠ ᠳᠡᠭᠡᠭᠰᠢᠬᠢ ᠠᠷᠠᠯᠵᠢᠶ᠎ᠠ ᠬᠤᠳᠠᠯᠳᠤᠭᠠᠨ ᠤ | ᠭᠦᠢᠯᠭᠡᠭᠡᠨ ᠤ ᠠᠵᠤ ᠠᠬᠤᠶᠢᠯᠠᠯ ᠢ 10 ᠪᠤᠶᠢᠵᠢᠭᠤᠯᠪᠠ᠃ ᠭᠠᠳᠠᠭᠠᠳᠤ ᠠᠷᠠᠯᠵᠢᠶᠠᠨ ᠤ ᠭᠠᠳᠠᠭᠠᠳᠤ ᠳᠤ ᠭᠠᠷᠭᠠᠬᠤ | ᠬᠡᠮᠵᠢᠶ᠎ᠡ ᠬᠤᠭᠤᠰᠤᠨ ᠢ ᠨᠦᠬᠦᠪᠦᠷᠢᠯᠡᠵᠦ ᠰᠢᠨ᠎ᠡ ᠠᠮᠵᠢᠯᠲᠠ ᠤᠯᠵᠤ᠂ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ | ᠶᠡᠷᠦᠩᠬᠡᠶ ᠲᠤᠭ᠎ᠠ 6 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 13% ᠪᠠᠷ ᠨᠡᠮᠡᠭᠳᠡᠪᠡ᠃ ᠡᠯᠧᠺᠲᠷᠦᠨ | ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠴᠢᠳᠠᠪᠤᠷᠢᠲᠠᠨ ᠢ ᠪᠣᠯᠪᠠᠰᠤᠷᠠᠭᠤᠯᠬᠤ ᠰᠠᠭᠤᠷᠢᠨ ᠭᠠᠵᠠᠷ | ᠠᠰᠢᠭᠯᠠᠯᠲᠠ ᠳᠤ ᠣᠷᠣᠵᠤ᠂ ᠡᠯᠧᠺᠲᠷᠦᠨ ᠬᠤᠳᠠᠯᠳᠤᠭᠠᠨ ᠤ ᠠᠷᠠᠯᠵᠢᠶᠠᠨ ᠤ ᠬᠡᠮᠵᠢᠶ᠎ᠡ 11 ᠳ᠋ᠦᠩᠰᠢᠭᠤᠷ | ᠲᠥᠭᠦᠷᠢᠭ ᠢ ᠳᠠᠪᠠᠵᠤ᠂ 60% ᠪᠠᠷ ᠨᠡᠮᠡᠭᠳᠡᠪᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ | ᠵᠢᠭᠡᠯᠡᠯᠭᠡ ᠶᠢᠨ ᠦᠯᠡᠳᠡᠪᠦᠷᠢ ᠲᠤᠰ ᠲᠤᠰ 169.2 ᠳ᠋ᠦᠩᠰᠢᠭᠤᠷ ᠲᠥᠭᠦᠷᠢᠭ ᠪᠠ 123.9 ᠳ᠋ᠦᠩᠰᠢᠭᠤᠷ | ᠲᠥᠭᠦᠷᠢᠭ ᠲᠤ ᠬᠦᠷᠴᠦ᠂ 9.5% ᠪᠠ 21.3% ᠪᠠᠷ ᠨᠡᠮᠡᠭᠳᠡᠵᠦ᠂ ᠪᠡᠯᠡ ᠲᠣᠬᠢᠷᠠᠭᠤᠯᠬᠤ ᠴᠢᠨᠠᠷᠲᠠᠶ | ᠳᠠᠭᠠᠭᠠᠯᠲᠠ ᠶᠢᠨ ᠦᠯᠡᠳᠡᠪᠦᠷᠢ 4 ᠳ᠋ᠦᠩᠰᠢᠭᠤᠷ ᠲᠥᠭᠦᠷᠢᠭ ᠲᠤ ᠬᠦᠷᠴᠦ᠂ ᠮᠥᠩᠭᠦᠨ ᠭᠦᠢᠯᠭᠡᠭᠡᠨ ᠤ | ᠦᠢᠯᠡᠴᠢᠯᠡᠭᠡᠨ ᠤ ᠪᠣᠳᠠᠲᠤ ᠴᠣᠭᠴᠠ ᠶᠢᠨ ᠠᠵᠤ ᠠᠬᠤᠶ ᠶᠢᠨ ᠶᠠᠰᠤ ᠴᠢᠨᠠᠷ ᠦᠷ᠎ᠡ ᠠᠰᠢᠭ ᠢᠯᠡᠳᠲᠡ ᠳᠡᠭᠡᠭᠰᠢᠯᠡᠪᠡ᠃ | | —— ᠪᠦᠲᠦᠭᠡᠨ ᠪᠠᠶᠢᠭᠤᠯᠤᠯᠲᠠ ᠶᠢ ᠠᠳᠬᠤᠵᠤ᠂ ᠶᠠᠰᠤ ᠴᠢᠨᠠᠷ ᠢ ᠳᠡᠭᠡᠭᠰᠢᠯᠡᠭᠦᠯᠵᠦ᠂ ᠬᠤᠲᠠ | ᠬᠥᠳᠡᠭᠡ ᠶᠢᠨ ᠣᠷᠣᠰᠢᠨ ᠰᠠᠭᠤᠬᠤ ᠣᠷᠴᠢᠨ ᠨᠦᠭᠦᠴᠡᠯ ᠨᠡᠩ ᠲᠣᠬᠢᠷᠠᠮᠵᠢᠲᠠᠶ ᠪᠣᠯᠪᠠ᠃ 25 ᠬᠠᠭᠤᠴᠢᠨ | ᠰᠠᠭᠤᠭᠠᠯᠢ ᠲᠣᠭᠤᠷᠢᠭ ᠢ ᠥᠭᠡᠷᠡᠴᠢᠯᠡᠨ ᠰᠠᠶᠢᠵᠢᠷᠠᠭᠤᠯᠵᠤ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢ | 550 ᠢᠵᠢ ᠡᠬᠢᠯᠡᠨ ᠪᠠᠶᠢᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠲᠠᠯᠠᠪᠠᠢ 75 | ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠪᠡ᠃ ᠬᠤᠲᠠ ᠶᠢᠨ ᠲᠣᠭᠤᠷᠢᠭ ᠤᠨ ᠰᠢᠨ᠎ᠡ ᠤᠰᠤᠨ | ᠰᠤᠷᠪᠤᠯᠵᠢ ᠶᠢᠨ ᠭᠠᠵᠠᠷ ᠲᠣᠣᠷ ᠬᠤᠯᠪᠣᠨ ᠤᠰᠤ ᠬᠠᠩᠭᠠᠬᠤ ᠶᠢ ᠪᠡᠶᠡᠯᠡᠭᠦᠯᠵᠦ᠂ ᠠᠮᠢᠳᠤᠷᠠᠯ ᠤᠨ ᠪᠣᠬᠢᠷ ᠤᠰᠤ | ᠰᠢᠢᠳᠪᠦᠷᠢᠯᠡᠬᠦ ᠦᠢᠯᠡᠳᠪᠦᠷᠢ ᠶᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠢᠨᠵᠧᠨᠧᠷᠢᠩ ᠢ ᠦᠨᠳᠦᠰᠦᠨ ᠳᠡᠭᠡᠨ | ᠳᠠᠭᠤᠰᠬᠠᠪᠠ︔ ᠴᠢᠩ ᠯᠦᠩ ᠱᠠᠨ ᠠᠮᠲᠠᠲᠤ ᠲᠥᠮᠥᠰᠥ ᠶᠢᠨ ᠠᠵᠤ ᠦᠢᠯᠡᠰ ᠤᠨ ᠬᠦᠷᠢᠶᠡᠯᠡᠩ ᠤᠨ ᠪᠣᠬᠢᠷ ᠤᠰᠤ | ᠰᠢᠢᠳᠪᠦᠷᠢᠯᠡᠬᠦ ᠦᠢᠯᠡᠳᠪᠦᠷᠢ ᠡᠵᠡᠩᠨᠡᠬᠦ ᠨᠥᠬᠦᠴᠡᠯ ᠢ ᠪᠦᠷᠢᠯᠳᠦᠭᠦᠯᠪᠡ᠃ ᠭᠤᠤᠯ ᠬᠤᠲᠠ ᠶᠢᠨ ᠲᠣᠭᠤᠷᠢᠭ ᠤᠨ | ᠬᠤᠶᠠᠳᠤᠭᠠᠷ ᠢᠯᠴᠢ ᠶᠢᠨ ᠢᠷᠡᠯᠲᠡ ᠶᠢ ᠠᠮᠵᠢᠯᠲᠠ ᠲᠠᠢ ᠨᠡᠭᠡᠭᠡᠵᠦ᠂ 150 ᠲᠦᠮᠡᠨ ᠲᠡᠭᠰᠢ ᠳᠥᠷᠪᠡᠯᠵᠢᠨ ᠮᠧᠲᠷ | ᠢᠯᠴᠢ ᠬᠠᠩᠭᠠᠬᠤ ᠪᠠᠲᠤᠯᠠᠭ᠎ᠠ ᠶᠢᠨ ᠴᠢᠳᠠᠪᠤᠷᠢ ᠶᠢ ᠰᠢᠨ᠎ᠡ ᠪᠠᠷ ᠨᠡᠮᠡᠭᠳᠡᠭᠦᠯᠵᠦ᠂ ᠢᠯᠴᠢ ᠬᠠᠩᠭᠠᠬᠤ ᠪᠡᠷᠬᠡ | ᠠᠰᠠᠭᠤᠳᠠᠯ ᠢ ᠰᠢᠢᠳᠪᠦᠷᠢᠯᠡᠪᠡ᠃ ᠰᠤᠮᠤ ᠰᠢᠶᠠᠩ ᠪᠠᠯᠭᠠᠰᠤᠨ ᠤ ᠶᠡᠷᠦᠩᠬᠡᠶ ᠲᠥᠯᠥᠪᠵᠢᠭᠦᠯᠭᠡ ᠶᠢ ᠨᠠᠶᠢᠷᠠᠭᠤᠯᠤᠨ | ᠵᠣᠬᠢᠶᠠᠬᠤ ᠶᠢ ᠪᠡᠶᠡᠯᠡᠭᠦᠯᠵᠦ᠂ ᠬᠥᠳᠡᠭᠡ ᠲᠣᠰᠬᠤᠨ ᠤ ᠨᠤᠷᠠᠬᠤ ᠠᠶᠤᠯᠲᠠᠶ ᠬᠡᠷ ᠪᠠᠶᠢᠰᠢᠩ 48 ᠡᠷᠦᠬᠡ᠂ | ᠡᠷᠦᠬᠡ ᠶᠢᠨ ᠵᠣᠷᠯᠣᠩ 1997 ᠥᠭᠡᠷᠡᠴᠢᠯᠡᠨ ᠵᠠᠰᠠᠵᠤ᠂ ᠳᠠᠴᠢᠨᠲᠠᠯ᠎ᠠ ᠪᠠᠯᠭᠠᠰᠤᠨ ᠤ ᠱᠧᠩ ᠯᠢ ᠲᠣᠰᠬᠤᠨ ᠪᠥᠬᠦ | ᠤᠯᠤᠰ ᠤᠨ ᠬᠥᠳᠡᠭᠡ ᠲᠣᠰᠬᠤᠨ ᠤ ᠵᠠᠰᠠᠯᠲᠠ ᠶᠢᠨ ᠵᠢᠱᠢᠶ᠎ᠡ ᠦᠵᠡᠭᠦᠯᠬᠦ ᠲᠣᠰᠬᠤᠨ ᠢᠶᠠᠷ ᠦᠨᠡᠯᠡᠭᠳᠡᠪᠡ᠃ ︽ | ᠯᠢᠶᠤᠤᠨᠢᠩ ᠤᠨ ᠪᠠᠷᠠᠭᠤᠨ ᠬᠤᠶᠢᠲᠤ︾ ᠤᠰᠤ ᠬᠠᠩᠭᠠᠬᠤ ᠲᠦᠩᠯᠢᠶᠣᠣ ᠶᠢᠨ ᠰᠠᠯᠪᠤᠷᠢ ᠱᠤᠭᠤᠮ ᠤᠨ ᠢᠨᠵᠧᠨᠧᠷᠢᠩ | ︵ᠨᠠᠢᠮᠠᠨ ᠤ ᠬᠡᠰᠡᠭ︶ ᠪᠦᠬᠦ ᠲᠠᠯ᠎ᠠ ᠪᠠᠷ ᠠᠵᠢᠯ ᠡᠬᠢᠯᠡᠪᠡ᠃ ᠮᠤᠵᠢ ᠶᠢᠨ ᠵᠠᠮ ᠤᠨ 503 ᠱᠤᠭᠤᠮ ︵ᠨᠠᠢᠮᠠᠨ ᠤ | ᠬᠡᠰᠡᠭ︶ ᠤᠨ ᠵᠠᠮ ᠤᠨ ᠭᠠᠳᠠᠷᠭᠤ ᠶᠢ ᠥᠭᠡᠷᠡᠴᠢᠯᠡᠨ ᠵᠠᠰᠠᠵᠤ᠂ ᠬᠥᠳᠡᠭᠡ ᠲᠣᠰᠬᠤᠨ ᠤ ᠱᠦᠢᠨᠢ ᠵᠠᠮ ᠢ 134 | ᠺᠢᠯᠤᠮᠧᠲᠷ ᠳᠡᠪᠢᠰᠴᠦ᠂ ᠬᠥᠳᠡᠭᠡ ᠲᠣᠰᠬᠤᠨ ᠤ 163 ᠺᠢᠯᠤᠮᠧᠲᠷ ᠵᠠᠰᠠᠮᠠᠯ ᠵᠠᠮ ᠢ ᠠᠷᠠᠴᠢᠯᠠᠨ ᠬᠠᠮᠠᠭᠠᠯᠠᠪᠠ᠃ | ᠬᠦᠴᠦᠳᠡᠯ ᠦᠭᠡᠷᠡᠴᠢᠯᠡᠬᠦ ᠥᠷᠲᠡᠭᠡ ᠶᠢ 4ᠠᠵᠢᠯ ᠡᠬᠢᠯᠡᠭᠦᠯᠦᠨ ᠪᠠᠶᠢᠭᠤᠯᠵᠤ᠂ ᠬᠥᠳᠡᠭᠡ ᠲᠣᠰᠬᠤᠨ ᠤ 188 | ᠺᠢᠯᠤᠮᠧᠲᠷ ᠤᠨ ᠴᠠᠬᠢᠯᠭᠠᠨ ᠲᠣᠣᠷ ᠢ ᠥᠭᠡᠷᠡᠴᠢᠯᠡᠵᠦ᠂ ᠴᠠᠬᠢᠯᠭᠠᠨ ᠬᠠᠩᠭᠠᠬᠤ ᠴᠢᠳᠠᠪᠤᠷᠢ 4 ᠲᠦᠮᠡᠨ ᠬᠢᠯᠦᠸᠠᠲ | ᠠᠮᠫᠧᠷ ᠰᠢᠨ᠎ᠡ ᠪᠠᠷ ᠨᠡᠮᠡᠭᠳᠡᠪᠡ᠃ ᠬᠤᠷᠴᠢᠨ ᠤ ᠡᠯᠡᠰᠦᠷᠬᠡᠭ ᠭᠠᠵᠠᠷ ᠢ ᠰᠦᠨᠦᠭᠡᠬᠦ ᠳᠠᠶᠢᠯᠠᠯᠳᠤᠭᠠᠨ ᠢ ᠵᠢᠩᠬᠢᠨᠢ ᠪᠠᠷ | ᠡᠬᠢᠯᠡᠭᠦᠯᠵᠦ᠂ ᠭᠠᠵᠠᠷ ᠰᠢᠷᠣᠢ ᠶᠢᠨ ᠡᠬᠢ ᠪᠠᠶᠠᠯᠢᠭ ᠢ ᠵᠢᠷᠤᠮᠵᠢᠭᠤᠯᠤᠨ ᠬᠠᠮᠢᠶᠠᠷᠬᠤ ᠲᠤᠰᠬᠠᠢ ᠠᠵᠢᠯᠯᠠᠭ᠎ᠠ ᠶᠢ | ᠥᠷᠨᠢᠭᠦᠯᠵᠦ᠂ ᠤᠢ ᠰᠢᠭᠤᠢ ᠶᠢᠨ ᠠᠮᠢ ᠠᠬᠤᠢ ᠶᠢ 72 ᠲᠦᠮᠡᠨ ᠮᠤ᠋ ᠵᠠᠰᠠᠵᠦ᠂ ᠪᠠᠶᠢᠭᠠᠯᠢᠯᠢᠭ ᠨᠤᠲᠤᠭ ᠪᠡᠯᠴᠢᠭᠡᠷ ᠢ | 10 ᠲᠦᠮᠡᠨ ᠮᠦ ᠵᠠᠰᠠᠨ ᠰᠡᠭᠦᠭᠡᠵᠦ᠂ ᠦᠨᠳᠦᠰᠦᠨ ᠨᠤᠲᠤᠭ ᠪᠡᠯᠴᠢᠭᠡᠷ ᠢ ᠬᠤᠪᠢᠶᠠᠷᠢᠯᠠᠨ ᠲᠣᠭᠲᠠᠭᠠᠭᠰᠠᠨ ᠪᠠ | ᠲᠤᠬᠢᠷᠠᠭᠤᠯᠤᠭᠰᠠᠨ ᠦᠷ᠎ᠡ ᠪᠦᠲᠦᠭᠡᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠬᠡᠷᠡᠭᠯᠡᠪᠡ᠃ ᠰᠤᠯᠠ ᠪᠠᠶᠢᠭ᠎ᠠ ᠭᠠᠵᠠᠷ | ᠰᠢᠷᠤᠢ ᠶᠢ 108.6 ᠾᠧᠺᠲ᠋ᠠᠷ ᠰᠢᠢᠳᠪᠦᠷᠢᠯᠡᠵᠦ᠂ ᠵᠦᠪᠰᠢᠶᠡᠷᠡᠭᠰᠡᠨ ᠪᠤᠯᠪᠠᠴᠦ ᠬᠠᠩᠭᠠᠭᠠᠳᠤᠢ ᠭᠠᠵᠠᠷ ᠰᠢᠷᠤᠢ ᠶᠢ | 79.2ᠾᠧᠺᠲ᠋ᠠᠷ ᠰᠢᠩᠭᠡᠭᠡᠪᠡ᠃ ᠠᠭᠠᠷ ᠮᠠᠨᠳᠠᠯ᠂ ᠤᠰᠤ᠂ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ | ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠦᠨ᠂ ᠠᠮᠢ ᠠᠬᠤᠢ ᠶᠢᠨ ᠤᠷᠴᠢᠨ ᠲᠤᠭᠤᠷᠢᠨ ᠤ ᠶᠠᠰᠤ ᠴᠢᠨᠠᠷ | ᠦᠷᠭᠦᠯᠵᠢᠯᠡᠨ ᠰᠠᠶᠢᠵᠢᠷᠠᠪᠠ᠃ | —— ᠪᠤᠳᠠᠳᠤ ᠶᠠᠪᠤᠳᠠᠯ ᠬᠢᠵᠦ᠂ ᠪᠤᠶᠠᠨ ᠵᠢᠷᠭᠠᠯ ᠢ ᠨᠡᠮᠡᠭᠳᠡᠭᠦᠯᠵᠦ᠂ ᠠᠷᠠᠳ ᠤᠨ ᠠᠮᠢᠳᠤᠷᠠᠯ ᠤᠨ | ᠪᠠᠲᠤᠯᠠᠭ᠎ᠠ ᠨᠡᠩ ᠬᠦᠴᠦᠲᠡᠢ ᠪᠣᠯᠪᠠ᠃ ᠠᠵᠤ ᠠᠬᠤᠢ ᠶᠢᠨ ᠪᠠᠭᠤᠷᠠᠯᠲᠠ ᠶᠢᠨ ᠳᠠᠷᠤᠭᠠᠰᠤ ᠬᠦᠩᠭᠡᠷᠡᠵᠦ᠂ ᠵᠠᠰᠠᠭ ᠤᠨ | ᠣᠷᠳᠣᠨ ᠤ ᠥᠷᠢ ᠥᠭᠴᠡᠭᠡ ᠶᠢ ᠠᠷᠢᠯᠭᠠᠬᠤ ᠬᠦᠴᠢᠷᠳᠡᠯ ᠢ ᠢᠯᠠᠨ ᠳᠠᠪᠠᠵᠤ᠂ ᠠᠷᠠᠳ ᠤᠨ ᠠᠮᠢᠳᠤᠷᠠᠯ ᠤᠨ | ᠵᠠᠷᠤᠯᠭ᠎ᠠ 43.5 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠡᠩ ᠤᠨ ᠣᠯᠠᠨ ᠨᠡᠶᠢᠲᠡ ᠶᠢᠨ ᠲᠦᠰᠦᠪ ᠤᠨ | ᠵᠠᠷᠤᠯᠭ᠎ᠠ ᠶᠢᠨ 78.5% ᠶᠢ ᠡᠵᠡᠯᠡᠵᠦ᠂ 33.5% ᠪᠠᠷ ᠨᠡᠮᠡᠭᠳᠡᠪᠡ᠃ ᠠᠳᠠᠯ ᠦᠢᠯᠡᠰ ᠴᠣᠭᠴᠠᠯᠠᠬᠤ ᠳᠠᠭᠠᠭᠠᠯᠲᠠ | ᠶᠢᠨ ᠵᠢᠭᠡᠯᠡᠯᠭᠡ ᠶᠢ 2128 ᠲᠦᠮᠡᠨ ᠲᠥᠭᠦᠷᠢᠭ ᠲᠠᠯᠪᠢᠪᠠ︔ ᠬᠤᠲᠠ ᠪᠠᠯᠭᠠᠰᠤᠨ ᠤ 2174 ᠬᠥᠮᠦᠨ ᠳᠤ | ᠰᠢᠨ᠎ᠡ ᠪᠠᠷ ᠠᠵᠢᠯ ᠣᠯᠭᠤᠵᠤ᠂ ᠵᠢᠯ ᠤᠨ ᠡᠭᠦᠷᠭᠡ ᠶᠢᠨ 240% ᠶᠢ ᠪᠡᠶᠡᠯᠡᠭᠦᠯᠪᠡ︔ ᠬᠥᠳᠡᠭᠡ ᠲᠣᠰᠬᠤᠨ ᠤ | ᠬᠥᠳᠡᠯᠮᠦᠷᠢ ᠬᠦᠴᠦᠨ ᠢ 6.1 ᠲᠦᠮᠡ ᠠᠴᠠ ᠳᠡᠭᠡᠭᠰᠢ ᠰᠢᠯᠵᠢᠭᠦᠯᠪᠡ︔ ᠬᠥᠯᠥᠰᠥᠨ ᠠᠵᠢᠯᠴᠢᠨ ᠤ ︽ | ᠦᠷᠢᠲᠦᠭᠰᠡᠨ ᠴᠠᠯᠢᠩ︾ ᠢ 2600 ᠲᠦᠮᠡᠨ ᠲᠥᠭᠦᠷᠢᠭ ᠨᠡᠬᠡᠮᠵᠢᠯᠡᠨ ᠠᠪᠴᠢᠷᠠᠪᠠ᠃ ᠣᠯᠠᠨ ᠲᠦᠮᠡᠨ ᠤ ᠰᠤᠷᠭᠠᠨ | ᠬᠥᠮᠦᠵᠢᠯ ᠤᠨ ᠬᠡᠷᠡᠭᠴᠡᠭᠡ ᠱᠠᠭᠠᠷᠳᠠᠯᠭ᠎ᠠ ᠳᠤ ᠬᠠᠷᠢᠭᠤᠯᠲᠠ ᠥᠭᠴᠦ᠂ 3.8 ᠲᠦᠮᠡᠨ ᠲᠡᠭᠰᠢ ᠳᠥᠷᠪᠡᠯᠵᠢᠨ ᠮᠧᠲᠷ | ᠰᠤᠷᠭᠠᠭᠤᠯᠢ ᠶᠢᠨ ᠪᠠᠶᠢᠷᠢ ᠶᠢ ᠰᠢᠨ᠎ᠡ ᠪᠠᠷ ᠪᠠᠶᠢᠭᠤᠯᠵᠤ᠂ ᠰᠤᠷᠤᠭᠴᠢ ᠶᠢᠨ ᠤᠷᠤ 1200 ᠰᠢᠨ᠎ᠡ ᠪᠠᠷ ᠨᠡᠮᠡᠭᠳᠡᠪᠡ᠃ | ᠤᠯᠠᠨ ᠤᠯᠤᠰ ᠤᠨ ᠡᠮᠡᠭᠲᠡᠶᠢᠴᠤᠳ ᠳᠤᠤᠷ ᠪᠦᠮᠪᠦᠭᠡ ᠶᠢᠨ ᠳᠤᠭᠤᠷᠢᠨ ᠦᠵᠡᠬᠦ ᠤᠷᠤᠯᠳᠤᠭᠠᠨ ᠢ ᠳᠠᠭᠠᠭᠠᠴᠢᠯᠠᠨ | ᠡᠷᠬᠢᠯᠡᠵᠦ᠂ ᠮᠠᠨ ᠤ ᠬᠤᠰᠢᠭᠤᠨ ᠤ ᠲᠠᠮᠢᠷᠴᠢᠳ ᠪᠥᠬᠦ ᠣᠷᠣᠨ ᠤ ︽ᠠᠷᠪᠠᠨ ᠲᠠᠪᠤᠳᠤᠭᠠᠷ ᠬᠤᠭᠤᠴᠠᠭᠠᠨ ᠤ | ᠲᠠᠮᠢᠷ ᠤᠨ ᠴᠤᠭᠯᠠᠭᠠᠨ︾ ᠳᠤ ᠰᠢᠯᠢᠳᠡᠭ ᠠᠮᠵᠢᠯᠲᠠ ᠤᠯᠵᠤ᠂ ᠵᠠᠯᠠᠭᠤ ᠪᠠᠭᠠᠴᠤᠳ ᠤᠨ ᠠᠵᠢᠯ ᠤᠨ ᠴᠢᠯᠦᠬᠡᠨ ᠤ | ᠪᠡᠶ᠎ᠡ ᠶᠢᠨ ᠳᠠᠮᠢᠷ ᠤᠨ ᠰᠤᠷᠭᠠᠭᠤᠯᠢ ᠤᠯᠤᠰ ᠤᠨ ᠦᠨᠳᠤᠷ ᠬᠢᠷᠢ ᠲᠦᠪᠰᠢᠨ ᠪᠦᠬᠦᠢ ᠪᠡᠶ᠎ᠡ ᠶᠢᠨ ᠳᠠᠮᠢᠷ ᠤᠨ | ᠪᠡᠯᠡᠳᠬᠡᠯ ᠴᠢᠳᠠᠪᠤᠷᠢᠳᠠᠨ ᠤ ᠰᠠᠭᠤᠷᠢᠨ ᠭᠠᠵᠠᠷ ᠢᠶᠠᠷ ᠦᠨᠡᠯᠡᠭᠳᠡᠪᠡ᠃ ᠬᠤᠰᠢᠭᠤᠨ ᠤ ᠨᠤᠮ ᠤᠨ ᠰᠠᠩ ᠤᠯᠤᠰ ᠤᠨ | ᠨᠢᠭᠡᠳᠦᠭᠡᠷ ᠳᠡᠰ ᠤᠨ ᠰᠠᠩ ᠢᠶᠠᠷ ᠦᠨᠡᠯᠡᠭᠳᠡᠪᠡ᠃ ᠴᠧᠨ ᠭᠦᠸᠧ ᠭᠦᠩᠵᠦ ᠶᠢᠨ ᠣᠩᠭᠤᠨ ᠤ ᠬᠠᠨ᠎ᠠ ᠶᠢᠨ ᠵᠢᠷᠤᠭ ᠢ | ᠬᠠᠮᠠᠭᠠᠯᠠᠨ ᠰᠡᠷᠭᠦᠭᠡᠬᠦ ᠢᠨᠵᠧᠨᠧᠷᠢᠩ ᠢ ᠡᠬᠢᠯᠡᠨ ᠬᠡᠷᠡᠭᠵᠢᠭᠦᠯᠵᠦ᠂ ᠴᠢᠩ ᠯᠦᠩ ᠱᠠᠨ ᠪᠠᠯᠭᠠᠰᠤᠨ ᠤ ᠰᠧ ᠢ | ᠲᠣᠰᠬᠤᠨ ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ | ᠲᠣᠰᠬᠤᠨ ᠢᠶᠠᠷ ᠦᠨᠡᠯᠡᠭᠳᠡᠪᠡ᠃ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠥᠪᠡᠷᠲᠡᠭᠡᠨ ᠵᠠᠰᠠᠬᠤ ᠣᠷᠣᠨ ᠤ | ᠳᠠᠬᠢᠨ ᠬᠢᠨᠠᠯᠲᠠ ᠳᠤ ᠬᠢᠷᠢ ᠲᠡᠩᠴᠡᠪᠡ᠃ ᠨᠡᠶᠢᠭᠡᠮ ᠤᠨ ᠪᠠᠲᠤᠯᠠᠭ᠎ᠠ ᠶᠢᠨ ᠬᠡᠪᠴᠢᠶ᠎ᠡ ᠶᠢ ᠥᠷᠭᠡᠳᠬᠡᠨ ᠪᠠᠷᠢᠮᠵᠢᠶ᠎ᠠ ᠶᠢ | ᠳᠡᠭᠡᠭᠰᠢᠯᠡᠭᠦᠯᠵᠦ᠂ ᠲᠤᠰᠢᠶᠠᠬᠤ ᠶᠣᠰᠣᠲᠠᠶ ᠶᠢ ᠨᠢ ᠪᠦᠬᠦᠨ ᠢ ᠲᠤᠰᠢᠶᠠᠵᠤ᠂ ᠪᠠᠲᠤᠯᠠᠬᠤ ᠶᠣᠰᠣᠲᠠᠶ ᠶᠢ ᠨᠢ ᠪᠦᠬᠦᠨ ᠢ | ᠪᠠᠲᠤᠯᠠᠵᠤ᠂ ᠡᠯ᠎ᠡ ᠲᠥᠷᠥᠯ ᠤᠨ ᠠᠪᠤᠷᠠᠨ ᠲᠤᠰᠠᠯᠠᠬᠤ ᠨᠥᠬᠦᠪᠥᠷᠢ ᠪᠠᠯᠠ ᠮᠥᠩᠭᠦ ᠨᠡᠶᠢᠲᠡ 2.2 ᠳ᠋ᠦᠩᠰᠢᠭᠤᠷ | ᠲᠥᠭᠦᠷᠢᠭ ᠲᠠᠷᠬᠠᠭᠠᠵᠤ᠂ 7.4 ᠲᠦᠮᠡᠨ ᠬᠦᠴᠢᠷᠳᠡᠯᠲᠡᠶ ᠣᠯᠠᠨ ᠲᠦᠮᠡᠨ ᠳᠤ ᠠᠰᠢᠭ ᠬᠦᠷᠲᠡᠭᠡᠪᠡ᠃ | —— ᠥᠭᠡᠷᠡᠴᠢᠯᠡᠯᠲᠡ ᠶᠢ ᠠᠳᠬᠤᠵᠤ᠂ ᠰᠢᠨ᠎ᠡ ᠶᠢ ᠡᠭᠦᠳᠬᠦ ᠶᠢ ᠡᠷᠢᠯᠬᠢᠯᠡᠵᠦ᠂ ᠬᠥᠭᠵᠢᠯᠲᠡ ᠶᠢᠨ | ᠬᠥᠳᠡᠯᠭᠡᠬᠦ ᠬᠦᠴᠦᠨ ᠨᠡᠩ ᠴᠢᠩᠭ᠎ᠠ ᠪᠣᠯᠪᠠ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ | ᠰᠢᠯᠢᠳᠡᠭ ᠪᠣᠯᠬᠤ ᠪᠠᠷ ᠴᠢᠷᠮᠠᠶᠢᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠲᠤ ᠢᠯᠭᠠᠭ᠎ᠠ ᠥᠬᠡᠶ ᠭᠥᠯᠢᠶᠡᠨ ᠠᠪᠬᠤ ᠨᠣᠷᠮ᠎ᠠ᠂ ᠪᠥᠬᠦ ᠶᠠᠪᠤᠴᠠ ᠶᠢ ᠰᠦᠯᠵᠢᠶ᠎ᠡ ᠪᠠᠷ | ᠭᠦᠢᠴᠡᠳᠭᠡᠬᠦ ᠨᠣᠷᠮ᠎ᠠ ᠴᠥᠮ 90% ᠠᠴᠠ ᠳᠡᠭᠡᠭᠰᠢ ᠳᠤ ᠬᠦᠷᠪᠡ᠃ ᠢᠨᠵᠧᠨᠧᠷᠢᠩ ᠤᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠬᠤᠭᠤᠴᠠᠭ᠎ᠠ ᠶᠢ ᠬᠠᠮᠤᠭ ᠤᠷᠲᠤ ᠳᠠᠭᠠᠨ 35 | ᠠᠵᠢᠯᠯᠠᠬᠤ ᠡᠳᠦᠷ ᠪᠣᠯᠭᠠᠨ ᠪᠠᠭᠠᠰᠬᠠᠪᠠ᠃ ᠠᠵᠤ ᠠᠬᠤᠶᠢᠯᠠᠯ ᠳᠤ ︽ᠨᠢᠭᠡ ᠦᠷᠲᠡᠭᠡᠴᠢᠯᠡᠬᠦ︾ ᠦᠢᠯᠡᠴᠢᠯᠡᠭᠡ | ᠡᠷᠬᠢᠯᠡᠬᠦ ᠶᠢ ᠬᠡᠷᠡᠭᠵᠢᠭᠦᠯᠵᠦ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ 4546 ᠡᠷᠦᠬᠡ | ᠰᠢᠨ᠎ᠡ ᠪᠠᠷ ᠨᠡᠮᠡᠭᠳᠡᠪᠡ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ ᠠᠬᠢᠭᠤᠯᠵᠤ᠂ ᠭᠤᠣᠯ ᠦᠢᠯᠡᠰ ᠢ ᠨᠡᠩ ᠲᠥᠪᠯᠡᠷᠡᠭᠦᠯᠵᠦ᠂ ᠲᠤᠬᠠᠶᠢᠯᠠᠭᠰᠠᠨ ᠠᠵᠢᠯ ᠤᠨ | ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ ᠡᠵᠡᠩᠨᠡᠯᠲᠡ ᠶᠢᠨ ᠶᠠᠰᠤ ᠴᠢᠨᠠᠷ ᠦᠷ᠎ᠡ ᠠᠰᠢᠭ ᠢ | ᠲᠣᠭᠲᠠᠭᠤᠨ ᠢᠶᠠᠷ ᠳᠡᠭᠡᠭᠰᠢᠯᠡᠭᠦᠯᠪᠡ᠃ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠭᠠᠶᠢᠯᠢ ᠪᠤᠴᠠᠭᠠᠬᠤ ᠪᠠ ᠰᠢᠨ᠎ᠡ ᠪᠠᠷ ᠨᠡᠮᠡᠭᠳᠡᠭᠰᠡᠨ | ᠭᠠᠶᠢᠯᠢ ᠶᠢᠨ ᠰᠦᠢᠳᠬᠡᠯ ᠢ ᠨᠡᠶᠢᠲᠡ 3.9 ᠳ᠋ᠦᠩᠰᠢᠭᠤᠷ ᠲᠥᠭᠦᠷᠢᠭ ᠬᠠᠰᠤᠵᠤ ᠬᠡᠯᠲᠦᠷᠢᠭᠦᠯᠪᠡ᠃ ᠤᠯᠤᠰ ᠤᠨ | ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 2 ᠪᠤᠶᠢᠵᠢᠭᠤᠯᠵᠤ᠂ ᠬᠤᠲᠠ ᠶᠢᠨ ᠱᠠᠲᠤᠨ ᠠᠴᠠ ᠳᠡᠭᠡᠭᠰᠢᠬᠢ | ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ ᠰᠢᠨ᠎ᠡ ᠪᠠᠷ 3 ᠨᠡᠮᠡᠭᠳᠡᠵᠦ᠂ ᠥᠪᠡᠷᠲᠡᠭᠡᠨ ᠵᠠᠰᠠᠬᠤ ᠣᠷᠣᠨ ᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ 12 | ᠬᠥᠮᠥᠷᠭᠡ ᠳᠤ ᠣᠷᠣᠭᠤᠯᠪᠠ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠶᠡᠬᠡᠪᠡᠷ ᠥᠷᠨᠢᠭᠦᠯᠵᠦ᠂ 88 | ᠭᠤᠣᠯᠳᠠᠯᠭ᠎ᠠ ᠲᠠᠢ ᠲᠥᠷᠥᠯ ᠵᠦᠢᠯ ᠢ ᠣᠷᠣᠭᠤᠯᠤᠨ ᠠᠪᠴᠢᠷᠠᠵᠤ᠂ 70 ᠳ᠋ᠦᠩᠰᠢᠭᠤᠷ ᠲᠥᠭᠦᠷᠢᠭ ᠤᠨ ᠪᠡᠯᠡ | ᠮᠥᠩᠭᠦ ᠶᠢ ᠪᠣᠳᠠᠲᠠᠶᠢᠵᠢᠭᠤᠯᠵᠤ᠂ ᠭᠠᠳᠠᠭᠠᠳᠤ ᠶᠢᠨ ᠪᠡᠯᠡ ᠮᠦᠩᠭᠦ ᠶᠢ ᠲᠠᠲᠠᠬᠤ ᠪᠠ ᠠᠰᠢᠭᠯᠠᠬᠤ ᠳᠤ ᠰᠢᠨ᠎ᠡ | ᠰᠢᠪᠲᠤᠯᠤᠯᠲᠠ ᠲᠠᠢ ᠪᠤᠯᠵᠤ᠂ ᠮᠠᠨ ᠤ ᠬᠤᠰᠢᠭᠤ ᠪᠥᠬᠦ ᠣᠷᠣᠨ ᠤ ᠬᠤᠳᠠᠯᠳᠤᠭᠠᠴᠢᠨ ᠤᠷᠢᠵᠤ ᠪᠠᠯᠠ | ᠣᠷᠣᠭᠤᠯᠤᠭᠰᠠᠨ ᠲᠡᠷᠢᠭᠦᠨ ᠤ ᠬᠠᠮᠲᠤ ᠨᠡᠶᠢᠲᠡ ᠪᠠᠷ ᠦᠨᠡᠯᠡᠭᠳᠡᠪᠡ᠃ | ——ᠬᠤᠷᠢᠭ᠎ᠠ ᠱᠤᠭᠤᠮ ᠢ ᠰᠠᠬᠢᠵᠤ᠂ ᠠᠮᠤᠷ ᠲᠦᠪᠰᠢᠨ ᠢ ᠪᠠᠲᠤᠯᠠᠵᠤ᠂ ᠨᠡᠶᠢᠭᠡᠮ ᠤᠨ | ᠵᠠᠰᠠᠯᠲᠠ ᠪᠦᠲᠦᠮᠵᠢᠲᠡᠢ ᠪᠤᠯᠪᠠ᠃ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ | ᠲᠥᠯᠥᠪᠵᠢᠭᠦᠯᠭᠡ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠬᠤᠰᠢᠭᠤᠨ ᠤ ᠵᠠᠮ ᠬᠠᠷᠢᠯᠴᠠᠭᠠᠨ ᠤ ᠭᠡᠨᠡᠳᠡᠯ ᠢ ᠠᠷᠠᠳ | ᠠᠴᠠ ᠡᠶᠡᠳᠡᠭᠦᠯᠬᠦ ᠵᠦᠪᠯᠡᠯ ᠪᠥᠬᠦ ᠤᠯᠤᠰ ᠤᠨ ᠵᠢᠱᠢᠶᠡᠴᠢ ᠠᠷᠠᠳ ᠠᠴᠠ ᠡᠶᠡᠳᠡᠭᠦᠯᠬᠦ ᠵᠥᠪᠯᠡᠯ ᠢᠶᠠᠷ ᠦᠨᠡᠯᠡᠭᠳᠡᠵᠦ᠂ | ᠳᠠᠴᠢᠨᠲᠠᠯ᠎ᠠ ᠪᠠᠯᠭᠠᠰᠤᠨ ᠤ ᠯᠢᠦ ᠵᠢᠶᠠ ᠫᠦ᠋ ᠲᠣᠰᠬᠤᠨ ᠪᠥᠬᠦ ᠤᠯᠤᠰ ᠤᠨ ᠠᠷᠠᠳᠴᠢᠯᠠᠯ ᠬᠠᠤᠯᠢ ᠪᠠᠷ ᠵᠠᠰᠠᠬᠤ ᠵᠢᠱᠢᠶ᠎ᠡ | ᠦᠵᠡᠭᠦᠯᠬᠦ ᠲᠣᠰᠬᠤᠨ ᠢᠶᠠᠷ ᠦᠨᠡᠯᠡᠭᠳᠡᠪᠡ᠃ ᠳᠣᠲᠣᠭᠠᠳᠤ ᠶᠢ ᠬᠠᠮᠠᠭᠠᠯᠠᠬᠤ ᠶᠠᠮᠤᠨ ᠤ ᠰᠢᠪᠠᠳᠠᠨ | ᠰᠢᠢᠳᠪᠦᠷᠢᠯᠡᠭᠦᠯᠦᠭᠰᠡᠨ 4 ᠬᠡᠷᠡᠭ ᠢ ᠰᠢᠢᠳᠪᠦᠷᠢᠯᠡᠵᠦ᠂ ᠳᠦᠷᠪᠡᠨ ᠵᠢᠯ ᠳᠠᠷᠠᠭᠠᠯᠠᠨ 50 ᠲᠦᠮᠡᠨ ᠲᠥᠭᠦᠷᠢᠭ ᠠᠴᠠ | ᠳᠡᠭᠡᠭᠰᠢᠬᠢ ᠴᠠᠬᠢᠯᠭᠠᠨ ᠬᠤᠯᠪᠤᠭᠠᠨ ᠤ ᠮᠡᠬᠡᠯᠡᠯ ᠤᠨ ᠬᠡᠷᠡᠭ ᠡᠭᠦᠰᠦᠭᠰᠡᠨ ᠦᠭᠡᠢ ᠪᠠᠶᠢᠵᠤ᠂ ᠳᠣᠲᠣᠭᠠᠳᠤ ᠶᠢ | ᠬᠠᠮᠠᠭᠠᠯᠠᠬᠤ ᠮᠡᠳᠡᠭᠡ ᠵᠠᠩᠭᠢᠵᠢᠯᠲᠠ ᠶᠢᠨ ᠪᠦᠳᠦᠭᠡᠨ ᠪᠠᠶᠢᠭᠤᠯᠤᠯᠲᠠ ᠪᠦᠬᠦ ᠣᠷᠣᠨ ᠤ ᠡᠮᠦᠨ᠎ᠡ ᠡᠩᠨᠡᠭᠡᠨ ᠳᠤ ᠣᠷᠣᠪᠠ | ᠃ ᠠᠶᠤᠯᠭᠦᠢ ᠦᠢᠯᠡᠳᠪᠦᠷᠢᠯᠡᠯ ᠤᠨ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ | ᠪᠠᠶᠢᠩᠭᠤᠵᠢᠭᠤᠯᠤᠨ ᠥᠷᠨᠢᠭᠦᠯᠵᠦ᠂ ᠠᠳᠡᠯ ᠭᠠᠷᠤᠭᠰᠠᠨ ᠲᠤᠭ᠎ᠠ ᠪᠣᠯᠤᠨ ᠠᠳᠡᠭᠰᠡᠨ ᠬᠥᠮᠦᠨ ᠤ ᠲᠤᠭ᠎ᠠ ᠠᠳᠠᠯᠢ | ᠬᠤᠭᠤᠴᠠᠭᠠᠨ ᠤ ᠬᠢ ᠠᠴᠠ ᠪᠠᠭᠤᠷᠠᠵᠤ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠦᠷᠭᠦᠯᠵᠢᠯᠡᠨ ᠰᠠᠶᠢᠵᠢᠷᠠᠪᠠ᠃ | ᠳᠠᠭᠠᠭᠤᠯᠢ ᠣᠳᠣᠨ ᠠᠯᠤᠰ ᠰᠡᠷᠡᠯ ᠤᠨ ᠭᠠᠯ ᠢ ᠰᠡᠷᠭᠡᠶᠢᠯᠡᠨ ᠬᠢᠨᠠᠨ ᠬᠡᠮᠵᠢᠵᠦ ᠰᠡᠷᠡᠮᠵᠢᠯᠡᠭᠦᠯᠬᠦ ᠲᠠᠪᠴᠠᠩ ᠢ | ᠠᠰᠢᠭᠯᠠᠯᠲᠠ ᠳᠤ ᠣᠷᠣᠭᠤᠯᠤᠨ᠂ ᠪᠦᠬᠦ ᠣᠷᠣᠨ ᠳᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠬᠦᠴᠦᠨ ᠢ ᠪᠦᠬᠦ | ᠲᠠᠯ᠎ᠠ ᠪᠠᠷ ᠬᠠᠮᠤᠷᠬᠤ᠂ ᠪᠦᠬᠦ ᠲᠠᠯ᠎ᠠ ᠪᠠᠷ ᠠᠵᠢᠯᠯᠠᠭᠤᠯᠬᠤ ᠶᠢ ᠤᠷᠢᠳᠠᠪᠠᠷ ᠪᠡᠶᠡᠯᠡᠭᠦᠯᠪᠡ᠃ ︽11.6︾ ᠣᠨᠴᠠᠭᠠᠢ | ᠶᠡᠭᠡ ᠴᠠᠰᠤ ᠰᠢᠭᠤᠷᠭᠠᠨ ᠤ ᠭᠠᠮᠰᠢᠭ ᠢ ᠠᠷᠭᠠᠴᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ | ᠲᠥᠪᠰᠢᠨ ᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠪᠠ᠃ ᠢᠳᠡᠭᠡᠨ ᠪᠠ ᠡᠮ ᠤᠨ ᠵᠦᠢᠯ ᠤᠨ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠪᠦᠬᠦ ᠵᠢᠯ ᠳᠤ ᠢᠳᠡᠭᠡᠨ ᠪᠠ ᠡᠮ ᠤᠨ | ᠵᠦᠢᠯ ᠤᠨ ᠠᠮᠤᠷ ᠲᠦᠪᠰᠢᠨ ᠤ ᠬᠦᠨᠳᠦ ᠶᠡᠭᠡ ᠠᠳᠡᠯ ᠭᠠᠷᠤᠭᠰᠠᠨ ᠦᠭᠡᠢ᠃ ᠰᠢᠨ᠎ᠡ ᠴᠠᠭ ᠦᠶ᠎ᠡ ᠶᠢᠨ ︽ᠹᠧᠩ | ᠴᠢᠶᠣᠤ ᠶᠢᠨ ᠲᠤᠷᠰᠢᠯᠭ᠎ᠠ︾ ᠶᠢ ᠰᠢᠨ᠎ᠡ ᠪᠠᠷ ᠡᠭᠦᠳᠦᠨ ᠬᠥᠭᠵᠢᠭᠦᠯᠵᠦ᠂ ᠨᠢᠭᠡ ᠪᠦᠯᠦᠭ ᠵᠠᠬᠢᠳᠠᠯ | ᠰᠤᠷᠪᠤᠯᠵᠢᠯᠠᠭ᠎ᠠ ᠶᠢᠨ ᠬᠦᠴᠢᠷ ᠲᠦᠪᠡᠭᠲᠡᠶ ᠠᠰᠠᠭᠤᠳᠠᠯ ᠢ ᠲᠣᠬᠢᠲᠠᠶ ᠰᠢᠢᠳᠪᠦᠷᠢᠯᠡᠪᠡ᠃ ᠠᠷᠭ᠎ᠠ ᠪᠦᠬᠦᠨ ᠢ | ᠰᠦᠪᠡᠭᠴᠢᠯᠡᠨ᠂ ︽ᠭᠤᠷᠪᠠ ᠶᠢ ᠪᠠᠲᠤᠯᠠᠬᠤ︾ ᠵᠠᠷᠤᠯᠭ᠎ᠠ ᠶᠢ ᠡᠩ ᠲᠡᠷᠢᠭᠦᠨ ᠳᠤ ᠪᠠᠲᠤᠯᠠᠵᠤ᠂ ᠲᠤᠮᠤ ᠶᠠᠪᠤᠳᠠᠯ | ᠴᠢᠬᠤᠯᠠ ᠶᠠᠪᠤᠳᠠᠯ ᠤᠨ ᠪᠡᠯᠡ ᠮᠥᠩᠭᠦ ᠶᠢ ᠭᠦᠢᠴᠡᠳ ᠲᠤᠭ᠎ᠠ ᠪᠠᠷ ᠥᠭᠴᠦ᠂ ᠣᠨ ᠤ ᠥᠷᠢ ᠥᠭᠴᠡᠭᠡ ᠶᠢ | ᠠᠷᠢᠯᠭᠠᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ | ᠨᠢᠭᠡ ᠵᠢᠯ ᠤᠨ ᠲᠤᠷᠰᠢ᠂ ᠪᠢᠳᠡ ᠢᠮᠠᠭᠲᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠪᠠᠬᠢ ᠪᠣᠶ ᠪᠣᠯᠭᠠᠬᠤ ᠪᠠᠷ ᠭᠤᠤᠯ ᠰᠢᠵᠢᠮ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠪᠥᠬᠦ | ᠣᠷᠣᠨ ᠪᠠᠶᠢᠷᠢ ᠶᠢᠨ ᠪᠥᠲᠥᠭᠡᠨ ᠪᠠᠶᠢᠭᠤᠯᠤᠯᠲᠠ ᠶᠢᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠵᠤ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢ ᠠᠬᠢᠭᠤᠯᠬᠤ ᠲᠦᠷᠢᠮ ᠢ ᠪᠠᠲᠤ ᠴᠢᠩᠭ᠎ᠠ ᠬᠡᠷᠡᠭᠵᠢᠭᠦᠯᠦᠨ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠤᠬᠠᠭᠤᠯᠭ᠎ᠠ ᠬᠥᠮᠦᠵᠢᠯ ᠢ ᠢᠯᠡ ᠲᠣᠳᠣ | ᠪᠦᠲᠦᠮᠵᠢᠲᠡᠶ ᠥᠷᠨᠢᠭᠦᠯᠵᠦ᠂ ︽ᠭᠤᠷᠪᠠᠨ ᠲᠥᠯᠥᠪᠯᠡᠭᠡ︾ ᠶᠢ ᠨᠠᠷᠢᠨ ᠬᠢᠨᠠᠮᠠᠭᠠᠢ ᠬᠡᠷᠡᠭᠵᠢᠭᠦᠯᠵᠦ᠂ ᠥᠪᠡᠷᠲᠡᠭᠡᠨ | ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤᠨ ᠤ ᠳᠠᠬᠢᠨ | ᠰᠢᠯᠭᠠᠯᠲᠠ ᠶᠢ ᠪᠡᠶᠡᠯᠡᠭᠦᠯᠪᠡ᠃ | ᠨᠢᠭᠡ ᠵᠢᠯ ᠤᠨ ᠲᠤᠷᠰᠢ᠂ ᠪᠢᠳᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠬᠤᠶᠠᠷ ᠢ | ᠬᠦᠷᠢᠶᠡᠯᠡᠬᠦ ᠪᠠ ᠠᠰᠠᠷᠠᠨ ᠬᠠᠷᠠᠭᠠᠯᠵᠠᠬᠤ᠂ ᠴᠡᠷᠢᠭ ᠠᠴᠠ ᠬᠠᠯᠠᠭᠳᠠᠭᠰᠠᠳ᠂ ᠴᠡᠷᠢᠭ ᠠᠷᠠᠳ ᠤᠨ ᠬᠡᠷᠡᠭᠯᠡᠭᠡ ᠶᠢ | ᠠᠭᠤᠰᠤᠯᠴᠠᠭᠤᠯᠬᠤ᠂ ᠠᠷᠠᠳ ᠤᠨ ᠠᠭᠠᠷ ᠤᠨ ᠰᠡᠷᠭᠡᠶᠢᠯᠡᠯᠲᠡ ᠵᠡᠷᠭᠡ ᠠᠵᠢᠯ ᠢ ᠨᠢᠭᠡᠳᠦᠯᠲᠡᠢ ᠲᠦᠯᠦᠪᠯᠡᠨ | ᠠᠬᠢᠭᠤᠯᠪᠠ︔ ᠭᠠᠳᠠᠭᠠᠳᠤ ᠶᠠᠪᠤᠳᠠᠯ ᠬᠠᠷᠢᠶᠠᠲᠤ ᠶᠢᠨ ᠶᠠᠪᠤᠳᠠᠯ᠂ ᠲᠤᠭ᠎ᠠ ᠪᠦᠷᠢᠳᠬᠡᠯ ᠤᠨ ᠪᠠᠶᠢᠴᠠᠭᠠᠯᠲᠠ᠂ | ᠷᠠᠳᠢᠣ᠋ ᠲᠧᠯᠸᠢᠰ᠂ ᠲᠠᠩᠰᠠ ᠡᠪᠬᠡᠮᠡᠯ ᠲᠡᠦᠬᠡ ᠣᠶᠢᠯᠠᠯᠭ᠎ᠠ᠂ ᠬᠥᠮᠦᠨ ᠠᠮᠠ ᠲᠥᠯᠥᠪᠯᠡᠭᠡᠲᠦ ᠦᠷᠡᠵᠢᠯ᠂ ᠴᠠᠭ ᠠᠭᠤᠷ | ᠂ ᠭᠠᠵᠠᠷ ᠬᠥᠳᠡᠯᠦᠯᠲᠡ᠂ ᠬᠠᠩᠭᠠᠨ ᠪᠤᠷᠤᠯᠠᠭᠤᠯᠤᠯᠲᠠ᠂ ᠰᠢᠤᠳᠠᠨ ᠵᠡᠷᠭᠡ ᠦᠢᠯᠡᠰ ᠰᠢᠨ᠎ᠡ ᠬᠦᠭᠵᠢᠯᠲᠡ ᠲᠠᠢ ᠪᠤᠯᠪᠠ | ︔ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠤᠳᠬ᠎ᠠ | ᠤᠷᠠᠯᠢᠭ ᠤᠨ ᠬᠢᠨ ᠤ ᠬᠤᠯᠪᠣᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠵᠡᠮᠳᠡᠭᠴᠦᠳ ᠤᠨ | ᠬᠤᠯᠪᠣᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠨᠠᠰᠤᠵᠢᠯ᠂ ᠨᠢᠭᠦᠯᠡᠰᠦᠩᠭᠦᠶ ᠶᠢᠨ ᠦᠢᠯᠡᠰ ᠵᠡᠷᠭᠡ ᠣᠯᠠᠨ | ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠦᠢᠯᠡᠳᠦᠯ ᠢᠶᠠᠨ ᠢᠯᠡᠳᠲᠡ ᠪᠠᠳᠠᠷᠠᠭᠤᠯᠪᠠ᠃ | ᠨᠢᠭᠡ ᠵᠢᠯ ᠤᠨ ᠲᠤᠷᠰᠢ᠂ ᠪᠢᠳᠡ ᠤᠯᠤᠰ ᠲᠥᠷᠥ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ | ᠵᠢᠯᠣᠭᠤᠳᠣᠭᠤᠯᠬᠤ ᠶᠢ ᠪᠠᠷᠢᠮᠲᠠᠯᠠᠵᠤ᠂ ᠬᠤᠶᠠᠳᠤᠭᠠᠷ ᠪᠦᠯᠦᠭ ᠤᠨ ᠭᠤᠤᠯ ᠰᠡᠳᠦᠪᠲᠦ ᠬᠥᠮᠦᠵᠢᠯ ᠢ ᠯᠠᠪᠳᠠᠭᠤᠨ | ᠪᠠᠲᠤᠲᠠᠶ ᠥᠷᠨᠢᠭᠦᠯᠵᠦ᠂ ᠣᠯᠠᠨ ᠲᠦᠮᠡᠨ ᠤ ᠬᠠᠯᠠᠮᠵᠢᠯᠠᠨ ᠠᠩᠬᠠᠷᠴᠤ ᠪᠠᠶᠢᠭ᠎ᠠ ᠨᠢᠭᠡ ᠪᠦᠯᠦᠭ ᠬᠦᠴᠢᠷ | ᠠᠰᠠᠭᠤᠳᠠᠯ ᠢ ᠲᠣᠬᠢᠲᠠᠶ ᠰᠢᠢᠳᠪᠦᠷᠢᠯᠡᠵᠦ᠂ ᠵᠠᠰᠠᠭ ᠤᠨ ᠣᠷᠳᠣᠨ ᠠᠴᠠ ᠠᠮᠠᠯᠳᠤᠭᠰᠠᠨ ᠠᠷᠠᠳ ᠤᠨ ᠠᠮᠢᠳᠤᠷᠠᠯ ᠤᠨ | ᠪᠣᠳᠠᠲᠤ ᠶᠠᠪᠤᠳᠠᠯ ᠢ ᠪᠦᠬᠦᠨ ᠢ ᠪᠡᠶᠡᠯᠡᠭᠦᠯᠪᠡ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ | ᠭᠦᠨᠵᠡᠭᠡᠶ ᠦᠢᠯᠡᠳᠦᠯᠭᠡᠵᠢᠭᠦᠯᠵᠦ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ | ᠶᠣᠰᠣᠭᠠᠷ ᠬᠢᠨᠠᠯᠲᠠ ᠲᠠᠯᠪᠢᠬᠤ ᠪᠠ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ | ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠰᠠᠨᠠᠭᠤᠯᠭ᠎ᠠ ᠶᠢ 45 ᠬᠤᠪᠢ | ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ 96 ᠬᠤᠪᠢ ᠭᠦᠢᠴᠡᠳᠬᠡᠪᠡ᠃ | ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢ ᠬᠢᠨᠠᠮᠠᠭᠠᠢ ᠭᠦᠢᠴᠡᠳᠬᠡᠵᠦ᠂ | ᠲᠥᠪ ᠤᠨ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠳ᠋ ᠤᠨ | ᠵᠠᠰᠠᠭ ᠂ ᠬᠢᠨᠠᠨ ᠪᠣᠳᠣᠯᠲᠠ᠂ ᠲᠤᠭ᠎ᠠ ᠪᠦᠷᠢᠳᠬᠡᠯ ᠢ ᠤᠯᠠᠨ ᠲᠠᠯ᠎ᠠ ᠠᠴᠠ ᠵᠡᠷᠭᠡ ᠪᠠᠷ ᠬᠠᠮᠢᠶᠠᠷᠴᠤ᠂ ᠰᠤᠷᠲᠠᠯ | ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠦᠷᠭᠦᠯᠵᠢᠯᠡᠨ ᠪᠠᠬᠢᠵᠢᠭᠦᠯᠪᠡ᠃ | ᠲᠥᠯᠥᠭᠡᠯᠡᠭᠴᠢᠳ ᠡ︕ ᠠᠭᠤᠯᠠ ᠦᠨᠳᠤᠷ ᠵᠠᠮ ᠬᠤᠯᠠ ᠪᠤᠯᠪᠠᠴᠤ ᠦᠩᠭᠡ ᠦᠵᠡᠮᠵᠢ ᠬᠢᠵᠠᠭᠠᠯᠠᠰᠢ | ᠦᠬᠡᠢ ᠰᠠᠶᠢᠬᠠᠨ᠂ ᠠᠭᠤᠯᠠ ᠶᠢ ᠳᠠᠪᠠᠵᠤ ᠤᠰᠤ ᠶᠢ ᠭᠡᠲᠦᠯᠵᠦ ᠪᠤᠴᠠᠯᠲᠠ ᠦᠭᠡᠢ ᠤᠷᠤᠭᠰᠢᠯᠠᠨ᠎ᠠ᠃ ᠨᠢᠭᠡ ᠵᠢᠯ ᠤᠨ | ᠲᠤᠷᠰᠢ᠂ ᠪᠢᠳᠡ ᠲᠦᠷᠦᠯ ᠵᠦᠢᠯ ᠪᠦᠬᠦᠨ ᠤ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠪᠠᠷᠢᠮᠲᠠᠯᠠᠵᠤ᠂ | ᠰᠢᠪᠲᠤᠯᠤᠯᠲᠠ ᠭᠠᠷᠭᠠᠵᠤ᠂ ᠡᠷᠡᠰ ᠪᠠᠲᠤ ᠪᠥᠭᠡᠳ ᠬᠦᠴᠦᠲᠡᠢ ᠠᠯᠬᠤᠭ᠎ᠠ ᠠᠯᠬᠤᠵᠤ᠂ ᠣᠯᠤᠭᠰᠠᠨ ᠲᠠᠪᠰᠢᠯᠳᠠ ᠨᠢ | ᠡᠷᠬᠢᠮ ᠨᠠᠨᠳᠢᠨ ᠪᠠᠶᠢᠵᠤ᠂ ᠲᠡᠮᠡᠴᠡᠯ ᠤᠨ ᠥᠩᠭᠡᠷᠡᠯᠲᠡ ᠨᠢ ᠮᠠᠷᠲᠠᠭᠳᠠᠰᠢ ᠦᠭᠡᠢ ᠶᠤᠮ᠃ ᠠᠮᠵᠢᠯᠲᠠ ᠣᠯᠤᠭᠰᠠᠨ ᠤ | ᠰᠢᠯᠲᠠᠭᠠᠨ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠯᠠᠪᠳᠠᠭᠤᠨ ᠪᠠᠲᠤᠲᠠᠢ ᠦᠢᠯᠡᠳᠦᠯᠭᠡᠵᠢᠭᠦᠯᠵᠦ᠂ ᠨᠠᠮ ᠤᠨ ᠲᠥᠪ ᠬᠤᠷᠢᠶ᠎ᠠ᠂ | ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ | ᠲᠤᠭᠤᠰᠢᠯᠠᠭᠤᠯᠤᠭᠰᠠᠨ ᠤ ᠦᠷ᠎ᠡ ᠳ᠋ᠦᠩ ᠮᠥᠨ︔ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠪᠠ ᠲᠦᠩᠯᠢᠶᠣᠣ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠷᠡᠰ ᠴᠢᠩᠭ᠎ᠠ | ᠤᠳᠤᠷᠢᠳᠤᠯᠭ᠎ᠠ ᠶᠢᠨ ᠦᠷ᠎ᠡ ᠳ᠋ᠦᠩ ᠮᠥᠨ︔ ᠬᠤᠰᠢᠭᠤᠨ ᠤ ᠨᠠᠮ ᠤᠨ ᠬᠤᠷᠢᠶ᠎ᠠ ᠪᠥᠬᠦ ᠬᠤᠰᠢᠭᠤᠨ ᠤ | ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠤ᠂ | ᠰᠢᠷᠭᠠᠭᠤ ᠬᠠᠲᠠᠭᠤᠵᠢᠯᠲᠠᠢ ᠲᠡᠮᠡᠴᠡᠭᠰᠡᠨ ᠤ ᠦᠷ᠎ᠡ ᠳ᠋ᠦᠩ ᠮᠥᠨ︔ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠪᠠ ᠨᠡᠶᠢᠭᠡᠮ ᠤᠨ ᠡᠯ᠎ᠡ | ᠡᠲᠡᠭᠡᠳ ᠬᠦᠴᠦᠲᠡᠶ ᠳᠡᠮᠵᠢᠵᠦ᠂ ᠡᠯ᠎ᠡ ᠰᠠᠯᠠᠭ᠎ᠠ ᠮᠥᠴᠢᠷ ᠤᠨ ᠬᠢᠨ ᠤ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ | ᠭᠦᠢᠴᠡᠳᠬᠡᠵᠦ᠂ ᠵᠢᠳᠬᠦᠯ ᠴᠢᠷᠮᠠᠶᠢᠯᠭ᠎ᠠ ᠭᠠᠷᠭᠠᠭᠰᠠᠨ ᠤ ᠦᠷ᠎ᠡ ᠳ᠋ᠦᠩ ᠮᠥᠨ᠃ ᠠᠳᠡ ᠪᠢ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠦ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ | ᠲᠦᠮᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ | ᠵᠥᠪᠯᠡᠯᠭᠡᠨ ᠤ ᠭᠡᠰᠢᠭᠦᠨ᠂ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠪᠠ ᠠᠬᠠᠮᠠᠳ ᠨᠥᠬᠦᠳ᠂ ᠦᠢᠯᠡᠳᠪᠦᠷᠢ | ᠬᠤᠳᠠᠯᠳᠤᠭᠠᠨ ᠤ ᠬᠤᠯᠪᠣᠭ᠎ᠠ᠂ ᠠᠷᠠᠳ ᠤᠨ ᠪᠦᠯᠬᠦᠮ᠂ ᠠᠵᠤ ᠠᠬᠤᠶᠢᠯᠠᠯᠲᠠᠨ᠂ ᠨᠠᠢᠮᠠᠨ ᠳᠤ ᠰᠠᠭᠤᠭ᠎ᠠ ᠬᠤᠲᠠ ᠶᠢᠨ | ᠰᠢᠭᠤᠳ ᠬᠠᠷᠢᠶ᠎ᠠ ᠨᠢᠭᠡᠴᠢ᠂ ᠴᠢᠯᠥᠭᠡᠯᠡᠬᠦ ᠴᠡᠷᠢᠭ ᠤᠨ ᠵᠢᠯᠣᠭᠤᠳᠣᠭᠴᠢ ᠪᠠᠶᠢᠯᠳᠤᠭᠴᠢ᠂ ᠵᠡᠪᠰᠡᠭᠲᠦ ᠴᠠᠭᠳᠠᠭ᠎ᠠ ᠶᠢᠨ | ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠵᠢᠯᠣᠭᠤᠳᠣᠭᠴᠢ | ᠪᠠᠶᠢᠯᠳᠤᠭᠴᠢ᠂ ᠨᠠᠢᠮᠠᠨ ᠤ ᠪᠥᠲᠥᠭᠡᠨ ᠪᠠᠶᠢᠭᠤᠯᠤᠯᠲᠠ ᠬᠥᠭᠵᠢᠯᠲᠡ ᠳᠤ ᠬᠠᠯᠠᠮᠵᠢᠯᠠᠨ ᠳᠡᠮᠵᠢᠭᠰᠡᠨ ᠪᠠ ᠣᠷᠣᠯᠴᠠᠭᠰᠠᠨ | ᠨᠥᠬᠦᠳ᠂ ᠨᠠᠶᠢᠵᠠ ᠨᠠᠷ ᠲᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ | ᠳᠡᠪᠰᠢᠭᠦᠯᠦᠶ᠎ᠡ︕ | ᠠᠮᠵᠢᠯᠲᠠ ᠪᠠᠨ ᠳ᠋ᠦᠩᠨᠡᠬᠦ ᠶᠢᠨ ᠬᠠᠮᠲᠤ᠂ ᠪᠢᠳᠡ ᠤᠯᠵᠤ ᠠᠩᠬᠠᠷᠬᠤ ᠨᠢ᠂ ᠮᠠᠨ ᠤ ᠬᠤᠰᠢᠭᠤᠨ ᠤ ᠠᠵᠤ | ᠠᠬᠤᠶ ᠶᠢᠨ ᠶᠡᠷᠦᠩᠬᠡᠶ ᠬᠡᠮᠵᠢᠶ᠎ᠡ ᠶᠡᠭᠡ ᠪᠢᠰᠢ᠂ ᠬᠥᠭᠵᠢᠯᠲᠡ ᠶᠢ ᠲᠤᠯᠭᠠᠭᠤᠷᠢᠯᠠᠬᠤ ᠬᠥᠳᠡᠯᠭᠡᠬᠦ ᠬᠦᠴᠦᠨ ᠬᠦᠷᠦᠯᠴᠡᠬᠦ | ᠥᠬᠡᠶ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠨ ᠳᠤ ᠳᠤᠲᠠᠭᠤᠳᠠᠯ ᠣᠷᠣᠰᠢᠵᠤ | ᠂ ᠵᠠᠷᠢᠮ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠴᠥᠭᠡᠨ ᠪᠤᠰᠤ ᠬᠦᠴᠢᠷᠳᠡᠯ ᠲᠤᠯᠭᠠᠷᠠᠵᠤ ᠪᠠᠶᠢᠨ᠎ᠠ᠃ ᠠᠮᠢ | ᠠᠬᠤᠶ ᠶᠢᠨ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢ ᠳᠡᠭᠡᠭᠰᠢᠯᠡᠭᠦᠯᠬᠦ ᠴᠢᠬᠤᠯᠠᠲᠠᠢ᠂ ᠠᠶᠤᠯ | ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠡᠭᠦᠷᠭᠡ ᠮᠥᠨ ᠬᠦ ᠨᠦᠰᠡᠷ ᠬᠦᠨᠳᠦ ᠪᠠᠶᠢᠨ᠎ᠠ᠃ ᠡᠳ᠋ ᠤᠨ ᠵᠠᠰᠠᠭ ᠤᠨ | ᠣᠷᠣᠯᠭ᠎ᠠ ᠵᠠᠷᠤᠯᠭ᠎ᠠ ᠶᠢᠨ ᠵᠦᠷᠢᠴᠡᠯ ᠳᠣᠪᠤᠶᠢᠮ᠎ᠠ ᠪᠠᠶᠢᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ | ᠴᠢᠩᠭᠠᠳᠬᠠᠬᠤ ᠴᠢᠬᠤᠯᠠᠲᠠᠢ ᠪᠠᠶᠢᠨ᠎ᠠ᠃ ᠵᠠᠰᠠᠭ ᠤᠨ ᠣᠷᠳᠣᠨ ᠤ ᠵᠠᠷᠢᠮ ᠠᠵᠢᠯᠲᠠᠨ ᠬᠠᠷᠢᠭᠤᠴᠠᠯᠭ᠎ᠠ ᠡᠭᠦᠷᠭᠡᠯᠡᠬᠦ | ᠤᠬᠠᠮᠰᠠᠷ᠂ ᠰᠢᠨ᠎ᠡ ᠶᠢ ᠡᠭᠦᠳᠬᠦ ᠤᠬᠠᠮᠰᠠᠷ᠂ ᠰᠠᠬᠢᠯᠭ᠎ᠠ ᠪᠠᠲᠤ ᠤᠪᠤᠷ ᠰᠤᠷᠲᠠᠯ ᠪᠠ ᠮᠠᠷᠭᠡᠵᠢᠯ ᠤᠨ ᠲᠦᠪᠰᠢᠨ ᠢᠶᠠᠨ | ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ᠃ ᠡᠭᠦᠨ ᠳᠤ ᠪᠢᠳᠡ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠵᠤ᠂ ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠬᠢᠨᠠᠮᠠᠭᠠᠶ ᠰᠢᠢᠳᠪᠦᠷᠢᠯᠡᠬᠦ ᠬᠡᠷᠡᠭᠲᠡᠢ᠃ | ᠬᠤᠶᠠᠷ᠂ 2024 ᠣᠨ ᠤ ᠭᠤᠤᠯᠳᠤᠯᠭᠠ ᠲᠠᠢ ᠠᠵᠢᠯ | ᠡᠨᠡ ᠵᠢᠯ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ | ᠣᠶ ᠮᠥᠨ᠂ ᠪᠠᠰᠠ ᠴᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠦᠭᠰᠡᠨ | ᠪᠣᠭᠤᠮᠲᠠ ᠰᠢᠪᠲᠤᠯᠬᠤ ᠵᠢᠯ ᠮᠥᠨ᠃ ᠦᠨᠦ ᠵᠢᠯ ᠤᠨ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠳᠤ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ | ᠬᠤᠭᠤᠴᠠᠭᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ | ᠲᠥᠪ ᠤᠨ ᠪᠠ ᠥᠪᠡᠷᠲᠡᠭᠡᠨ ᠵᠠᠰᠠᠬᠤ ᠣᠷᠣᠨ᠂ ᠲᠦᠩᠯᠢᠶᠣᠤ ᠬᠤᠲᠠ ᠶᠢᠨ ᠠᠵᠤ ᠠᠬᠤᠶ ᠶᠢᠨ ᠠᠵᠢᠯ ᠤᠨ | ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ | ᠤᠷᠤᠭᠰᠢᠯᠠᠨ ᠳᠠᠪᠰᠢᠬᠤ᠂ ᠤᠷᠤᠭᠰᠢᠯᠠᠬᠤ ᠪᠠᠷ ᠲᠣᠭᠲᠠᠭᠤᠨ ᠢ ᠠᠬᠢᠭᠤᠯᠬᠤ᠂ ᠤᠷᠢᠳᠠᠪᠡᠷ ᠪᠠᠶᠢᠭᠤᠯᠵᠤ ᠳᠠᠷᠠᠭ᠎ᠠ ᠨᠢ | ᠡᠪᠳᠡᠬᠦ ᠶᠢ ᠪᠠᠷᠢᠮᠲᠠᠯᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠬᠤᠶᠠᠷ ᠶᠡᠭᠡ ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ | ᠬᠢᠵᠦ᠂ ᠥᠪᠡᠷᠲᠡᠭᠡᠨ ᠵᠠᠰᠠᠬᠤ ᠣᠷᠣᠨ ᠤ ︽ᠰᠢᠨ᠎ᠡ ᠵᠠᠮ ᠢ ᠨᠡᠬᠡᠭᠡᠵᠦ᠂ ᠳᠤᠮᠳᠠ ᠲᠦᠪᠰᠢᠨ ᠳᠤ ᠳᠠᠪᠰᠢᠬᠤ︾ | ᠪᠠᠶᠢᠯᠳᠤᠬᠤ ᠪᠣᠳᠣᠯᠭ᠎ᠠ ᠶᠢᠨ ᠬᠠᠷᠠᠯᠲᠠ ᠪᠠ ᠣᠳᠣᠬᠢᠴᠢᠯᠠᠭᠰᠠᠨ ᠲᠦᠩᠯᠢᠶᠣᠤ ᠶᠢᠨ ᠪᠥᠲᠥᠭᠡᠨ ᠪᠠᠶᠢᠭᠤᠯᠤᠯᠲᠠ ᠶᠢᠨ | ᠪᠣᠳᠠᠰ ᠤᠨ ᠰᠠᠭᠤᠷᠢ ᠶᠢ ᠪᠠᠬᠢᠵᠢᠭᠦᠯᠬᠦ ︽ᠵᠢᠷᠭᠤᠭᠠᠨ ᠵᠦᠢᠯ ᠤᠨ ᠡᠭᠦᠷᠭᠡ︾ ᠳᠤ ᠠᠩᠬᠠᠷᠤᠯ ᠢᠶᠠᠨ ᠲᠥᠪᠯᠡᠷᠡᠭᠦᠯᠵᠦ᠂ | ︽ᠲᠦᠷᠪᠡᠨ ᠶᠡᠭᠡ ᠠᠮᠢ ᠠᠬᠤᠢ︾ ᠶᠢᠨ ᠲᠤᠭᠤᠷᠢᠨ ᠳᠤ ︽ᠲᠦᠷᠪᠡᠨ ᠦᠨᠳᠦᠷ︾ ᠢ ᠪᠡᠶᠡᠯᠡᠭᠦᠯᠵᠥ᠂ | ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠭᠤᠤᠯᠳᠠᠯᠭ᠎ᠠ ᠶᠢ ᠠᠳᠬᠤᠵᠤ᠂ ᠳᠤᠲᠠᠭᠤᠳᠠᠯ ᠢᠶᠠᠨ | ᠨᠦᠬᠦᠪᠦᠷᠢᠯᠡᠵᠦ᠂ ᠪᠥᠬᠦ ᠬᠦᠴᠦᠨ ᠢᠶᠠᠷ ᠢᠶᠠᠨ ᠠᠵᠤ ᠠᠬᠤᠶ ᠶᠢᠨ ᠬᠥᠭᠵᠢᠯᠲᠡ ᠶᠢ ᠠᠬᠢᠭᠤᠯᠵᠤ᠂ ᠠᠵᠤ ᠠᠬᠤᠶ ᠶᠢᠨ | ᠴᠢᠨᠠᠷ ᠴᠢᠨᠰᠠᠭ᠎ᠠ ᠶᠢ ᠪᠦᠲᠦᠮᠵᠢᠲᠡᠶ ᠳᠡᠭᠡᠭᠰᠢᠯᠡᠭᠦᠯᠬᠦ ᠪᠠ ᠲᠤᠭ᠎ᠠ ᠬᠡᠮᠵᠢᠶᠡᠨ ᠤ ᠵᠦᠶ ᠵᠣᠬᠢᠰᠲᠠᠶ ᠨᠡᠮᠡᠭᠳᠡᠯ ᠢ | ᠪᠡᠶᠡᠯᠡᠭᠦᠯᠬᠦ ᠶᠢ ᠠᠬᠢᠭᠤᠯᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠦᠨ᠂ ᠨᠡᠶᠢᠭᠡᠮ ᠤᠨ | ᠲᠣᠭᠲᠠᠭᠤᠨ ᠢ ᠪᠠᠲᠤᠯᠠᠵᠤ᠂ ᠳᠤᠮᠳᠠᠳᠤ ᠤᠯᠤᠰ ᠤᠨ ᠮᠠᠶ᠋ᠢᠭ ᠤᠨ ᠤᠳᠤᠬᠢᠴᠢᠯᠠᠭᠰᠠᠨ ᠨᠠᠢᠮᠠᠨ ᠤ ᠰᠢᠨ᠎ᠡ | ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃ | ᠪᠦᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠣᠯ᠄ | ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 8% ᠠᠴᠠ ᠳᠡᠭᠡᠭᠰᠢ ᠨᠡᠮᠡᠭᠳᠡᠭᠦᠯᠵᠦ᠂ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠶᠢ 30% ᠠᠴᠠ ᠳᠡᠭᠡᠭᠰᠢ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠶᠢ 10% ᠠᠴᠠ ᠳᠡᠭᠡᠭᠰᠢ | ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢ 6% ᠠᠴᠠ | ᠳᠡᠭᠡᠭᠰᠢ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠠᠳᠠᠯᠢ ᠪᠠᠷᠢᠮᠵᠢᠶ᠎ᠠ ᠪᠠᠷ | 8% ᠠᠴᠠ ᠳᠡᠭᠡᠭᠰᠢ ᠨᠡᠮᠡᠭᠳᠡᠭᠦᠯᠵᠦ᠂ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠣᠰ ᠲᠣᠰ 7% ᠪᠠ 9% ᠠᠴᠠ ᠳᠡᠭᠡᠭᠰᠢ ᠨᠡᠮᠡᠭᠳᠡᠭᠦᠯᠦᠨ᠎ᠡ᠃ | ᠬᠤᠲᠠ ᠶᠢᠨ ᠱᠠᠲᠤᠨ ᠤ ᠪᠠᠭᠤᠯᠭᠠᠭᠰᠠᠨ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ | ᠪᠠᠭᠠᠰᠬᠠᠬᠤ ᠪᠠ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠪᠠᠭᠠᠰᠬᠠᠬᠤ ᠡᠭᠦᠷᠭᠡ ᠶᠢ ᠪᠡᠶᠡᠯᠡᠭᠦᠯᠦᠨ᠎ᠡ᠃ ᠳᠡᠭᠡᠷ᠎ᠡ | ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠳᠤ᠂ ᠳᠣᠤᠷᠠᠬᠢ ᠳᠣᠯᠣᠭᠠᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ | ᠰᠠᠶᠢᠲᠤᠷ ᠠᠳᠬᠤᠨ᠎ᠠ᠃ | ︵ᠨᠢᠭᠡ︶ ᠳᠣᠲᠣᠭᠠᠳᠤ ᠬᠡᠷᠡᠭᠴᠡᠭᠡ ᠶᠢ ᠦᠷᠭᠦᠯᠵᠢᠯᠡᠨ ᠥᠷᠭᠡᠳᠬᠡᠵᠦ᠂ ᠴᠢᠨᠠᠷ ᠰᠠᠶᠢᠲᠠᠢ ᠬᠥᠭᠵᠢᠯᠲᠡ ᠶᠢᠨ | ᠬᠥᠳᠡᠯᠭᠡᠬᠦ ᠬᠦᠴᠦᠨ ᠢ ᠬᠥᠭᠵᠢᠭᠡᠨ᠎ᠡ᠃ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠣᠳᠣᠯᠭ᠎ᠠ ᠶᠢ ᠡᠷᠡᠰ | ᠬᠡᠷᠡᠭᠵᠢᠭᠦᠯᠵᠦ᠂ ᠶᠡᠷᠦᠩᠬᠡᠶ ᠬᠡᠮᠵᠢᠶ᠎ᠡ ᠶᠢ ᠪᠤᠵᠠᠭᠠᠶᠢᠷᠠᠭᠤᠯᠤᠨ᠂ ᠶᠠᠰᠤ ᠴᠢᠨᠠᠷ ᠢ ᠰᠢᠯᠢᠳᠡᠭᠵᠢᠭᠦᠯᠵᠦ᠂ ᠠᠵᠤ | ᠠᠬᠤᠶ ᠶᠢᠨ ᠳᠡᠭᠡᠭᠰᠢᠯᠡᠵᠦ ᠰᠠᠶᠢᠵᠢᠷᠠᠬᠤ ᠪᠠᠶᠢᠳᠠᠯ ᠢ ᠦᠷᠭᠦᠯᠵᠢᠯᠡᠨ ᠪᠠᠬᠢᠵᠢᠭᠦᠯᠦᠨ ᠨᠡᠮᠡᠭᠳᠡᠭᠦᠯᠦᠨ᠎ᠡ᠃ | ᠲᠥᠷᠥᠯ ᠵᠦᠢᠯ ᠤᠨ ᠪᠡᠯᠡ ᠣᠷᠣᠭᠤᠯᠤᠯᠲᠠ ᠶᠢ ᠰᠠᠶᠢᠲᠤᠷ ᠠᠳᠬᠤᠨ᠎ᠠ᠃ 61 ᠭᠤᠣᠯᠳᠠᠯᠭ᠎ᠠ ᠲᠠᠢ ᠲᠥᠷᠥᠯ | ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ 88 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠶᠢ ᠪᠡᠶᠡᠯᠡᠭᠦᠯᠦᠨ᠎ᠡ᠃ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ | ᠭᠠᠷᠳᠠᠴᠠ ᠭᠦᠢᠴᠡᠳᠬᠡᠬᠦ ᠶᠢ ᠴᠢᠩᠭᠠᠳᠬᠠᠵᠤ᠂ ᠭᠠᠵᠠᠷ ᠠᠪᠤᠮᠠᠭᠴᠠ ᠠᠵᠢᠯ ᠡᠬᠢᠯᠡᠭᠦᠯᠬᠦ᠂ ᠱᠠᠲᠤ ᠬᠤᠪᠢᠶᠠᠨ | ᠪᠠᠷᠢᠯᠭ᠎ᠠ ᠪᠠᠷᠢᠬᠤ ᠶᠢ ᠵᠥᠪᠰᠢᠶᠡᠷᠡᠬᠦ ᠵᠡᠷᠭᠡ ᠬᠡᠯᠪᠡᠷᠢ ᠶᠢ ᠬᠡᠷᠡᠭᠵᠢᠭᠦᠯᠦᠨ᠂ ᠰᠢᠨ᠎ᠡ ᠪᠠᠷ ᠪᠠᠶᠢᠭᠤᠯᠬᠤ ᠲᠥᠷᠥᠯ | ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠴᠠ ᠶᠢ ᠭᠦᠢᠴᠡᠳᠬᠡᠪᠡᠰᠦ ᠵᠣᠬᠢᠬᠤ ᠶᠢ ᠨᠢ ᠪᠦᠬᠦᠨ ᠢ ᠭᠦᠢᠴᠡᠳᠬᠡᠵᠦ᠂ | ᠬᠥᠳᠡᠯᠦᠩᠭᠦᠢ ᠪᠠᠷ ᠦᠭᠡᠶᠢᠰᠭᠡᠬᠦ ᠶᠢ ᠦᠨᠡᠨᠬᠦ ᠪᠠᠲᠤᠯᠠᠬᠤ ᠬᠡᠷᠡᠭᠲᠡᠢ᠃ ᠭᠠᠵᠠᠷ ᠤᠨ ᠳᠡᠰ ᠤᠨ ᠤᠳᠤᠷᠢᠳᠤᠯᠭ᠎ᠠ ᠶᠢᠨ | ᠭᠤᠤᠯᠳᠠᠯᠭ᠎ᠠ ᠲᠠᠢ ᠲᠥᠷᠥᠯ ᠵᠦᠢᠯ ᠢ ᠳᠠᠭᠠᠭᠠᠴᠢᠯᠠᠨ ᠬᠤᠯᠪᠣᠭᠠᠯᠠᠬᠤ ᠲᠦᠷᠢᠮ ᠢ ᠬᠡᠷᠡᠭᠵᠢᠭᠦᠯᠵᠦ᠂ ︽ᠲᠥᠷᠥᠯ | ᠵᠦᠢᠯ ᠤᠨ ᠬᠠᠮᠢᠶᠠᠷᠤᠭᠴᠢ︾᠂ ︽ᠲᠥᠷᠥᠯ ᠵᠦᠢᠯ ᠤᠨ ᠨᠠᠷᠢᠨ ᠪᠢᠴᠢᠭᠡᠴᠢ︾ ᠶᠢᠨ ᠲᠣᠭᠲᠠᠴᠠ ᠶᠢ ᠬᠡᠷᠡᠭᠵᠢᠭᠦᠯᠵᠦ᠂ | ᠭᠡᠷ᠎ᠡ ᠲᠣᠭᠲᠠᠭᠰᠠᠨ ᠲᠥᠷᠥᠯ ᠵᠦᠢᠯ ᠢ ᠡᠷᠲᠡ ᠠᠵᠢᠯ ᠡᠬᠢᠯᠡᠭᠦᠯᠬᠦ᠂ ᠠᠵᠢᠯ ᠡᠬᠢᠯᠡᠭᠰᠡᠨ ᠲᠥᠷᠥᠯ ᠵᠦᠢᠯ ᠢ ᠡᠷᠲᠡ | ᠠᠰᠢᠭᠯᠠᠯᠲᠠ ᠳᠤ ᠤᠷᠤᠭᠤᠯᠬᠤ᠂ ᠠᠰᠢᠭᠯᠠᠯᠲᠠ ᠳᠤ ᠤᠷᠤᠭᠰᠠᠨ ᠲᠥᠷᠥᠯ ᠵᠦᠢᠯ ᠢ ᠡᠷᠲᠡ ᠦᠷ᠎ᠡ ᠪᠦᠲᠦᠮᠵᠢ | ᠭᠠᠷᠭᠠᠬᠤ ᠶᠢ ᠠᠬᠢᠭᠤᠯᠤᠨ᠎ᠠ᠃ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠢ ᠬᠡᠷᠡᠭᠵᠢᠭᠦᠯᠵᠦ᠂ | ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠳᠤ ᠵᠣᠬᠢᠴᠠᠭᠰᠠᠨ᠂ ᠨᠠᠢᠮᠠᠨ ᠤ ᠪᠣᠳᠠᠲᠤ ᠪᠠᠶᠢᠳᠠᠯ ᠳᠤ ᠨᠡᠶᠢᠴᠡᠭᠰᠡᠨ | ᠨᠢᠭᠡ ᠪᠦᠯᠦᠭ ᠲᠣᠮᠣ ᠲᠥᠷᠥᠯ ᠵᠦᠢᠯ ᠰᠠᠶᠢᠨ ᠲᠥᠷᠥᠯ ᠵᠦᠢᠯ ᠢ ᠵᠣᠬᠢᠬᠤ ᠬᠡᠮᠵᠢᠶ᠎ᠡ ᠪᠠᠷ ᠤᠷᠢᠳᠴᠢᠯᠠᠨ ᠲᠥᠯᠥᠪᠯᠡᠨ | ᠨᠥᠭᠡᠴᠡᠯᠡᠵᠦ᠂ ᠲᠤᠰᠬᠠᠶ ᠪᠡᠯᠡ ᠮᠥᠩᠭᠦ᠂ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢᠨ ᠳᠡᠮᠵᠢᠯᠭᠡ ᠶᠢ | ᠢᠳᠡᠪᠬᠢᠯᠡᠨ ᠣᠯᠵᠤ᠂ ᠲᠥᠷᠥᠯ ᠵᠦᠢᠯ ᠤᠨ ᠪᠡᠯᠡ ᠮᠥᠩᠭᠦ ᠶᠢ ᠰᠢᠰᠲ᠋ᠧᠮᠵᠢᠭᠦᠯᠦᠨ ᠬᠠᠮᠢᠶᠠᠷᠬᠤ ᠶᠢ ᠴᠢᠩᠭᠠᠳᠬᠠᠨ᠂ | ᠲᠥᠷᠥᠯ ᠵᠦᠢᠯ ᠲᠣᠭᠲᠠᠭᠠᠨ ᠪᠡᠯᠡ ᠮᠥᠩᠭᠦ ᠲᠡᠮᠡᠴᠡᠨ ᠤᠯᠬᠤ ᠶᠢ 10% ᠠᠴᠠ ᠳᠡᠭᠡᠭᠰᠢ ᠨᠡᠮᠡᠭᠳᠡᠭᠦᠯᠦᠨ᠎ᠡ᠃ | ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠬᠥᠲᠥᠯᠥᠨ ᠵᠢᠯᠣᠭᠤᠳᠬᠤ ᠦᠢᠯᠡᠳᠦᠯ ᠢ ᠪᠠᠳᠠᠷᠠᠭᠤᠯᠵᠤ᠂ | ᠨᠡᠶᠢᠭᠡᠮ ᠤᠨ ᠪᠡᠯᠡ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠂ ᠴᠢᠨᠠᠷ ᠰᠠᠶᠢᠲᠠᠢ | ᠬᠦᠭᠵᠢᠯᠲᠡ ᠶᠢᠨ ᠨᠦᠬᠡᠴᠡ ᠬᠦᠴᠦᠨ ᠢ ᠴᠢᠩᠭᠠᠷᠠᠭᠤᠯᠤᠨ᠎ᠠ᠃ | ᠬᠡᠷᠡᠭᠯᠡᠭᠡᠨ ᠤ ᠳᠠᠯᠳᠠ ᠬᠦᠴᠦᠨ ᠢ ᠠᠭᠤᠳᠠᠯᠤᠨ᠎ᠠ᠃ ᠬᠡᠷᠡᠭᠯᠡᠭᠡ ᠶᠢ ᠰᠡᠷᠭᠦᠭᠡᠬᠦ ᠪᠠ ᠥᠷᠭᠡᠳᠬᠡᠬᠦ ᠶᠢ ᠲᠡᠷᠢᠭᠦᠨ | ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮ ᠤᠨ | ᠪᠠᠶᠢᠭᠤᠯᠤᠯᠲᠠ ᠶᠢᠨ ᠲᠥᠷᠥᠯ ᠵᠦᠢᠯ ᠢ ᠲᠥᠯᠥᠪᠵᠢᠭᠦᠯᠦᠨ ᠬᠡᠷᠡᠭᠵᠢᠭᠦᠯᠵᠦ᠂ ᠬᠤᠲᠠ ᠬᠦᠳᠡᠭᠡ ᠶᠢᠨ ᠬᠡᠷᠡᠭᠯᠡᠭᠡᠨ ᠤ | ᠲᠦᠬᠦᠭᠡᠷᠥᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠮᠠᠰᠢᠨ ᠲᠡᠷᠭᠡ ᠬᠡᠷ ᠤᠨ ᠴᠠᠬᠢᠯᠭᠠᠨ ᠬᠡᠷᠡᠭᠰᠡᠯ᠂ | ᠬᠤᠨᠤᠭ ᠪᠠᠭᠤᠳᠠᠯ ᠢᠳᠡᠭᠡᠨ ᠤᠮᠳᠠᠭᠠᠨ ᠵᠡᠷᠭᠡ ᠤᠯᠠᠮᠵᠢᠯᠠᠯᠲᠤ ᠬᠡᠷᠡᠭᠯᠡᠭᠡᠨ ᠤ ᠡᠨᠧᠷᠭᠢ ᠶᠢᠨ ᠲᠠᠰ ᠢ | ᠳᠡᠭᠡᠭᠰᠢᠯᠡᠭᠦᠯᠦᠨ᠎ᠡ︔ ᠬᠡᠷᠡᠭᠯᠡᠭᠡᠨ ᠤ ᠬᠤᠪᠢᠷᠠᠯᠲᠠ ᠶᠢᠨ ᠰᠢᠨ᠎ᠡ ᠬᠠᠨᠳᠤᠰᠢ ᠳᠤ ᠵᠣᠬᠢᠴᠠᠵᠤ᠂ ᠰᠥᠨᠢ ᠶᠢᠨ ᠠᠵᠤ | ᠠᠬᠤᠶ᠂ ᠪᠣᠬᠢᠷᠲᠤᠯ ᠥᠬᠡᠶ ᠡᠷᠡᠭᠦᠯᠵᠢᠯ ᠰᠤᠪᠢᠯᠠᠯᠲᠠ᠂ ᠰᠣᠶᠣᠯ ᠪᠡᠶ᠎ᠡ ᠶᠢᠨ ᠲᠠᠮᠢᠷ ᠤᠨ ᠤᠷᠤᠯᠳᠤᠭᠠᠨ ᠵᠡᠷᠭᠡ | ᠬᠡᠷᠡᠭᠯᠡᠭᠡᠨ ᠤ ᠳᠠᠯᠳᠠ ᠬᠦᠴᠦᠨ ᠢ ᠬᠥᠭᠵᠢᠭᠡᠵᠦ᠂ ᠬᠤᠲᠠ ᠬᠥᠳᠡᠭᠡ ᠶᠢᠨ ᠬᠡᠷᠡᠭᠯᠡᠭᠡᠨ ᠤ ᠰᠢᠨ᠎ᠡ ᠪᠠᠶᠢᠳᠠᠯ ᠢ | ᠰᠢᠨ᠎ᠡ ᠪᠠᠷ ᠡᠭᠦᠳᠦᠨ ᠥᠷᠭᠡᠳᠬᠡᠵᠦ᠂ ᠬᠡᠷᠡᠭᠯᠡᠭᠡᠨ ᠤ ᠲᠠᠰ ᠳᠡᠪᠰᠢᠬᠦ ᠶᠢ ᠲᠦᠷᠭᠡᠳᠬᠡᠬᠦ ᠶᠢ ᠠᠬᠢᠭᠤᠯᠤᠨ᠎ᠠ᠃ | ᠦᠢᠯᠡᠳᠬᠦᠨ ᠢ ᠡᠯᠧᠺᠲᠷᠤᠨ ᠬᠤᠳᠠᠯᠳᠤᠭᠠᠵᠢᠭᠤᠯᠬᠤ ᠥᠭᠡᠷᠡᠴᠢᠯᠡᠯᠲᠡ ᠶᠢ ᠥᠷᠨᠢᠭᠦᠯᠬᠦ ᠶᠢ ᠬᠥᠲᠥᠯᠥᠨ ᠵᠢᠯᠣᠭᠤᠳᠴᠤ | ᠂ ᠰᠦᠯᠵᠢᠶᠡᠨ ᠣᠳᠣᠳ ᠤᠨ ᠠᠵᠤ ᠠᠬᠤᠶ᠂ ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭ᠎ᠠ ᠵᠡᠷᠭᠡ ᠰᠢᠨ᠎ᠡ | ᠡᠵᠡᠩᠨᠡᠯᠲᠡ ᠶᠢᠨ ᠬᠡᠯᠪᠡᠷᠢ ᠶᠢ ᠬᠥᠭᠵᠢᠭᠦᠯᠵᠦ᠂ ᠡᠯᠧᠺᠲᠷᠤᠨ ᠬᠤᠳᠠᠯᠳᠤᠭᠠᠨ ᠤ ᠠᠷᠠᠯᠵᠢᠶᠠᠨ ᠤ ᠬᠡᠮᠵᠢᠶ᠎ᠡ ᠶᠢ 13 | ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ᠃ ᠴᠢᠯᠥᠭᠡᠲᠦ ᠠᠷᠠᠯᠵᠢᠶᠠᠨ ᠤ ᠲᠣᠭᠤᠷᠢᠭ ᠢ ᠡᠭᠦᠳᠦᠨ | ᠪᠠᠶᠢᠭᠤᠯᠬᠤ ᠢᠨᠵᠧᠨᠧᠷᠢᠩ ᠢ ᠨᠠᠶᠢᠳᠠᠪᠤᠷᠢᠵᠢᠭᠤᠯᠬᠤ ᠶᠢᠨ ᠲᠤᠭᠤᠷᠢᠨ ᠳᠤ᠂ ᠭᠠᠳᠠᠭᠠᠳᠤ ᠠᠷᠠᠯᠵᠢᠶᠠᠨ ᠤ | ᠬᠥᠭᠵᠢᠯᠲᠡ ᠶᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠦᠷᠨᠢᠭᠦᠯᠵᠦ᠂ ᠭᠠᠳᠠᠭᠠᠳᠤ ᠠᠷᠠᠯᠵᠢᠶᠠᠨ ᠤ ᠠᠵᠤ | ᠠᠬᠤᠶᠢᠯᠠᠯ ᠤᠨ ᠵᠠᠬ᠎ᠠ ᠳᠡᠯᠭᠡᠭᠦᠷ ᠢᠶᠠᠨ ᠥᠷᠭᠡᠳᠬᠡᠬᠦ ᠶᠢ ᠵᠣᠷᠢᠭᠵᠢᠭᠤᠯᠵᠤ᠂ ᠳᠤᠮᠳᠠᠳᠤ ᠮᠣᠩᠭᠤᠯ ᠣᠷᠣᠰ ᠤᠨ | ᠲᠠᠸᠠᠷ ᠤᠨ ᠳᠡᠯᠭᠡᠨ ᠪᠣᠷᠣᠯᠠᠭᠤᠯᠬᠤ ᠴᠤᠭᠯᠠᠭᠠᠨ ᠢ ᠡᠷᠬᠢᠯᠡᠵᠦ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠬᠤ ᠶᠡᠷᠦᠩᠬᠡᠢ ᠬᠡᠮᠵᠢᠶ᠎ᠡ ᠶᠢ 10% ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠨ᠎ᠠ᠃ ᠬᠡᠷᠡᠭᠯᠡᠭᠡ ᠶᠢ | ᠠᠬᠢᠭᠤᠯᠬᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠬᠡᠷᠡᠭᠯᠡᠭᠡᠨ ᠤ ᠣᠷᠴᠢᠨ | ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠬᠦ ᠶᠢ ᠠᠬᠢᠭᠤᠯᠤᠨ᠎ᠠ᠃ | ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ | ︽ᠭᠤᠤᠯ ᠵᠢᠭᠰᠠᠭᠠᠯ ᠤᠨ ᠭᠠᠵᠠᠷ︾ ᠤᠨ ᠦᠢᠯᠡᠳᠦᠯ ᠢ ᠪᠠᠳᠠᠷᠠᠭᠤᠯᠤᠨ᠂ ᠬᠦᠷᠢᠶᠡᠯᠡᠩ ᠲᠣᠭᠤᠷᠢᠭ ᠤᠨ | ᠲᠥᠯᠥᠪᠵᠢᠭᠦᠯᠭᠡ ᠶᠢᠨ ᠰᠢᠰᠲ᠋ᠧᠮ ᠢ ᠪᠦᠷᠢᠨᠰᠢᠭᠦᠯᠦᠨ ᠰᠢᠯᠢᠳᠡᠭᠵᠢᠭᠦᠯᠵᠦ᠂ ᠬᠦᠷᠢᠶᠡᠯᠡᠩ ᠲᠣᠭᠤᠷᠢᠭ ᠤᠨ ᠬᠥᠭᠵᠢᠯᠲᠡ | ᠦᠨᠳᠦᠰᠦ ᠪᠠᠷᠢᠮᠲᠠ ᠲᠠᠢ ᠪᠠᠶᠢᠬᠤ ᠶᠢ ᠪᠠᠲᠤᠯᠠᠨ᠎ᠠ᠃ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠶᠢ ᠴᠢᠩᠭᠠᠳᠬᠠᠨ ᠳᠤᠲᠠᠭᠤᠳᠠᠯ ᠢᠶᠠᠨ ᠨᠦᠬᠦᠪᠦᠷᠢᠯᠡᠨ᠂ ᠴᠠᠷᠠᠰᠤ — ᠢ ᠯᠦᠩ ᠶᠦᠩ | ᠬᠡᠢ ᠳᠠᠮᠵᠢᠭᠤᠯᠬᠤ ᠬᠤᠭᠤᠯᠠᠢ ︵ᠨᠠᠢᠮᠠᠨ ᠤ ᠬᠡᠰᠡᠭ︶ ᠶᠢᠨ ᠭᠤᠣᠯ ᠴᠣᠭᠴᠠ ᠶᠢᠨ ᠠᠵᠢᠯ ᠢ ᠳᠠᠭᠤᠰᠬᠠᠬᠤ ᠶᠢ | ᠪᠠᠲᠤᠯᠠᠵᠤ᠂ ᠬᠦᠷᠢᠶᠡᠯᠡᠩ ᠲᠣᠭᠤᠷᠢᠭ ᠤᠨ ᠳᠠᠭᠠᠭᠠᠴᠠ ᠶᠢ ᠳᠡᠭᠡᠭᠰᠢᠯᠡᠭᠦᠯᠦᠨ᠎ᠡ᠃ ᠬᠦᠴᠦᠨ ᠵᠦᠢᠯ ᠤᠨ | ᠪᠠᠲᠤᠯᠠᠭ᠎ᠠ ᠶᠢ ᠥᠷᠭᠡᠳᠬᠡᠵᠦ᠂ ᠰᠢᠨ᠎ᠡ ᠪᠠᠷ ᠨᠡᠮᠡᠭᠳᠡᠭᠰᠡᠨ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠤᠨ ︽ | ᠪᠠᠷᠢᠮᠵᠢᠶᠠᠲᠤ ᠭᠠᠵᠠᠷ︾ ᠢ ᠰᠢᠯᠵᠢᠭᠦᠯᠦᠨ ᠬᠤᠳᠠᠯᠳᠤᠬᠤ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ | ᠬᠦᠷᠢᠶᠡᠯᠡᠩ ᠲᠣᠭᠤᠷᠢᠭ ᠤᠨ ᠰᠤᠯᠠ ᠪᠠᠶᠢᠭ᠎ᠠ ᠦᠷ᠎ᠡ ᠠᠰᠢᠭ ᠢᠶᠠᠷ ᠳᠣᠣᠷ᠎ᠠ ᠭᠠᠵᠠᠷ ᠰᠢᠷᠣᠶ ᠶᠢ ᠠᠮᠢᠳᠤᠯᠢᠭᠵᠢᠭᠤᠯᠵᠤ | ᠂ ᠬᠦᠷᠢᠶᠡᠯᠡᠩ ᠲᠤᠭᠤᠷᠢᠭ ᠤᠨ ᠭᠠᠵᠠᠷ ᠰᠢᠷᠤᠢ ᠶᠢᠨ ᠮᠦ ᠪᠦᠷᠢ ᠶᠢᠨ ᠳᠤᠮᠳᠠᠴᠢ ᠦᠷ᠎ᠡ ᠠᠰᠢᠭ ᠢ | ᠳᠡᠭᠡᠭᠰᠢᠯᠡᠭᠦᠯᠦᠨ᠎ᠡ᠃ ᠴᠠᠬᠢᠯᠭᠠᠨ ᠲᠦᠭᠡᠭᠡᠬᠦ ᠬᠡᠮᠵᠢᠶ᠎ᠡ ᠶᠢ ᠨᠡᠮᠡᠭᠳᠡᠭᠦᠯᠬᠦ ᠲᠥᠷᠥᠯ ᠵᠦᠢᠯ ᠢ ᠪᠦᠬᠦ ᠲᠠᠯ᠎ᠠ ᠪᠠᠷ | ᠠᠰᠢᠭᠯᠠᠯᠲᠠ ᠳᠤ ᠣᠷᠣᠭᠤᠯᠬᠤ ᠶᠢ ᠲᠦᠯᠬᠢᠨ ᠠᠬᠢᠭᠤᠯᠵᠤ᠂ ᠭᠤᠸᠠᠩ ᠰᠢᠩ 220 ᠺᠢᠯᠤᠸᠤᠯᠲ ᠤᠨ ᠬᠦᠴᠦᠳᠡᠯ | ᠦᠭᠡᠷᠡᠴᠢᠯᠡᠬᠦ ᠦᠷᠳᠡᠭᠡ ᠶᠢ ᠪᠠᠶᠢᠭᠤᠯᠵᠤ᠂ ᠴᠠᠬᠢᠯᠭᠠᠨ ᠬᠦᠯᠢᠶᠡᠬᠦ ᠠᠵᠤ ᠠᠬᠤᠶᠢᠯᠠᠯ ᠢ 40 ᠶᠢ ᠳᠠᠪᠠᠭᠤᠯᠬᠤ ᠪᠠᠷ | ᠴᠢᠷᠮᠠᠶᠢᠨ᠎ᠠ᠃ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠵᠣᠯᠭᠠᠭᠤᠯᠵᠤ᠂ ᠠᠵᠤ | ᠦᠢᠯᠡᠰ ᠪᠠ ᠰᠤᠷᠭᠠᠨ ᠬᠥᠮᠦᠵᠢᠯ ᠢ ᠠᠭᠤᠰᠤᠯᠴᠠᠭᠤᠯᠬᠤ ᠪᠣᠯᠪᠠᠰᠤᠷᠠᠯ ᠤᠨ ᠲᠠᠪᠴᠠᠩ ᠢ ᠪᠠᠶᠢᠭᠤᠯᠵᠤ᠂ ᠠᠵᠤ | ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠨ᠎ᠠ᠃ ᠠᠵᠤ ᠠᠬᠤᠶᠢᠯᠠᠯ ᠳᠤ ᠠᠰᠢᠭ | ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠠᠵᠢᠯᠯᠠᠭ᠎ᠠ ᠶᠢ ᠦᠷᠨᠢᠭᠦᠯᠵᠦ᠂ ᠵᠠᠰᠠᠭ ᠤᠨ ᠣᠷᠳᠣᠨ | ᠮᠥᠩᠭᠦᠨ ᠭᠦᠢᠯᠭᠡᠭᠡ ᠠᠵᠤ ᠠᠬᠤᠶᠢᠯᠠᠯ ᠢ ᠵᠣᠯᠭᠠᠭᠤᠯᠬᠤ ᠶᠢ ᠣᠨᠣᠪᠴᠢᠲᠠᠶ ᠪᠠᠷ ᠥᠷᠨᠢᠭᠦᠯᠦᠨ᠂ ᠳᠠᠭᠠᠭᠠᠯᠲᠠ ᠶᠢᠨ | ᠵᠢᠭᠡᠯᠡᠯᠭᠡ ᠶᠢ 6 ᠳ᠋ᠦᠩᠰᠢᠭᠤᠷ ᠲᠥᠭᠦᠷᠢᠭ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠵᠤ᠂ ᠠᠵᠤ | ᠠᠬᠤᠶᠢᠯᠠᠯ ᠤᠨ ᠪᠠᠯᠠ ᠲᠣᠬᠢᠷᠠᠭᠤᠯᠭ᠎ᠠ ᠶᠢᠨ ᠥᠪᠡᠷ ᠤᠨ ᠥᠷᠲᠡᠭ ᠢ ᠪᠠᠭᠤᠷᠠᠭᠤᠯᠬᠤ ᠳᠤ ᠬᠦᠴᠦᠨ ᠨᠡᠮᠡᠷᠢᠯᠡᠨ᠎ᠡ᠃ | ᠪᠠᠶᠢᠭᠠᠯᠢ ᠶᠢᠨ ᠬᠤᠵᠢᠷ ᠤᠨ ᠠᠭᠤᠷᠬᠠᠢ ᠬᠠᠶᠢᠬᠤ ᠠᠬᠢᠴᠠ ᠶᠢ ᠲᠦᠷᠭᠡᠳᠬᠡᠨ᠂ ᠪᠠᠶᠢᠭᠠᠯᠢ ᠶᠢᠨ ᠬᠤᠵᠢᠷ ᠤᠨ ᠠᠵᠤ | ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠬᠦᠷᠢᠶᠡᠯᠡᠩ ᠲᠣᠭᠤᠷᠢᠭ ᠤᠨ | ᠮᠡᠳᠡᠭᠦᠯᠦᠨ ᠵᠥᠪᠰᠢᠶᠡᠷᠡᠭᠦᠯᠬᠦ᠂ ᠲᠥᠷᠥᠯ ᠵᠦᠢᠯ ᠢ ᠣᠷᠣᠭᠤᠯᠤᠨ ᠠᠪᠴᠢᠷᠠᠬᠤ᠂ ᠡᠮᠦᠨᠡᠬᠢ ᠬᠤᠭᠤᠴᠠᠭᠠᠨ ᠤ | ᠭᠠᠷᠳᠠᠴᠠ ᠶᠢ ᠭᠦᠢᠴᠡᠳᠬᠡᠬᠦ ᠵᠡᠷᠭᠡ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠠᠵᠤ ᠦᠢᠯᠡᠳᠪᠦᠷᠢ ᠶᠢᠨ | ᠠᠵᠤ ᠠᠬᠤᠶ ᠶᠢᠨ ᠰᠢᠨ᠎ᠡ ᠨᠡᠮᠡᠭᠳᠡᠯ ᠤᠨ ᠲᠦᠢᠯ ᠢ ᠲᠦᠷᠭᠡᠳᠬᠡᠨ ᠪᠤᠶᠢᠵᠢᠭᠤᠯᠤᠨ᠎ᠠ᠃ | ︵ᠬᠤᠶᠠᠷ︶ ᠳᠠᠪᠠᠭᠤᠯᠢᠭ ᠠᠵᠤ ᠦᠢᠯᠡᠰ ᠢ ᠪᠤᠵᠠᠭᠠᠶᠢᠷᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ | ᠰᠠᠭᠤᠷᠢ ᠶᠢ ᠪᠠᠬᠢᠵᠢᠭᠦᠯᠦᠨ᠎ᠡ᠃ ᠠᠵᠤ ᠦᠢᠯᠡᠰ ᠤᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠦᠨ | ᠲᠣᠬᠢᠷᠠᠭᠤᠯᠵᠤ᠂ ᠭᠤᠷᠪᠠᠨ ᠠᠵᠤ ᠦᠢᠯᠡᠰ ᠤᠨ ᠬᠠᠮᠵᠢᠯᠴᠠᠨ ᠬᠥᠭᠵᠢᠬᠦ ᠶᠢ ᠠᠬᠢᠭᠤᠯᠵᠤ᠂ ᠣᠳᠣᠬᠢᠴᠢᠯᠠᠭᠰᠠᠨ ᠠᠵᠤ | ᠦᠢᠯᠡᠰ ᠤᠨ ᠰᠢᠰᠲ᠋ᠧᠮ ᠢ ᠬᠦᠴᠦᠯᠡᠨ ᠪᠠᠶᠢᠭᠤᠯᠤᠨ᠎ᠠ᠃ | ᠣᠳᠣ ᠦᠶ᠎ᠡ ᠶᠢᠨ ᠲᠠᠷᠢᠶᠠᠯᠠᠩ ᠤᠨ ᠳᠡᠰ ᠳᠡᠪᠰᠢᠬᠦ ᠶᠢ ᠠᠬᠢᠭᠤᠯᠤᠨ᠎ᠠ᠃ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠳᠤ | ᠠᠩᠬᠠᠷᠤᠯ ᠢᠶᠠᠨ ᠲᠥᠪᠯᠡᠷᠡᠭᠦᠯᠵᠦ᠂ ᠠᠯᠠᠰᠢᠨ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠠᠯᠠᠰᠢᠨ ᠦᠬᠡᠷ ᠤᠨ ᠪᠥᠬᠦ ᠠᠵᠤ | ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠤᠨ᠎ᠠ᠃ ᠠᠯᠠᠰᠢᠨ ᠦᠬᠡᠷ ᠤᠨ ᠦᠷ᠎ᠡ ᠶᠢᠨ ᠢᠨᠵᠧᠨᠧᠷᠢᠩ ᠢ | ᠬᠡᠷᠡᠭᠵᠢᠭᠦᠯᠵᠦ᠂ ᠤᠯᠠᠭᠠᠨ ᠦᠬᠡᠷ ᠤᠨ ᠢᠴᠡᠭᠡᠯ ᠦᠷ᠎ᠡ ᠶᠢᠨ ᠰᠠᠶᠢᠵᠢᠷᠠᠭᠤᠯᠤᠯᠲᠠ ᠶᠢ ᠪᠦᠷᠢᠨ ᠪᠦᠷᠬᠦᠭᠦᠯᠬᠦ ᠶᠢ | ᠦᠨᠡᠨᠬᠦ ᠪᠠᠲᠤᠯᠠᠨ᠎ᠠ᠃ ᠮᠢᠩᠭᠠᠨ ᠲᠣᠯᠣᠭᠠᠶ ᠠᠴᠠ ᠳᠡᠭᠡᠭᠰᠢᠬᠢ ᠪᠣᠷᠳᠣᠵᠤ ᠲᠠᠷᠭᠤᠯᠠᠭᠤᠯᠬᠤ ᠦᠬᠡᠷ ᠲᠡᠵᠢᠭᠡᠨ | ᠦᠷᠡᠵᠢᠭᠦᠯᠬᠦ ᠲᠠᠯᠠᠪᠠᠶ ᠶᠢ 4 ᠰᠢᠨ᠎ᠡ ᠪᠠᠷ ᠪᠠᠶᠢᠭᠤᠯᠵᠤ᠂ ᠠᠯᠠᠰᠢᠨ ᠦᠬᠡᠷ ᠤᠨ ᠪᠠᠷᠢᠮᠵᠢᠶᠠᠵᠢᠭᠤᠯᠤᠭᠰᠠᠨ ᠲᠡᠵᠢᠭᠡᠨ | ᠦᠷᠡᠵᠢᠭᠦᠯᠬᠦ ᠵᠢᠱᠢᠶ᠎ᠡ ᠦᠵᠡᠭᠦᠯᠬᠦ ᠲᠠᠯᠠᠪᠠᠶ ᠶᠢ 12 ᠪᠤᠶᠢᠵᠢᠭᠤᠯᠤᠨ᠂ ᠵᠢᠯ ᠤᠨ ᠳᠣᠲᠣᠷ᠎ᠠ ᠦᠬᠡᠷ ᠤᠨ ᠲᠤᠭ᠎ᠠ ᠶᠢ | 53 ᠲᠦᠮᠡᠨ ᠲᠤᠯᠤᠭᠠᠢ ᠳᠤ ᠬᠦᠷᠦᠭᠦᠯᠦᠨ᠎ᠡ᠃ ᠠᠯᠠᠵᠤ ᠨᠢᠲᠤᠯᠵᠤ ᠡᠳ᠋ᠰᠢᠭᠦᠯᠬᠦ ᠭᠤᠭᠴᠤᠭ᠎ᠠ ᠶᠢ | ᠬᠦᠴᠦᠷᠬᠡᠭᠵᠢᠭᠦᠯᠵᠦ᠂ ᠬᠤᠷᠴᠢᠨ ᠤ ᠠᠯᠠᠰᠢᠨ ᠦᠬᠡᠷ ᠠᠯᠠᠰᠢᠨ ᠬᠤᠨᠢ ᠶᠢ ᠨᠢᠲᠤᠯᠬᠤ ᠲᠥᠷᠥᠯ ᠵᠦᠢᠯ ᠤᠨ | ᠦᠢᠯᠡᠳᠪᠦᠷᠢᠯᠡᠯ ᠳᠤ ᠦᠷ᠎ᠡ ᠪᠦᠲᠦᠮᠵᠢ ᠣᠯᠬᠤ ᠶᠢ ᠠᠬᠢᠭᠤᠯᠵᠤ᠂ ᠵᠢᠯ ᠳᠤ 6000 ᠭᠠᠷᠤᠢ ᠠᠯᠠᠰᠢᠨ ᠦᠬᠡᠷ | ᠢ ᠠᠯᠠᠵᠤ ᠨᠢᠳᠤᠯᠠᠨ᠎ᠠ᠃ ᠣᠨᠴᠠᠯᠢᠭᠲᠤ ᠲᠠᠷᠢᠮᠠᠯ ᠤᠨ ᠬᠡᠮᠵᠢᠶ᠎ᠡ ᠶᠢ ᠦᠷᠭᠦᠯᠵᠢᠯᠡᠨ ᠪᠤᠵᠠᠭᠠᠶᠢᠷᠠᠭᠤᠯᠵᠤ᠂ ᠠᠭᠤᠯᠠᠷᠬᠠᠭ | ᠣᠷᠣᠨ ᠤ ᠠᠮᠲᠠᠲᠤ ᠲᠥᠮᠥᠰᠥ ᠳᠠᠷᠢᠬᠤ ᠬᠡᠪᠴᠢᠶ᠎ᠡ ᠶᠢ ᠥᠷᠭᠡᠳᠬᠡᠵᠦ᠂ ᠠᠮᠲᠠᠲᠤ ᠲᠥᠮᠥᠰᠥ ᠶᠢᠨ ᠠᠵᠤ | ᠦᠢᠯᠡᠰ ᠤᠨ ᠬᠦᠷᠢᠶᠡᠯᠡᠩ ᠤᠨ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠎ᠠ︔ ᠭᠠᠵᠠᠷ ᠣᠷᠣᠨ ᠤ ᠪᠠᠶᠢᠳᠠᠯ ᠳᠠᠭᠠᠨ | ᠲᠣᠬᠢᠷᠠᠭᠤᠯᠤᠨ ᠬᠡᠪᠴᠢᠶᠡᠵᠢᠭᠦᠯᠦᠨ ᠳᠠᠷᠢᠬᠤ ᠶᠢ ᠬᠥᠭᠵᠢᠭᠦᠯᠵᠦ᠂ ᠲᠠᠯ᠎ᠠ ᠭᠠᠵᠠᠷ ᠤᠨ ᠤᠯᠠᠭᠠᠨ ᠯᠠᠵᠤᠤ ᠶᠢᠨ ᠴᠢᠬᠢ | ᠪᠤᠶᠢᠵᠢᠭᠤᠯᠬᠤ ᠰᠠᠭᠤᠷᠢᠨ ᠭᠠᠵᠠᠷ ᠢ ᠪᠠᠶᠢᠭᠤᠯᠤᠨ᠎ᠠ︔ ᠢᠳᠡᠭᠡᠨ ᠤ ᠮᠥᠭᠦ ᠶᠢ ᠭᠦᠨᠵᠡᠭᠡᠶ ᠡᠳ᠋ᠰᠢᠭᠦᠯᠬᠦ ᠬᠡᠯᠬᠢᠶ᠎ᠡ ᠶᠢ | ᠪᠤᠶᠢᠵᠢᠭᠤᠯᠵᠤ᠂ ᠢᠳᠡᠭᠡᠨ ᠤ ᠮᠥᠭᠦ ᠶᠢ ᠬᠦᠭᠵᠢᠭᠦᠯᠬᠦ ᠶᠢ ᠠᠬᠢᠭᠤᠯᠤᠨ᠎ᠠ᠃ ᠣᠶ ᠰᠢᠭᠤᠶ ᠡᠪᠡᠰᠦ ᠪᠡᠯᠴᠢᠭᠡᠷ᠂ | ᠣᠶ ᠶᠢᠨ ᠡᠮ᠂ ᠣᠶ ᠶᠢᠨ ᠮᠥᠭᠦ᠂ ᠤᠢ ᠶᠢᠨ ᠴᠢᠬᠢ ᠵᠡᠷᠭᠡ ᠨᠡᠶᠢᠯᠡᠮᠡᠯ ᠡᠵᠡᠩᠨᠡᠯᠲᠡ ᠶᠢ ᠵᠣᠷᠢᠭᠵᠢᠭᠤᠯᠤᠨ | ᠬᠥᠭᠵᠢᠭᠦᠯᠵᠦ᠂ ᠣᠶ ᠶᠢᠨ ᠬᠤᠷᠮᠣᠶ ᠶᠢᠨ ᠠᠵᠤ ᠠᠬᠤᠶ ᠶᠢᠨ ᠬᠡᠪᠴᠢᠶᠡᠵᠢᠭᠰᠡᠨ ᠵᠢᠱᠢᠶ᠎ᠡ ᠦᠵᠡᠭᠦᠯᠬᠦ ᠴᠡᠭ ᠢ 20 | ᠪᠠᠶᠢᠭᠤᠯᠵᠤ᠂ ᠠᠵᠤ ᠠᠬᠤᠶ ᠶᠢᠨ ᠣᠶ ᠶᠢᠨ ᠠᠵᠤ ᠦᠢᠯᠡᠰ ᠤᠨ ᠬᠥᠭᠵᠢᠯᠲᠡ ᠶᠢᠨ ᠶᠠᠰᠤ ᠴᠢᠨᠠᠷ ᠢ | ᠳᠡᠭᠡᠭᠰᠢᠯᠡᠭᠦᠯᠦᠨ᠎ᠡ᠃ | ᠠᠵᠤ ᠦᠢᠯᠡᠳᠪᠦᠷᠢ ᠶᠢᠨ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠲᠦᠷᠭᠡᠳᠭᠡᠨ᠎ᠡ᠃ | ᠠᠵᠤ ᠦᠢᠯᠡᠳᠪᠦᠷᠢ ᠶᠢᠨ ᠳᠠᠬᠢᠨ ᠢᠶᠠᠷ ᠨᠡᠮᠡᠭᠳᠡᠭᠦᠯᠬᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ 24 | ᠭᠤᠣᠯᠳᠠᠯᠭ᠎ᠠ ᠲᠠᠢ ᠲᠦᠷᠦᠯ ᠵᠦᠢᠯ ᠢ ᠡᠬᠢᠯᠡᠭᠦᠯᠦᠨ ᠰᠡᠷᠭᠦᠭᠡᠵᠦ᠂ 15 ᠠᠴᠠ ᠳᠡᠭᠡᠭᠰᠢᠬᠢ ᠶᠢ ᠠᠰᠢᠭᠯᠠᠯᠲᠠ ᠳᠤ | ᠣᠷᠣᠭᠤᠯᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ3 ᠶᠢ ᠰᠢᠨ᠎ᠡ ᠪᠠᠷ | ᠨᠡᠮᠡᠭᠳᠡᠭᠦᠯᠦᠨ᠎ᠡ᠃ ᠵᠢᠩ ᠠᠨ ᠨᠢᠺᠧᠯ ᠰᠠᠭᠤᠷᠢ ᠬᠠᠶᠢᠯᠤᠰᠢ ᠰᠢᠨ᠎ᠡ ᠮᠠᠲ᠋ᠧᠷᠢᠶᠠᠯ ᠤᠨ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢ ᠲᠦᠷᠭᠡᠳᠭᠡᠵᠦ᠂ ᠵᠢᠪᠡᠷᠡᠬᠦ ᠥᠬᠡᠶ ᠪᠣᠯᠣᠳ᠂ ᠪᠣᠯᠣᠳ ᠬᠡᠪᠰᠢᠭᠦᠯᠵᠦ ᠬᠦᠴᠢᠯ ᠢᠶᠠᠷ ᠤᠬᠢᠶᠠᠬᠤ | ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠶᠢ ᠦᠨᠡᠨ ᠬᠦ ᠪᠠᠲᠤᠯᠠᠨ᠎ᠠ︔ ᠡᠾᠧ | ᠢ 3᠂ 4 ᠨᠣᠮᠧᠷᠲᠦ ᠱᠤᠭᠤᠮ ᠤᠨ ᠳᠦᠭᠦᠷᠡᠩ ᠳᠠᠭᠠᠭᠠᠴᠠ ᠲᠠᠢ ᠪᠠᠷ ᠦᠢᠯᠡᠳᠪᠦᠷᠢᠯᠡᠬᠦ ᠶᠢ ᠠᠬᠢᠭᠤᠯᠤᠨ᠎ᠠ︔ | ᠵᠢᠪᠡᠷᠡᠬᠦ ᠦᠭᠡᠶ ᠪᠣᠯᠣᠳ ᠢ ᠭᠦᠨᠵᠡᠭᠡᠶ ᠡᠳ᠋ᠰᠢᠭᠦᠯᠬᠦ ᠲᠥᠷᠥᠯ ᠵᠦᠢᠯ ᠢ 3 ᠠᠴᠠ ᠳᠡᠭᠡᠭᠰᠢ ᠬᠡᠷᠡᠭᠵᠢᠭᠦᠯᠵᠦ᠂ ᠵᠡᠭᠦᠨ | ᠬᠤᠶᠢᠲᠤ ᠣᠷᠣᠨ ᠤ ᠬᠡᠪᠴᠢᠶ᠎ᠡ ᠪᠠᠷ ᠬᠠᠮᠤᠭ ᠤᠨ ᠶᠡᠭᠡ᠂ ᠳᠡᠰ ᠨᠢ ᠬᠠᠮᠤᠭ ᠤᠨ ᠥᠨᠳᠥᠷ᠂ ᠠᠵᠤ ᠦᠢᠯᠡᠰ ᠤᠨ | ᠬᠡᠯᠬᠢᠶ᠎ᠡ ᠪᠠᠷ ᠬᠠᠮᠤᠭ ᠤᠨ ᠪᠦᠷᠢᠨ ᠲᠡᠭᠦᠯᠳᠡᠷ ᠵᠢᠪᠡᠷᠡᠬᠦ ᠦᠭᠡᠶ ᠪᠣᠯᠣᠳ ᠵᠢᠴᠢ ᠦᠢᠯᠡᠳᠬᠦᠨ ᠦᠢᠯᠡᠳᠪᠦᠷᠢᠯᠡᠬᠦ | ᠰᠠᠭᠤᠷᠢᠨ ᠭᠠᠵᠠᠷ ᠢ ᠪᠤᠶᠢᠵᠢᠭᠤᠯᠤᠨ ᠪᠠᠶᠢᠭᠤᠯᠤᠨ᠎ᠠ᠃ ᠰᠢᠩ ᠭᠦ᠋ ᠨᠠᠮᠢ ᠶᠢᠨ ᠪᠢᠴᠢᠯ ᠲᠠᠯᠠᠰᠲᠤ ᠰᠢᠨ᠎ᠡ | ᠮᠠᠲ᠋ᠧᠷᠢᠶᠠᠯ ᠤᠨ 1 ᠳ᠋ᠦ᠋ᠭᠡᠷ ᠱᠤᠭᠤᠮ ᠦᠷ᠎ᠡ ᠠᠰᠢᠭ ᠤᠯᠵᠤ᠂ 2 ᠳ᠋ᠤᠭᠠᠷ ᠱᠤᠭᠤᠮ ᠢ ᠪᠠᠶᠢᠭᠤᠯᠤᠨ ᠳᠠᠭᠤᠰᠬᠠᠨ | ᠠᠵᠢᠯᠯᠠᠭᠤᠯᠬᠤ ᠶᠢ ᠦᠨᠡᠨᠬᠦ ᠪᠠᠲᠤᠯᠠᠵᠤ᠂ ᠳᠣᠤᠷᠠᠳᠤ ᠤᠷᠤᠰᠬᠠᠯ ᠤᠨ ᠭᠦᠨᠵᠡᠭᠡᠶ ᠡᠳ᠋ᠰᠢᠭᠦᠯᠬᠦ 3 ᠲᠥᠷᠥᠯ ᠵᠦᠢᠯ ᠢ | ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ ᠨᠠᠮᠢ ᠶᠢᠨ ᠪᠢᠴᠢᠯ ᠲᠠᠯᠠᠰᠲᠤ ᠰᠢᠨ᠎ᠡ ᠮᠠᠲ᠋ᠧᠷᠢᠶᠠᠯ ᠤᠨ ᠠᠵᠤ | ᠦᠢᠯᠡᠰ ᠤᠨ ᠬᠡᠯᠬᠢᠶ᠎ᠡ ᠶᠢ ᠤᠷᠲᠤᠳᠬᠠᠨ ᠲᠠᠰ ᠳᠡᠪᠰᠢᠭᠦᠯᠬᠦ ᠶᠢ ᠠᠬᠢᠭᠤᠯᠤᠨ᠎ᠠ᠃ ᠰᠢᠨ᠎ᠡ ᠪᠠᠷ ᠰᠢᠯᠦᠷᠬᠡᠦ | ᠰᠢᠷᠬᠡᠭ ᠤᠨ ᠲᠥᠷᠥᠯ ᠵᠦᠢᠯ ᠢ 4 ᠪᠠᠶᠢᠭᠤᠯᠵᠤ ᠂ ᠠᠰᠢᠭᠯᠠᠯᠲᠠ ᠳᠤ ᠣᠷᠣᠭᠤᠯᠤᠭᠰᠠᠨ ᠠᠵᠤ ᠠᠬᠤᠶᠢᠯᠠᠯ ᠢ | 5 ᠪᠣᠯᠭᠠᠵᠤ᠂ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠤ ᠴᠢᠬᠤᠯᠠ ᠰᠢᠯᠦᠷᠬᠡᠦ ᠰᠢᠷᠬᠡᠭ ᠤᠨ | ᠨᠡᠶᠢᠯᠡᠮᠡᠯ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠰᠠᠭᠤᠷᠢᠨ ᠭᠠᠵᠠᠷ ᠢ ᠪᠠᠶᠢᠭᠤᠯᠤᠨ᠎ᠠ᠃ ︽ᠡᠨᠧᠷᠬᠢ᠂ ᠲᠤᠤᠷ᠂ | ᠬᠡᠷᠡᠭᠴᠡᠭᠡ᠂ ᠨᠦᠬᠡᠴᠡ︾ ᠶᠢ ᠨᠢᠭᠡ ᠴᠣᠭᠴᠠᠵᠢᠭᠤᠯᠤᠨ ᠵᠢᠱᠢᠶ᠎ᠡ ᠦᠵᠡᠭᠦᠯᠬᠦ ᠪᠠ ᠰᠠᠯᠬᠢᠨ ᠬᠦᠴᠦᠨ ᠤ | ᠴᠠᠬᠢᠯᠭᠠᠨ ᠢ ᠭᠠᠳᠠᠭᠰᠢ ᠬᠦᠷᠭᠡᠬᠦ ᠲᠣᠮᠣ ᠰᠠᠭᠤᠷᠢᠨ ᠭᠠᠵᠠᠷ ᠤᠨ ᠲᠥᠷᠥᠯ ᠵᠦᠢᠯ ᠢ ᠬᠡᠷᠡᠭᠵᠢᠭᠦᠯᠵᠦ᠂ ᠭᠤᠸᠠᠩ | ᠰᠢᠩ ᠪᠣᠬᠢᠷᠳᠤᠯ ᠦᠭᠡᠢ ᠴᠠᠬᠢᠯᠭᠠᠨ ᠬᠠᠩᠭᠠᠬᠤ᠂ ᠵᠢᠩ ᠠᠨ ᠲᠠᠷᠬᠠᠢ ᠬᠡᠯᠪᠡᠷᠢ ᠶᠢᠨ ᠰᠠᠯᠬᠢᠨ ᠬᠦᠴᠦᠨ ᠤ | ᠴᠠᠬᠢᠯᠭᠠᠨ ᠤ ᠲᠥᠷᠥᠯ ᠵᠦᠢᠯ ᠤᠨ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠬᠤ ᠶᠢ ᠲᠦᠯᠬᠢᠨ ᠠᠬᠢᠭᠤᠯᠵᠤ᠂ | ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢ 450 ᠰᠠᠶ᠎ᠠ ᠸᠠᠲ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠬᠦ ᠶᠢ | ᠪᠠᠲᠤᠯᠠᠨ᠎ᠠ᠃ ᠮᠦ ᠶᠤᠸᠠᠨ ᠭᠠᠭ᠋ᠠᠶ ᠨᠢᠲᠤᠯᠬᠤ᠂ ᠼᠠᠢ ᠰᠢᠨ ᠪᠣᠬᠢᠷᠲᠤᠯ ᠥᠬᠡᠶ ᠢᠳᠡᠰᠢᠨ ᠨᠣᠭᠤᠭ᠎ᠠ ᠶᠢᠨ | ᠦᠢᠯᠡᠳᠪᠦᠷᠢᠯᠡᠬᠦ ᠴᠢᠳᠠᠮᠵᠢ ᠪᠠᠨ ᠥᠷᠭᠡᠳᠬᠡᠬᠦ ᠶᠢ ᠪᠠᠲᠤᠯᠠᠵᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ | ᠰᠢᠮ᠎ᠡ ᠶᠢ ᠲᠤᠬᠠᠶ ᠶᠢᠨ ᠭᠠᠵᠠᠷ ᠲᠤᠨᠢ ᠡᠳ᠋ᠰᠢᠭᠦᠯᠦᠨ ᠬᠤᠪᠢᠷᠠᠭᠤᠯᠬᠤ ᠨᠣᠷᠮ᠎ᠠ ᠪᠠ ᠪᠦᠲᠦᠭᠡᠭᠳᠡᠬᠦᠨ ᠤ ᠨᠡᠮᠡᠯᠲᠡ | ᠥᠷᠲᠡᠭ ᠢ ᠳᠡᠭᠡᠭᠰᠢᠯᠡᠭᠦᠯᠦᠨ᠎ᠡ᠃ ᠡᠮ ᠤᠨ ᠮᠠᠲ᠋ᠧᠷᠢᠶᠠᠯ ᠤᠨ ᠲᠣᠮᠣ ᠳ᠋ᠠᠶᠢᠲ᠋ᠠ ᠶᠢᠨ ᠲᠠᠪᠴᠠᠩ ᠤᠨ ᠬᠡᠷᠡᠭᠯᠡᠯᠲᠡ ᠶᠢ | ᠳᠡᠯᠭᠡᠷᠡᠭᠦᠯᠵᠦ᠂ ᠡᠮ ᠤᠨ ᠮᠠᠲ᠋ᠧᠷᠢᠶᠠᠯ ᠤᠨ ᠪᠠᠷᠢᠮᠵᠢᠶᠠᠵᠢᠭᠤᠯᠤᠭᠰᠠᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ | 3000 ᠮᠥ ᠰᠢᠨ᠎ᠡ ᠪᠠᠷ ᠪᠠᠶᠢᠭᠤᠯᠵᠤ᠂ ᠬᠤᠸᠠ ᠬᠤᠤ ᠠᠮᠢᠳᠤ ᠪᠣᠳᠠᠰ ᠤᠨ ᠡᠮ ᠡᠮᠨᠡᠯᠭᠡ ᠶᠢ ᠪᠠᠶᠢᠭᠤᠯᠵᠤ | ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠨ᠎ᠠ᠃ | ᠭᠤᠷᠪᠠᠳᠤᠭᠠᠷ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ | ᠠᠬᠢᠭᠤᠯᠤᠨ᠎ᠠ᠃ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠭᠤᠷᠪᠠᠨ ᠵᠢᠯ ᠤᠨ | ᠪᠣᠭᠤᠮᠲᠠ ᠰᠢᠪᠲᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ | ᠲᠦᠷᠭᠡᠳᠬᠡᠬᠦ᠂ ᠬᠤᠪᠢ ᠶᠢᠨ ᠵᠢᠩ ᠢ ᠳᠡᠭᠡᠭᠰᠢᠯᠡᠭᠦᠯᠬᠦ᠂ ᠳᠡᠰ ᠳᠠᠪᠬᠤᠷᠭ᠎ᠠ ᠶᠢ ᠳᠡᠭᠡᠭᠰᠢᠯᠡᠭᠦᠯᠬᠦ ᠶᠢ ᠲᠦᠯᠬᠢᠨ | ᠠᠬᠢᠭᠤᠯᠤᠨ᠎ᠠ᠃ ᠵᠢᠯ ᠤᠨ ᠳᠣᠲᠣᠷ᠎ᠠ 8 ᠠᠵᠤ ᠠᠬᠤᠶᠢᠯᠠᠯ ᠢ ᠰᠢᠨ᠎ᠡ ᠪᠠᠷ ᠨᠡᠮᠡᠭᠳᠡᠭᠦᠯᠦᠨ᠎ᠡ᠃ ᠵᠢᠭᠤᠯᠴᠢᠯᠠᠯ ᠤᠨ | ᠦᠵᠡᠮᠵᠢ ᠶᠢᠨ ᠣᠷᠣᠨ ᠤ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠴᠢᠩ ᠯᠦᠩ ᠱᠠᠨ ᠤ | ᠵᠢᠭᠤᠯᠴᠢᠯᠠᠯ ᠤᠨ ᠣᠷᠣᠨ᠂ ᠰᠦᠯᠳᠡ ᠶᠢᠨ ᠵᠢᠭᠤᠯᠴᠢᠯᠠᠯ ᠤᠨ ᠣᠷᠣᠨ ᠤ ᠦᠢᠯᠡᠴᠢᠯᠡᠭᠡᠨ ᠤ ᠴᠢᠳᠠᠮᠵᠢ ᠶᠢ | ᠲᠡᠭᠦᠯᠳᠡᠷᠵᠢᠭᠦᠯᠵᠦ᠂ ᠪᠤᠭᠲᠤ ᠬᠤᠪᠢ ᠶᠢᠨ ᠮᠠᠰᠢᠨ ᠲᠡᠷᠭᠡ ᠵᠢᠯᠣᠭᠤᠳᠴᠤ ᠬᠡᠭᠡᠷ᠎ᠡ ᠪᠠᠭᠤᠳᠠᠯᠯᠠᠬᠤ ᠭᠠᠵᠠᠷ ᠲᠤ | ᠤᠯᠤᠰ ᠤᠨ 3C ᠲᠠᠰ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ᠃ ᠬᠥᠳᠡᠭᠡ ᠲᠣᠰᠬᠤᠨ ᠤ ᠵᠢᠭᠤᠯᠴᠢᠯᠠᠯ | ᠂ ᠣᠶᠢᠷ᠎ᠠ ᠲᠡᠭᠦᠷᠭᠡ ᠶᠢᠨ ᠵᠢᠭᠤᠯᠴᠢᠯᠠᠯ ᠢ ᠬᠥᠭᠵᠢᠭᠦᠯᠵᠦ᠂ ᠲᠠᠷᠢᠶᠠᠯᠠᠩ ᠰᠣᠶᠣᠯ ᠵᠢᠭᠤᠯᠴᠢᠯᠠᠯ ᠤᠨ | ᠠᠭᠤᠰᠤᠯᠴᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠶᠢ ᠪᠤᠵᠠᠭᠠᠶᠢᠷᠠᠭᠤᠯᠤᠨ᠂ ᠵᠢᠭᠤᠯᠴᠢᠯᠠᠯ ᠤᠨ ᠶᠡᠷᠦᠩᠬᠡᠶᠢᠯᠡᠭᠰᠡᠨ | ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠬᠥᠳᠡᠭᠡ ᠲᠣᠰᠬᠤᠨ ᠤ ᠭᠤᠷᠪᠠᠨ ᠠᠵᠤ ᠦᠢᠯᠡᠰ ᠤᠨ ᠠᠭᠤᠰᠤᠯᠴᠠᠨ | ᠬᠥᠭᠵᠢᠬᠦ ᠶᠢ ᠠᠬᠢᠭᠤᠯᠤᠨ᠎ᠠ᠃ ᠴᠢᠩ ᠯᠦᠩ ᠱᠠᠨ ᠪᠠᠯᠭᠠᠰᠤᠨ ᠤ ᠰᠧ ᠢ ᠲᠣᠰᠬᠤᠨ ᠢ ᠪᠦᠬᠦ ᠤᠯᠤᠰ ᠤᠨ ᠬᠥᠳᠡᠭᠡ | ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ ᠢᠶᠠᠷ ᠮᠡᠳᠡᠭᠦᠯᠬᠦ ᠶᠢ ᠳᠡᠮᠵᠢᠨ᠎ᠡ᠃ ᠠᠵᠤ | ᠦᠢᠯᠡᠳᠪᠦᠷᠢ ᠶᠢᠨ ᠵᠢᠭᠤᠯᠴᠢᠯᠠᠯ᠂ ᠰᠤᠳᠤᠯᠤᠨ ᠰᠤᠷᠤᠯᠴᠠᠬᠤ ᠵᠢᠭᠤᠯᠴᠢᠯᠠᠯ᠂ ᠳᠥᠷᠪᠡᠨ ᠤᠯᠠᠷᠢᠯ ᠤᠨ ᠵᠢᠭᠤᠯᠴᠢᠯᠠᠯ ᠢ | ᠪᠤᠶᠢᠵᠢᠭᠤᠯᠵᠤ᠂ ᠵᠢᠭᠤᠯᠴᠢᠯᠠᠯ ᠤᠨ ᠦᠢᠯᠡᠳᠬᠦᠨ ᠪᠠ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠵᠦ᠂ ︽ | ᠵᠢᠭᠤᠯᠴᠢᠯᠠᠯ +︾ ᠤᠨ ᠤᠯᠠᠨ ᠦᠢᠯᠡᠰ ᠤᠨ ᠪᠠᠶᠢᠳᠠᠯ ᠤᠨ ᠭᠦᠨᠵᠡᠭᠡᠢ ᠠᠭᠤᠰᠤᠯᠴᠠᠯ ᠢ ᠠᠬᠢᠭᠤᠯᠤᠨ᠎ᠠ᠃ ᠣᠷᠣᠨ | ᠪᠦᠰᠡ ᠶᠢᠨ ᠰᠣᠶᠣᠯ ᠵᠢᠭᠤᠯᠴᠢᠯᠠᠯ ᠤᠨ ᠬᠤᠯᠪᠣᠭ᠎ᠠ ᠶᠢᠨ ᠬᠠᠮᠵᠢᠯᠴᠠᠭ᠎ᠠ ᠶᠢ ᠭᠦᠨᠵᠡᠭᠡᠶᠢᠷᠡᠭᠦᠯᠦᠨ᠂ ᠥᠪᠥᠷ | ᠮᠣᠩᠭᠤᠯ ᠤᠨ ᠡᠯᠡᠰᠦᠨ ᠴᠦᠯ ᠤᠨ ᠨᠠᠭᠠᠳᠤᠮ᠂ ᠨᠠᠢᠮᠠᠨ ᠤ ᠬᠡᠭᠡᠷᠯᠡᠬᠦ ᠪᠠᠭᠠᠲᠤᠷᠴᠤᠳ ᠤᠨ ᠴᠤᠭᠯᠠᠭᠠᠨ ᠵᠡᠷᠭᠡ ᠨᠠᠷᠠᠲᠤ | ᠲᠡᠮᠳᠡᠭᠲᠦ ᠶᠢᠨ ᠠᠵᠢᠯᠯᠠᠭ᠎ᠠ ᠶᠢ ᠰᠠᠶᠢᠲᠤᠷ ᠡᠷᠭᠢᠯᠡᠵᠦ᠂ ᠪᠥᠬᠦ ᠵᠢᠯ ᠳᠤ 150 ᠲᠦᠮᠡᠨ ᠬᠥᠮᠦᠨ ᠤᠳᠠᠭ᠎ᠠ | ᠵᠤᠭᠠᠴᠠᠭᠰᠠᠳ ᠢ ᠭᠥᠯᠢᠶᠡᠨ ᠠᠪᠴᠤ᠂ ᠵᠢᠭᠤᠯᠴᠢᠯᠠᠯ ᠤᠨ ᠶᠡᠷᠦᠩᠬᠡᠶᠢᠯᠡᠭᠰᠡᠨ ᠣᠷᠣᠯᠭ᠎ᠠ ᠶᠢ 7.6 ᠳ᠋ᠦᠩᠰᠢᠭᠤᠷ | ᠲᠥᠭᠦᠷᠢᠭ ᠪᠡᠶᠡᠯᠡᠭᠦᠯᠦᠨ᠎ᠡ᠃ A ᠲᠠᠰ ᠤᠨ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠢ ᠪᠤᠶᠢᠵᠢᠭᠤᠯᠬᠤ | ᠠᠵᠢᠯᠯᠠᠭ᠎ᠠ ᠶᠢ ᠬᠡᠷᠡᠭᠵᠢᠭᠦᠯᠵᠦ᠂ ᠶᠡᠭᠡ ᠬᠡᠮᠵᠢᠶᠡᠨ ᠤ ᠪᠠᠷᠠᠭᠠᠨ ᠤ ᠲᠡᠭᠡᠭᠡᠪᠦᠷᠢ ᠶᠢᠨ ᠡᠵᠡᠩᠨᠡᠯᠲᠡ ᠶᠢᠨ ᠪᠠᠶᠢᠳᠠᠯ ᠤᠨ | ᠬᠤᠭᠤᠰᠣᠨ ᠢ ᠨᠥᠬᠦᠪᠥᠷᠢᠯᠡᠨ᠎ᠡ᠃ ᠨᠠᠢᠮᠠᠨ ᠤ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠲᠠᠷᠢᠶᠠᠯᠠᠩ ᠤᠨ | ᠪᠦᠲᠦᠭᠡᠭᠳᠡᠬᠦᠨ ᠤ ᠬᠦᠢᠲᠡᠨ ᠬᠠᠳᠠᠭᠠᠯᠠᠯᠲᠠ ᠶᠢᠨ ᠲᠥᠪᠯᠡᠷᠡᠭᠦᠯᠦᠨ ᠲᠣᠬᠢᠷᠠᠭᠤᠯᠬᠤ ᠲᠥᠪ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠣᠯᠠᠨ ᠬᠡᠯᠪᠡᠷᠢ ᠶᠢᠨ ᠬᠤᠯᠪᠣᠭᠠᠯᠠᠨ ᠲᠡᠭᠡᠭᠡᠪᠦᠷᠢᠯᠡᠬᠦ ᠪᠠ ︽ᠲᠠᠷᠠᠬᠠᠢ ᠶᠢ | ᠴᠤᠭᠯᠠᠭᠤᠯᠬᠤ︾ ᠬᠡᠯᠪᠡᠷᠢ ᠶᠢ ᠳᠡᠯᠭᠡᠷᠡᠭᠦᠯᠵᠦ᠂ ᠪᠠᠷᠠᠭᠠᠨ ᠤ ᠭᠦᠢᠯᠭᠡᠭᠡᠨ ᠤ ᠦᠢᠯᠡᠰ ᠬᠢᠭᠡᠳ ᠲᠠᠷᠢᠶᠠᠯᠠᠩ ᠮᠠᠯ | ᠠᠵᠤ ᠠᠬᠤᠢ᠂ ᠦᠢᠯᠡᠳᠬᠦ ᠦᠢᠯᠡᠰ ᠤᠨ ᠬᠤᠯᠪᠣᠭᠠᠯᠠᠨ ᠬᠥᠭᠵᠢᠬᠦ ᠶᠢ ᠠᠬᠢᠭᠤᠯᠤᠨ᠎ᠠ᠃ | ︵ᠭᠤᠷᠪᠠ︶ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ ︾ ᠤ ᠠᠵᠢᠯ ᠢ ᠰᠠᠶᠢᠲᠤᠷ | ᠠᠳᠬᠤᠵᠤ᠂ ᠴᠢᠨᠠᠷ ᠰᠠᠶᠢᠲᠠᠢ ᠬᠥᠭᠵᠢᠯᠲᠡ ᠶᠢᠨ ᠲᠤᠯᠭᠠᠭᠤᠷᠢᠯᠠᠯ ᠢ ᠴᠢᠩᠭᠠᠳᠬᠠᠨ᠎ᠠ᠃ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠰᠢᠨ᠎ᠡ ᠴᠠᠭ ᠦᠶ᠎ᠡ ᠶᠢᠨ ︽ᠬᠥᠳᠡᠭᠡ ᠠᠵᠤ ᠠᠬᠤᠢ | ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠶᠡᠷᠦᠩᠬᠡᠢ ᠭᠠᠷᠳᠠᠴᠠ ᠪᠣᠯᠭᠠᠬᠤ ᠶᠢ ᠪᠠᠷᠢᠮᠲᠠᠯᠠᠵᠤ᠂ ︽ᠮᠢᠩᠭᠠᠨ | ᠲᠦᠮᠡᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠶᠢ ᠬᠦᠴᠦᠲᠡᠢ ᠪᠦᠲᠦᠮᠵᠢᠲᠡᠢ ᠠᠬᠢᠭᠤᠯᠤᠨ᠎ᠠ᠃ | ᠬᠥᠳᠡᠭᠡ ᠠᠵᠤ ᠠᠬᠤᠢ ᠶᠢᠨ ᠬᠦᠭᠵᠢᠯᠲᠡ ᠶᠢᠨ ᠰᠠᠭᠤᠷᠢ ᠶᠢ ᠪᠠᠲᠤᠳᠬᠠᠨ᠎ᠠ᠃ ᠠᠮᠤ ᠪᠤᠳᠠᠭᠠᠨ ᠤ ᠠᠮᠤᠷ | ᠲᠦᠪᠰᠢᠨ ᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠲᠠᠷᠢᠶᠠᠨ ᠭᠠᠵᠠᠷ ᠤᠨ | ᠬᠡᠷᠡᠭᠯᠡᠯᠲᠡ ᠶᠢᠨ ᠬᠠᠮᠢᠶᠠᠷᠤᠯᠲᠠ ᠶᠢ ᠴᠢᠩᠳᠠᠯᠠᠵᠤ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ ᠢ | ᠪᠠᠲᠤ ᠰᠠᠬᠢᠨ᠎ᠠ᠃ ᠤᠯᠤᠰ ᠤᠨ ᠰᠢᠨ᠎ᠡ ᠨᠢᠭᠡ ᠡᠭᠡᠯᠵᠢ ᠶᠢᠨ ᠮᠢᠩᠭᠠᠨ ᠳ᠋ᠦᠩᠰᠢᠭᠤᠷ ᠵᠢᠩ ᠠᠮᠤ ᠪᠤᠳᠠᠭᠠᠨ ᠤ | ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠢ 45 ᠲᠦᠮᠡᠨ ᠮᠦ ᠰᠢᠨ᠎ᠡ ᠪᠠᠷ ᠪᠠᠶᠢᠭᠤᠯᠤᠨ ᠥᠭᠡᠷᠡᠴᠢᠯᠡᠵᠦ᠂ ᠥᠨᠳᠥᠷ | ᠤᠨᠠᠯᠲᠠ ᠲᠠᠢ ᠡᠷᠳᠡᠨᠢ ᠰᠢᠰᠢ ᠶᠢ 120 ᠲᠦᠮᠡᠨ ᠮᠦ ᠲᠠᠷᠢᠵᠤ᠂ ᠲᠠᠷᠢᠶᠠᠯᠠᠩ ᠤᠨ ᠦᠢᠯᠡᠳᠪᠦᠷᠢᠯᠡᠯ ᠤᠨ | ᠨᠡᠶᠢᠭᠡᠮᠴᠢᠯᠡᠭᠰᠡᠨ ᠦᠢᠯᠡᠴᠢᠯᠡᠭᠡ ᠶᠢ 100 ᠲᠦᠮᠡᠨ ᠮᠦ ᠪᠡᠶᠡᠯᠡᠭᠦᠯᠦᠨ᠂ ᠠᠮᠤ ᠪᠤᠳᠠᠭᠠᠨ ᠤ ᠶᠡᠷᠥᠩᠬᠡᠢ ᠤᠨᠠᠯᠲᠠ ᠶᠢ | 26 ᠳ᠋ᠦᠩᠰᠢᠭᠤᠷ ᠵᠢᠩ ᠠᠴᠠ ᠳᠡᠭᠡᠭᠰᠢ ᠳᠤ ᠬᠦᠷᠦᠭᠦᠯᠵᠦ᠂ ᠣᠳᠣ ᠦᠶ᠎ᠡ ᠶᠢᠨ ᠤᠰᠤ ᠠᠷᠪᠢᠯᠠᠬᠤ ᠥᠨᠳᠥᠷ | ᠤᠨᠠᠯᠲᠠ ᠲᠠᠢ ᠲᠠᠷᠢᠶᠠᠯᠠᠩ ᠤᠨ ᠵᠢᠱᠢᠶ᠎ᠡ ᠦᠵᠡᠭᠦᠯᠬᠦ ᠣᠷᠣᠨ ᠢ ᠪᠦᠲᠦᠭᠡᠨ ᠪᠠᠶᠢᠭᠤᠯᠤᠨ᠎ᠠ᠃ ᠡᠷᠳᠡᠨᠢ ᠰᠢᠰᠢ | ᠡᠳ᠋ᠰᠢᠭᠦᠯᠬᠦ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠡᠷᠳᠡᠨᠢ ᠰᠢᠰᠢ ᠶᠢᠨ ᠪᠦᠬᠦ ᠰᠠᠭᠤᠷᠢ ᠶᠢ ᠭᠦᠨᠵᠡᠭᠡᠶ | ᠬᠤᠪᠢᠷᠠᠭᠤᠯᠬᠤ ᠶᠢ ᠠᠬᠢᠭᠤᠯᠤᠨ᠂ ᠪᠥᠬᠦ ᠬᠤᠲᠠ ᠶᠢᠨ ᠡᠷᠳᠡᠨᠢ ᠰᠢᠰᠢ ᠶᠢ ᠨᠠᠷᠢᠯᠢᠭ ᠡᠳ᠋ᠰᠢᠭᠦᠯᠬᠦ ᠰᠢᠨ᠎ᠡ ᠵᠠᠮ ᠢ | ᠠᠯᠬᠤᠨ᠎ᠠ᠃ 2.5 ᠲᠦᠮᠡᠨ ᠮᠦ ᠡᠪᠡᠰᠦ ᠪᠣᠷᠳᠤᠭ᠎ᠠ ᠶᠢᠨ ᠰᠠᠭᠤᠷᠢᠨ ᠭᠠᠵᠠᠷ ᠢ ᠰᠢᠨ᠎ᠡ ᠪᠠᠷ ᠪᠠᠶᠢᠭᠤᠯᠵᠤ᠂ 30 | ᠲᠦᠮᠡᠨ ᠮᠦ ᠨᠣᠭᠤᠭᠠᠨ ᠳᠠᠷᠤᠰᠢ ᠶᠢᠨ ᠡᠷᠳᠡᠨᠢ ᠰᠢᠰᠢ ᠶᠢ ᠳᠠᠷᠢᠵᠤ᠂ ᠡᠪᠡᠰᠦ ᠪᠣᠷᠳᠤᠭ᠎ᠠ ᠶᠢᠨ ᠬᠠᠩᠭᠠᠯᠭ᠎ᠠ ᠶᠢᠨ | ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠡᠭᠡᠯᠢᠯᠡᠭᠡ ᠶᠢ | ᠴᠢᠩᠭᠠᠳᠬᠠᠵᠤ᠂ ᠬᠢᠵᠢᠭ ᠰᠡᠷᠭᠡᠶᠢᠯᠡᠬᠦ ᠨᠢᠭᠲᠠᠴᠠ ᠶᠢ 100% ᠳᠤ ᠬᠦᠷᠦᠭᠦᠯᠵᠦ᠂ ᠳᠠᠭᠠᠭᠠᠭᠴᠢ ᠶᠢᠨ ᠬᠢᠷᠢ | ᠲᠡᠩᠴᠡᠭᠰᠡᠨ ᠨᠣᠷᠮ᠎ᠠ ᠶᠢ 70% ᠠᠴᠠ ᠳᠡᠭᠡᠭᠰᠢ ᠪᠠᠶᠢᠯᠭᠠᠬᠤ ᠶᠢ ᠦᠨᠡᠨᠬᠦ ᠪᠠᠲᠤᠯᠠᠨ᠎ᠠ᠃ ᠨᠠᠷᠠᠲᠤ ᠲᠥᠷᠥᠯ | ᠲᠡᠮᠳᠡᠭᠲᠦ ᠶᠢ ᠪᠤᠶᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠵᠢᠯ ᠤᠨ ᠳᠣᠲᠣᠷ᠎ᠠ ᠪᠣᠬᠢᠷᠲᠤᠯ ᠥᠬᠡᠶ ᠢᠳᠡᠭᠡᠨ 2᠂ | ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ 1 ᠶᠢ ᠭᠡᠷᠡᠴᠢᠯᠡᠨ᠎ᠠ᠃ | ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃ ︽ | ᠳᠥᠷᠪᠡ ᠶᠢ ᠰᠠᠯᠭᠠᠬᠤ ᠥᠬᠡᠶ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠡᠭᠡᠵᠢᠩ ᠥᠪᠥᠷ | ᠮᠣᠩᠭᠤᠯ ᠤᠨ ᠬᠠᠮᠵᠢᠯᠴᠠᠭᠠᠨ ᠤ ᠵᠢᠷᠭᠤᠭᠠᠨ ︽ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ ᠬᠡᠷᠡᠭᠵᠢᠭᠦᠯᠵᠦ᠂ | ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠬᠢᠨᠠᠨ ᠬᠡᠮᠵᠢᠯᠲᠡ ᠶᠢ ᠪᠠᠶᠢᠩᠭᠤᠵᠢᠭᠤᠯᠤᠨ ᠥᠷᠨᠢᠭᠦᠯᠵᠦ᠂ | ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠠᠷᠢᠯᠢᠭ ᠤᠨᠤᠪᠴᠢᠲᠠᠢ ᠪᠠᠷ ᠨᠠᠶᠢᠳᠠᠪᠤᠷᠢᠵᠢᠭᠤᠯᠵᠤ᠂ ᠬᠡᠪᠴᠢᠶᠡᠵᠢᠭᠰᠡᠨ | ᠴᠢᠨᠠᠷᠲᠠᠶ ᠳᠠᠬᠢᠨ ᠶᠠᠳᠠᠭᠤᠷᠠᠬᠤ ᠥᠬᠡᠶ ᠪᠠᠶᠢᠬᠤ ᠬᠤᠷᠢᠭ᠎ᠠ ᠱᠤᠭᠤᠮ ᠢ ᠡᠷᠡᠰ ᠰᠠᠬᠢᠨ᠎ᠠ᠃ 1.2 ᠳ᠋ᠦᠩᠰᠢᠭᠤᠷ | ᠲᠥᠭᠦᠷᠢᠭ ᠤᠨ ᠪᠡᠯᠡ ᠮᠥᠩᠭᠦ ᠣᠷᠣᠭᠤᠯᠵᠤ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ 18 ᠲᠥᠷᠥᠯ | ᠵᠦᠢᠯ ᠢ ᠬᠡᠷᠡᠭᠵᠢᠭᠦᠯᠵᠦ᠂ 1320 ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠨᠡᠭᠡᠭᠡᠨ | ᠬᠥᠭᠵᠢᠭᠦᠯᠵᠦ᠂ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠰᠠᠭᠤᠷᠢ ᠶᠢ ᠪᠠᠬᠢᠵᠢᠭᠦᠯᠦᠨ᠎ᠡ᠃ | ᠶᠠᠳᠠᠭᠤ ᠶᠢ ᠲᠡᠳᠬᠦᠬᠦ ᠲᠦᠷᠦᠯ ᠵᠦᠢᠯ ᠤᠨ ᠡᠳ᠋ ᠬᠥᠷᠥᠩᠭᠡ ᠶᠢᠨ ᠬᠤᠶᠢᠨᠠᠬᠢ ᠬᠠᠮᠢᠶᠠᠷᠤᠯᠲᠠ ᠶᠢ ᠴᠢᠩᠭᠠᠳᠬᠠᠵᠤ᠂ | ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠤᠷᠲᠤ ᠬᠤᠭᠤᠴᠠᠭ᠎ᠠ ᠪᠠᠷ ᠦᠷ᠎ᠡ ᠠᠰᠢᠭ ᠢᠶᠠᠨ | ᠪᠠᠳᠠᠷᠠᠭᠤᠯᠬᠤ ᠶᠢ ᠦᠨᠡᠨᠬᠦ ᠪᠠᠲᠤᠯᠠᠨ᠎ᠠ᠃ ︽ᠲᠠᠪᠤ ᠶᠢ ᠬᠥᠭᠵᠢᠭᠦᠯᠦᠨ ᠮᠠᠨᠳᠤᠭᠤᠯᠬᠤ︾ ᠶᠢᠨ ᠲᠣᠭᠤᠷᠢᠨ ᠳᠤ᠂ ᠪᠠᠯᠠ | ᠮᠥᠩᠭᠦ ᠡᠳ᠋ ᠬᠥᠷᠥᠩᠭᠡ ᠶᠢᠨ ᠡᠬᠢ ᠪᠠᠶᠠᠯᠢᠭ ᠢ ᠲᠥᠪᠯᠡᠷᠡᠭᠦᠯᠦᠨ ᠡᠮᠬᠢᠯᠡᠨ ᠨᠡᠶᠢᠯᠡᠭᠦᠯᠵᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠪᠠᠯᠭᠠᠰᠤ ᠶᠢ ᠪᠥᠲᠥᠭᠡᠨ ᠪᠠᠶᠢᠭᠤᠯᠵᠤ᠂ ᠨᠢᠭᠡ ᠪᠦᠯᠦᠭ | ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ᠂ ᠦᠪᠡᠷᠮᠢᠴᠡ ᠣᠨᠴᠠᠯᠢᠭ ᠲᠠᠢ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠥᠯᠢᠭᠡᠷ ᠳᠠᠭᠤᠷᠢᠶᠠᠯ ᠲᠠᠢ ᠲᠣᠰᠬᠤᠨ ᠢ ᠪᠣᠶ ᠪᠣᠯᠭᠠᠨ᠎ᠠ᠃ | ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠶ ᠭᠤᠶᠢᠲᠠ ᠰᠠᠶᠢᠬᠠᠨ ᠬᠥᠳᠡᠭᠡ ᠲᠣᠰᠬᠤᠨ ᠢ ᠪᠦᠲᠦᠭᠡᠨ | ᠪᠠᠶᠢᠭᠤᠯᠤᠨ᠎ᠠ᠃ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ | ᠵᠠᠰᠠᠵᠤ ᠰᠠᠶᠢᠵᠢᠷᠠᠭᠤᠯᠬᠤ ᠠᠵᠢᠯᠯᠠᠭ᠎ᠠ ᠶᠢ ᠭᠦᠨᠵᠡᠭᠡᠶᠢᠷᠡᠭᠦᠯᠦᠨ᠂ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ ᠢ | 3 ᠬᠡᠷᠡᠭᠵᠢᠭᠦᠯᠵᠦ᠂ 75 ᠡᠷᠦᠬᠡ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠶᠢ ᠪᠡᠶᠡᠯᠡᠭᠦᠯᠵᠦ᠂ | ᠬᠥᠳᠡᠭᠡ ᠲᠣᠰᠬᠤᠨ ᠤ ᠨᠤᠷᠠᠬᠤ ᠠᠶᠤᠯᠲᠠᠢ ᠭᠡᠷ ᠪᠠᠶᠢᠰᠢᠩ ᠤᠨ ᠪᠠᠶᠢᠳᠠᠯ ᠢ ᠬᠥᠳᠡᠯᠦᠩᠭᠦᠢ ᠪᠠᠷ ᠠᠷᠢᠯᠭᠠᠬᠤ ᠶᠢ | ᠪᠠᠲᠤᠯᠠᠨ᠎ᠠ᠃ ᠭᠤᠷᠪᠠᠨᠬᠤᠸᠠ ᠶᠢᠨ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠲᠥᠷᠥᠯ ᠵᠦᠢᠯ ᠢ ᠪᠦᠲᠦᠭᠡᠨ | ᠪᠠᠶᠢᠭᠤᠯᠬᠤ ᠶᠢ ᠠᠬᠢᠭᠤᠯᠵᠤ᠂ ᠬᠥᠳᠡᠭᠡ ᠲᠣᠰᠬᠤᠨ ᠤ 1850 ᠡᠷᠦᠬᠡ ᠶᠢᠨ ᠵᠣᠷᠯᠣᠩ ᠢ ᠦᠭᠡᠷᠡᠴᠢᠯᠡᠨ᠎ᠡ᠃ | ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ ᠲᠥᠰᠦᠯ ᠢ ᠨᠠᠶᠢᠷᠠᠭᠤᠯᠤᠨ ᠵᠣᠬᠢᠶᠠᠵᠤ᠂ ᠪᠠᠯᠭᠠᠰᠤ | ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠳᠠᠮᠵᠢᠭᠤᠯᠬᠤ ᠥᠷᠲᠡᠭᠡ ᠶᠢᠨ ᠠᠵᠢᠯᠯᠠᠭᠠᠨ ᠤ ᠬᠠᠮᠢᠶᠠᠷᠤᠯᠲᠠ ᠶᠢ | ᠴᠢᠩᠭᠠᠳᠬᠠᠨ᠂ ᠠᠮᠢᠳᠤᠷᠠᠯ ᠤᠨ ᠬᠤᠭ ᠨᠣᠪᠰᠢ ᠶᠢ ︽ᠡᠷᠦᠬᠡ ᠲᠥᠷᠥᠯ ᠬᠤᠪᠢᠶᠠᠬᠤ᠂ ᠪᠠᠯᠭᠠᠰᠤ ᠲᠣᠰᠬᠤᠨ | ᠴᠤᠭᠯᠠᠭᠤᠯᠬᠤ᠂ ᠬᠤᠰᠢᠭᠤ ᠲᠡᠭᠡᠭᠡᠪᠦᠷᠢᠯᠡᠵᠦ ᠰᠢᠢᠳᠪᠦᠷᠢᠯᠡᠬᠦ︾ ᠰᠢᠰᠲ᠋ᠧᠮ ᠢ ᠪᠦᠷᠢᠨᠰᠢᠭᠦᠯᠦᠨ ᠰᠢᠯᠢᠳᠡᠭᠵᠢᠭᠦᠯᠦᠨ᠎ᠡ᠃ | ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ︽ᠭᠤᠷᠪᠠ ᠶᠢ ᠬᠦᠴᠦᠷᠬᠡᠭᠵᠢᠭᠦᠯᠵᠦ ᠭᠤᠷᠪᠠ ᠶᠢ | ᠪᠣᠶ ᠪᠣᠯᠭᠠᠬᠤ︾ ᠢᠨᠵᠧᠨᠧᠷᠢᠩ ᠢ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ ᠣᠶᠤᠨ ᠤ ᠪᠣᠯᠪᠠᠰᠤᠨ ᠤ | ᠪᠠᠶᠢᠭᠤᠯᠤᠯᠲᠠ ᠶᠢ ᠴᠢᠩᠭᠠᠳᠬᠠᠵᠤ᠂ ᠬᠡᠪ ᠵᠠᠩᠰᠢᠯ ᠢ ᠥᠭᠡᠷᠡᠴᠢᠯᠡᠬᠦ ᠶᠢ ᠦᠷᠭᠦᠯᠵᠢᠯᠡᠨ ᠠᠬᠢᠭᠤᠯᠵᠤ᠂ ᠨᠡᠶᠢᠭᠡᠮ ᠤᠨ | ᠪᠣᠯᠪᠠᠰᠤᠨ ᠤ ᠰᠢᠨ᠎ᠡ ᠰᠤᠷᠲᠠᠯ ᠢ ᠰᠠᠨᠠᠭᠠᠴᠢᠯᠠᠨ ᠪᠠᠳᠠᠷᠠᠭᠤᠯᠤᠨ᠎ᠠ᠃ | ︵ᠲᠦᠷᠪᠡ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ᠴᠢᠨᠠᠷ ᠰᠠᠶᠢᠲᠠᠶ | ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠴᠢᠩᠭᠠᠷᠠᠭᠤᠯᠤᠨ᠎ᠠ᠃ ᠥᠭᠡᠷᠡᠴᠢᠯᠡᠯᠲᠡ ᠶᠢᠨ ᠪᠣᠭᠤᠮᠲᠠ | ᠰᠢᠪᠲᠤᠯᠬᠤ ᠪᠠᠷ ᠴᠢᠳᠠᠪᠤᠷᠢ ᠪᠠᠨ ᠳᠡᠭᠡᠭᠰᠢᠯᠡᠭᠦᠯᠬᠦ᠂ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ ᠡᠨᠧᠷᠭᠢ ᠣᠯᠭᠤᠬᠤ | ᠂ ᠨᠡᠭᠡᠭᠡᠯᠲᠡ ᠬᠢᠵᠦ ᠴᠢᠳᠠᠪᠤᠷᠢ ᠪᠠᠨ ᠳᠡᠭᠡᠭᠰᠢᠯᠡᠭᠦᠯᠬᠦ ᠶᠢ ᠪᠠᠷᠢᠮᠲᠠᠯᠠᠵᠤ᠂ ᠰᠠᠨᠠᠭᠠᠴᠢᠯᠠᠭ᠎ᠠ ᠠᠴᠠ ᠪᠠᠨ ᠰᠢᠨ᠎ᠡ | ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠨ᠎ᠠ᠃ | ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠰᠢᠨ᠎ᠡ ᠨᠢᠭᠡᠨ ᠡᠭᠡᠯᠵᠢ ᠶᠢᠨ | ᠨᠠᠮ ᠵᠠᠰᠠᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠡᠭᠦᠷᠭᠡ ᠶᠢ ᠪᠡᠶᠡᠯᠡᠭᠦᠯᠦᠨ᠎ᠡ᠃ ︽ᠬᠤᠶᠠᠷ ᠡᠷᠡᠰ | ᠭᠤᠶᠢᠪᠢᠰᠢ ᠦᠭᠡᠢ︾ ᠶᠢ ᠪᠠᠷᠢᠮᠲᠠᠯᠠᠵᠤ᠂ ᠵᠢᠵᠢᠭ ᠪᠢᠴᠢᠯ ᠠᠵᠤ ᠠᠬᠤᠶᠢᠯᠠᠯ ᠤᠨ ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠬᠡ ᠶᠢᠨ ᠭᠤᠷᠪᠠᠨ ᠵᠢᠯ ᠤᠨ ᠪᠤᠶᠢᠵᠢᠯᠲᠠ ᠶᠢᠨ ᠲᠥᠯᠥᠪᠯᠡᠭᠡ ᠶᠢ ᠬᠡᠷᠡᠭᠵᠢᠭᠦᠯᠵᠦ᠂ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ | ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ | ᠡᠵᠡᠩᠨᠡᠯᠲᠡ ᠶᠢ ᠲᠣᠭᠲᠠᠪᠤᠷᠢᠵᠢᠭᠤᠯᠬᠤ᠂ ᠢᠲᠡᠭᠡᠯ ᠵᠣᠷᠢᠭ ᠢ ᠪᠠᠲᠤᠳᠬᠠᠬᠤ᠂ ᠠᠮᠢᠵᠢᠷᠠᠯ ᠤᠨ ᠬᠦᠴᠦᠨ ᠢ | ᠨᠡᠮᠡᠭᠳᠡᠭᠦᠯᠬᠦ ᠳᠤ ᠬᠦᠴᠦᠨ ᠨᠡᠮᠡᠷᠢᠯᠡᠨ᠎ᠡ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ | ᠰᠢᠪᠲᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠵᠦ᠂ ᠤᠯᠤᠰ ᠤᠨ ᠦᠮᠴᠢᠯᠡᠯᠲᠦ ᠡᠳ᠋ ᠬᠦᠷᠦᠩᠭᠡ ᠤᠯᠤᠰ ᠤᠨ | ᠦᠮᠴᠢᠯᠡᠯᠲᠦ ᠠᠵᠤ ᠠᠬᠤᠶᠢᠯᠠᠯ ᠤᠨ ᠪᠦᠰᠡᠯᠡᠯᠲᠡ ᠶᠢ ᠰᠢᠪᠲᠤᠯᠬᠤ ᠲᠤᠰᠬᠠᠢ ᠠᠵᠢᠯᠯᠠᠭ᠎ᠠ ᠶᠢ ᠦᠷᠨᠢᠭᠦᠯᠵᠦ᠂ | ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠢ ᠵᠠᠰᠠᠬᠤ ᠪᠦᠲᠦᠴᠡ ᠶᠢ ᠪᠠᠶᠢᠭᠤᠯᠤᠨ | ᠲᠡᠭᠦᠯᠳᠡᠷᠵᠢᠭᠦᠯᠵᠦ᠂ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ ᠶᠢᠨ ᠲᠣᠭᠲᠠᠴᠠ ᠶᠢ ᠬᠡᠷᠡᠭᠵᠢᠭᠦᠯᠵᠦ᠂ ᠤᠯᠤᠰ ᠤᠨ | ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠪᠠ ᠬᠢᠨᠠᠯᠲᠠ ᠲᠠᠯᠪᠢᠯᠲᠠ ᠶᠢ ᠴᠢᠩᠭᠠᠳᠬᠠᠨ᠂ ᠤᠯᠤᠰ ᠤᠨ | ᠥᠮᠴᠢᠯᠡᠯᠲᠦ ᠠᠵᠤ ᠠᠬᠤᠶᠢᠯᠠᠯ ᠤᠨ ᠭᠤᠤᠯᠯᠠᠬᠤ ᠥᠷᠢᠰᠥᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠮᠠᠯᠵᠢᠬᠤ | ᠲᠠᠷᠢᠶᠠᠯᠠᠬᠤ ᠣᠷᠣᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠭᠠᠵᠠᠷ ᠰᠢᠷᠣᠶ ᠶᠢ | ᠡᠷᠭᠢᠯᠳᠦᠭᠦᠯᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠠᠮᠲᠤ ᠶᠢᠨ ᠣᠶ ᠰᠢᠭᠤᠶ ᠶᠢᠨ ᠡᠷᠬᠡ ᠶᠢᠨ | ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠬᠥᠳᠡᠭᠡ ᠲᠣᠰᠬᠤᠨ ᠤ ᠡᠬᠢ ᠪᠠᠶᠠᠯᠢᠭ ᠡᠳ᠋ ᠬᠥᠷᠥᠩᠭᠡ ᠶᠢ | ᠠᠮᠢᠳᠤᠯᠢᠭ ᠪᠣᠯᠭᠠᠨ᠎ᠠ᠃ ᠣᠷᠣᠯᠭ᠎ᠠ ᠪᠠᠨ ᠨᠡᠮᠡᠭᠳᠡᠭᠦᠯᠵᠦ ᠵᠠᠷᠤᠯᠭ᠎ᠠ ᠪᠠᠨ ᠠᠷᠪᠢᠯᠠᠬᠤ ᠶᠢ ᠵᠡᠷᠭᠡ ᠪᠠᠷ ᠴᠢᠬᠤᠯᠠᠴᠢᠯᠠᠬᠤ᠂ | ᠳᠠᠯᠳᠠ ᠬᠦᠴᠦᠨ ᠢ ᠠᠭᠤᠳᠠᠯᠵᠤ ᠦᠷ᠎ᠡ ᠠᠰᠢᠭ ᠢᠶᠠᠨ ᠨᠡᠮᠡᠭᠳᠡᠭᠦᠯᠬᠦ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ | ᠡᠳ᠋ ᠤᠨ ᠵᠠᠰᠠᠭ ᠤᠨ ᠲᠥᠰᠦᠪ ᠤᠨ ᠬᠠᠲᠠᠭᠤ ᠬᠢᠵᠠᠭᠠᠷᠯᠠᠯ ᠢ ᠴᠢᠩᠭᠠᠳᠬᠠᠵᠤ᠂ ᠡᠳ᠋ ᠤᠨ ᠵᠠᠰᠠᠭ ᠤᠨ ᠡᠬᠢ | ᠪᠠᠶᠠᠯᠢᠭ ᠢ ᠨᠢᠭᠡᠳᠦᠯᠲᠡᠢ ᠲᠥᠯᠥᠪᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠣᠨ ᠤ ᠥᠷᠢ ᠥᠭᠴᠡᠭᠡ ᠶᠢ | ᠠᠷᠢᠯᠭᠠᠬᠤ ᠡᠭᠦᠷᠭᠡ ᠶᠢ ᠪᠡᠶᠡᠯᠡᠭᠦᠯᠵᠦ᠂ ᠡᠳ᠋ ᠤᠨ ᠵᠠᠰᠠᠭ ᠤᠨ ᠶᠡᠭᠡ ᠶᠠᠪᠤᠳᠠᠯ ᠴᠢᠬᠤᠯᠠ ᠶᠠᠪᠤᠳᠠᠯ ᠢ ᠪᠠᠲᠤᠯᠠᠬᠤ | ᠴᠢᠳᠠᠪᠤᠷᠢ ᠶᠢ ᠳᠡᠭᠡᠭᠰᠢᠯᠡᠭᠦᠯᠦᠨ᠎ᠡ᠃ ᠭᠠᠶᠢᠯᠢ ᠲᠠᠲᠠᠪᠤᠷᠢᠯᠠᠬᠤ ᠪᠠ ᠬᠠᠮᠢᠶᠠᠷᠬᠤ ᠡᠮᠬᠢ ᠲᠢᠭᠯᠢᠮ ᠢ ᠵᠢᠷᠤᠮᠵᠢᠭᠤᠯᠵᠤ᠂ | ᠭᠠᠶᠢᠯᠢ ᠲᠠᠲᠠᠪᠤᠷᠢ ᠶᠢᠨ ᠣᠷᠤᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠣᠷᠣᠨ ᠨᠤᠲᠤᠭ ᠤᠨ ᠪᠠᠩᠬᠢ ᠶᠢᠨ | ᠬᠠᠤᠯᠢ ᠶᠢᠨ ᠡᠷᠬᠡᠲᠡᠨ ᠤ ᠪᠠᠶᠢᠭᠤᠯᠤᠮᠵᠢ ᠶᠢᠨ ᠠᠶᠤᠯ ᠲᠦᠭᠰᠢᠭᠦᠷᠢ ᠶᠢ ᠰᠢᠢᠳᠪᠦᠷᠢᠯᠡᠨ ᠠᠷᠢᠯᠭᠠᠬᠤ ᠶᠢ ᠳᠡᠮᠵᠢᠵᠦ᠂ | ᠰᠢᠰᠲ᠋ᠧᠮ ᠤᠨ ᠴᠢᠨᠠᠷᠲᠠᠶ ᠣᠷᠣᠨ ᠪᠦᠰᠡ ᠶᠢᠨ ᠴᠢᠨᠠᠷᠲᠠᠶ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠦᠯᠦ | ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠨ᠎ᠠ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠬᠤ ᠶᠢ | ᠴᠢᠩᠭᠠᠳᠬᠠᠨ᠎ᠠ᠃ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢᠨ ᠭᠤᠷᠪᠠᠨ ᠵᠢᠯ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢ ᠨᠠᠶᠢᠳᠠᠪᠤᠷᠢᠵᠢᠭᠤᠯᠵᠤ᠂ ᠦᠢᠯᠡᠰ | ᠪᠤᠰᠬᠠᠵᠤ ᠰᠢᠨ᠎ᠡ ᠶᠢ ᠡᠭᠦᠳᠬᠦ ᠲᠠᠪᠴᠠᠩ ᠤᠨ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ | ᠠᠬᠢᠭᠤᠯᠵᠤ᠂ ᠠᠵᠤ ᠠᠬᠤᠶᠢᠯᠠᠯ ᠤᠨ ᠭᠤᠣᠯ ᠴᠣᠭᠴᠠ ᠶᠢᠨ ᠪᠠᠶᠢᠷᠢ ᠰᠠᠭᠤᠷᠢ ᠶᠢ ᠲᠤᠪᠤᠶᠢᠯᠭᠠᠨ᠂ ᠰᠢᠨ᠎ᠡ ᠶᠢ | ᠡᠭᠦᠳᠬᠦ ᠬᠡᠯᠪᠡᠷᠢ ᠶᠢᠨ 5 ᠳᠤᠮᠳᠠ ᠪᠠᠭ᠎ᠠ ᠠᠵᠤ ᠠᠬᠤᠶᠢᠯᠠᠯ᠂ 2 ︽ᠲᠤᠰᠬᠠᠢ ᠨᠠᠷᠢᠯᠢᠭ ᠣᠨᠴᠠ ᠰᠢᠨ᠎ᠡ︾ ᠳᠤᠮᠳᠠ | ᠪᠠᠭ᠎ᠠ ᠠᠵᠤ ᠠᠬᠤᠶᠢᠯᠠᠯ ᠢ ᠪᠤᠶᠢᠵᠢᠭᠤᠯᠵᠤ᠂ 1 ᠲᠣᠭᠠᠴᠢᠯᠠᠭᠰᠠᠨ ᠦᠢᠯᠡᠳᠪᠦᠷᠢ ᠶᠢ ᠪᠠᠶᠢᠭᠤᠯᠤᠨ᠎ᠠ᠃ ᠠᠵᠤ | ᠦᠢᠯᠡᠰ ᠤᠨ ᠮᠡᠷᠭᠡᠵᠢᠯ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠶᠢ ᠴᠢᠩᠭᠠᠳᠬᠠᠵᠤ᠂ ᠨᠢᠺᠧᠯ ᠰᠠᠭᠤᠷᠢ | ᠬᠠᠶᠢᠯᠤᠰᠢ ᠰᠢᠨ᠎ᠡ ᠮᠠᠲ᠋ᠧᠷᠢᠶᠠᠯ᠂ ᠨᠠᠮᠢ ᠶᠢᠨ ᠪᠢᠴᠢᠯ ᠲᠠᠯᠠᠰᠲᠤ ᠰᠢᠨ᠎ᠡ ᠮᠠᠲ᠋ᠧᠷᠢᠶᠠᠯ ᠪᠠ ᠰᠢᠯᠦᠷᠬᠡᠥ ᠰᠢᠷᠬᠡᠭ ᠤᠨ | ᠨᠡᠶᠢᠯᠡᠮᠡᠯ ᠰᠢᠨ᠎ᠡ ᠮᠠᠲ᠋ᠧᠷᠢᠶᠠᠯ ᠵᠡᠷᠭᠡ ᠬᠦᠷᠢᠶᠡᠨ ᠳᠠᠬᠢ ᠲᠥᠬᠦᠭᠡᠷᠦᠮᠵᠢ ᠶᠢ ᠰᠢᠨᠡᠳᠬᠡᠬᠦ᠂ ᠭᠠᠷ ᠤᠷᠠᠯᠠᠯ ᠤᠨ ᠰᠢᠨ᠎ᠡ ᠶᠢ | ᠡᠭᠦᠳᠬᠦ᠂ ᠦᠢᠯᠡᠳᠬᠦᠨ ᠢ ᠤᠷᠲᠤᠳᠬᠠᠬᠤ ᠶᠢ ᠠᠬᠢᠭᠤᠯᠤᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠪᠦᠰᠡᠯᠡᠯᠲᠡ ᠶᠢ ᠰᠢᠪᠲᠤᠯᠬᠤ ᠢᠨᠵᠧᠨᠧᠷᠢᠩ ᠢ ᠬᠡᠷᠡᠭᠵᠢᠭᠦᠯᠵᠦ᠂ ᠲᠥᠪ ᠤᠨ ᠪᠠᠶᠢᠭᠤᠯᠭ᠎ᠠ ᠶᠢᠨ ᠴᠡᠭ ᠲᠣᠭᠲᠠᠭᠠᠨ | ᠬᠠᠪᠰᠤᠷᠤᠨ ᠲᠡᠳᠬᠦᠬᠦ ᠶᠢ ᠭᠦᠨᠵᠡᠭᠡᠶᠢᠷᠡᠭᠦᠯᠵᠦ᠂ ᠬᠦᠷᠢᠶᠡᠯᠡᠩ ᠲᠣᠭᠤᠷᠢᠭ᠂ ᠰᠤᠷᠭᠠᠭᠤᠯᠢ ᠪᠠ ᠣᠷᠣᠨ ᠨᠤᠲᠤᠭ ᠤᠨ | ᠬᠠᠮᠲᠤᠷᠠᠯᠴᠠᠭ᠎ᠠ ᠰᠣᠯᠢᠯᠴᠠᠭ᠎ᠠ ᠶᠢ ᠴᠢᠩᠭᠠᠳᠬᠠᠵᠤ᠂ ᠰᠢᠨ᠎ᠡ ᠮᠡᠷᠭᠡᠵᠢᠯ᠂ ᠰᠢᠨ᠎ᠡ ᠦᠷ᠎ᠡ ᠪᠦᠲᠦᠭᠡᠯ ᠢ ᠤᠯᠠᠷᠢᠭᠤᠯᠤᠨ | ᠬᠡᠷᠡᠭᠯᠡᠬᠦ ᠶᠢ ᠲᠦᠷᠭᠡᠳᠬᠡᠨ ᠠᠬᠢᠭᠤᠯᠵᠤ᠂ ᠵᠢᠯ ᠤᠨ ᠳᠣᠲᠣᠷ᠎ᠠ ᠬᠤᠲᠠ ᠶᠢᠨ ᠱᠠᠲᠤᠨ ᠠᠴᠠ ᠳᠡᠭᠡᠭᠰᠢᠬᠢ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠲᠥᠷᠥᠯ ᠵᠦᠢᠯ ᠢ 3 ᠬᠡᠷᠡᠭᠵᠢᠭᠦᠯᠦᠨ᠎ᠡ᠃ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠲᠦᠷᠢᠮ ᠢ ᠭᠦᠨᠵᠡᠭᠡᠶ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠦᠢᠯᠡᠴᠢᠯᠡᠭᠡ ᠶᠢ ᠦᠨᠳᠦᠰᠦᠨ ᠱᠠᠲᠤ ᠲᠡᠶᠢᠰᠢ ᠤᠷᠲᠤᠳᠬᠠᠬᠤ ᠶᠢ ᠠᠬᠢᠭᠤᠯᠤᠨ᠎ᠠ᠃ ᠶᠠᠰᠤ | ᠴᠢᠨᠠᠷ ᠢᠶᠠᠷ ᠬᠤᠰᠢᠭᠤ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠶᠠᠰᠤ ᠴᠢᠨᠠᠷ ᠤᠨ | ᠪᠥᠬᠦ ᠲᠠᠯ᠎ᠠ ᠶᠢᠨ ᠬᠠᠮᠢᠶᠠᠷᠤᠯᠲᠠ ᠶᠢ ᠴᠢᠩᠭᠠᠳᠬᠠᠨ᠂ ᠶᠠᠰᠤ ᠴᠢᠨᠠᠷ ᠤᠨ ᠰᠠᠭᠤᠷᠢ ᠪᠡᠯᠡᠳᠬᠡᠮᠵᠢ ᠶᠢᠨ ᠰᠢᠰᠲ᠋ᠧᠮ ᠢ | ᠪᠦᠷᠢᠨᠰᠢᠭᠦᠯᠵᠦ᠂ ᠠᠵᠤ ᠠᠬᠤᠶ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠤᠨ ᠬᠤᠤᠰ | ᠳᠡᠭᠡᠭᠰᠢᠯᠡᠯᠲᠡ ᠶᠢ ᠪᠡᠶᠡᠯᠡᠭᠦᠯᠦᠨ᠎ᠡ᠃ | ᠭᠠᠳᠠᠭᠰᠢ ᠨᠡᠭᠡᠭᠡᠯᠲᠡ ᠬᠢᠬᠦ ᠶᠢ ᠪᠦᠬᠦ ᠲᠠᠯ᠎ᠠ ᠪᠠᠷ ᠥᠷᠭᠡᠳᠬᠡᠨ᠎ᠡ᠃ ︽ᠲᠥᠷᠥᠯ ᠵᠦᠢᠯ ᠢᠶᠠᠷ ᠭᠤᠣᠯ ᠪᠣᠯᠭᠠᠵᠤ᠂ | ᠬᠤᠳᠠᠯᠳᠤᠭᠠᠴᠢᠨ ᠤᠷᠢᠬᠤ ᠪᠠᠷ ᠭᠤᠣᠯ ᠪᠣᠯᠭᠠᠬᠤ︾ ᠣᠨᠣᠯᠵᠢᠬᠤᠨ ᠢ ᠪᠠᠷᠢᠮᠲᠠᠯᠠᠨ᠂ ᠬᠤᠳᠠᠯᠳᠤᠭᠠᠴᠢᠨ ᠤᠷᠢᠵᠤ | ᠪᠡᠯᠡ ᠣᠷᠣᠭᠤᠯᠬᠤ ᠰᠢᠨ᠎ᠡ ᠶᠢ ᠡᠭᠦᠳᠬᠦ ᠣᠨ ᠤ ᠠᠵᠢᠯᠯᠠᠭ᠎ᠠ ᠶᠢ ᠥᠷᠨᠢᠭᠦᠯᠵᠦ᠂ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠶᠢ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠂ ᠲᠤᠰᠬᠠᠢ ᠮᠡᠷᠭᠡᠵᠢᠯ ᠤᠨ ᠬᠤᠳᠠᠯᠳᠤᠭᠠᠴᠢᠨ | ᠤᠷᠢᠬᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠭᠤᠣᠯᠯᠠᠬᠤ ᠠᠵᠤ ᠦᠢᠯᠡᠰ ᠪᠠ ᠪᠠᠭᠤᠷᠠᠢ | ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠴᠡᠭ ᠬᠠᠷᠠᠭᠠᠯᠵᠠᠭᠤᠯᠤᠨ ᠬᠤᠳᠠᠯᠳᠤᠭᠠᠴᠢᠨ ᠤᠷᠢᠬᠤ᠂ | ᠵᠥᠷᠢᠶᠡᠵᠢᠭᠦᠯᠦᠨ ᠬᠤᠳᠠᠯᠳᠤᠭᠠᠴᠢᠨ ᠤᠷᠢᠬᠤ ᠶᠢ ᠥᠷᠨᠢᠭᠦᠯᠵᠦ᠂ ᠮᠢᠩᠭᠠᠨ ᠲᠦᠮᠡᠨ ᠲᠥᠭᠦᠷᠢᠭ ᠢ ᠳᠠᠪᠠᠭᠰᠠᠨ | ᠲᠥᠷᠥᠯ ᠵᠦᠢᠯ ᠢ 85 ᠠᠴᠠ ᠳᠡᠭᠡᠭᠰᠢ ᠣᠷᠣᠭᠤᠯᠤᠨ ᠠᠪᠴᠢᠷᠠᠵᠤ᠂ ᠪᠡᠯᠡ ᠮᠥᠩᠭᠦ ᠶᠢ 20% ᠠᠴᠠ ᠳᠡᠭᠡᠭᠰᠢ | ᠨᠡᠮᠡᠭᠳᠡᠭᠦᠯᠦᠨ᠎ᠡ᠃ ᠭᠡᠷ᠎ᠡ ᠲᠣᠭᠲᠠᠭᠰᠠᠨ ᠲᠥᠷᠥᠯ ᠵᠦᠢᠯ ᠤᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ | ᠦᠢᠯᠡᠴᠢᠯᠡᠭᠡᠨ ᠤ ᠲᠦᠷᠢᠮ ᠢ ᠲᠡᠭᠦᠯᠳᠡᠷᠵᠢᠭᠦᠯᠵᠦ᠂ ᠬᠤᠳᠠᠯᠳᠤᠭᠠᠴᠢᠨ ᠤᠷᠢᠵᠤ ᠪᠠᠯᠠ ᠣᠷᠣᠭᠤᠯᠤᠭᠰᠠᠨ ᠤ | ᠳᠠᠷᠠᠭᠠᠬᠢ ᠠᠵᠢᠯ ᠢ ᠰᠠᠶᠢᠲᠤᠷ ᠬᠢᠵᠦ᠂ ᠲᠥᠷᠥᠯ ᠵᠦᠢᠯ ᠤᠨ ᠭᠡᠷ᠎ᠡ ᠭᠦᠢᠴᠡᠳᠬᠡᠬᠦ ᠨᠣᠷᠮ᠎ᠠ ᠪᠠ ᠪᠠᠯᠠ ᠮᠥᠩᠭᠦ ᠶᠢᠨ | ᠪᠣᠳᠠᠲᠠᠶᠢᠵᠢᠭᠤᠯᠬᠤ ᠨᠣᠷᠮ᠎ᠠ ᠶᠢ ᠳᠡᠭᠡᠭᠰᠢᠯᠡᠭᠦᠯᠦᠨ᠂ ᠲᠥᠷᠥᠯ ᠵᠦᠢᠯ ᠤᠨ ᠲᠣᠭᠲᠠᠭᠤᠨ ᠢᠶᠠᠷ | ᠨᠠᠶᠢᠳᠠᠪᠤᠷᠢᠵᠢᠭᠤᠯᠤᠭᠰᠠᠨ᠂ ᠦᠷ᠎ᠡ ᠪᠦᠲᠦᠭᠡᠯ ᠤᠯᠬᠤ ᠶᠢ ᠦᠨᠡᠨᠬᠦ ᠪᠠᠲᠤᠯᠠᠨ᠎ᠠ᠃ ᠰᠢᠨ᠎ᠡ ᠴᠠᠭ ᠦᠶ᠎ᠡ ᠶᠢᠨ ᠵᠡᠭᠦᠨ | ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠠᠵᠠ ᠲᠣᠬᠢᠶᠠᠯ ᠢ | ᠠᠮᠵᠢᠵᠤ᠂ ᠪᠡᠭᠡᠵᠢᠩ ᠲᠢᠶᠠᠨᠵᠢᠨ ᠾᠧᠪᠸᠢ᠂ ᠬᠥᠬᠡᠮᠥ᠋ᠷᠡᠨ ᠤ ᠭᠤᠷᠪᠠᠯᠵᠢᠨ ᠬᠤᠶᠢᠭ ᠵᠡᠷᠭᠡ ᠣᠷᠣᠨ ᠪᠦᠰᠡ ᠶᠢᠨ | ᠠᠵᠤ ᠦᠢᠯᠡᠰ ᠪᠣᠯᠤᠨ ᠬᠦᠴᠦᠨ ᠵᠦᠢᠯ ᠤᠨ ᠰᠢᠯᠵᠢᠯᠲᠡ ᠶᠢ ᠢᠳᠡᠪᠬᠢᠲᠡᠢ ᠬᠦᠯᠢᠶᠡᠨ ᠠᠪᠴᠤ᠂ ᠲᠦᠩᠯᠢᠶᠤᠤ | ᠤᠯᠠᠭᠠᠨᠬᠠᠳᠠ ᠶᠢᠨ ︽ᠬᠤᠣᠰ ᠤᠳᠤᠨ ᠣᠷᠣᠨ︾᠂ ᠥᠪᠥᠷ ᠮᠣᠩᠭᠤᠯ ᠤᠨ ᠵᠡᠭᠦᠨ ᠬᠡᠰᠡᠭ ᠤᠨ ᠠᠵᠤ ᠦᠢᠯᠡᠰ ᠤᠨ | ᠰᠢᠯᠵᠢᠯᠲᠡ ᠶᠢ ᠵᠣᠯᠭᠠᠭᠤᠯᠬᠤ ᠵᠢᠱᠢᠶ᠎ᠡ ᠦᠵᠡᠭᠦᠯᠬᠦ ᠣᠷᠣᠨ ᠤ ᠪᠦᠳᠦᠭᠡᠨ ᠪᠠᠶᠢᠭᠤᠯᠤᠯᠲᠠ ᠳᠤ | ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ | ᠬᠤᠷᠠᠮᠳᠤᠭᠤᠯᠤᠨ᠎ᠠ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ᠬᠤᠳᠠᠯᠳᠤᠭ᠎ᠠ | ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠰᠢᠨ᠎ᠡ ᠶᠢ ᠡᠭᠦᠳᠬᠦ ᠣᠨ ᠤ ᠠᠵᠢᠯᠯᠠᠭ᠎ᠠ ᠶᠢ ᠥᠷᠨᠢᠭᠦᠯᠵᠦ᠂ | ᠨᠢᠭᠡ ᠪᠦᠯᠦᠭ ᠦᠪᠡᠷᠮᠢᠴᠡ ᠤᠨᠴᠠᠯᠢᠭ ᠲᠠᠢ᠂ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠰᠢᠨ᠎ᠡ ᠶᠢ | ᠡᠭᠦᠳᠦᠭᠰᠡᠨ ᠨᠡᠶᠢᠲᠡᠯᠢᠭ ᠬᠢᠯᠠᠰ ᠴᠡᠭ ᠢ ᠪᠤᠶᠢᠵᠢᠭᠤᠯᠵᠤ᠂ ︽ᠣᠶᠢᠷ᠎ᠠ ᠶᠢᠨ ᠪᠠᠶᠠᠰᠤᠯᠳᠤ ᠬᠤᠯᠠ ᠶᠢᠨ ᠬᠥᠭᠵᠢᠯᠲᠡ︾ | ᠶᠢᠨ ᠬᠠᠯᠠᠭᠤᠨ ᠬᠥᠷᠥᠰᠥ ᠶᠢ ᠪᠣᠶ ᠪᠣᠯᠭᠠᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠪᠦᠬᠦᠯᠢ | ᠴᠣᠭᠴᠠ ᠶᠢᠨ ᠬᠢᠷᠢ ᠲᠦᠪᠰᠢᠨ ᠪᠥᠬᠦ ᠣᠷᠣᠨ ᠤ ᠡᠮᠦᠨ᠎ᠡ ᠡᠩᠨᠡᠭᠡᠨ ᠳᠤ ᠤᠷᠤᠬᠤ ᠶᠢ ᠪᠠᠲᠤᠯᠠᠨ᠎ᠠ᠃ ᠲᠣᠰ | ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ᠳᠤ ᠲᠣᠬᠢᠷᠠᠭᠤᠯᠤᠯᠲᠠ ᠬᠢᠵᠦ᠂ | ︽ᠭᠤᠷᠪᠠ ᠶᠢ ᠲᠥᠪᠯᠡᠷᠡᠭᠦᠯᠵᠦ ᠭᠤᠷᠪᠠ ᠶᠢ ᠪᠣᠳᠠᠲᠠᠶᠢᠵᠢᠭᠤᠯᠬᠤ︾ ᠥᠭᠡᠷᠡᠴᠢᠯᠡᠯᠲᠡ ᠶᠢᠨ ᠦᠷ᠎ᠡ ᠪᠦᠲᠦᠭᠡᠯ ᠢ | ᠪᠠᠬᠢᠵᠢᠭᠦᠯᠵᠦ᠂ ︽ᠮᠥᠩᠬᠡ ᠰᠤᠪᠠᠭ︾ ᠤᠨ ᠬᠡᠷᠡᠭᠯᠡᠯᠲᠡ ᠪᠠ ᠵᠦᠢᠯᠡᠰ ᠢ ᠵᠠᠯᠭᠠᠨ ᠣᠷᠣᠭᠤᠯᠬᠤ ᠶᠢ ᠥᠷᠭᠡᠳᠬᠡᠨ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ︽ | ᠪᠥᠬᠦ ᠶᠠᠪᠤᠴᠠ ᠶᠢ ᠰᠦᠯᠵᠢᠶ᠎ᠡ ᠪᠠᠷ ᠭᠦᠢᠴᠡᠳᠬᠡᠬᠦ︾ ᠬᠠᠷᠢᠴᠠᠯ ᠢ ᠳᠡᠭᠡᠭᠰᠢᠯᠡᠭᠦᠯᠦᠨ᠎ᠡ᠃ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠥᠪ ᠪᠠ ᠥᠷᠲᠡᠭᠡ ᠴᠡᠭ ᠤᠨ ᠪᠠᠶᠢᠭᠤᠯᠤᠯᠲᠠ ᠶᠢ ᠴᠢᠩᠭᠠᠳᠬᠠᠵᠤ᠂ ᠥᠨᠳᠥᠷ ᠳᠠᠪᠲᠠᠮᠵᠢᠲᠤ | ᠦᠢᠯᠡᠴᠢᠯᠡᠭᠡᠨ ᠤ ᠵᠦᠢᠯᠡᠰ ᠢ ᠵᠠᠯᠭᠠᠨ ᠠᠪᠬᠤ ᠶᠢ ᠵᠢᠷᠤᠮᠵᠢᠭᠤᠯᠤᠨ᠂ ︽ᠣᠶᠢᠷ᠎ᠠ ᠬᠠᠪᠢ ᠳᠠᠭᠠᠨ ᠭᠦᠢᠴᠡᠳᠭᠡᠬᠦ︾ | ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠥᠬᠦ ᠶᠠᠪᠤᠴᠠ ᠳᠤ | ᠣᠷᠣᠯᠠᠨ ᠭᠦᠢᠴᠡᠳᠭᠡᠬᠦ᠂ ᠳᠤᠲᠠᠭᠤ ᠶᠢ ᠭᠥᠯᠢᠶᠡᠨ ᠠᠪᠴᠤ ᠰᠢᠢᠳᠪᠦᠷᠢᠯᠡᠬᠦ᠂ ᠨᠡᠶᠢᠯᠡᠭᠦᠯᠦᠨ ᠬᠢᠨᠠᠨ ᠵᠥᠪᠰᠢᠶᠡᠷᠡᠬᠦ | ᠵᠡᠷᠭᠡ ᠦᠢᠯᠡᠴᠢᠯᠡᠭᠡᠨ ᠤ ᠵᠠᠭᠪᠤᠷ ᠢ ᠶᠡᠬᠡᠪᠡᠷ ᠬᠡᠷᠡᠭᠵᠢᠭᠦᠯᠵᠦ᠂ ᠭᠦᠢᠴᠡᠳᠭᠡᠬᠦ ᠴᠠᠭ ᠤᠨ ᠬᠢᠵᠠᠭᠠᠷ ᠢ ᠬᠠᠮᠤᠭ ᠤᠨ | ᠶᠡᠭᠡ ᠬᠡᠮᠵᠢᠶ᠎ᠡ ᠪᠠᠷ ᠪᠠᠭᠠᠰᠬᠠᠵᠤ᠂ ᠬᠢᠨᠠᠨ ᠵᠥᠪᠰᠢᠶᠡᠷᠡᠬᠦ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ᠃ | ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢ ᠴᠢᠨᠠᠷ ᠰᠠᠶᠢᠲᠠᠢ | ᠪᠡᠶᠡᠯᠡᠭᠦᠯᠦᠨ᠎ᠡ᠃ ︽ᠬᠤᠶᠠᠷ ᠢ ᠲᠠᠰᠢᠷᠠᠮ ᠳᠤᠨᠢ ᠰᠤᠭᠤᠴᠢᠵᠦ᠂ ᠨᠢᠭᠡ ᠶᠢ ᠢᠯᠡ ᠪᠣᠯᠭᠠᠬᠤ︾ ᠬᠢᠨᠠᠯᠲᠠ | ᠬᠠᠮᠢᠶᠠᠷᠤᠯᠲᠠ ᠶᠢ ᠪᠠᠶᠢᠩᠭᠤᠵᠢᠭᠤᠯᠤᠨ ᠬᠡᠷᠡᠭᠵᠢᠭᠦᠯᠵᠦ᠂ ︽ᠢᠨᠲ᠋ᠧᠷ ᠰᠦᠯᠵᠢᠶᠡᠨ + ᠬᠢᠨᠠᠯᠲᠠ ᠬᠠᠮᠢᠶᠠᠷᠤᠯᠲᠠ︾ | ᠶᠢᠨ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠢᠲᠡᠭᠡᠮᠵᠢ ᠶᠢᠨ | ᠲᠦᠭᠰᠢᠭᠦᠷᠢ ᠶᠢ ᠲᠥᠷᠥᠯ ᠬᠤᠪᠢᠶᠠᠨ ᠬᠠᠮᠢᠶᠠᠷᠬᠤ ᠶᠢ ᠴᠢᠩᠭᠠᠳᠬᠠᠵᠤ᠂ ᠦᠨᠡᠨᠴᠢ ᠢᠲᠡᠭᠡᠮᠵᠢᠲᠡᠶ ᠲᠠᠢ ᠪᠠᠷ ᠡᠵᠡᠩᠨᠡᠬᠦ | ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠣᠶ ᠪᠣᠯᠭᠠᠨ᠎ᠠ᠃ 12345 ᠠᠷᠠᠳ ᠲᠤ ᠲᠥᠬᠦᠮ ᠦᠵᠡᠭᠦᠯᠬᠦ | ᠬᠠᠯᠠᠮᠰᠢᠯ ᠤᠲᠠᠰᠤᠨ ᠤ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠵᠢᠯ ᠤᠨ | ᠬᠠᠭᠤᠳᠠᠰᠤ ᠶᠢ ᠰᠢᠢᠳᠪᠦᠷᠢᠯᠡᠬᠦ ︽ᠳᠥᠷᠪᠡᠨ ᠨᠣᠷᠮ᠎ᠠ︾ ᠶᠢ ᠦᠨᠡᠨᠬᠦ ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠤᠨ | ᠬᠦᠰᠡᠯ ᠱᠠᠭᠠᠷᠳᠠᠯᠭ᠎ᠠ ᠶᠢ ᠰᠢᠢᠳᠪᠦᠷᠢᠯᠡᠬᠦ ᠪᠠ ᠵᠠᠰᠠᠭ ᠠᠵᠤ ᠠᠬᠤᠶᠢᠯᠠᠯ ᠤᠨ ᠨᠡᠪᠲᠡᠷᠡᠯᠴᠡᠵᠦ ᠵᠥᠪᠳᠡᠯᠴᠡᠬᠦ | ᠲᠣᠭᠲᠠᠴᠠ ᠶᠢ ᠲᠡᠭᠦᠯᠳᠡᠷᠵᠢᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠡᠪᠳᠡᠬᠦ ᠠᠵᠢᠯᠯᠠᠭ᠎ᠠ ᠳᠤ | ᠴᠢᠩᠭ᠎ᠠ ᠴᠣᠬᠢᠯᠲᠠ ᠥᠭᠴᠦ᠂ ᠥᠷᠭᠡᠨ ᠣᠯᠠᠨ ᠠᠵᠤ ᠠᠬᠤᠶᠢᠯᠠᠯᠲᠠᠨ ᠢ ᠨᠠᠢᠮᠠᠨ ᠳᠤ ᠰᠠᠨᠠᠭ᠎ᠠ ᠠᠮᠤᠷ ᠪᠡᠯᠡ | ᠣᠷᠣᠭᠤᠯᠬᠤ᠂ ᠰᠠᠨᠠᠭ᠎ᠠ ᠠᠮᠤᠷ ᠡᠵᠡᠩᠨᠡᠬᠦ᠂ ᠨᠢᠭᠡ ᠰᠡᠳᠬᠢᠯ ᠢᠶᠠᠷ ᠬᠥᠭᠵᠢᠭᠦᠯᠬᠦ ᠪᠣᠯᠭᠠᠨ᠎ᠠ᠃ | ︵ᠲᠠᠪᠤ︶ ᠬᠠᠮᠵᠢᠯᠴᠠᠨ ᠵᠠᠰᠠᠬᠤ ᠶᠢ ᠴᠢᠩᠭᠠᠳᠬᠠᠵᠤ᠂ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠶᠢ | ᠭᠡᠷᠡᠯᠳᠦᠭᠦᠯᠦᠨ᠎ᠡ᠃ ︽ᠤᠯᠤᠰ ᠤᠨ ᠶᠡᠭᠡ ᠶᠠᠪᠤᠳᠠᠯ︾ ᠢ ᠢᠮᠠᠭᠲᠠ ᠪᠠᠲᠤ ᠴᠡᠭᠡᠵᠢᠯᠡᠵᠦ᠂ ᠨᠣᠭᠤᠭᠠᠷᠠᠭᠤᠯᠤᠯᠲᠠ ᠶᠢ | ᠨᠡᠮᠡᠭᠳᠡᠭᠦᠯᠬᠦ᠂ ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠪᠣᠬᠢᠷᠲᠤᠯ ᠢ ᠪᠠᠭᠠᠰᠬᠠᠬᠤ ᠶᠢ ᠨᠢᠭᠡ ᠴᠤᠭᠴᠠᠵᠢᠭᠤᠯᠤᠨ | ᠠᠬᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ | ᠡᠷᠡᠰ ᠪᠠᠲᠤ ᠴᠣᠭᠴᠠᠯᠠᠨ᠎ᠠ᠃ | ᠬᠤᠷᠴᠢᠨ ᠤ ᠡᠯᠡᠰᠦᠷᠬᠡᠭ ᠭᠠᠵᠠᠷ ᠢ ᠰᠦᠨᠦᠭᠡᠬᠦ ᠳᠠᠶᠢᠯᠠᠯᠳᠤᠭᠠᠨ ᠢ ᠰᠠᠶᠢᠲᠤᠷ ᠬᠢᠨ᠎ᠡ᠃ ︽ᠭᠤᠷᠪᠠᠨ ᠤᠮᠠᠷᠠᠲᠤ︾ | ᠶᠢᠨ ᠵᠢᠷᠭᠤᠳᠤᠭᠠᠷ ᠬᠤᠭᠤᠴᠠᠭ᠎ᠠ᠂ ᠠᠭᠤᠯᠠ ᠤᠰᠤᠨ ᠤ ᠢᠨᠵᠧᠨᠧᠷᠢᠩ ᠪᠠ ᠧᠦ᠋ᠷᠣᠫᠠ ᠪᠡᠯᠡ ᠣᠷᠣᠭᠤᠯᠤᠯᠲᠠ ᠶᠢᠨ | ᠪᠠᠩᠬᠢ ᠶᠢᠨ ᠵᠢᠭᠡᠯᠡᠯᠭᠡ ᠶᠢᠨ ᠣᠶᠢᠵᠢᠭᠤᠯᠬᠤ ᠲᠥᠷᠥᠯ ᠵᠦᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ︽ᠲᠠᠪᠤᠨ | ᠮᠢᠩᠭᠠᠨ ᠲᠦᠮᠡᠨ ᠢᠨᠵᠧᠨᠧᠷᠢᠩ︾ ᠢ ᠰᠠᠶᠢᠲᠤᠷ ᠨᠠᠶᠢᠳᠠᠪᠤᠷᠢᠵᠢᠭᠤᠯᠵᠤ᠂ ᠡᠪᠡᠰᠦ ᠪᠡᠯᠴᠢᠭᠡᠷ ᠠᠮᠢ ᠠᠬᠤᠶ ᠶᠢ 45.8 | ᠲᠦᠮᠡᠨ ᠮᠥ ᠵᠠᠰᠠᠬᠤ ᠶᠢ ᠬᠡᠷᠡᠭᠵᠢᠭᠦᠯᠦᠨ᠎ᠡ᠃ ᠰᠢᠨ᠎ᠡ ᠨᠢᠭᠡᠨ ᠡᠭᠡᠯᠵᠢ ᠶᠢᠨ ᠣᠶᠢᠲᠤ ᠭᠠᠵᠠᠷ᠂ ᠲᠠᠯ᠎ᠠ ᠭᠠᠵᠠᠷ᠂ | ᠨᠤᠭᠤ ᠭᠠᠵᠠᠷ ᠢ ᠬᠠᠮᠠᠭᠠᠯᠠᠨ ᠠᠰᠢᠭᠯᠠᠬᠤ ᠲᠥᠯᠥᠪᠵᠢᠭᠦᠯᠭᠡ ᠶᠢ ᠨᠠᠶᠢᠷᠠᠭᠤᠯᠤᠨ ᠵᠤᠬᠢᠶᠠᠨ᠎ᠠ᠃ ᠡᠯᠡᠰᠦ ᠶᠢ ᠰᠡᠷᠭᠡᠶᠢᠯᠡᠨ | ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠢ ᠨᠢᠭᠡ ᠴᠣᠭᠴᠠᠵᠢᠭᠤᠯᠬᠤ ᠢᠨᠵᠧᠨᠧᠷᠢᠩ ᠢ | ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠮᠢ ᠠᠬᠤᠢ ᠶᠢᠨ ᠠᠵᠤ ᠠᠬᠤᠢ ᠨᠡᠶᠢᠭᠡᠮ ᠤᠨ ᠦᠷ᠎ᠡ ᠠᠰᠢᠭ ᠢ | ᠪᠡᠶᠡᠯᠡᠭᠦᠯᠬᠦ ᠶᠢ ᠠᠬᠢᠭᠤᠯᠤᠨ᠎ᠠ᠃ ︽ᠣᠶ ᠰᠢᠭᠤᠶ ᠶᠢᠨ ᠳᠠᠷᠤᠭ᠎ᠠ ᠶᠢᠨ ᠳᠦᠷᠢᠮ︾ ᠤᠨ ᠥᠭᠡᠷᠡᠴᠢᠯᠡᠯᠲᠡ ᠶᠢ | ᠭᠦᠨᠵᠡᠭᠡᠶ ᠠᠬᠢᠭᠤᠯᠵᠤ᠂ ᠪᠦᠬᠦᠨ ᠢ ᠬᠠᠮᠤᠷᠬᠤ᠂ ᠥᠴᠦᠬᠡᠨ ᠴᠦ ᠠᠭᠤᠴᠢᠯᠠᠬᠤ ᠦᠭᠡᠢ᠂ ᠬᠠᠤᠯᠢ ᠶᠢ ᠴᠢᠩᠭ᠎ᠠ | ᠬᠡᠷᠡᠭᠵᠢᠭᠦᠯᠬᠦ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ ᠶᠢ ᠪᠠᠷᠢᠮᠲᠠᠯᠠᠵᠤ᠂ ᠭᠠᠵᠠᠷ ᠰᠢᠷᠣᠢ ᠶᠢᠨ ᠡᠬᠢ | ᠪᠠᠶᠠᠯᠢᠭ ᠤᠨ ᠵᠢᠷᠤᠮᠵᠢᠭᠤᠯᠤᠨ ᠬᠠᠮᠢᠶᠠᠷᠬᠤ ᠲᠤᠰᠬᠠᠢ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠠᠲᠠᠷ | ᠬᠠᠭᠠᠯᠪᠤᠷᠢᠯᠠᠬᠤ ᠶᠢ ᠴᠠᠭᠠᠵᠠᠯᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠲᠦᠷᠦ ᠶᠢᠨ ᠪᠤᠳᠤᠯᠭ᠎ᠠ ᠶᠢ ᠴᠢᠩᠭ᠎ᠠ | ᠬᠡᠷᠡᠭᠵᠢᠭᠦᠯᠵᠦ᠂ ᠤᠢ ᠰᠢᠭᠤᠢ ᠶᠢᠨ ᠬᠤᠷᠮᠣᠢ ᠶᠢᠨ ᠠᠵᠤ ᠠᠬᠤᠢ ᠶᠢᠨ ᠬᠠᠮᠢᠶᠠᠷᠤᠯᠲᠠ ᠶᠢ ᠬᠠᠤᠯᠢ ᠶᠣᠰᠣᠭᠠᠷ | ᠵᠢᠷᠤᠮᠵᠢᠭᠤᠯᠵᠤ᠂ ᠤᠢ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠢ ᠡᠪᠳᠡᠬᠦ ᠠᠵᠢᠯᠯᠠᠭ᠎ᠠ ᠳᠤ ᠴᠢᠩᠭ᠎ᠠ | ᠴᠣᠬᠢᠯᠲᠠ ᠥᠭᠴᠦ᠂ ᠬᠢᠯᠪᠠᠷ ᠪᠤᠰᠤ ᠪᠠᠷ ᠣᠯᠤᠭᠰᠠᠨ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠶᠢᠨ ᠦᠷ᠎ᠡ | ᠪᠦᠲᠦᠭᠡᠯ ᠢ ᠰᠠᠬᠢᠨ᠎ᠠ᠃ | ᠬᠥᠭᠵᠢᠯᠲᠡ ᠶᠢᠨ ᠠᠷᠭ᠎ᠠ ᠬᠡᠯᠪᠡᠷᠢ ᠶᠢ ᠪᠣᠬᠢᠷᠲᠤᠯ ᠦᠭᠡᠢ ᠪᠠᠷ ᠬᠤᠪᠢᠷᠠᠭᠤᠯᠬᠤ ᠶᠢ ᠲᠦᠷᠭᠡᠳᠬᠡᠨ᠎ᠡ᠃ ᠪᠦᠬᠦ | ᠲᠠᠯ᠎ᠠ ᠪᠠᠷ ᠠᠷᠪᠢᠯᠠᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠨ᠂ ᠡᠯ᠎ᠡ ᠲᠥᠷᠥᠯ ᠤᠨ ᠡᠬᠢ ᠪᠠᠶᠠᠯᠢᠭ ᠢ ᠠᠷᠪᠢᠲᠠᠶ | ᠪᠥᠭᠡᠳ ᠳᠣᠷᠪᠢᠯᠢᠭ ᠢᠶᠠᠷ ᠠᠰᠢᠭᠯᠠᠬᠤ ᠶᠢ ᠲᠦᠯᠬᠢᠨ ᠠᠬᠢᠭᠤᠯᠤᠨ᠎ᠠ᠃ ᠡᠨᠧᠷᠭᠢ ᠠᠷᠪᠢᠯᠠᠨ ᠣᠷᠴᠢᠨ ᠲᠣᠭᠤᠷᠢᠨ ᠢ | ᠬᠠᠮᠠᠭᠠᠯᠠᠬᠤ᠂ ᠴᠡᠪᠡᠷ ᠡᠨᠧᠷᠭᠢ ᠵᠡᠷᠭᠡ ᠪᠣᠬᠢᠷᠲᠤᠯ ᠦᠭᠡᠶ ᠠᠵᠤ ᠦᠢᠯᠡᠰ ᠢ ᠬᠥᠭᠵᠢᠭᠦᠯᠵᠦ᠂ ᠭᠤᠤᠯᠳᠠᠯᠭ᠎ᠠ ᠲᠠᠢ | ᠠᠵᠢᠯ ᠲᠥᠷᠥᠯ ᠤᠨ ᠡᠨᠧᠷᠭᠢ ᠠᠷᠪᠢᠯᠠᠨ ᠨᠡᠭᠦᠷᠡᠰᠦᠲᠥ᠋ᠷᠥᠭᠴᠢ ᠪᠠᠭᠤᠷᠠᠭᠤᠯᠬᠤ ᠥᠭᠡᠷᠡᠴᠢᠯᠡᠯᠲᠡ ᠶᠢ ᠠᠬᠢᠭᠤᠯᠤᠨ᠂ | ︽ᠭᠤᠷᠪᠠᠨ ᠱᠤᠭᠤᠮ ᠨᠢᠭᠡ ᠬᠠᠭᠤᠳᠠᠰᠤ︾ ᠶᠢᠨ ᠵᠥᠪᠰᠢᠶᠡᠷᠡᠨ ᠣᠷᠣᠭᠤᠯᠬᠤ ᠳᠦᠷᠢᠮ ᠢ ᠴᠢᠩᠭ᠎ᠠ ᠬᠡᠷᠡᠭᠵᠢᠭᠦᠯᠵᠦ᠂ | ᠡᠨᠧᠷᠭᠢ ᠤᠨ ᠬᠤᠷᠤᠭᠳᠠᠯ ᠶᠡᠬᠡᠲᠠᠢ᠂ ᠪᠣᠬᠢᠷᠲᠤᠯ ᠶᠡᠬᠡᠲᠠᠢ᠂ ᠳᠣᠤᠷ᠎ᠠ ᠲᠦᠪᠰᠢᠨ ᠪᠦᠬᠦᠢ ᠲᠥᠷᠥᠯ ᠵᠦᠢᠯ ᠢ | ᠤᠷᠤᠭᠤᠯᠤᠨ ᠠᠪᠴᠢᠷᠠᠬᠤ ᠶᠢ ᠡᠷᠡᠰ ᠬᠤᠷᠢᠭᠯᠠᠨ᠎ᠠ᠃ ᠰᠢᠨ᠎ᠡ ᠡᠨᠧᠷᠭᠢ ᠤᠨ ᠤᠷᠤᠯᠠᠬᠤ ᠳᠠᠪᠠᠭᠤᠯᠢᠭ ᠢ | ᠪᠠᠳᠠᠷᠠᠭᠤᠯᠵᠤ᠂ ᠰᠢᠨ᠎ᠡ ᠡᠨᠧᠷᠭᠢ ᠶᠢ ᠲᠤᠬᠠᠢ ᠶᠢᠨ ᠭᠠᠵᠠᠷ ᠲᠤᠨᠢ ᠰᠢᠩᠭᠡᠭᠡᠨ ᠠᠪᠬᠤ ᠬᠠᠷᠢᠴᠠᠯ ᠢ ᠳᠡᠭᠡᠭᠰᠢᠯᠡᠭᠦᠯᠵᠦ᠂ | ᠠᠵᠤ ᠦᠢᠯᠡᠳᠪᠦᠷᠢ ᠶᠢᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠵᠦᠭ | ᠬᠤᠪᠢᠷᠠᠬᠤ ᠶᠢ ᠠᠬᠢᠭᠤᠯᠤᠨ᠎ᠠ᠃ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢ ᠴᠢᠩᠭ᠎ᠠ | ᠬᠡᠷᠡᠭᠵᠢᠭᠦᠯᠵᠦ᠂ ᠬᠡᠷᠡᠭᠯᠡᠯᠲᠡ ᠶᠢ ᠵᠠᠬᠢᠷᠤᠨ ᠬᠠᠮᠢᠶᠠᠷᠬᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠂ | ᠵᠥᠪᠰᠢᠶᠡᠷᠡᠭᠰᠡᠨ ᠪᠤᠯᠪᠠᠴᠤ ᠬᠠᠩᠭᠠᠭᠠᠳᠤᠢ ᠭᠠᠵᠠᠷ ᠰᠢᠷᠣᠶ ᠶᠢ ᠢᠳᠡᠪᠬᠢᠲᠡᠶ ᠰᠢᠩᠭᠡᠭᠡᠵᠦ᠂ ᠰᠤᠯᠠ ᠪᠠᠶᠢᠭ᠎ᠠ ᠭᠠᠵᠠᠷ | ᠰᠢᠷᠣᠶ ᠶᠢ ᠠᠮᠢᠳᠤᠯᠢᠭ ᠪᠣᠯᠭᠠᠬᠤ ᠶᠢ ᠲᠦᠷᠭᠡᠳᠬᠡᠨ᠂ ᠭᠠᠵᠠᠷ ᠰᠢᠷᠣᠶ ᠶᠢᠨ ᠡᠬᠢ ᠪᠠᠶᠠᠯᠢᠭ ᠢ ᠦᠨᠳᠦᠷ ᠪᠦᠲᠦᠮᠵᠢᠲᠠᠢ | ᠠᠰᠢᠭᠯᠠᠬᠤ ᠶᠢ ᠲᠦᠯᠬᠢᠨ ᠠᠬᠢᠭᠤᠯᠤᠨ᠎ᠠ᠃ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ | ᠴᠢᠩᠭ᠎ᠠ ᠲᠦᠷᠢᠮ ᠢ ᠬᠡᠷᠡᠭᠵᠢᠭᠦᠯᠵᠦ᠂ ᠮᠠᠰᠢᠨ ᠴᠠᠬᠢᠯᠭᠠᠨ ᠬᠤᠳᠳᠤᠭ ᠤᠨ ᠲᠤᠭ᠎ᠠ ᠬᠡᠮᠵᠢᠶ᠎ᠡ ᠶᠢ ᠴᠢᠩᠭ᠎ᠠ | ᠬᠢᠵᠠᠭᠠᠷᠯᠠᠵᠤ᠂ ᠮᠠᠰᠢᠨ ᠴᠠᠬᠢᠯᠭᠠᠨ ᠬᠤᠳᠳᠤᠭ ᠤᠨ ᠤᠰᠤ ᠠᠪᠬᠤ ᠵᠥᠪᠰᠢᠶᠡᠷᠡᠯ ᠤᠨ ᠦᠨᠡᠮᠯᠡᠯ ᠤᠨ | ᠬᠠᠮᠢᠶᠠᠷᠤᠯᠲᠠ ᠶᠢ ᠴᠢᠩᠭᠠᠷᠠᠭᠤᠯᠤᠨ᠂ ᠮᠠᠰᠢᠨ ᠴᠠᠬᠢᠯᠭᠠᠨ ᠬᠤᠳᠳᠤᠭ ᠤᠨ ᠤᠰᠤ ᠲᠠᠲᠠᠬᠤ ᠬᠡᠮᠵᠢᠯᠲᠡ ᠶᠢ | ᠴᠢᠩᠭᠠᠳᠬᠠᠵᠤ᠂ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠲᠠᠲᠠᠬᠤ ᠶᠢ ᠶᠡᠷᠦᠩᠬᠡᠶᠢᠯᠡᠨ ᠵᠠᠰᠠᠬᠤ ᠶᠢ ᠠᠬᠢᠭᠤᠯᠵᠤ᠂ | ᠭᠠᠵᠠᠷ ᠳᠣᠤᠷᠠᠬᠢ ᠤᠰᠤ ᠶᠢ ᠲᠠᠲᠠᠬᠤ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠶᠢ ᠠᠯᠬᠤᠮ | ᠠᠯᠬᠤᠮ ᠢᠶᠠᠷ ᠪᠡᠶᠡᠯᠡᠭᠦᠯᠦᠨ᠎ᠡ︔ ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠦᠷᠭᠦᠯᠵᠢᠯᠡᠨ | ᠰᠢᠯᠢᠳᠡᠭᠵᠢᠭᠦᠯᠵᠦ᠂ ᠲᠠᠷᠢᠶᠠᠯᠠᠩ ᠳᠤ ᠬᠡᠷᠡᠭᠯᠡᠬᠦ ᠤᠰᠤᠨ ᠤ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ᠂ ᠨᠤᠷᠮ᠎ᠠ | ᠲᠣᠭᠲᠠᠭᠠᠨ ᠬᠠᠮᠢᠶᠠᠷᠬᠤ᠂ ᠦᠨ᠎ᠡ ᠲᠥᠯᠥᠪᠦᠷᠢ ᠲᠠᠢ ᠪᠠᠷ ᠬᠡᠷᠡᠭᠯᠡᠬᠦ᠂ ᠲᠣᠭᠠᠨ ᠠᠴᠠ ᠬᠡᠲᠦᠷᠡᠭᠦᠯᠦᠨ ᠠᠬᠢᠭᠤᠯᠤᠨ | ᠦᠨ᠎ᠡ ᠨᠡᠮᠡᠵᠦ ᠪᠣᠳᠤᠬᠤ ᠵᠡᠷᠭᠡ ᠳᠦᠷᠢᠮ ᠢ ᠰᠠᠶᠢᠲᠤᠷ ᠨᠠᠶᠢᠲᠠᠪᠤᠷᠢᠵᠢᠭᠤᠯᠵᠤ᠂ ᠤᠰᠤ ᠶᠢ ᠠᠷᠪᠢᠯᠠᠨ ᠬᠡᠷᠡᠭᠯᠡᠬᠦ | ᠤᠶᠢᠯᠠᠭᠠᠭᠳᠠᠬᠤᠨ ᠢ ᠬᠦᠮᠦᠰ ᠤᠨ ᠰᠡᠳᠭᠢᠯ ᠳᠤ ᠭᠦᠨᠵᠡᠭᠡᠶᠢᠷᠡᠭᠦᠯᠦᠨ᠎ᠡ᠃ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠲᠥᠪ | ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠰᠢᠮᠳᠠᠭᠤᠯᠤᠨ ᠪᠠᠶᠢᠴᠠᠭᠠᠵᠤ | ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ | ᠂ ︽ᠪᠤᠴᠠᠵᠤ ᠪᠠᠶᠢᠴᠠᠭᠠᠨ ᠦᠵᠡᠬᠦ︾ ᠠᠵᠢᠯ ᠢ ᠴᠠᠭ ᠲᠤᠨᠢ ᠲᠣᠬᠢᠷᠠᠭᠤᠯᠤᠨ ᠥᠷᠨᠢᠭᠦᠯᠵᠦ᠂ ᠠᠰᠠᠭᠤᠳᠠᠯ ᠳᠠᠬᠢᠨ | ᠢᠯᠡᠷᠡᠬᠦ ᠦᠭᠡᠢ ᠪᠠᠶᠢᠬᠤ ᠶᠢ ᠦᠨᠡᠨᠬᠦ ᠪᠠᠲᠤᠯᠠᠨ᠎ᠠ᠃ ᠬᠥᠬᠡ ᠣᠭᠲᠠᠷᠭᠤᠶ᠂ ᠬᠥᠬᠡᠮᠳᠦᠭ ᠤᠰᠤ᠂ ᠴᠡᠪᠡᠷ | ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ 65 ᠠᠭᠤᠷᠰᠢᠯᠲᠠ ᠶᠢᠨ ᠲᠣᠨ | ᠵᠢᠴᠢ ᠲᠡᠭᠦᠨ ᠠᠴᠠ ᠳᠡᠭᠡᠭᠰᠢᠬᠢ ᠨᠡᠭᠦᠷᠡᠰᠦ ᠰᠢᠲᠠᠭᠠᠬᠤ ᠵᠤᠤᠬ᠎ᠠ ᠶᠢᠨ ᠬᠡᠲᠦ ᠳᠣᠤᠷ᠎ᠠ ᠭᠠᠳᠠᠭᠰᠢᠯᠠᠭᠤᠯᠤᠯᠲᠠ ᠶᠢᠨ | ᠥᠭᠡᠷᠡᠴᠢᠯᠡᠯᠲᠡ ᠶᠢ ᠠᠬᠢᠭᠤᠯᠵᠤ᠂ ᠭᠤᠤᠯ ᠬᠤᠲᠠ ᠶᠢᠨ ᠲᠣᠭᠤᠷᠢᠭ ᠤᠨ ᠠᠭᠠᠷ ᠤᠨ ᠰᠢᠯᠢᠳᠡᠭ ᠨᠣᠷᠮ᠎ᠠ ᠶᠢ | ᠳᠡᠭᠡᠭᠰᠢᠯᠡᠭᠦᠯᠦᠨ᠎ᠡ᠃ ︽ᠭᠤᠤᠯ ᠤᠨ ᠳᠠᠷᠤᠭ᠎ᠠ ᠶᠢᠨ ᠲᠦᠷᠢᠮ︾ ᠢ ᠭᠦᠨᠵᠡᠭᠡᠶ ᠨᠠᠶᠢᠳᠠᠪᠤᠷᠢᠵᠢᠭᠤᠯᠵᠤ᠂ ᠭᠤᠤᠯ | ᠮᠥᠷᠡᠨ ᠨᠠᠭᠤᠷ ᠴᠥᠭᠦᠷᠥᠮ ᠤᠨ ︽ᠳᠥᠷᠪᠡᠨ ᠰᠠᠮᠠᠭᠤᠨ ᠢ ᠠᠷᠢᠯᠭᠠᠬᠤ︾ ᠶᠢ ᠪᠠᠶᠢᠩᠭᠤᠵᠢᠭᠤᠯᠤᠨ ᠥᠷᠨᠢᠭᠦᠯᠦᠨ᠎ᠡ᠃ | ᠤᠯᠤᠰ ᠤᠨ ᠰᠢᠯᠭᠠᠨ ᠪᠠᠶᠢᠴᠠᠭᠠᠯᠲᠠ ᠶᠢᠨ ᠣᠭᠲᠣᠯᠤᠭᠠᠰᠤ ᠶᠢᠨ ᠤᠰᠤᠨ ᠤ ᠴᠢᠨᠠᠷ ᠢ ᠬᠠᠮᠢᠶᠠᠷᠤᠨ ᠡᠵᠡᠮᠳᠡᠬᠦ ᠶᠢ | ᠴᠢᠩᠭᠠᠳᠬᠠᠵᠤ᠂ ᠰᠢᠨ᠎ᠡ ᠤᠰᠤᠨ ᠤ ᠡᠬᠢ ᠰᠤᠷᠪᠤᠯᠵᠢ ᠶᠢᠨ ᠭᠠᠵᠠᠷ ᠢ ᠵᠢᠷᠤᠮᠵᠢᠭᠤᠯᠬᠤ ᠪᠠᠶᠢᠭᠤᠯᠤᠯᠲᠠ ᠶᠢ | ᠪᠡᠶᠡᠯᠡᠭᠦᠯᠵᠦ᠂ ᠤᠰᠤᠨ ᠤ ᠣᠷᠴᠢᠨ ᠲᠣᠭᠤᠷᠢᠨ ᠤ ᠴᠢᠨᠠᠷ ᠴᠢᠨᠰᠠᠭ᠎ᠠ ᠠᠮᠤᠷ ᠲᠦᠪᠰᠢᠨ ᠢ ᠪᠠᠲᠤᠯᠠᠨ᠎ᠠ᠃ ᠬᠥᠷᠥᠰᠥ | ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠠᠵᠢᠯᠯᠠᠭ᠎ᠠ ᠶᠢ ᠭᠦᠨᠵᠡᠭᠡᠶᠢᠷᠡᠭᠦᠯᠵᠦ᠂ | ᠬᠥᠷᠥᠰᠥ ᠰᠢᠷᠣᠢ ᠶᠢᠨ ᠪᠣᠬᠢᠷᠲᠤᠯ ᠢ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠵᠤ᠂ ᠬᠥᠷᠥᠰᠥ ᠰᠢᠷᠣᠢ ᠶᠢᠨ | ᠣᠷᠴᠢᠨ ᠲᠣᠭᠤᠷᠢᠨ ᠤ ᠶᠠᠰᠤ ᠴᠢᠨᠠᠷ ᠶᠡᠷᠦᠩᠬᠡᠢ ᠳᠡᠭᠡᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠨ᠎ᠠ᠃ ᠠᠮᠢ | ᠠᠬᠤᠶ ᠶᠢᠨ ᠣᠷᠴᠢᠨ ᠲᠣᠭᠤᠷᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ | ᠪᠠᠶᠢᠩᠭᠤᠵᠢᠭᠤᠯᠤᠨ ᠥᠷᠨᠢᠭᠦᠯᠵᠦ᠂ ᠠᠮᠢ ᠠᠬᠤᠶ ᠶᠢᠨ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠬᠦ ᠡᠷᠴᠢᠮ ᠢ | ᠴᠢᠩᠭᠠᠷᠠᠭᠤᠯᠵᠤ᠂ ᠠᠮᠢ ᠠᠬᠤᠶ ᠶᠢᠨ ᠣᠷᠴᠢᠨ ᠲᠣᠭᠤᠷᠢᠨ ᠤ ᠠᠮᠤᠷ ᠲᠦᠪᠰᠢᠨ ᠢ ᠦᠨᠡᠨᠬᠦ ᠪᠠᠲᠤᠯᠠᠨ᠎ᠠ᠃ | ︵ᠵᠢᠷᠭᠤᠭ᠎ᠠ︶ ᠬᠤᠲᠠ ᠬᠥᠳᠡᠭᠡ ᠶᠢᠨ ᠠᠭᠤᠰᠤᠯᠴᠠᠯ ᠢ ᠠᠬᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢᠨ | ᠡᠨᠧᠷᠭᠢ ᠶᠢᠨ ᠲᠠᠰ ᠢ ᠳᠡᠭᠡᠭᠰᠢᠯᠡᠭᠦᠯᠦᠨ᠎ᠡ᠃ ᠰᠢᠶᠠᠨ ᠤ ᠬᠤᠲᠠ ᠪᠠᠷ ᠴᠢᠬᠤᠯᠠ ᠠᠴᠢᠶᠠᠯᠠᠪᠤᠷᠢ ᠪᠣᠯᠭᠠᠭᠰᠠᠨ ᠰᠢᠨ᠎ᠡ | ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠵᠦ᠂ ᠳᠠᠭᠠᠭᠠᠬᠤ ᠴᠢᠳᠠᠪᠤᠷᠢ᠂ | ᠨᠥᠯᠥᠭᠡᠯᠡᠬᠦ ᠬᠦᠴᠦᠨ ᠪᠠ ᠳᠠᠶᠢᠴᠢᠯᠠᠬᠤ ᠬᠦᠴᠦᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠬᠤᠲᠠ ᠬᠥᠳᠡᠭᠡ ᠶᠢᠨ | ᠵᠣᠬᠢᠴᠠᠯᠳᠤᠨ ᠬᠥᠭᠵᠢᠬᠦ ᠶᠢ ᠲᠦᠯᠬᠢᠨ ᠠᠬᠢᠭᠤᠯᠤᠨ᠎ᠠ᠃ | ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠬᠤᠲᠠ ᠶᠢᠨ ᠲᠦᠪ ᠤᠨ | ᠲᠣᠭᠤᠷᠢᠭ ᠤᠨ ᠡᠵᠡᠮᠳᠡᠯ ᠤᠨ ᠴᠢᠨᠠᠷᠲᠠᠶ ᠨᠠᠷᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠨ᠎ᠠ᠃ ᠬᠤᠲᠠ ᠶᠢᠨ | ᠰᠢᠨᠡᠴᠢᠯᠡᠯᠲᠡ ᠶᠢᠨ ᠠᠵᠢᠯᠯᠠᠭ᠎ᠠ ᠶᠢ ᠬᠡᠷᠡᠭᠵᠢᠭᠦᠯᠵᠦ᠂ 17 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ | ᠪᠠᠶᠢᠭᠤᠯᠵᠤ᠂ 550 ᠢᠵᠢ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢ ᠲᠤᠰᠢᠶᠠᠨ ᠬᠡᠷᠡᠭᠯᠡᠭᠦᠯᠬᠦ ᠶᠢ ᠦᠨᠡᠨᠬᠦ | ᠪᠠᠲᠤᠯᠠᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠲᠠᠯᠠᠪᠠᠢ ᠶᠢ 55 ᠲᠦᠮᠡᠨ ᠲᠡᠭᠰᠢ | ᠳᠥᠷᠪᠡᠯᠵᠢᠨ ᠮᠧᠲᠷ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ ᠰᠢᠲᠠᠮᠠᠬᠠᠢ ᠬᠡᠢ᠂ ᠤᠰᠤ ᠭᠠᠳᠠᠭᠰᠢᠯᠠᠭᠤᠯᠬᠤ | ᠵᠡᠷᠭᠡ ᠬᠤᠭᠤᠯᠠᠢ ᠱᠤᠭᠤᠮ ᠢ 121 ᠺᠢᠯᠤᠮᠧᠲᠷ ᠰᠢᠨᠡᠳᠭᠡᠨ ᠥᠭᠡᠷᠡᠴᠢᠯᠡᠨ᠎ᠡ᠃ ᠳᠤᠯᠠᠭᠠᠨ ᠬᠠᠩᠭᠠᠬᠤ | ᠢᠨᠵᠧᠨᠧᠷᠢᠩ ᠢ ᠭᠦᠨᠵᠡᠭᠡᠶ ᠠᠬᠢᠭᠤᠯᠵᠤ᠂ ᠲᠥᠪᠯᠡᠷᠡᠭᠦᠯᠦᠨ ᠢᠯᠴᠢ ᠬᠠᠩᠭᠠᠬᠤ ᠠᠵᠤ ᠠᠬᠤᠶᠢᠯᠠᠯ ᠯᠤᠭ᠎ᠠ ᠭᠦᠨᠵᠡᠭᠡᠶ | ᠬᠠᠮᠲᠤᠷᠠᠯᠴᠠᠭ᠎ᠠ ᠶᠢ ᠠᠬᠢᠭᠤᠯᠵᠤ᠂ ᠰᠢᠭᠤᠳ ᠢᠯᠴᠢ ᠬᠠᠩᠭᠠᠬᠤ ᠲᠠᠯᠠᠪᠠᠶ ᠶᠢ ᠥᠷᠭᠡᠳᠬᠡᠨ᠎ᠡ᠃ ᠡᠪᠦᠯ ᠤᠨ | ᠡᠪᠡᠳᠴᠢᠨ ᠢ ᠵᠤᠨ ᠵᠠᠰᠠᠬᠤ ᠶᠢ ᠪᠠᠷᠢᠮᠲᠠᠯᠠᠨ᠂ ᠨᠢᠭᠡ ᠪᠦᠯᠦᠭ ᠢᠯᠴᠢ ᠬᠠᠩᠭᠠᠬᠤ ᠶᠢ ᠥᠭᠡᠷᠡᠴᠢᠯᠡᠨ ᠳᠡᠭᠡᠭᠰᠢᠯᠡᠭᠦᠯᠬᠦ | ᠢᠨᠵᠧᠨᠧᠷᠢᠩ ᠢ ᠬᠡᠷᠡᠭᠵᠢᠭᠦᠯᠵᠦ᠂ ᠢᠯᠴᠢ ᠬᠠᠩᠭᠠᠬᠤ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠬᠤᠲᠠ ᠶᠢᠨ ᠬᠠᠮᠢᠶᠠᠷᠤᠯᠲᠠ ᠶᠢᠨ ᠬᠠᠮᠲᠤᠷᠠᠨ ᠬᠥᠳᠡᠯᠦᠯᠴᠡᠬᠦ ᠵᠠᠭᠪᠤᠷ ᠢ ᠬᠠᠶᠢᠨ ᠰᠦᠪᠡᠭᠴᠢᠯᠡᠵᠦ᠂ ᠮᠠᠰᠢᠨ ᠲᠡᠷᠭᠡ | ᠵᠣᠭᠰᠣᠭᠠᠬᠤ᠂ ᠬᠠᠮᠲᠤᠪᠠᠷ ᠡᠳ᠋ᠯᠡᠬᠦ ᠳᠤᠭᠤᠶ ᠲᠡᠷᠭᠡ ᠶᠢᠨ ᠬᠠᠮᠢᠶᠠᠷᠤᠯᠲᠠ ᠶᠢ ᠵᠢᠷᠤᠮᠵᠢᠭᠤᠯᠤᠨ᠂ ᠭᠡᠷ ᠤᠨ ᠭᠠᠳᠠᠨᠠᠬᠢ | ᠵᠠᠷ ᠮᠡᠳᠡᠭᠡ ᠶᠢᠨ ᠫᠠᠶᠢᠰᠠ ᠢᠯᠡᠷᠬᠡᠶᠢᠯᠡᠯ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ᠵᠠᠮ ᠡᠵᠡᠯᠡᠨ | ᠡᠵᠡᠩᠨᠡᠬᠦ᠂ ᠳᠤᠷ᠎ᠠ ᠪᠠᠷ ᠢᠶᠠᠨ ᠪᠠᠷᠢᠯᠭ᠎ᠠ ᠪᠠᠷᠢᠬᠤ᠂ ᠠᠭᠠᠷ ᠳᠡᠭᠡᠷᠡᠬᠢ ᠤᠲᠠᠰᠤ ᠳᠠᠮᠵᠢᠭᠤᠯᠬᠤ ᠵᠡᠷᠭᠡ ᠲᠦᠭᠵᠢᠷᠡᠬᠦ | ᠠᠰᠠᠭᠤᠳᠠᠯ ᠢ ᠵᠠᠰᠠᠵᠦ᠂ ᠬᠤᠲᠠ ᠶᠢᠨ ᠶᠡᠷᠦᠩᠬᠡᠶᠢᠯᠡᠭᠰᠡᠨ ᠳᠦᠷᠢ ᠳᠦᠷᠬᠦ ᠶᠢ ᠳᠡᠭᠡᠭᠰᠢᠯᠡᠭᠦᠯᠵᠦ᠂ ᠤᠯᠤᠰ ᠤᠨ | ᠴᠡᠴᠡᠷᠯᠢᠭᠲᠦ ᠰᠢᠶᠠᠨ ᠤ ᠬᠤᠲᠠ ᠶᠢᠨ ᠳᠠᠬᠢᠨ ᠬᠢᠨᠠᠬᠤ ᠶᠢ ᠦᠩᠭᠡᠷᠡᠭᠦᠯᠬᠦ ᠶᠢ ᠪᠠᠲᠤᠯᠠᠨ᠎ᠠ᠃ | ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠥᠷᠢᠯᠡᠨ᠎ᠡ᠃ ᠠᠭᠤᠯᠠᠨ ᠦᠶᠡᠷ ᠤᠨ ᠭᠤᠤ ᠶᠢ | ᠶᠡᠷᠦᠩᠬᠡᠶᠢᠯᠡᠨ ᠵᠠᠰᠠᠬᠤ ᠶᠢ ᠬᠡᠷᠡᠭᠵᠢᠭᠦᠯᠵᠦ᠂ ᠲᠦᠷᠭᠡᠨ ᠭᠤᠣᠯ᠂ ᠨᠠᠷᠢᠳ ᠤᠨ ᠭᠤᠣᠯ ᠢ ᠵᠠᠰᠠᠬᠤ ᠢᠨᠵᠧᠨᠧᠷᠢᠩ ᠢ | ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠠᠬᠢᠭᠤᠯᠵᠤ᠂ ︽ᠯᠢᠶᠤᠤᠨᠢᠩ ᠤᠨ ᠪᠠᠷᠠᠭᠤᠨ ᠬᠤᠶᠢᠲᠤ︾ ᠤᠰᠤ | ᠬᠠᠩᠭᠠᠬᠤ ᠲᠦᠩᠯᠢᠶᠣᠤ ᠶᠢᠨ ᠰᠠᠯᠪᠤᠷᠢ ᠱᠤᠭᠤᠮ ᠤᠨ ᠢᠨᠵᠧᠨᠧᠷᠢᠩ ᠢ ᠬᠠᠮᠵᠢᠯᠴᠠᠨ ᠪᠡᠶᠡᠯᠡᠭᠦᠯᠦᠨ᠎ᠡ᠃ ᠪᠤᠭᠲᠤ | ᠵᠢᠭᠤᠯᠴᠢᠯᠠᠯ ᠤᠨ ᠵᠠᠰᠠᠮᠠᠯ ᠵᠠᠮ ᠢ ᠪᠥᠬᠦ ᠱᠤᠭᠤᠮ ᠢᠶᠠᠷ ᠨᠡᠪᠲᠡᠷᠡᠭᠦᠯᠬᠦ ᠶᠢ ᠦᠨᠡᠨᠬᠦ ᠪᠠᠲᠤᠯᠠᠵᠤ᠂ ᠬᠤᠲᠠ ᠶᠢᠨ | ᠲᠣᠭᠤᠷᠢᠭ ᠤᠨ ᠬᠤᠶᠢᠲᠤ ᠭᠠᠳᠠᠷ ᠲᠣᠭᠤᠷᠢᠭ᠂ ᠮᠤᠵᠢ ᠶᠢᠨ ᠵᠠᠮ ᠤᠨ 503 ᠱᠤᠭᠤᠮ ︵ᠨᠠᠢᠮᠠᠨ ᠤ ᠬᠡᠰᠡᠭ︶ ᠤᠨ | ᠬᠤᠶᠢᠲᠤ ᠲᠠᠯ᠎ᠠ ᠶᠢᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠡᠬᠢᠯᠡᠭᠦᠯᠵᠦ᠂ ᠬᠥᠳᠡᠭᠡ | ᠲᠣᠰᠬᠤᠨ ᠤ ᠵᠠᠰᠠᠮᠠᠯ ᠵᠠᠮ ᠢ 202 ᠺᠢᠯᠤᠮᠧᠲᠷ ᠠᠷᠠᠴᠢᠯᠠᠨ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠵᠦ᠂ 3 | ᠨᠤᠷᠠᠬᠤ ᠠᠶᠤᠯᠲᠠᠶ ᠬᠥᠭᠦᠷᠭᠡ ᠶᠢ ᠥᠭᠡᠷᠡᠴᠢᠯᠡᠨ ᠵᠠᠰᠠᠨ᠎ᠠ᠃ ᠨᠡᠶᠢᠳᠡᠮ ᠬᠡᠷᠡᠭᠯᠡᠬᠦ ᠨᠢᠰᠬᠡᠯ ᠤᠨ ᠪᠠᠭᠤᠳᠠᠯ ᠤᠨ ᠠᠶᠠᠯᠠᠯ | ᠨᠡᠪᠲᠡᠷᠡᠵᠦ ᠡᠵᠡᠩᠨᠡᠯᠲᠡ ᠳᠤ ᠤᠷᠤᠬᠤ ᠶᠢ ᠪᠡᠶᠡᠯᠡᠭᠦᠯᠦᠨ᠎ᠡ᠃ ᠲᠠᠴᠢᠨᠲᠠᠯ᠎ᠠ ᠵᠡᠷᠭᠡ 66 ᠺᠢᠯᠣᠸᠠᠲ ᠤᠨ ᠬᠦᠴᠦᠳᠡᠯ | ᠥᠭᠡᠷᠡᠴᠢᠯᠡᠬᠦ 3 ᠥᠷᠲᠡᠭᠡ ᠶᠢ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠵᠤ᠂ ︽ᠪᠠᠶᠢᠰᠢᠩᠲᠦ ᠨᠠᠢᠮᠠᠨ | ᠹᠦᠰᠢᠨ︾ ᠤ 500 ᠺᠢᠯᠣᠸᠠᠲ ᠤᠨ ᠴᠠᠬᠢᠯᠭᠠᠨ ᠬᠦᠷᠭᠡᠬᠦ ᠬᠡᠯᠬᠢᠶ᠎ᠡ ᠶᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ | ᠣᠷᠣᠭᠤᠯᠬᠤ ᠶᠢ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠴᠠᠬᠢᠯᠭᠠᠨ ᠲᠣᠣᠷ ᠢ 245 ᠺᠢᠯᠤᠮᠧᠲᠷ | ᠥᠭᠡᠷᠡᠴᠢᠯᠡᠵᠦ᠂ ᠴᠠᠬᠢᠯᠭᠠᠨ ᠬᠠᠩᠭᠠᠬᠤ ᠴᠢᠳᠠᠪᠤᠷᠢ ᠶᠢ 10.6 ᠲᠦᠮᠡᠨ ᠺᠢᠯᠣᠸᠠᠲ ᠠᠮᠫᠧᠷ ᠰᠢᠨ᠎ᠡ ᠪᠠᠷ | ᠨᠡᠮᠡᠭᠳᠡᠭᠦᠯᠦᠨ᠎ᠡ᠃ | ︵ᠳᠤᠯᠤᠭ᠎ᠠ︶ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠵᠦ᠂ ᠴᠢᠨᠠᠷ ᠰᠠᠶᠢᠲᠠᠢ | ᠬᠥᠭᠵᠢᠯᠲᠡ ᠶᠢᠨ ᠠᠷᠠᠳ ᠤᠨ ᠠᠮᠢᠳᠤᠷᠠᠯ ᠤᠨ ᠬᠠᠷᠢᠭᠤᠯᠲᠠ ᠶᠢᠨ ᠬᠠᠭᠤᠳᠠᠰᠤ ᠶᠢ ᠰᠠᠶᠢᠲᠤᠷ ᠪᠢᠴᠢᠭᠯᠡᠨ᠎ᠡ᠃ | ᠴᠢᠳᠠᠯ ᠢᠶᠠᠷ ᠢᠶᠠᠨ ᠴᠢᠷᠮᠠᠶᠢᠬᠤ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ | ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠣᠨᠣᠪᠴᠢᠲᠠᠢ | ᠰᠠᠬᠢᠵᠤ᠂ ᠪᠠᠲᠤ ᠰᠠᠬᠢᠨ᠎ᠠ᠃ | ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠦᠮᠦᠵᠢᠯ ᠢ ᠰᠠᠶᠢᠲᠤᠷ ᠡᠷᠬᠢᠯᠡᠨ᠎ᠡ᠃ ᠰᠤᠷᠭᠠᠭᠤᠯᠢ | ᠡᠷᠭᠢᠯᠡᠬᠦ ᠨᠥᠬᠦᠴᠡᠯ ᠢ ᠬᠦᠴᠦᠯᠡᠨ ᠰᠠᠶᠢᠵᠢᠷᠠᠭᠤᠯᠵᠤ᠂ 2.5 ᠲᠦᠮᠡᠨ ᠲᠡᠭᠰᠢ ᠳᠥᠷᠪᠡᠯᠵᠢᠨ ᠮᠧᠲᠷ | ᠰᠤᠷᠭᠠᠭᠤᠯᠢ ᠶᠢᠨ ᠬᠡᠷ ᠪᠠᠶᠢᠰᠢᠩ ᠢ ᠰᠢᠨ᠎ᠡ ᠪᠠᠷ ᠪᠠᠶᠢᠭᠤᠯᠤᠨ ᠦᠭᠡᠷᠡᠴᠢᠯᠡᠨ᠎ᠡ᠃ 180 ᠨᠡᠷᠡᠰ ᠪᠠᠭᠰᠢ ᠶᠢ ᠡᠯᠰᠡᠨ | ᠬᠡᠷᠡᠭᠯᠡᠵᠦ᠂ ᠪᠠᠭᠰᠢ ᠶᠢᠨ ᠬᠠᠷᠠᠭᠠᠯᠵᠠᠯ ᠤᠨ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠰᠠᠶᠢᠨ ᠰᠠᠶᠢᠬᠠᠨ | ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠢ ᠪᠣᠶ ᠪᠣᠯᠭᠠᠵᠤ᠂ ᠰᠢᠨ᠎ᠡ ᠴᠠᠭ ᠦᠶ᠎ᠡ ᠶᠢᠨ ︽ᠳᠥᠷᠪᠡ ᠶᠢ | ᠪᠦᠷᠢᠳᠦᠭᠦᠯᠦᠭᠰᠡᠨ︾ ᠰᠠᠶᠢᠨ ᠪᠠᠭᠰᠢ ᠶᠢᠨ ᠡᠩᠨᠡᠭᠡ ᠶᠢ ᠪᠣᠶ ᠪᠤᠯᠭᠠᠨ᠎ᠠ᠃ ᠰᠤᠷᠬᠤ ᠨᠠᠰᠤᠨ ᠠᠴᠠ ᠡᠮᠦᠨᠡᠬᠢ ᠰᠤᠷᠭᠠᠨ | ᠬᠥᠮᠦᠵᠢᠯ ᠤᠨ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ | 360 ᠴᠡᠴᠡᠷᠯᠢᠭ ᠤᠨ ᠪᠠᠶᠢᠷᠢ ᠶᠢ ᠰᠢᠨ᠎ᠡ ᠪᠠᠷ ᠨᠡᠮᠡᠭᠳᠡᠭᠦᠯᠵᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ | ᠬᠥᠮᠦᠵᠢᠯ ᠤᠨ ᠲᠦᠭᠡᠮᠡᠯ ᠬᠠᠷᠠᠭᠠᠯᠵᠠᠯᠲᠤ ᠬᠥᠭᠵᠢᠯᠲᠡ ᠶᠢ ᠠᠬᠢᠭᠤᠯᠤᠨ᠎ᠠ᠃ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ︽ᠬᠤᠶᠠᠷ ᠢ ᠪᠠᠭᠠᠰᠬᠠᠬᠤ︾ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠣᠷᠣᠨ ᠪᠦᠰᠡ ᠶᠢᠨ ᠬᠤᠯᠪᠣᠭᠠᠨ ᠤ ᠬᠥᠭᠵᠢᠯᠲᠡ ᠶᠢᠨ ᠵᠠᠭᠪᠤᠷ ᠢ | ᠳᠡᠯᠭᠡᠷᠡᠭᠦᠯᠦᠨ᠂ ᠴᠢᠨᠠᠷ ᠰᠠᠶᠢᠲᠠᠶ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠮᠤᠷᠬᠤ ᠬᠡᠪᠴᠢᠶ᠎ᠡ ᠶᠢ | ᠥᠷᠭᠡᠳᠬᠡᠨ᠎ᠡ᠃ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠣᠯᠠᠨ ᠶᠠᠩᠵᠤᠴᠢᠯᠠᠭᠰᠠᠨ ᠬᠥᠭᠵᠢᠯᠲᠡ ᠶᠢ ᠠᠬᠢᠭᠤᠯᠤᠨ᠎ᠠ᠃ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ︽ᠬᠤᠤᠰ ᠰᠢᠯᠢᠳᠡᠭ︾ ᠤᠨ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠤᠨ ᠰᠤᠷᠭᠠᠭᠤᠯᠢ ᠡᠷᠭᠢᠯᠡᠬᠦ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠠᠷᠠᠳ ᠠᠴᠠ ᠡᠷᠬᠢᠯᠡᠭᠰᠡᠨ | ᠰᠤᠷᠭᠠᠨ ᠬᠥᠮᠦᠵᠢᠯ ᠤᠨ ᠡᠷᠡᠭᠦᠯ ᠢᠶᠠᠷ ᠬᠥᠭᠵᠢᠬᠦ ᠶᠢ ᠳᠡᠮᠵᠢᠨ ᠠᠬᠢᠭᠤᠯᠤᠨ᠎ᠠ᠃ ᠰᠤᠷᠭᠠᠭᠤᠯᠢ ᠶᠢᠨ ᠬᠦᠷᠢᠶᠡᠨ ᠤ | ᠡᠷᠬᠢᠨ ᠲᠣᠭᠤᠷᠢᠨ ᠤ ᠣᠷᠴᠢᠨ ᠲᠣᠭᠤᠷᠢᠨ ᠤ ᠵᠠᠰᠠᠯᠲᠠ ᠶᠢ ᠴᠢᠩᠭᠠᠳᠬᠠᠵᠤ᠂ ᠠᠮᠤᠷ ᠲᠦᠪᠰᠢᠨ ᠤ | ᠰᠡᠷᠭᠡᠶᠢᠯᠡᠯᠲᠡ ᠶᠢᠨ ︽ᠳᠥᠷᠪᠡᠨ ᠵᠠᠭᠤᠨ ᠤ ᠵᠠᠭᠤ︾ ᠶᠢᠨ ᠪᠠᠶᠢᠭᠤᠯᠤᠯᠲᠠ ᠶᠢ ᠠᠬᠢᠭᠤᠯᠵᠤ᠂ ᠰᠤᠷᠭᠠᠭᠤᠯᠢ ᠶᠢᠨ | ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠪᠠᠶᠢᠭᠤᠯᠤᠨ᠎ᠠ᠃ | ᠡᠷᠡᠭᠦᠯ ᠮᠡᠨᠳᠦ ᠨᠠᠢᠮᠠᠨ ᠢ ᠴᠢᠷᠮᠠᠶᠢᠨ ᠪᠠᠶᠢᠭᠤᠯᠤᠨ᠎ᠠ᠃ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ᠂ | ᠰᠢᠨ ᠵᠧᠨ ᠪᠠᠯᠭᠠᠰᠤᠨ ᠤ ᠭᠤᠤᠯ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠰᠢᠨ᠎ᠡ ᠭᠠᠵᠠᠷ ᠲᠤ ᠨᠡᠭᠦᠵᠦ ᠣᠷᠣᠬᠤ ᠶᠢ | ᠦᠨᠡᠨᠬᠦ ᠪᠠᠲᠤᠯᠠᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠂ ᠲᠤᠭᠠᠴᠢᠯᠠᠭᠰᠠᠨ ᠡᠮᠴᠢᠯᠡᠭᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠭᠦᠯᠵᠦ᠂ | ᠰᠢᠶᠠᠨ ᠤ ᠬᠡᠪᠴᠢᠶᠡᠨ ᠤ ᠡᠮᠴᠢᠯᠡᠭᠡ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠲᠦᠷᠭᠡᠳᠬᠡᠨ᠂ ᠡᠮᠴᠢᠯᠡᠭᠡ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠡᠮᠴᠢᠯᠡᠭᠡᠨ ᠤ | ᠭᠤᠣᠯᠳᠠᠯᠭ᠎ᠠ ᠲᠠᠢ ᠲᠤᠰᠬᠠᠢ ᠰᠠᠯᠠᠭᠠᠨ ᠤ ︽ᠵᠠᠭᠤ ᠮᠢᠩᠭ᠎ᠠ ᠲᠦᠮᠡᠨ ᠢᠨᠵᠧᠨᠧᠷᠢᠩ︾ ᠢ ᠬᠡᠷᠡᠭᠵᠢᠭᠦᠯᠵᠦ᠂ | ᠣᠨᠴᠠᠯᠢᠭᠲᠤ ᠲᠤᠰᠬᠠᠢ ᠮᠡᠷᠭᠡᠵᠢᠯ ᠤᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠳᠡᠭᠡᠭᠰᠢᠯᠡᠭᠦᠯᠦᠨ᠂ ᠬᠤᠰᠢᠭᠤᠨ ᠤ | ᠠᠷᠠᠳ ᠤᠨ ᠡᠮᠨᠡᠯᠭᠡ ᠶᠢᠨ ᠬᠤᠷᠢᠶ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠠᠬᠢᠭᠤᠯᠤᠨ᠎ᠠ᠃ | ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ | ᠢᠨᠵᠧᠨᠧᠷᠢᠩ ᠢ ᠰᠠᠶᠢᠲᠤᠷ ᠨᠠᠶᠢᠳᠠᠪᠤᠷᠢᠵᠢᠭᠤᠯᠵᠤ᠂ ᠬᠢᠲᠠᠳ ᠡᠮ ᠡᠮᠨᠡᠯᠭᠡ ︵ᠮᠤᠩᠭᠤᠯ ᠡᠮ ᠡᠮᠨᠡᠯᠭᠡ︶ ᠶᠢᠨ | ᠲᠣᠬᠢᠷᠠᠮᠵᠢᠲᠠᠶ ᠮᠡᠷᠭᠡᠵᠢᠯ ᠢ ᠳᠡᠯᠭᠡᠷᠡᠭᠦᠯᠦᠨ᠂ ᠬᠢᠲᠠᠳ ᠡᠮ ᠡᠮᠨᠡᠯᠭᠡ ︵ᠮᠤᠩᠭᠤᠯ ᠡᠮ ᠡᠮᠨᠡᠯᠭᠡ︶ ᠶᠢᠨ | ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠴᠢᠨᠠᠷ ᠰᠠᠶᠢᠲᠠᠶ ᠦᠢᠯᠡᠴᠢᠯᠡᠭᠡᠨ ᠤ ᠦᠨᠳᠦᠰᠦᠨ ᠱᠠᠲᠤᠨ ᠤ | ᠠᠶᠠᠯᠠᠯ ᠤᠨ ᠠᠵᠢᠯᠯᠠᠭ᠎ᠠ ᠶᠢ ᠥᠷᠨᠢᠭᠦᠯᠵᠦ᠂ ᠦᠨᠳᠦᠰᠦᠨ ᠱᠠᠲᠤᠨ ᠤ ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢ ᠪᠦᠬᠦᠨ ᠢ ᠤᠯᠤᠰ ᠤᠨ ᠦᠨᠳᠦᠰᠦᠨ ᠪᠠᠷᠢᠮᠵᠢᠶ᠎ᠠ ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ᠃ | ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ ᠥᠷᠨᠢᠭᠦᠯᠵᠦ᠂ ᠤᠯᠤᠰ ᠤᠨ ᠡᠷᠡᠭᠦᠯ | ᠬᠠᠮᠠᠭᠠᠯᠠᠯ ᠤᠨ ᠰᠢᠶᠠᠩ ᠪᠠᠯᠭᠠᠰᠤ ᠶᠢ 7 ᠡᠭᠦᠳᠦᠨ ᠪᠠᠶᠢᠭᠤᠯᠵᠤ᠂ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ | ᠬᠤᠲᠠ ᠶᠢᠨ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠬᠦ ᠶᠢ ᠦᠨᠡᠨᠬᠦ ᠪᠠᠲᠤᠯᠠᠨ᠎ᠠ᠃ ᠡᠷᠡᠭᠦᠯ ᠮᠡᠨᠳᠦ ᠶᠢ | ᠠᠬᠢᠭᠤᠯᠬᠤ ᠪᠠ ᠡᠷᠡᠭᠦᠯ ᠮᠡᠨᠳᠦ ᠶᠢᠨ ᠬᠥᠮᠦᠵᠢᠯ ᠢ ᠴᠢᠩᠭᠠᠳᠬᠠᠵᠤ᠂ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ | ᠪᠡᠯᠡᠳᠬᠡᠮᠵᠢ ᠶᠢᠨ ᠬᠠᠩᠭᠠᠯᠭ᠎ᠠ ᠶᠢ ᠥᠷᠭᠡᠳᠬᠡᠨ᠂ ᠣᠯᠠᠨ ᠲᠦᠮᠡᠨᠴᠢ ᠴᠢᠨᠠᠷᠲᠠᠶ ᠪᠡᠶ᠎ᠡ ᠶᠢᠨ ᠲᠠᠮᠢᠷ ᠤᠨ ᠠᠵᠢᠯᠯᠠᠭ᠎ᠠ ᠶᠢ | ᠥᠷᠨᠢᠭᠦᠯᠵᠦ᠂ ᠠᠷᠠᠳ ᠲᠦᠮᠡᠨ ᠤ ᠡᠷᠡᠭᠦᠯ ᠮᠡᠨᠳᠦ ᠠᠵᠠ ᠵᠢᠷᠭᠠᠯ ᠢ ᠨᠡᠮᠡᠭᠳᠡᠭᠦᠯᠦᠨ᠎ᠡ᠃ | ᠰᠤᠶᠤᠯ ᠤᠨ ᠦᠢᠯᠡᠰ ᠢ ᠴᠡᠴᠡᠭᠯᠡᠭᠦᠯᠦᠨ ᠬᠦᠭᠵᠢᠭᠦᠯᠦᠨ᠎ᠡ᠃ ᠴᠧᠨ ᠭᠦᠸᠧ ᠭᠦᠩᠵᠦ ᠶᠢᠨ ᠣᠩᠭᠤᠨ ᠤ | ᠬᠠᠨ᠎ᠠ ᠶᠢᠨ ᠵᠢᠷᠤᠭ ᠢ ᠬᠠᠮᠠᠭᠠᠯᠠᠨ ᠰᠡᠷᠭᠦᠭᠡᠬᠦ ᠢᠨᠵᠧᠨᠧᠷᠢᠩ ᠢ ᠪᠡᠶᠡᠯᠡᠭᠦᠯᠵᠦ᠂ ᠤᠯᠠᠭᠠᠨᠮᠥ᠋ᠴᠢᠷ ᠤᠨ ᠰᠢᠨ᠎ᠡ ᠭᠠᠵᠠᠷ | ᠲᠤ ᠨᠡᠭᠦᠵᠦ ᠤᠷᠤᠬᠤ ᠶᠢ ᠦᠨᠡᠨᠬᠦ ᠪᠠᠲᠤᠯᠠᠨ᠎ᠠ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ | ᠰᠢᠨ᠎ᠡ ᠶᠢ ᠡᠭᠦᠳᠦᠨ ᠬᠡᠷᠡᠭᠵᠢᠭᠦᠯᠵᠦ᠂ ᠣᠯᠠᠨ ᠲᠦᠮᠡᠨᠴᠢ ᠴᠢᠨᠠᠷᠲᠠᠶ ᠰᠣᠶᠣᠯ ᠤᠨ ᠠᠵᠢᠯᠯᠠᠭ᠎ᠠ ᠶᠢ 300 ᠲᠠᠯᠠᠪᠤᠷ | ᠤᠳᠠᠭ᠎ᠠ ᠠᠴᠠ ᠳᠡᠭᠡᠭᠰᠢ ᠥᠷᠨᠢᠭᠦᠯᠵᠦ᠂ ᠨᠤᠭᠤᠨᠵᠠᠶᠠᠭ᠎ᠠ ᠮᠠᠯᠴᠢᠨ ᠲᠠᠷᠢᠶᠠᠴᠢᠨ ᠤ ᠤᠷᠠᠨ ᠰᠠᠶᠢᠬᠠᠨ ᠤ | ᠲᠣᠭᠯᠠᠯᠲᠠ ᠶᠢ ᠰᠠᠶᠢᠲᠤᠷ ᠡᠷᠬᠢᠯᠡᠨ᠎ᠡ᠃ ᠤᠳᠬ᠎ᠠ ᠤᠷᠠᠯᠢᠭ ᠤᠨ ᠰᠣᠳᠣᠨ ᠪᠦᠲᠦᠭᠡᠯ ᠵᠣᠬᠢᠶᠠᠨ ᠪᠦᠲᠦᠭᠡᠬᠦ ᠶᠢ | ᠵᠣᠷᠢᠭᠵᠢᠭᠤᠯᠵᠤ ᠰᠢᠨ᠎ᠡ ᠴᠠᠭ ᠦᠶ᠎ᠡ ᠶᠢᠨ ︽ᠨᠠᠢᠮᠠᠨ ᠤ ᠦᠯᠢᠭᠡᠷ︾ ᠢ ᠰᠠᠶᠢᠲᠤᠷ ᠶᠠᠷᠢᠨ᠎ᠠ᠃ ᠪᠠᠷ ᠵᠢᠷᠤᠭ᠂ | ᠷᠠᠰᠢᠶᠠᠨ ᠴᠢᠯᠠᠭᠤ ᠵᠡᠷᠭᠡ ᠣᠨᠴᠠᠯᠢᠭᠲᠤ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠭᠦᠨᠵᠡᠭᠡᠶ ᠨᠡᠭᠡᠭᠡᠨ | ᠬᠥᠭᠵᠢᠭᠦᠯᠵᠦ᠂ ᠰᠢᠨ᠎ᠡ ᠬᠡᠯᠪᠡᠷᠢ ᠶᠢᠨ ᠰᠣᠶᠣᠯ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠬᠥᠭᠵᠢᠯᠲᠡ ᠶᠢ | ᠳᠡᠮᠵᠢᠨ᠎ᠡ᠃ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ | ᠪᠠᠶᠢᠴᠠᠭᠠᠯᠲᠠ ᠶᠢ ᠡᠬᠢᠯᠡᠭᠦᠯᠦᠨ᠎ᠡ᠃ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢ ᠴᠢᠩᠭᠠᠳᠬᠠᠨ᠂ | ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ ᠢ ᠭᠤᠶᠤᠴᠢᠯᠠᠨ | ᠮᠡᠳᠡᠭᠦᠯᠵᠦ᠂ ᠦᠨᠳᠦᠰᠦᠲᠡᠨ ᠤ ᠰᠣᠶᠣᠯ ᠤᠨ ᠦᠨᠳᠦᠰᠦ ᠰᠤᠳᠠᠰᠤ ᠶᠢ ᠪᠠᠲᠤ ᠰᠠᠬᠢᠨ᠎ᠠ᠃ | ᠨᠡᠶᠢᠭᠡᠮ ᠤᠨ ᠪᠠᠲᠤᠯᠠᠪᠤᠷᠢ ᠶᠢᠨ ᠲᠥᠪᠰᠢᠨ ᠢ ᠳᠡᠭᠡᠭᠰᠢᠯᠡᠭᠦᠯᠦᠨ᠎ᠡ᠃ ᠠᠵᠢᠯ ᠣᠯᠭᠤᠯᠲᠠ ᠪᠠᠷ ᠲᠡᠳᠬᠦᠬᠦ | ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠶᠢ | ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠬᠤᠲᠠ ᠪᠠᠯᠭᠠᠰᠤᠨ ᠤ 900 ᠬᠥᠮᠦᠨ ᠳᠤ ᠰᠢᠨ᠎ᠡ ᠪᠠᠷ ᠠᠵᠢᠯ | ᠣᠯᠭᠤᠬᠤ ᠶᠢ ᠪᠡᠶᠡᠯᠡᠭᠦᠯᠦᠨ᠎ᠡ᠃ ᠡᠳᠦᠷ ᠤᠨ ᠬᠦᠴᠦᠨ ᠤ ᠠᠵᠢᠯ ᠣᠯᠭᠤᠯᠲᠠ ᠶᠢᠨ ᠦᠢᠯᠡᠴᠢᠯᠡᠭᠡ ᠶᠢ ᠲᠠᠰ | ᠳᠡᠪᠰᠢᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠨᠢᠭᠡ ᠴᠦ ᠠᠵᠢᠯ ᠣᠯᠤᠭᠰᠠᠨ ᠥᠬᠡᠶ ᠬᠡᠷ ᠪᠦᠯᠢ ᠶᠢ | ᠬᠥᠳᠡᠯᠦᠩᠭᠦᠶ ᠪᠠᠷ ᠦᠭᠡᠶᠢᠰᠬᠡᠬᠦ ᠶᠢ ᠦᠨᠡᠨᠬᠦ ᠪᠠᠲᠤᠯᠠᠨ᠎ᠠ᠃ ᠬᠥᠳᠡᠭᠡ ᠲᠤᠰᠬᠤᠨ ᠤ ᠬᠥᠳᠡᠯᠮᠦᠷᠢ ᠬᠦᠴᠦᠨ ᠢ 6 | ᠲᠦᠮᠡ ᠠᠴᠠ ᠳᠡᠭᠡᠭᠰᠢ ᠰᠢᠯᠵᠢᠭᠦᠯᠦᠨ᠎ᠡ᠃ ᠬᠥᠯᠥᠰᠥᠨ ᠠᠵᠢᠯᠴᠢᠨ ᠤ ᠴᠠᠯᠢᠩ ᠢ ᠥᠭᠬᠦ ᠶᠢ ᠪᠦᠬᠦ ᠲᠠᠯ᠎ᠠ ᠪᠠᠷ | ᠪᠠᠲᠤᠯᠠᠵᠤ᠂ ᠬᠥᠯᠥᠰᠥᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠨ᠎ᠠ᠃ ᠪᠥᠬᠦ | ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠨᠡᠶᠢᠭᠡᠮ ᠤᠨ | ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠨ᠎ᠡ᠃ ᠣᠷᠣᠯᠭ᠎ᠠ ᠪᠠᠭᠠᠲᠠᠶ ᠬᠥᠮᠦᠨ ᠠᠮᠠ ᠶᠢᠨ ᠬᠥᠳᠡᠯᠦᠩᠭᠦᠶ | ᠬᠢᠨᠠᠨ ᠬᠡᠮᠵᠢᠯᠲᠡ ᠶᠢ ᠴᠢᠩᠭᠠᠳᠬᠠᠵᠤ᠂ ᠦᠨᠳᠦᠰᠦᠨ ᠠᠮᠢᠳᠤᠷᠠᠯ ᠤᠨ ᠠᠪᠤᠷᠠᠨ ᠲᠤᠰᠠᠯᠠᠯᠲᠠ ᠶᠢ ᠯᠠᠪᠳᠠᠭᠤᠨ | ᠪᠠᠲᠤᠲᠠᠶ ᠰᠠᠶᠢᠲᠤᠷ ᠬᠢᠵᠦ᠂ ᠲᠤᠰᠬᠠᠶ ᠵᠦᠢᠯ ᠤᠨ ᠨᠡᠶᠢᠭᠡᠮ ᠤᠨ ᠠᠪᠤᠷᠠᠨ ᠲᠤᠰᠠᠯᠠᠬᠤ ᠲᠦᠷᠢᠮ ᠢ ᠲᠡᠭᠦᠯᠳᠡᠷᠵᠢᠭᠦᠯᠵᠦ | ᠂ ᠨᠢᠭᠦᠯᠡᠰᠦᠩᠭᠦᠶ ᠶᠢᠨ ᠬᠠᠪᠰᠤᠷᠤᠨ ᠲᠡᠳᠬᠦᠬᠦ ᠠᠵᠢᠯ ᠢ ᠥᠷᠨᠢᠭᠦᠯᠬᠦ ᠶᠢ ᠵᠣᠷᠢᠭᠵᠢᠭᠤᠯᠵᠤ᠂ ᠲᠠᠰ ᠳᠠᠪᠬᠤᠷᠭ᠎ᠠ | ᠲᠥᠷᠥᠯ ᠬᠤᠪᠢᠶᠠᠭᠰᠠᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠪᠠᠶᠢᠭᠤᠯᠤᠨ᠎ᠠ᠃ ᠡᠮᠡᠭᠲᠡᠶᠢᠴᠦᠳ | ᠬᠡᠦᠬᠡᠳ ᠤᠨ ᠬᠥᠭᠵᠢᠯᠲᠡ ᠶᠢᠨ ︽ᠬᠤᠶᠠᠷ ᠲᠥᠯᠥᠪᠵᠢᠭᠦᠯᠭᠡ︾ ᠶᠢ ᠨᠠᠶᠢᠳᠠᠪᠤᠷᠢᠵᠢᠭᠤᠯᠵᠤ᠂ ᠣᠨᠴᠠᠭᠠᠶ | ᠬᠠᠮᠲᠤᠯᠢᠭ ᠢ ᠬᠠᠯᠠᠮᠵᠢᠯᠠᠨ ᠬᠠᠶᠢᠷᠠᠯᠠᠬᠤ ᠡᠷᠴᠢᠮ ᠢᠶᠠᠨ ᠴᠢᠩᠭᠠᠷᠠᠭᠤᠯᠤᠨ᠎ᠠ᠃ ᠣᠷᠣᠨ ᠪᠦᠰᠡ ᠶᠢᠨ ᠨᠠᠰᠤᠵᠢᠯ ᠤᠨ | ᠦᠢᠯᠡᠴᠢᠯᠡᠭᠡᠨ ᠤ ᠲᠥᠪ ᠢ 4 ᠰᠢᠨ᠎ᠡ ᠪᠠᠷ ᠪᠠᠶᠢᠭᠤᠯᠵᠤ᠂ ᠪᠥᠬᠦ ᠤᠯᠤᠰ ᠤᠨ ᠵᠢᠱᠢᠶ᠎ᠡ ᠦᠵᠡᠭᠦᠯᠬᠦ ᠴᠢᠨᠠᠷᠲᠠᠶ | ᠨᠠᠰᠤᠲᠠᠶᠢᠴᠤᠳ ᠤᠨ ᠨᠥᠬᠦᠷᠰᠡᠭ ᠬᠡᠯᠪᠡᠷᠢ ᠶᠢᠨ ᠨᠡᠶᠢᠭᠡᠮ ᠲᠣᠭᠤᠷᠢᠭ ᠢ 1 ᠡᠭᠦᠳᠦᠨ ᠪᠠᠶᠢᠭᠤᠯᠤᠨ᠎ᠠ᠃ ᠴᠡᠷᠢᠭ ᠠᠴᠠ | ᠬᠠᠯᠠᠭᠳᠠᠭᠰᠠᠳ ᠤᠨ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠴᠡᠷᠢᠭ ᠠᠴᠠ | ᠬᠠᠯᠠᠭᠳᠠᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠴᠡᠷᠢᠭ ᠢ ᠨᠡᠶᠢᠭᠡᠮ ᠳᠠᠶᠠᠭᠠᠷ ᠤᠨ ᠬᠠᠮᠤᠭ | ᠠᠴᠠ ᠬᠦᠨᠳᠦᠳᠭᠡᠬᠦ ᠠᠵᠢᠯ ᠪᠣᠯᠭᠠᠨ᠎ᠠ᠃ | ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ︽ᠨᠠᠢᠮᠠᠳᠤᠭᠠᠷ ᠲᠠᠪᠤᠨ ᠵᠢᠯ︾ ᠤᠨ | ᠬᠠᠤᠯᠢ ᠲᠦᠭᠡᠮᠡᠯᠵᠢᠭᠦᠯᠬᠦ ᠲᠥᠯᠥᠪᠵᠢᠭᠦᠯᠭᠡ ᠶᠢ ᠭᠦᠨᠵᠡᠭᠡᠶ ᠨᠠᠶᠢᠳᠠᠪᠤᠷᠢᠵᠢᠭᠤᠯᠤᠨ᠎ᠠ᠃ ᠨᠡᠶᠢᠭᠡᠮ ᠤᠨ ᠠᠮᠤᠷ | ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠳᠣᠲᠣᠭᠠᠳᠤ ᠶᠢ | ᠬᠠᠮᠠᠭᠠᠯᠠᠬᠤ ᠦᠨᠳᠦᠰᠦᠨ ᠱᠠᠲᠤᠨ ᠤ ᠰᠠᠭᠤᠷᠢ ᠶᠢ ᠪᠦᠬᠦ ᠲᠠᠯ᠎ᠠ ᠪᠠᠷ ᠪᠠᠬᠢᠵᠢᠭᠦᠯᠵᠦ᠂ ᠡᠯ᠎ᠡ ᠲᠦᠷᠦᠯ ᠤᠨ | ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠨᠡᠩ ᠥᠨᠳᠥᠷ ᠲᠦᠪᠰᠢᠨ | ᠪᠦᠬᠦᠢ ᠠᠮᠤᠷ ᠠᠮᠤᠭᠤᠯᠠᠩ ᠨᠠᠢᠮᠠᠨ ᠢ ᠪᠦᠳᠦᠭᠡᠨ ᠪᠠᠶᠢᠭᠤᠯᠤᠨ᠎ᠠ᠃ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ | ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ︽ᠵᠠᠬᠢᠳᠠᠯ ᠰᠤᠷᠪᠤᠯᠵᠢᠯᠠᠯ +︾ ᠤᠨ ᠡᠶᠡᠳᠡᠭᠦᠯᠭᠡ ᠶᠢᠨ ᠰᠢᠨ᠎ᠡ | ᠵᠠᠭᠪᠤᠷ ᠢ ᠪᠣᠶ ᠪᠣᠯᠭᠠᠵᠤ᠂ ︽ᠵᠠᠷᠭᠤ ᠦᠭᠡᠢ ᠵᠠᠬᠢᠲᠠᠯ ᠰᠤᠷᠪᠤᠯᠵᠢᠯᠠᠭ᠎ᠠ ᠦᠭᠡᠢ︾ ᠭᠠᠴᠠᠭ᠎ᠠ ᠲᠣᠰᠬᠤᠨ ︵ᠨᠡᠶᠢᠭᠡᠮ | ᠲᠤᠭᠤᠷᠢᠭ︶ ᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ᠂ ᠵᠥᠷᠢᠴᠡᠯ ᠵᠢᠭᠤᠷᠠᠯᠳᠤᠭᠠᠨ ᠢ ᠦᠨᠳᠦᠰᠦᠨ | ᠱᠠᠲᠤᠨ ᠳᠤ ᠰᠢᠢᠳᠪᠦᠷᠢᠯᠡᠵᠦ᠂ ᠴᠤᠬᠤᠶᠢᠵᠤ ᠪᠠᠶᠢᠭ᠎ᠠ ᠦᠶ᠎ᠡ ᠳᠤᠨᠢ ᠰᠢᠢᠳᠪᠦᠷᠢᠯᠡᠬᠦ ᠪᠠᠷ ᠴᠢᠷᠮᠠᠶᠢᠨ᠎ᠠ᠃ ᠠᠶᠤᠯᠭᠦᠢ | ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ | ᠥᠷᠨᠢᠭᠦᠯᠵᠦ᠂ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠨ᠎ᠠ᠃ ᠪᠠᠴᠢᠮ | ᠪᠠᠶᠢᠳᠠᠯ ᠢ ᠠᠷᠭᠠᠴᠠᠬᠤ ᠣᠶᠤᠨᠴᠢ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠭᠠᠮᠰᠢᠭ ᠢ ᠰᠡᠷᠭᠡᠶᠢᠯᠡᠨ | ᠵᠠᠰᠠᠬᠤ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠠᠭᠠᠷ ᠤᠨ ᠠᠶᠠᠯᠠᠯ ᠤᠨ ᠪᠠᠴᠢᠮ | ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠶᠢ ᠵᠣᠬᠢᠶᠠᠨ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠵᠤ | ᠠᠪᠤᠷᠠᠨ ᠲᠤᠰᠠᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︽ᠳᠥᠷᠪᠡᠨ ᠬᠠᠮᠤᠭ ᠤᠨ ᠴᠢᠩᠭ᠎ᠠ︾ | ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠢᠳᠡᠭᠡᠨ ᠤᠮᠳᠠᠭᠠᠨ ᠪᠠ ᠡᠮ ᠤᠨ ᠵᠦᠢᠯ ᠤᠨ ᠠᠮᠤᠷ | ᠲᠦᠪᠰᠢᠨ ᠢ ᠪᠠᠲᠤᠯᠠᠨ᠎ᠠ᠃ | ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠲᠤ ᠴᠣᠭᠴᠠᠯᠠᠨ᠎ᠠ᠃ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ | ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠬᠤ ᠲᠤᠬᠠᠢ ᠠᠷᠭ᠎ᠠ ᠬᠡᠮᠵᠢᠶ᠎ᠡ ᠨᠦᠭᠦᠳ︾ ᠢ ᠡᠷᠡᠰ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠣᠯ ᠰᠢᠵᠢᠮ ᠢ ᠲᠤᠭᠤᠰᠢᠯᠠᠭᠤᠯᠬᠤ ᠭᠤᠣᠯ ᠱᠤᠭᠤᠮ ᠢ ᠵᠠᠰᠠᠭ ᠤᠨ | ᠣᠷᠳᠣᠨ ᠤ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠶᠢᠨ ᠭᠤᠣᠯ ᠬᠠᠷᠢᠭᠤᠴᠠᠯᠭ᠎ᠠ ᠭᠤᠣᠯ ᠠᠵᠢᠯ ᠳᠤ | ᠠᠭᠤᠰᠤᠯᠴᠠᠭᠤᠯᠵᠤ᠂ ᠵᠠᠰᠠᠭ ᠤᠨ ᠣᠷᠳᠣᠨ ᠤ ᠪᠤᠢ ᠪᠦᠬᠦᠢ ᠠᠵᠢᠯ ᠢ ᠴᠥᠮ ᠭᠤᠣᠯ ᠱᠤᠭᠤᠮ ᠤᠨ ᠲᠣᠭᠤᠷᠢᠨ ᠳᠤ | ᠥᠴᠦᠬᠡᠨ ᠴᠦ ᠵᠠᠶᠢᠳᠠᠭᠤᠯᠬᠤ ᠦᠭᠡᠢ ᠪᠠᠶᠢᠬᠤ ᠶᠢ ᠪᠠᠲᠤᠯᠠᠨ᠎ᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ | ᠡᠭᠦᠳᠦᠨ ᠪᠠᠶᠢᠭᠤᠯᠬᠤ ᠪᠠ ᠵᠢᠱᠢᠶ᠎ᠡ ᠦᠵᠡᠭᠦᠯᠬᠦ ᠪᠠᠶᠢᠭᠤᠯᠤᠯᠲᠠ ᠶᠢ ᠥᠷᠭᠡᠨ ᠢᠶᠠᠷ ᠥᠷᠨᠢᠭᠦᠯᠵᠦ᠂ | ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ︽ᠭᠤᠷᠪᠠᠨ ᠲᠥᠯᠥᠪᠯᠡᠭᠡ︾ | ᠶᠢ ᠭᠦᠨᠵᠡᠭᠡᠶ ᠬᠡᠷᠡᠭᠵᠢᠭᠦᠯᠵᠦ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ | ᠦᠵᠡᠭᠦᠯᠬᠦ ᠬᠤᠰᠢᠭᠤ ᠶᠢ ᠴᠢᠷᠮᠠᠶᠢᠨ ᠪᠠᠶᠢᠭᠤᠯᠤᠨ᠎ᠠ᠃ | ᠲᠥᠯᠥᠭᠡᠯᠡᠭᠴᠢᠳ ᠡ᠂ ᠠᠷᠠᠳ ᠤᠨ ᠬᠦᠰᠡᠯ ᠡᠷᠡᠮᠡᠯᠵᠡᠯ ᠳᠠᠷᠤᠢ ᠵᠠᠰᠠᠭ ᠤᠨ ᠬᠠᠨᠳᠤᠰᠢ᠃ ᠪᠢᠳᠡ ᠤᠯᠠᠨ | ᠲᠦᠮᠡᠨ ᠤ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠲᠠᠯ᠎ᠠ ᠠᠴᠠ | ᠪᠣᠳᠣᠯᠬᠢᠯᠠᠨ᠂ 6 ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠭᠰᠡᠳ ᠤᠨ ᠲᠦᠷᠦᠯ | ᠵᠦᠢᠯ ᠢ ᠡᠮᠬᠢᠯᠡᠨ ᠰᠢᠯᠢᠨ ᠰᠣᠩᠭᠤᠵᠤ᠂ ᠲᠤᠰ ᠤᠳᠠᠭ᠎ᠠ ᠶᠢᠨ ᠶᠡᠭᠡ ᠬᠤᠷᠠᠯ ᠳᠤ ᠪᠢᠯᠧᠲ ᠥᠭᠴᠦ ᠪᠠᠲᠤᠯᠠᠪᠠ᠃ | ᠪᠢᠳᠡ ᠳᠡᠭᠡᠳᠦ ᠬᠡᠮᠵᠢᠶᠡᠨ ᠤ ᠨᠠᠷᠢᠨ ᠬᠢᠨᠠᠮᠠᠭᠠᠢ ᠬᠠᠷᠢᠭᠤᠴᠠᠬᠤ ᠣᠪᠣᠷ ᠢᠶᠠᠷ᠂ ᠦᠨᠡᠨ ᠰᠡᠳᠬᠢᠯ ᠠᠴᠠ ᠪᠠᠨ ᠬᠦᠴᠦ | ᠣᠷᠣᠭᠤᠯᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ ᠰᠠᠶᠢᠨ ᠶᠠᠪᠤᠳᠠᠯ ᠢ ᠪᠣᠳᠠᠲᠠᠢ ᠬᠢᠵᠦ᠂ ᠬᠦᠴᠢᠷᠲᠡᠢ ᠶᠠᠪᠤᠳᠠᠯ ᠢ | ᠵᠣᠬᠢᠰᠲᠠᠢ ᠰᠢᠢᠳᠪᠦᠷᠢᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠤᠨ ᠲᠦᠯᠦᠭᠡ ᠭᠡᠬᠦ ᠤᠭ ᠰᠠᠨᠠᠭ᠎ᠠ᠂ | ᠵᠠᠰᠠᠭ ᠤᠨ ᠣᠷᠳᠣᠨ ᠤ ᠠᠮᠠᠯᠠᠯᠲᠠ ᠪᠠᠨ ᠪᠡᠶᠡᠯᠡᠭᠦᠯᠦᠨ᠎ᠡ᠃ | ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ | ᠲᠥᠯᠥᠭᠡᠯᠡᠭᠴᠢᠳ ᠡ︕ ᠠᠷᠠᠳ ᠤᠨ ᠵᠠᠰᠠᠭ ᠤᠨ ᠣᠷᠳᠣᠨ ᠠᠷᠠᠳ ᠲᠦᠮᠡᠨ ᠤ ᠳᠤᠮᠳᠠ ᠦᠨᠳᠦᠰᠦᠯᠡᠵᠦ᠂ | ᠠᠷᠠᠳ ᠲᠦᠮᠡᠨ ᠳᠤ ᠦᠢᠯᠡᠴᠢᠯᠡᠨ᠎ᠡ᠃ ᠪᠢᠳᠡ ᠥᠨᠳᠥᠷ ᠵᠣᠭᠰᠣᠴᠠ᠂ ᠴᠢᠩᠭ᠎ᠠ ᠪᠠᠷᠢᠮᠵᠢᠶ᠎ᠠ᠂ ᠪᠣᠳᠠᠲᠠᠶ ᠰᠤᠷᠲᠠᠯ᠂ | ᠠᠷᠢᠭᠤᠨ ᠴᠢᠬᠡᠴᠢ ᠤᠭ ᠰᠠᠨᠠᠭ᠎ᠠ ᠪᠠᠷ ᠡᠭᠦᠷᠭᠡ ᠲᠤᠰᠢᠶᠠᠯ ᠢᠶᠠᠨ ᠬᠢᠴᠢᠶᠡᠩᠭᠦ᠋ᠢᠯᠡᠨ ᠭᠦᠢᠴᠡᠳᠬᠡᠵᠦ᠂ ᠡᠭᠦᠷᠭᠡ | ᠬᠠᠷᠢᠭᠤᠴᠠᠯᠭ᠎ᠠ ᠪᠠᠨ ᠴᠢᠷᠮᠠᠶᠢᠨ ᠭᠦᠢᠴᠡᠳᠬᠡᠵᠦ᠂ ᠰᠢᠨ᠎ᠡ ᠴᠠᠭ ᠦᠶ᠎ᠡ ᠶᠢᠨ ᠰᠢᠯᠭᠠᠯᠲᠠ ᠳᠤ ᠣᠷᠣᠯᠴᠠᠬᠤ ᠵᠠᠮ ᠢᠶᠠᠷ | ᠴᠢᠷᠮᠠᠶᠢᠨ ᠰᠠᠶᠢᠲᠤᠷ ᠵᠠᠮᠨᠠᠨ᠎ᠠ᠃ | ᠦᠨᠡᠨᠴᠢ ᠰᠢᠳᠤᠷᠭᠤ ᠪᠠᠷ ᠵᠠᠰᠠᠭ ᠪᠠᠷᠢᠬᠤ ᠶᠢ ᠢᠮᠠᠭᠲᠠ ᠳᠤᠭᠤᠰᠢᠯᠠᠭᠤᠯᠤᠨᠠ᠃ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ | ᠰᠤᠷᠤᠯᠴᠠᠨ ᠨᠠᠷᠢᠨ ᠬᠠᠷᠭᠤᠭᠤᠯᠵᠤ ᠯᠠᠪᠳᠠᠭᠤᠨ ᠪᠠᠲᠤᠲᠠᠶ ᠬᠡᠷᠡᠭᠵᠢᠭᠦᠯᠵᠦ᠂ ︽ᠬᠤᠶᠠᠷ ᠢ ᠲᠣᠭᠲᠠᠭᠠᠬᠤ︾ ᠶᠢ | ᠦᠨᠡᠨᠴᠢ ᠰᠢᠳᠤᠷᠭᠤ ᠪᠠᠷ ᠬᠠᠮᠠᠭᠠᠯᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ | ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠤᠯᠤᠰ ᠲᠥᠷᠦ ᠶᠢᠨ ᠮᠠᠭᠠᠳᠯᠠᠬᠤ | ᠴᠢᠳᠠᠪᠤᠷᠢ᠂ ᠤᠯᠤᠰ ᠲᠥᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠦ ᠶᠢᠨ ᠬᠡᠷᠡᠭᠵᠢᠭᠦᠯᠬᠦ ᠴᠢᠳᠠᠪᠤᠷᠢ ᠪᠠᠨ | ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠨᠠᠮ ᠤᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ ᠡᠯ᠎ᠡ | ᠬᠦᠷᠢᠶ᠎ᠡ᠂ ᠪᠦᠬᠦ ᠶᠠᠪᠤᠴᠠ ᠳᠤ ᠲᠤᠭᠤᠰᠢᠯᠠᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ | ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠳᠠᠭᠠᠨ | ᠬᠠᠷᠢᠴᠠᠯᠠᠰᠢᠭᠦᠢ ᠦᠨᠡᠨᠴᠢ ᠰᠢᠳᠤᠷᠭᠤ ᠪᠠᠶᠢᠬᠤ ᠪᠠᠨ ᠢᠯᠡᠷᠡᠭᠦᠯᠦᠨ᠎ᠡ᠃ | ᠠᠷᠠᠳ ᠤᠨ ᠲᠥᠯᠥᠭᠡ ᠵᠠᠰᠠᠭ ᠶᠠᠪᠤᠭᠤᠯᠬᠤ ᠶᠢ ᠢᠮᠠᠭᠲᠠ ᠪᠠᠷᠢᠮᠲᠠᠯᠠᠨ᠎ᠠ᠃ ᠬᠥᠭᠵᠢᠯᠲᠡ ᠶᠢᠨ ᠲᠠᠯ᠎ᠠ ᠪᠠᠷ | ᠠᠷᠠᠳ ᠤᠨ ᠲᠥᠯᠥᠭᠡ ᠵᠢᠳᠬᠦᠬᠦ ᠦᠷᠳᠡᠭ ᠤᠨ ᠬᠠᠨᠳᠤᠰᠢ ᠶᠢ ᠪᠠᠷᠢᠮᠲᠠᠯᠠᠵᠤ᠂ ᠵᠣᠷᠢᠯᠲᠠ ᠶᠢᠨ ᠤᠬᠠᠮᠰᠠᠷ ᠢ ᠪᠠᠲᠤ | ᠪᠤᠢ ᠪᠣᠯᠭᠠᠵᠤ᠂ ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠤᠯᠠᠨ ᠲᠦᠮᠡᠨ ᠤ ᠬᠡᠷᠡᠭᠴᠡᠭᠡ | ᠱᠠᠭᠠᠷᠳᠠᠯᠭ᠎ᠠ ᠶᠢ ︽ᠨᠢᠭᠡᠳᠦᠭᠡᠷ ᠰᠣᠩᠭᠤᠯᠲᠠ︾ ᠪᠣᠯᠭᠠᠵᠤ᠂ ᠤᠯᠠᠨ ᠲᠦᠮᠡᠨ ᠤ ᠰᠡᠳᠬᠢᠯ ᠬᠠᠨᠤᠮᠵᠢᠲᠠᠢ ᠪᠠᠶᠢᠬᠤ ᠶᠢ | ︽ᠨᠢᠭᠡᠳᠦᠭᠡᠷ ᠪᠠᠷᠢᠮᠵᠢᠶ᠎ᠠ︾ ᠪᠣᠯᠭᠠᠵᠤ᠂ ᠤᠯᠠᠨ ᠲᠦᠮᠡᠨ ᠤ ᠠᠩᠬᠠᠷᠴᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ | ᠬᠦᠴᠦᠯᠡᠨ ᠰᠢᠢᠳᠪᠦᠷᠢᠯᠡᠵᠦ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠤ ᠲᠥᠯᠥᠭᠡ ᠠᠵᠢᠯ | ᠶᠠᠪᠤᠳᠠᠯ ᠬᠢᠵᠦ᠂ ᠠᠷᠠᠳ ᠲᠦᠮᠡᠨ ᠤ ᠵᠣᠪᠠᠨᠢᠯ ᠢ ᠰᠢᠢᠳᠪᠦᠷᠢᠯᠡᠵᠦ᠂ ᠤᠯᠠᠨ ᠲᠦᠮᠡᠨ ᠲᠠᠢ ᠤᠢᠢᠷᠠᠳᠤᠭᠰᠠᠨ | ᠠᠵᠢᠯ ᠤᠨ ᠦᠷ᠎ᠡ ᠪᠦᠲᠦᠮᠵᠢ ᠪᠠᠷ ᠬᠠᠶᠢᠷ᠎ᠠ ᠰᠡᠳᠬᠢᠯᠭᠡ ᠲᠠᠢ ᠠᠷᠠᠳ ᠤᠨ ᠠᠮᠢᠳᠤᠷᠠᠯ ᠤᠨ ᠬᠠᠷᠢᠭᠤᠯᠲᠠ ᠶᠢᠨ | ᠬᠠᠭᠤᠳᠠᠰᠤ ᠶᠢ ᠪᠢᠴᠢᠭᠯᠡᠵᠦ᠂ ᠠᠷᠠᠳ ᠤᠯᠠᠨ ᠤ ᠠᠮᠢᠳᠤᠷᠠᠯ ᠢ ᠤᠯᠠᠮ ᠠᠴᠠ ᠤᠯᠠᠮ ᠰᠠᠶᠢᠵᠢᠷᠠᠭᠤᠯᠵᠤ᠂ | ᠢᠨᠢᠶᠡᠮᠰᠦᠭᠯᠡᠯ ᠢ ᠤᠯᠠᠮ ᠠᠴᠠ ᠤᠯᠠᠮ ᠤᠯᠠᠰᠢᠷᠠᠭᠤᠯᠤᠨᠠ᠃ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠢᠮᠠᠭᠲᠠ ᠪᠠᠷᠢᠮᠲᠠᠯᠠᠨ᠎ᠠ᠃ ᠰᠢ ᠶᠢᠨ ᠫᠢᠩ ᠤᠨ ᠬᠠᠤᠯᠢ ᠪᠠᠷ ᠵᠠᠰᠠᠬᠤ | ᠦᠵᠡᠯ ᠰᠠᠨᠠᠭ᠎ᠠ ᠶᠢ ᠭᠦᠨᠵᠡᠭᠡᠶ ᠦᠢᠯᠡᠳᠦᠯᠭᠡᠵᠢᠭᠦᠯᠵᠦ᠂ ︽ᠨᠢᠭᠡ ᠲᠥᠯᠥᠪᠵᠢᠭᠦᠯᠭᠡ ᠬᠤᠶᠠᠷ ᠬᠥᠲᠥᠯᠪᠦᠷᠢ︾ ᠶᠢ | ᠪᠦᠬᠦ ᠲᠠᠯ᠎ᠠ ᠪᠠᠷ ᠬᠡᠷᠡᠭᠵᠢᠭᠦᠯᠵᠦ᠂ ᠵᠠᠰᠠᠭ ᠤᠨ ᠣᠷᠳᠣᠨ ᠤ ᠠᠵᠢᠯ ᠢ ᠪᠦᠬᠦ ᠲᠠᠯ᠎ᠠ ᠪᠠᠷ ᠬᠠᠤᠯᠢ ᠪᠠᠷ ᠵᠠᠰᠠᠬᠤ ᠵᠠᠮ ᠳᠤ | ᠣᠷᠣᠭᠤᠯᠤᠨ᠎ᠠ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠨᠠᠶᠢᠳᠠᠪᠤᠷᠢᠵᠢᠭᠤᠯᠵᠤ᠂ | ᠵᠠᠰᠠᠭ ᠤᠨ ᠣᠷᠳᠣᠨ ᠤ ᠠᠮᠠᠯᠠᠯᠲᠠ ᠶᠢ ᠡᠷᠡᠰ ᠪᠡᠶᠡᠯᠡᠭᠦᠯᠵᠦ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠪᠠᠷ | ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠬᠥᠲᠥᠯᠥᠨ | ᠳᠠᠭᠠᠭᠤᠯᠤᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠶᠢ ᠬᠠᠤᠯᠢ ᠶᠣᠰᠣᠭᠠᠷ | ᠬᠦᠯᠢᠶᠡᠵᠦ᠂ ᠤᠯᠤᠰ ᠲᠦᠷᠦ ᠶᠢᠨ ᠵᠥᠪᠯᠡᠯᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ | ᠨᠡᠶᠢᠭᠡᠮ ᠤᠨ ᠬᠢᠨᠠᠯᠲᠠ᠂ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠪᠦᠬᠦ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠬᠢᠨᠠᠨ | ᠪᠣᠳᠤᠬᠤ ᠪᠠ ᠲᠤᠭ᠎ᠠ ᠪᠦᠷᠢᠳᠭᠡᠯ ᠤᠨ ᠬᠢᠨᠠᠯᠲᠠ ᠶᠢ ᠴᠢᠩᠭᠠᠳᠬᠠᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ | ᠪᠦᠬᠦ ᠲᠠᠯ᠎ᠠ ᠪᠠᠷ ᠠᠬᠢᠭᠤᠯᠵᠤ᠂ ᠡᠷᠬᠡ ᠶᠢ ᠢᠮᠠᠭᠲᠠ ᠢᠯᠡ ᠪᠠᠷ ᠬᠡᠷᠡᠭᠵᠢᠭᠦᠯᠦᠨ᠎ᠡ᠃ | ᠪᠣᠳᠠᠲᠠᠢ ᠶᠢ ᠡᠷᠬᠢᠮᠯᠡᠵᠦ ᠠᠵᠢᠯᠴᠢ ᠬᠢᠴᠢᠶᠡᠩᠭᠦᠢ ᠪᠠᠷ ᠵᠠᠰᠠᠭ ᠪᠠᠷᠢᠬᠤ ᠶᠢ ᠢᠮᠠᠭᠲᠠ ᠲᠤᠭᠤᠰᠢᠯᠠᠭᠤᠯᠤᠨ᠎ᠠ᠃ | ᠪᠣᠳᠠᠲᠠᠢ ᠠᠵᠢᠯᠯᠠᠬᠤ ᠤᠳᠤᠷᠢᠳᠤᠮᠵᠢ ᠶᠢ ᠴᠢᠩᠭᠠᠳᠬᠠᠵᠤ᠂ ᠦᠷ᠎ᠡ ᠪᠦᠲᠦᠮᠵᠢ ᠪᠠᠷ ᠪᠠᠭᠠᠲᠤᠷ ᠢ ᠦᠨᠡᠯᠡᠬᠦ ᠶᠢ | ᠪᠠᠷᠢᠮᠲᠠᠯᠠᠵᠤ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠶᠢ ᠵᠠᠰᠠᠭ ᠤᠨ ᠣᠷᠳᠣᠨ ᠤ ᠠᠵᠢᠯ ᠤᠨ ᠢᠯᠡ | ᠲᠣᠳᠣ ᠣᠨᠴᠠᠯᠢᠭ ᠪᠤᠯᠭᠠᠨ᠎ᠠ᠃ ᠵᠠᠰᠠᠭ ᠤᠨ ᠣᠷᠳᠣᠨ ᠤ ᠰᠢᠰᠲ᠋ᠧᠮ ᠤᠨ ᠺᠠᠳ᠋ᠷ ᠤᠨ ᠲᠤᠰᠬᠠᠶ ᠮᠡᠷᠭᠡᠵᠢᠯ ᠤᠨ ᠬᠡᠪ | ᠪᠣᠯᠪᠠᠰᠤᠷᠠᠯ ᠢ ᠳᠡᠭᠡᠭᠰᠢᠯᠡᠭᠦᠯᠬᠦ ᠲᠥᠯᠥᠪᠯᠡᠭᠡ ᠶᠢ ᠬᠡᠷᠡᠭᠵᠢᠭᠦᠯᠵᠦ᠂ ᠺᠠᠳ᠋ᠷ ᠤᠨ ᠰᠢᠨ᠎ᠡ ᠶᠢ ᠡᠭᠦᠳᠴᠦ ᠳᠠᠬᠢᠨ | ᠴᠣᠭᠴᠠᠯᠠᠬᠤ ᠬᠤᠪᠢᠰᠤᠯᠲᠠ ᠶᠢᠨ ᠴᠢᠳᠠᠪᠤᠷᠢ ᠶᠢ ᠳᠠᠪᠲᠠᠨ ᠪᠣᠯᠪᠠᠰᠤᠷᠠᠭᠤᠯᠤᠨ᠎ᠠ᠃ ᠠᠵᠢᠯ ᠢ ᠨᠠᠶᠢᠳᠠᠪᠤᠷᠢᠵᠢᠭᠤᠯᠬᠤ | ᠣᠨ ᠤ ᠠᠵᠢᠯᠯᠠᠭ᠎ᠠ ᠥᠷᠨᠢᠭᠦᠯᠵᠦ᠂ ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠠᠳᠬᠤᠬᠤ᠂ ᠪᠤᠰᠢᠭᠤ | ᠱᠠᠯᠠᠮᠠᠭᠠᠢ ᠪᠠᠷ ᠨᠠᠶᠢᠳᠠᠪᠤᠷᠢᠵᠢᠭᠤᠯᠤᠯᠲᠠ ᠶᠢ ᠠᠳᠬᠤᠬᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ | ᠨᠠᠶᠢᠳᠠᠪᠤᠷᠢᠵᠢᠭᠤᠯᠤᠯᠲᠠ ᠶᠢ ᠠᠳᠬᠤᠬᠤ᠂ ᠵᠣᠷᠢᠭᠲᠠᠢ ᠪᠠᠷ ᠰᠠᠶᠢᠲᠤᠷ ᠬᠢᠵᠦ ᠴᠢᠳᠠᠮᠠᠭᠠᠢ ᠪᠠᠷ | ᠨᠠᠶᠢᠳᠠᠪᠤᠷᠢᠵᠢᠭᠤᠯᠬᠤ ᠶᠢ ᠠᠳᠬᠤᠬᠤ ᠱᠠᠭᠠᠷᠳᠠᠯᠭ᠎ᠠ ᠶᠢ ᠳᠤᠭᠤᠰᠢᠯᠠᠭᠤᠯᠵᠤ᠂ ᠲᠤᠭᠲᠠᠪᠠᠯ ᠬᠢᠵᠦ᠂ ᠬᠢᠪᠡᠯ | ᠪᠦᠲᠦᠭᠡᠵᠦ᠂ ᠵᠠᠰᠠᠭ ᠤᠨ ᠣᠷᠳᠣᠨ ᠤ ᠠᠵᠢᠯ ᠤᠨ ᠲᠣᠭᠲᠠᠭᠠᠯᠲᠤ ᠴᠢᠨᠠᠷ ᠢᠶᠠᠷ ᠪᠠᠶᠢᠳᠠᠯ ᠤᠨ ᠬᠤᠪᠢᠷᠠᠯᠲᠠ ᠶᠢ | ᠠᠷᠭᠠᠴᠠᠬᠤ ᠲᠣᠭᠲᠠᠪᠤᠷᠢ ᠦᠭᠡᠢ ᠴᠢᠨᠠᠷ ᠢ ᠴᠢᠷᠮᠠᠶᠢᠨ ᠠᠷᠭᠠᠴᠠᠬᠤ ᠪᠠᠷ ᠴᠢᠷᠮᠠᠶᠢᠬᠤ ᠬᠡᠷᠡᠭᠲᠡᠢ᠃ | ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠢᠮᠠᠭᠲᠠ ᠲᠤᠭᠤᠰᠢᠯᠠᠭᠤᠯᠤᠨ᠎ᠠ᠃ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠱᠠᠭᠠᠷᠳᠠᠯᠭ᠎ᠠ ᠶᠢ ᠭᠦᠨᠵᠡᠭᠡᠢ ᠳᠤᠭᠤᠰᠢᠯᠠᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ | ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠠᠬᠢᠭᠤᠯᠵᠤ᠂ | ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾ ᠢ ᠴᠥᠬᠦᠷᠡᠰᠢ ᠦᠭᠡᠢ ᠵᠠᠯᠠᠷᠠᠭᠤᠯᠤᠨ ᠵᠠᠰᠠᠵᠤ᠂ ︽ᠭᠤᠷᠪᠠᠨ | ᠤᠯᠠᠨ᠂ ᠭᠤᠷᠪᠠᠨ ᠴᠥᠭᠡᠨ᠂ ᠭᠤᠷᠪᠠᠨ ᠤᠳᠠᠭᠠᠨ︾ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠠᠵᠢᠯᠴᠢ | ᠠᠷᠪᠢᠴᠢ ᠪᠠᠷ ᠠᠷᠪᠢᠯᠠᠨ ᠭᠠᠮᠨᠠᠬᠤ ᠶᠢ ᠨᠠᠩ ᠴᠢᠬᠤᠯᠠᠴᠢᠯᠠᠵᠤ᠂ ︽ᠭᠤᠷᠪᠠᠨ ᠵᠦᠢᠯ ᠤᠨ ᠠᠯᠪᠠᠨ ᠵᠠᠷᠤᠳᠠᠯ︾ ᠢ | ᠴᠢᠩᠭ᠎ᠠ ᠬᠢᠵᠠᠭᠠᠷᠯᠠᠵᠤ᠂ ᠵᠠᠰᠠᠭ ᠤᠨ ᠣᠷᠳᠣᠨ ᠤ ︽ᠭᠠᠮᠨᠠᠨ ᠠᠷᠪᠢᠯᠠᠬᠤ︾ ᠪᠠᠷ ᠵᠠᠬ᠎ᠠ ᠳᠡᠯᠭᠡᠭᠦᠷ ᠤᠨ ᠭᠤᠤᠯ | ᠴᠣᠭᠴᠠ ᠶᠢᠨ ︽ᠲᠣᠭᠲᠠᠭᠤᠨ ᠠᠮᠢᠳᠤᠷᠠᠯ︾᠂ ᠠᠷᠠᠳ ᠣᠯᠠᠨ ᠤ ︽ᠰᠠᠶᠢᠨ ᠠᠮᠢᠳᠤᠷᠠᠯ︾ ᠢ ᠰᠣᠯᠢᠬᠤ ᠪᠠᠷ | ᠴᠢᠷᠮᠠᠶᠢᠨ᠎ᠠ᠃ | ᠲᠥᠯᠥᠭᠡᠯᠡᠭᠴᠢᠳ ᠡ︕ ᠵᠤᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠪᠤᠲᠠᠲᠤ ᠠᠵᠢᠯᠯᠠᠭ᠎ᠠ ᠪᠠᠷ ᠬᠦᠰᠡᠯ | ᠵᠡᠭᠦᠳᠦ ᠪᠠᠨ ᠲᠡᠷᠭᠡᠯᠰᠢᠯᠡᠭᠦᠯᠦᠶ᠎ᠡ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠤᠭ | ᠰᠠᠨᠠᠭ᠎ᠠ ᠪᠠᠨ ᠰᠠᠬᠢᠵᠤ᠂ ᠠᠴᠢ ᠬᠠᠷᠢᠭᠤᠯᠠᠨ ᠡᠷᠡᠯᠬᠡᠭᠯᠡᠨ ᠤᠷᠤᠭᠰᠢᠯᠠᠵᠤ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ | ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠢᠲᠡᠭᠡᠯ ᠵᠣᠷᠢᠭ ᠢᠶᠠᠨ | ᠪᠠᠲᠤᠳᠬᠠᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠵᠠᠮ ᠨᠡᠭᠡᠭᠡᠨ ᠤᠷᠤᠭᠰᠢᠯᠠᠵᠤ᠂ ᠪᠦᠯᠬᠦᠮᠳᠡᠨ ᠨᠢᠭᠡᠳᠴᠦ᠂ | ᠳᠤᠮᠳᠠᠳᠤ ᠤᠯᠤᠰ ᠤᠨ ᠮᠠᠶ᠋ᠢᠭ ᠤᠨ ᠤᠳᠤᠬᠢᠴᠢᠯᠠᠭᠰᠠᠨ ᠨᠠᠢᠮᠠᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ︕ | | | | ᠳᠠᠭᠠᠯᠳᠤᠭᠤᠯᠤᠯ | ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠬᠤᠯᠪᠣᠭᠳᠠᠯ ᠪᠦᠬᠦᠢ ᠨᠡᠷ᠎ᠡ ᠦᠭᠡᠰ ᠤᠨ ᠲᠠᠶᠢᠯᠪᠤᠷᠢᠯᠠᠯᠲᠠ | | 1. ︽ᠬᠤᠶᠠᠷ ᠶᠡᠭᠡ ᠶᠠᠪᠤᠳᠠᠯ︾᠄ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ | ︽ᠲᠠᠪᠤᠨ ᠶᠡᠭᠡ ᠡᠭᠦᠷᠭᠡ︾ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ | ᠪᠠᠶᠢᠭᠤᠯᠬᠤ ᠬᠤᠶᠠᠷ ᠶᠡᠭᠡ ᠶᠠᠪᠤᠳᠠᠯ ᠢ ᠵᠢᠭᠠᠵᠤ ᠪᠣᠶ᠃ | 2. ︽ᠲᠦᠮᠡᠨ ᠠᠵᠤ ᠠᠬᠤᠶᠢᠯᠠᠯ ᠲᠦᠮᠡᠨ ᠲᠣᠰᠬᠤᠨ ᠢ ᠬᠥᠭᠵᠢᠭᠦᠯᠬᠦ︾ ᠠᠵᠢᠯᠯᠠᠭ᠎ᠠ᠄ ᠪᠥᠬᠦ ᠤᠯᠤᠰ ᠤᠨ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ | ᠣᠷᠣᠯᠴᠠᠬᠤ ᠨᠢᠭᠡᠳᠦᠯᠲᠡᠶ ᠠᠵᠢᠯ ᠤᠨ ᠨᠠᠷᠠᠲᠤ ᠲᠡᠮᠳᠡᠭ ᠪᠣᠯᠤᠨ᠎ᠠ᠃ ᠠᠵᠢᠯᠯᠠᠭ᠎ᠠ ᠨᠢ ︽ᠲᠦᠮᠡᠨ ᠠᠵᠤ ᠠᠬᠤᠶᠢᠯᠠᠯ | ᠲᠦᠮᠡᠨ ᠲᠣᠰᠬᠤᠨ ᠢ ᠬᠠᠪᠰᠤᠷᠬᠤ︾ ᠣᠨᠣᠪᠴᠢᠲᠠᠶ ᠪᠠᠷ ᠶᠠᠳᠠᠭᠤ ᠶᠢ ᠲᠡᠳᠬᠦᠬᠦ ᠠᠵᠢᠯᠯᠠᠭ᠎ᠠ ᠪᠠᠷ ᠰᠠᠭᠤᠷᠢ ᠪᠣᠯᠭᠠᠵᠤ | ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯᠳᠠᠯᠭ᠎ᠠ ᠲᠠᠢ ᠬᠠᠪᠰᠤᠷᠤᠨ ᠲᠡᠳᠬᠦᠬᠦ ᠲᠣᠰᠬᠤᠨ᠂ | ᠶᠠᠳᠠᠭᠤ ᠠᠴᠠ ᠠᠩᠭᠢᠵᠢᠷᠠᠭᠤᠯᠬᠤ ᠲᠣᠰᠬᠤᠨ᠂ ᠬᠠᠮᠲᠤ ᠶᠢᠨ ᠠᠵᠤ ᠠᠬᠤᠶ ᠪᠠᠭᠤᠷᠠᠶ ᠲᠣᠰᠬᠤᠨ᠂ ᠬᠡᠪᠴᠢᠶ᠎ᠡ ᠪᠠᠷ | ᠨᠡᠯᠢᠶᠡᠳ ᠶᠡᠭᠡ ᠤᠨᠳᠤᠤ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ ᠲᠥᠪᠯᠡᠷᠡᠭᠦᠯᠦᠨ ᠲᠥᠪᠬᠢᠨᠡᠭᠦᠯᠬᠦ ᠴᠡᠭ ᠤᠨ | ᠪᠠᠶᠢᠭ᠎ᠠ ᠲᠣᠰᠬᠤᠨ ︵ᠨᠡᠶᠢᠭᠡᠮ ᠲᠣᠭᠤᠷᠢᠭ︶ ᠢᠶᠠᠷ ᠭᠤᠤᠯᠳᠠᠯᠭ᠎ᠠ ᠪᠣᠯᠭᠠᠵᠤ᠂ ᠠᠵᠤ ᠦᠢᠯᠡᠰ ᠢ ᠵᠣᠯᠭᠠᠭᠤᠯᠬᠤ᠂ | ᠬᠠᠮᠲᠤ ᠪᠠᠷ ᠠᠰᠢᠭ ᠭᠥᠷᠳᠡᠵᠦ ᠬᠥᠭᠵᠢᠭᠦᠯᠬᠦ ᠪᠠᠷ ᠵᠣᠷᠢᠯᠭ᠎ᠠ ᠪᠣᠯᠭᠠᠵᠤ᠂ ᠥᠷᠭᠡᠨ ᠣᠯᠠᠨ ᠠᠷᠠᠳ ᠠᠴᠠ ᠡᠵᠡᠩᠨᠡᠭᠰᠡᠨ | ᠠᠵᠤ ᠠᠬᠤᠶᠢᠯᠠᠯ᠂ ᠬᠤᠳᠠᠯᠳᠤᠭᠠᠴᠢᠳ ᠤᠨ ᠡᠪᠯᠡᠯ ᠵᠢᠴᠢ ᠪᠤᠰᠤᠳ ᠠᠷᠠᠳ ᠠᠴᠠ ᠡᠵᠡᠩᠨᠡᠭᠰᠡᠨ ᠠᠵᠤ ᠠᠬᠤᠶ ᠶᠢ | ᠬᠥᠲᠥᠯᠥᠨ ᠵᠢᠯᠣᠭᠤᠳᠴᠤ ᠪᠠᠶᠢᠭᠠᠳ ᠲᠣᠰᠬᠤᠨ ᠠᠵᠤ ᠠᠬᠤᠶᠢᠯᠠᠯ ᠬᠤᠤᠰᠯᠠᠯ ᠪᠠᠶᠢᠭᠤᠯᠤᠨ ᠬᠠᠮᠲᠤ ᠪᠠᠷ | ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠣᠷᠣᠯᠴᠠᠭᠤᠯᠤᠨ᠎ᠠ᠃ | 3. ︽ᠭᠤᠷᠪᠠᠨ ᠵᠦᠢᠯ ᠤᠨ ᠲᠥᠯᠥᠪᠯᠡᠭᠡ︾᠄ ︽ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ | ᠰᠣᠯᠢᠯᠴᠠᠭᠠᠨ ᠤ ᠲᠥᠯᠥᠪᠯᠡᠭᠡ︾᠂ ︽ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠷᠢᠯᠴᠠᠨ ᠰᠢᠭᠢᠳᠬᠦ | ᠮᠠᠶ᠋ᠢᠭ ᠤᠨ ᠬᠥᠭᠵᠢᠯᠲᠡ ᠶᠢᠨ ᠲᠥᠯᠥᠪᠯᠡᠭᠡ︾᠂ ︽ᠵᠢᠭᠤᠯᠴᠢᠯᠠᠯ ᠢᠶᠠᠷ ᠦᠨᠳᠦᠰᠦᠲᠡᠨ ᠨᠦᠭᠦᠳ ᠤᠨ ᠶᠠᠪᠤᠯᠴᠠᠭ᠎ᠠ | ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠲᠥᠯᠥᠪᠯᠡᠭᠡ︾ ᠶᠢ ᠵᠢᠭᠠᠵᠤ ᠪᠠᠶᠢᠨ᠎ᠠ᠃ | 4. ︽ᠵᠢᠷᠭᠤᠭᠠᠨ ᠵᠦᠢᠯ ᠤᠨ ᠡᠭᠦᠷᠭᠡ︾᠄ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠬᠦᠴᠦᠷᠬᠡᠭ | ᠬᠤᠲᠠ ᠶᠢ ᠪᠠᠶᠢᠭᠤᠯᠵᠤ᠂ ᠳᠠᠬᠢᠨ ᠨᠢᠭᠡ ︽ᠲᠦᠩᠯᠢᠶᠣᠤ ᠶᠢᠨ ᠠᠵᠤ ᠦᠢᠯᠡᠳᠪᠦᠷᠢ︾ ᠶᠢ ᠪᠠᠶᠢᠭᠤᠯᠵᠤ᠂ | ᠦᠢᠯᠡᠴᠢᠯᠡᠭᠡᠨ ᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠰᠢᠪᠲᠤᠯᠤᠯᠲᠠ ᠭᠠᠷᠭᠠᠬᠤ ᠶᠢ ᠲᠦᠷᠭᠡᠳᠬᠡᠵᠦ᠂ | ᠪᠣᠬᠢᠷᠲᠤᠯ ᠥᠬᠡᠶ ᠴᠠᠬᠢᠯᠭᠠᠨ ᠢ ᠲᠤᠬᠠᠶ ᠶᠢᠨ ᠭᠠᠵᠠᠷ ᠲᠤᠨᠢ ᠰᠢᠩᠭᠡᠭᠡᠨ ᠠᠪᠬᠤ ᠪᠠᠶᠢᠯᠳᠤᠬᠤ ᠪᠣᠳᠣᠯᠭ᠎ᠠ ᠶᠢᠨ ᠠᠵᠠ | ᠲᠣᠬᠢᠶᠠᠯ ᠢ ᠠᠳᠬᠤᠵᠤ᠂ ᠭᠤᠤᠯ ᠬᠤᠲᠠ ᠲᠣᠭᠤᠷᠢᠭ ᠤᠨ ᠲᠣᠯᠣᠭᠠᠶᠢᠯᠠᠭᠴᠢ ᠶᠢᠨ ᠪᠠᠶᠢᠷᠢ ᠰᠠᠭᠤᠷᠢ ᠶᠢ | ᠴᠢᠩᠭᠠᠳᠬᠠᠵᠤ᠂ ᠠᠮᠢ ᠠᠬᠤᠶ ᠶᠢ ᠬᠠᠮᠠᠭᠠᠯᠠᠨ ᠰᠡᠷᠭᠦᠭᠡᠬᠦ ᠵᠠᠭᠪᠤᠷ ᠢ ᠪᠠᠶᠢᠭᠤᠯᠬᠤ ᠶᠢ ᠵᠢᠭᠠᠵᠤ ᠪᠣᠶ᠃ | 5. ︽ᠳᠥᠷᠪᠡᠨ ᠶᠡᠭᠡ ᠠᠮᠢ ᠠᠬᠤᠶ︾᠄ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠠᠵᠤ ᠠᠬᠤᠶ ᠶᠢᠨ ᠠᠮᠢ ᠠᠬᠤᠶ᠂ | ᠪᠦᠯᠬᠦᠮᠳᠡᠨ ᠲᠡᠮᠡᠴᠡᠭᠰᠡᠨ ᠨᠡᠶᠢᠭᠡᠮ ᠤᠨ ᠠᠮᠢ ᠠᠬᠤᠶ᠂ ᠠᠭᠤᠯᠠ ᠤᠰᠤ ᠲᠤᠩᠭᠠᠯᠠᠭ ᠪᠠᠶᠢᠭᠠᠯᠢ ᠶᠢᠨ ᠠᠮᠢ ᠠᠬᠤᠶ᠂ | ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠶᠢᠨ ᠠᠮᠢ ᠠᠬᠤᠶ ᠶᠢ ᠵᠢᠭᠠᠵᠤ ᠪᠣᠶ᠃ | 6. ︽ᠳᠥᠷᠪᠡ ᠶᠢ ᠨᠡᠮᠡᠭᠳᠡᠭᠦᠯᠬᠦ︾ ᠠᠴᠠ ᠥᠨᠳᠥᠷ ᠪᠠᠶᠢᠯᠭᠠᠬᠤ᠄ ᠪᠥᠬᠦ ᠬᠤᠰᠢᠭᠤᠨ ᠤ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠶ ᠥᠷᠲᠡᠭ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ | ᠥᠷᠲᠡᠭ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ᠂ ᠰᠠᠭᠤᠭᠠᠯᠢ ᠠᠷᠠᠳ ᠤᠨ ᠬᠥᠮᠦᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ︽ᠳᠥᠷᠪᠡᠨ ᠵᠦᠢᠯ ᠤᠨ ᠬᠦᠢᠴᠡᠳᠬᠡᠯ ᠲᠤᠭ᠎ᠠ︾ ᠨᠢ ᠪᠥᠬᠦ | ᠬᠤᠲᠠ ᠶᠢᠨ ᠳᠤᠮᠳᠠᠴᠢ ᠨᠡᠮᠡᠭᠳᠡᠯ ᠤᠨ ᠬᠤᠷᠳᠤᠴᠠ ᠠᠴᠠ ᠥᠨᠳᠥᠷ ᠪᠠᠶᠢᠬᠤ ᠶᠢ ᠵᠢᠭᠠᠵᠤ ᠪᠣᠶ᠃ | 7. ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠤᠨ ︽ᠪᠠᠷᠢᠮᠵᠢᠶᠠᠲᠤ ᠭᠠᠵᠠᠷ︾᠄ ᠡᠯ᠎ᠡ ᠲᠥᠷᠥᠯ ᠤᠨ | ᠨᠡᠭᠡᠭᠡᠯᠲᠡ ᠶᠢᠨ ᠲᠣᠭᠤᠷᠢᠭ ︵ᠬᠦᠷᠢᠶᠡᠯᠡᠩ ᠲᠣᠭᠤᠷᠢᠭ︶ ᠨᠢ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ | ᠬᠠᠮᠢᠶ᠎ᠠ ᠪᠥᠬᠦᠶ ᠣᠷᠣᠨ ᠪᠦᠰᠡ ᠶᠢᠨ ᠦᠨᠡᠯᠡᠨ ᠵᠢᠱᠢᠯᠲᠡ ᠶᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠪᠠᠯᠠ ᠣᠷᠣᠭᠤᠯᠤᠯᠲᠠ᠂ ᠪᠥᠲᠥᠭᠡᠨ ᠪᠠᠶᠢᠭᠤᠯᠤᠯᠲᠠ᠂ ᠮᠥ ᠪᠦᠷᠢ ᠶᠢᠨ | ᠳᠤᠮᠳᠠᠴᠢ ᠭᠠᠶᠢᠯᠢ ᠲᠠᠲᠠᠪᠤᠷᠢ᠂ ᠣᠷᠴᠢᠨ ᠲᠣᠭᠤᠷᠢᠨ ᠵᠡᠷᠭᠡ ᠬᠢᠵᠠᠭᠠᠷᠯᠠᠬᠤ ᠴᠢᠨᠠᠷᠲᠠᠶ ᠭᠦᠢᠴᠡᠳᠭᠡᠯ ᠲᠤᠭ᠎ᠠ ᠶᠢ | ᠭᠡᠷ᠎ᠡ ᠭᠦᠢᠴᠡᠳᠭᠡᠵᠦ ᠰᠢᠯᠵᠢᠭᠦᠯᠦᠨ ᠬᠤᠳᠠᠯᠳᠤᠬᠤ ᠪᠠᠷ ᠠᠮᠠᠯᠳᠠᠭᠰᠠᠨ ᠤᠯᠤᠰ ᠤᠨ ᠥᠮᠴᠢᠯᠡᠯᠲᠦ ᠪᠥᠲᠥᠭᠡᠨ | ᠪᠠᠶᠢᠭᠤᠯᠤᠯᠲᠠ ᠶᠢᠨ ᠬᠡᠷᠡᠭᠯᠡᠬᠦ ᠭᠠᠵᠠᠷ ᠢ ᠵᠢᠭᠠᠵᠤ ᠪᠣᠶ᠃ | 8. ︽ᠠᠵᠤ ᠦᠢᠯᠡᠳᠪᠦᠷᠢ ᠶᠢ ᠳᠠᠬᠢᠨ ᠢᠶᠠᠷ ᠨᠡᠮᠡᠭᠳᠡᠭᠦᠯᠬᠦ︾ ᠠᠵᠢᠯᠯᠠᠭ᠎ᠠ᠄ ᠬᠤᠲᠠ ᠶᠢᠨ ᠨᠠᠮ ᠤᠨ ᠬᠤᠷᠢᠶ᠎ᠠ ᠠᠴᠠ | ᠳᠠᠬᠢᠨ ᠨᠢᠭᠡ ︽ᠲᠦᠩᠯᠢᠶᠣᠤ ᠶᠢᠨ ᠠᠵᠤ ᠦᠢᠯᠡᠳᠪᠦᠷᠢ︾ ᠶᠢᠨ ᠬᠥᠭᠵᠢᠯᠲᠡ ᠶᠢᠨ ᠬᠠᠷᠠᠯᠲᠠ ᠶᠢᠨ ᠲᠣᠭᠤᠷᠢᠨ ᠳᠤ᠂ | ᠠᠵᠤ ᠦᠢᠯᠡᠰ ᠤᠨ ᠲᠠᠰ ᠳᠡᠪᠰᠢᠬᠦ᠂ ᠲᠥᠷᠥᠯ ᠵᠦᠢᠯ ᠤᠨ ᠪᠣᠭᠤᠮᠲᠠ ᠰᠢᠪᠲᠤᠯᠬᠤ᠂ ᠠᠵᠤ ᠠᠬᠤᠶᠢᠯᠠᠯ ᠢ | ᠪᠤᠶᠢᠵᠢᠭᠤᠯᠤᠨ ᠠᠵᠤ ᠠᠬᠤᠶᠢᠯᠠᠯ ᠢ ᠬᠦᠴᠦᠷᠬᠡᠭᠵᠢᠭᠦᠯᠬᠦ᠂ ᠬᠦᠷᠢᠶᠡᠯᠡᠩ ᠲᠣᠭᠤᠷᠢᠭ ᠢ ᠲᠠᠰ ᠳᠡᠪᠰᠢᠭᠦᠯᠬᠦ᠂ ᠲᠤᠭ᠎ᠠ | ᠪᠠᠷᠢᠮᠲᠠ ᠪᠠᠷ ᠡᠨᠧᠷᠭᠢ ᠣᠯᠭᠤᠬᠤ᠂ ᠡᠨᠧᠷᠭᠢ ᠶᠢᠨ ᠦᠷ᠎ᠡ ᠠᠰᠢᠭ ᠢ ᠳᠡᠭᠡᠭᠰᠢᠯᠡᠭᠦᠯᠬᠦ ︽ᠵᠢᠷᠭᠤᠭᠠᠨ ᠶᠡᠭᠡ | ᠠᠵᠢᠯᠯᠠᠭ᠎ᠠ︾ ᠶᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠠᠵᠤ ᠦᠢᠯᠡᠰ ᠤᠨ ᠬᠡᠯᠬᠢᠶ᠎ᠡ ᠶᠢᠨ ᠶᠠᠰᠤ | ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠠᠬᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠶ ᠶᠢᠨ ᠭᠤᠤᠯ | ᠭᠦᠢᠴᠡᠳᠬᠡᠯ ᠲᠤᠭ᠎ᠠ ᠶᠢ ᠳᠠᠬᠢᠨ ᠢᠶᠠᠷ ᠨᠡᠮᠡᠭᠳᠡᠭᠦᠯᠬᠦ ᠶᠢ ᠪᠡᠶᠡᠯᠡᠭᠦᠯᠬᠦ ᠠᠵᠢᠯᠯᠠᠭ᠎ᠠ ᠶᠢ ᠵᠢᠭᠠᠵᠤ ᠪᠣᠶ᠃ | 9. ︽ᠮᠢᠩᠭᠠᠨ ᠲᠦᠮᠡᠨ ᠢᠨᠵᠧᠨᠧᠷᠢᠩ︾ ᠤᠨ ᠲᠤᠷᠰᠢᠯᠭ᠎ᠠ᠄ ᠶᠡᠷᠦᠩᠬᠡᠶ ᠱᠦᠵᠢ ᠰᠢ ᠶᠢᠨ ᠫᠢᠩ ᠵᠧᠵᠢᠶᠠᠩ ᠳᠤ | ᠠᠵᠢᠯᠯᠠᠬᠤ ᠦᠶ᠎ᠡ ᠳᠤ ᠪᠡᠶ᠎ᠡ ᠪᠠᠷ ᠢᠶᠠᠨ ᠲᠥᠯᠥᠪᠵᠢᠭᠦᠯᠵᠦ᠂ ᠪᠡᠶ᠎ᠡ ᠪᠠᠷ ᠢᠶᠠᠨ ᠪᠠᠶᠢᠷᠢᠯᠠᠭᠤᠯᠵᠤ᠂ ᠪᠡᠶ᠎ᠡ ᠪᠠᠷ ᠢᠶᠠᠨ | ᠠᠬᠢᠭᠤᠯᠤᠭᠰᠠᠨ ︽ᠮᠢᠩᠭᠠᠨ ᠲᠣᠰᠬᠤᠨ ᠢᠶᠠᠷ ᠵᠢᠱᠢᠶ᠎ᠡ ᠦᠵᠡᠭᠦᠯᠵᠦ᠂ ᠲᠦᠮᠡᠨ ᠲᠣᠰᠬᠤᠨ ᠢ ᠴᠡᠭᠴᠡᠯᠡᠨ ᠵᠠᠰᠠᠬᠤ︾ | ᠢᠨᠵᠧᠨᠧᠷᠢᠩ ᠢ ᠵᠢᠭᠠᠵᠤ ᠪᠣᠶ᠃ | 10. ︽ᠳᠥᠷᠪᠡ ᠶᠢ ᠥᠯᠥ ᠰᠠᠯᠭᠠᠬᠤ︾ ᠱᠠᠭᠠᠷᠳᠠᠯᠭ᠎ᠠ᠄ ᠶᠠᠳᠠᠭᠤ ᠬᠦᠴᠢᠷᠳᠡᠯᠲᠡᠶ ᠰᠢᠶᠠᠨ ᠶᠠᠳᠠᠭᠤ ᠠᠴᠠ | ᠠᠩᠭᠢᠵᠢᠷᠠᠭᠰᠠᠨ ᠤ ᠳᠠᠷᠠᠭ᠎ᠠ᠂ ᠶᠠᠳᠠᠭᠤ ᠠᠴᠠ ᠠᠩᠭᠢᠵᠢᠷᠠᠭᠰᠠᠨ ᠴᠤ ᠬᠠᠷᠢᠭᠤᠴᠠᠯᠭ᠎ᠠ ᠪᠠᠨ ᠬᠠᠶᠠᠬᠤ ᠥᠬᠡᠶ᠂ | ᠲᠥᠷᠥ ᠶᠢᠨ ᠪᠣᠳᠣᠯᠭ᠎ᠠ ᠪᠠᠨ ᠬᠠᠶᠠᠬᠤ ᠥᠬᠡᠶ᠂ ᠶᠠᠳᠠᠭᠤ ᠠᠴᠠ ᠠᠩᠭᠢᠵᠢᠷᠠᠭᠰᠠᠨ ᠴᠤ ᠬᠠᠪᠰᠤᠷᠤᠨ ᠲᠡᠳᠬᠦᠬᠦ ᠪᠠᠨ | ᠵᠣᠭᠰᠣᠭᠠᠬᠤ ᠥᠬᠡᠶ᠂ ᠶᠠᠳᠠᠭᠤ ᠠᠴᠠ ᠠᠩᠭᠢᠵᠢᠷᠠᠭᠰᠠᠨ ᠴᠤ ᠬᠢᠨᠠᠯᠲᠠ ᠬᠠᠮᠢᠶᠠᠷᠤᠯᠲᠠ ᠪᠠᠨ ᠬᠠᠶᠠᠬᠤ ᠥᠬᠡᠶ | ᠪᠠᠶᠢᠬᠤ ᠶᠢ ᠵᠢᠭᠠᠵᠤ ᠪᠠᠶᠢᠨ᠎ᠠ᠃ | 11. ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠵᠢᠷᠭᠤᠭᠠᠨ ︽ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ | ᠄ ᠪᠡᠭᠡᠵᠢᠩ ᠥᠪᠥᠷ ᠮᠣᠩᠭᠤᠯ ᠤᠨ ᠣᠷᠣᠨ ᠪᠦᠰᠡ ᠶᠢᠨ ᠵᠢᠷᠭᠤᠭᠠᠨ ᠪᠥᠬᠦ ᠲᠠᠯ᠎ᠠ ᠪᠠᠷ ᠬᠠᠮᠲᠤᠷᠠᠯᠴᠠᠬᠤ | ᠲᠥᠯᠥᠪᠯᠡᠭᠡ ᠶᠢ ᠭᠦᠨᠵᠡᠭᠡᠶᠢᠷᠡᠭᠦᠯᠦᠨ᠎ᠡ᠂ ᠡᠭᠦᠨ ᠳᠤ ︽ᠰᠤᠷᠭᠠᠨ ᠬᠥᠮᠦᠵᠢᠯ ᠳᠠᠬᠢᠨ ᠢᠶᠠᠷ ᠨᠡᠮᠡᠭᠳᠡᠬᠦ︾᠂ ︽ | ᠡᠮᠴᠢᠯᠡᠭᠡ ᠳᠠᠬᠢᠨ ᠢᠶᠠᠷ ᠨᠡᠮᠡᠭᠳᠡᠬᠦ︾᠂ ︽ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ | ᠪᠣᠷᠣᠯᠠᠭᠤᠯᠭ᠎ᠠ ᠳᠠᠬᠢᠨ ᠢᠶᠠᠷ ᠨᠡᠮᠡᠭᠳᠡᠬᠦ︾᠂ ︽ᠵᠢᠭᠤᠯᠴᠢᠯᠠᠯ ᠳᠠᠬᠢᠨ ᠢᠶᠠᠷ ᠨᠡᠮᠡᠭᠳᠡᠬᠦ︾᠂ ︽ᠠᠵᠤ ᠦᠢᠯᠡᠰ ᠤᠨ | ᠬᠠᠮᠲᠤᠷᠠᠯᠴᠠᠭ᠎ᠠ ᠳᠠᠬᠢᠨ ᠢᠶᠠᠷ ᠨᠡᠮᠡᠭᠳᠡᠬᠦ︾ ᠪᠠ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠳᠠᠬᠢᠨ ᠢᠶᠠᠷ ᠨᠡᠮᠡᠭᠳᠡᠭᠦᠯᠬᠦ︾ ᠲᠥᠯᠥᠪᠯᠡᠭᠡ ᠶᠢ ᠵᠢᠭᠠᠵᠤ ᠪᠣᠶ᠃ | 12. ᠬᠥᠳᠡᠭᠡ ᠲᠣᠰᠬᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ︽ᠭᠤᠷᠪᠠᠨ | ᠬᠦᠴᠦᠷᠬᠡᠭ ᠭᠤᠷᠪᠠᠨ ᠪᠤᠢ ᠪᠤᠯᠭᠠᠬᠤ︾ ᠢᠨᠵᠧᠨᠧᠷᠢᠩ᠄ ᠵᠣᠬᠢᠶᠠᠨ ᠪᠠᠶᠢᠭᠤᠯᠤᠯᠲᠠ ᠶᠢ ᠬᠦᠴᠦᠷᠬᠡᠭᠵᠢᠭᠦᠯᠵᠦ᠂ | ᠡᠩᠨᠡᠭᠡ ᠶᠢ ᠬᠦᠴᠦᠷᠬᠡᠭᠵᠢᠭᠦᠯᠵᠦ᠂ ᠰᠠᠭᠤᠷᠢ ᠶᠢ ᠪᠠᠬᠢᠵᠢᠭᠦᠯᠵᠦ᠂ ᠨᠡᠶᠢᠲᠡᠯᠢᠭ ᠵᠢᠱᠢᠶ᠎ᠡ ᠶᠢ ᠪᠣᠶ ᠪᠣᠯᠭᠠᠵᠤ᠂ ᠲᠦᠷᠦᠯ | ᠲᠡᠮᠳᠡᠭ ᠢ ᠪᠣᠶ ᠪᠣᠯᠭᠠᠵᠤ᠂ ᠣᠨᠴᠠᠯᠢᠭ ᠢ ᠪᠣᠶ ᠪᠣᠯᠭᠠᠬᠤ ᠶᠢ ᠵᠢᠭᠠᠵᠤ ᠪᠤᠶ᠃ | 13. ᠬᠤᠶᠠᠷ ︽ᠥᠴᠦᠬᠡᠨ ᠴᠦ ᠭᠤᠶᠢᠪᠢᠰᠢ ᠦᠭᠡᠢ︾᠄ ᠨᠡᠶᠢᠲᠡ ᠶᠢᠨ ᠥᠮᠴᠢᠯᠡᠯ ᠤᠨ ᠠᠵᠤ ᠠᠬᠤᠶ ᠶᠢ ᠡᠷᠡᠰ | ᠭᠤᠶᠢᠪᠢᠰᠢ ᠦᠭᠡᠢ ᠪᠠᠬᠢᠵᠢᠭᠦᠯᠦᠨ ᠬᠥᠭᠵᠢᠭᠦᠯᠵᠦ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ | ᠬᠥᠭᠵᠢᠯᠲᠡ ᠶᠢ ᠥᠴᠦᠬᠡᠨ ᠴᠦ ᠭᠤᠶᠢᠪᠢᠰᠢ ᠦᠭᠡᠢ ᠵᠤᠷᠢᠭᠵᠢᠭᠤᠯᠵᠤ᠂ ᠳᠡᠮᠵᠢᠵᠦ᠂ ᠬᠥᠲᠥᠯᠥᠨ ᠵᠢᠯᠣᠭᠤᠳᠬᠤ ᠶᠢ | ᠵᠢᠭᠠᠵᠤ ᠪᠠᠶᠢᠨ᠎ᠠ᠃ | 14. ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠭᠤᠷᠪᠠ ᠶᠢ ᠲᠥᠪᠯᠡᠷᠡᠭᠦᠯᠵᠦ ᠭᠤᠷᠪᠠ ᠶᠢ ᠪᠣᠳᠠᠲᠠᠶᠢᠵᠢᠭᠤᠯᠬᠤ︾ | ᠄ ︽ᠭᠤᠷᠪᠠ ᠶᠢ ᠲᠥᠪᠯᠡᠷᠡᠭᠦᠯᠬᠦ︾ ᠭᠡᠳᠡᠭ ᠨᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠡᠭᠦᠷᠭᠡ ᠴᠢᠳᠠᠪᠤᠷᠢ ᠶᠢ | ᠨᠢᠭᠡ ᠰᠠᠯᠠᠭ᠎ᠠ ᠲᠠᠰᠤᠭ ᠲᠥᠪᠯᠡᠷᠡᠭᠦᠯᠬᠦ᠂ ᠬᠢᠨᠠᠨ ᠵᠥᠪᠰᠢᠶᠡᠷᠡᠬᠦ ᠡᠭᠦᠷᠭᠡ ᠴᠢᠳᠠᠪᠤᠷᠢ ᠶᠢ ᠡᠭᠦᠷᠭᠡᠯᠡᠬᠦ ᠰᠠᠯᠠᠭ᠎ᠠ ᠲᠠᠰᠤᠭ | ᠵᠠᠰᠠᠭ ᠵᠠᠬᠢᠷᠭᠠᠨ ᠤ ᠦᠢᠯᠡᠴᠢᠯᠡᠭᠡᠨ ᠤ ᠲᠥᠪ ᠲᠤ ᠲᠥᠪᠯᠡᠷᠡᠭᠦᠯᠬᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ | ᠵᠦᠢᠯᠡᠰ ᠢ ᠡᠯᠧᠺᠲᠷᠦᠨ ᠵᠠᠰᠠᠭ ᠤᠨ ᠶᠠᠪᠤᠳᠠᠯ ᠤᠨ ᠲᠠᠪᠴᠠᠩ ᠳᠤ ᠲᠥᠪᠯᠡᠷᠡᠭᠦᠯᠬᠦ ᠶᠢ ᠵᠢᠭᠠᠵᠤ ᠪᠠᠶᠢᠨ᠎ᠠ︔ ︽ | ᠭᠤᠷᠪᠠ ᠶᠢ ᠪᠣᠳᠠᠲᠠᠶᠢᠵᠢᠭᠤᠯᠬᠤ︾ ᠭᠡᠳᠡᠭ ᠨᠢ ᠬᠡᠷᠡᠭ ᠶᠠᠪᠤᠳᠠᠯ ᠤᠨ ᠶᠡᠭᠡ ᠲᠢᠩᠬᠢᠮ ᠳᠤ ᠣᠷᠣᠵᠤ ᠰᠠᠭᠤᠬᠤ ᠶᠢ | ᠪᠣᠳᠠᠲᠠᠶᠢᠵᠢᠭᠤᠯᠬᠤ᠂ ᠬᠢᠨᠠᠨ ᠵᠥᠪᠰᠢᠶᠡᠷᠡᠬᠦ ᠡᠷᠬᠡ ᠣᠯᠭᠤᠬᠤ ᠴᠣᠩᠬᠤᠪᠴᠢ ᠶᠢ ᠪᠣᠳᠠᠲᠠᠶᠢᠵᠢᠭᠤᠯᠬᠤ᠂ ᠡᠯᠧᠺᠳ᠋ᠷᠣᠨ | ᠬᠢᠨᠠᠨ ᠪᠠᠶᠢᠴᠠᠭᠠᠯᠲᠠ ᠶᠢ ᠪᠣᠳᠠᠲᠠᠶᠢᠵᠢᠭᠤᠯᠬᠤ ᠶᠢ ᠵᠢᠭᠠᠵᠤ ᠪᠣᠶ᠃ | 15. ︽ᠲᠠᠪᠤᠨ ᠮᠢᠩᠭᠠᠨ ᠲᠦᠮᠡᠨ ᠢᠨᠵᠧᠨᠧᠷᠢᠩ︾᠄ ᠮᠢᠩᠭᠠᠨ ᠲᠦᠮᠡᠨ ᠮᠦ ᠡᠯᠡᠰᠦ ᠶᠢ ᠶᠡᠷᠦᠩᠬᠡᠶᠢᠯᠡᠨ ᠵᠠᠰᠠᠬᠤ | ᠢᠨᠵᠧᠨᠧᠷᠢᠩ᠂ ᠮᠢᠩᠭᠠᠨ ᠲᠦᠮᠡᠨ ᠮᠦ ᠣᠶ ᠰᠢᠭᠤᠶ ᠶᠢᠨ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ᠂ ᠮᠢᠩᠭᠠᠨ | ᠲᠦᠮᠡᠨ ᠮᠦ ᠨᠤᠲᠤᠭ ᠪᠡᠯᠴᠢᠭᠡᠷ ᠤᠨ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ᠂ ᠮᠢᠩᠭᠠᠨ ᠲᠦᠮᠡᠨ ᠮᠦ | ᠡᠯᠡᠰᠦᠷᠬᠡᠭ ᠣᠷᠣᠨ ᠤ ᠲᠠᠷᠢᠶᠠᠨ ᠭᠠᠵᠠᠷ ᠤᠨ ᠤᠰᠤ ᠠᠷᠪᠢᠯᠠᠬᠤ ᠶᠢ ᠥᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ᠂ | ᠮᠢᠩᠭᠠᠨ ᠲᠦᠮᠡᠨ ᠲᠣᠯᠣᠭᠠᠶ ᠮᠠᠯ ᠢ ᠬᠠᠰᠢᠶᠠᠯᠠᠨ ᠲᠡᠵᠢᠭᠡᠵᠦ ᠦᠷᠡᠵᠢᠭᠦᠯᠬᠦ ᠢᠨᠵᠧᠨᠧᠷᠢᠩ ᠢ ᠵᠢᠭᠠᠵᠤ ᠪᠠᠶᠢᠨ᠎ᠠ᠃ | 16. ︽ᠭᠤᠷᠪᠠᠨ ᠱᠤᠭᠤᠮ ᠨᠢᠭᠡ ᠨᠠᠷᠢᠨ ᠲᠠᠩᠰᠠ︾᠄ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ | ᠣᠷᠴᠢᠨ ᠠᠬᠤᠶ ᠶᠢᠨ ᠶᠠᠰᠤ ᠴᠢᠨᠠᠷ ᠤᠨ ᠬᠤᠷᠢᠭ᠎ᠠ ᠱᠤᠭᠤᠮ᠂ ᠡᠬᠢ ᠪᠠᠶᠠᠯᠢᠭ ᠢ ᠠᠰᠢᠭᠯᠠᠬᠤ ᠪᠠᠷ ᠰᠠᠭᠤᠷᠢ ᠪᠣᠯᠭᠠᠵᠤ | ᠂ ᠠᠮᠢ ᠠᠬᠤᠶ ᠶᠢᠨ ᠣᠷᠴᠢᠨ ᠨᠥᠬᠦᠴᠡᠯ ᠤᠨ ᠵᠥᠪᠰᠢᠶᠡᠷᠡᠨ ᠣᠷᠣᠭᠤᠯᠬᠤ ᠨᠠᠷᠢᠨ ᠲᠠᠩᠰᠠ ᠶᠢ ᠨᠠᠶᠢᠷᠠᠭᠤᠯᠤᠨ | ᠵᠣᠬᠢᠶᠠᠬᠤ ᠶᠢ ᠵᠢᠭᠠᠵᠤ ᠪᠠᠶᠢᠨ᠎ᠠ᠃ | 17. ︽ᠳᠥᠷᠪᠡ ᠪᠠᠶᠢᠬᠤ︾ ᠰᠠᠶᠢᠨ ᠪᠠᠭᠰᠢ᠄ ᠬᠦᠰᠡᠯᠡᠩ ᠢᠲᠡᠭᠡᠯ ᠵᠣᠷᠢᠭ ᠲᠠᠢ᠂ ᠵᠥᠪ ᠣᠨᠣᠪᠴᠢᠲᠠᠶ ᠠᠵᠢᠯ | ᠮᠡᠷᠭᠡᠵᠢᠯ ᠤᠨ ᠬᠦᠰᠡᠯᠡᠩ ᠢ ᠪᠤᠢ ᠪᠣᠯᠭᠠᠵᠤ᠂ ᠨᠠᠮ ᠤᠨ ᠰᠤᠷᠭᠠᠨ ᠬᠥᠮᠦᠵᠢᠯ ᠤᠨ ᠦᠢᠯᠡᠰ ᠪᠣᠯᠬᠤ ᠪᠠᠷ ᠵᠣᠷᠢᠭ | ᠰᠢᠭᠤᠳᠬᠤ ᠶᠢ ᠵᠢᠭᠠᠵᠤ ᠪᠠᠶᠢᠨ᠎ᠠ︔ ᠶᠣᠰᠣ ᠮᠣᠷᠠᠯ ᠲᠠᠢ ᠪᠥᠭᠡᠳ ᠰᠤᠷᠤᠭᠴᠢᠳ ᠤᠨ ᠶᠣᠰᠣ ᠰᠤᠷᠲᠠᠬᠤᠨ ᠤ | ᠪᠣᠯᠪᠠᠰᠤᠷᠠᠯ ᠤᠨ ᠲᠣᠯᠢ ᠪᠣᠯᠵᠤ᠂ ᠥᠪᠡᠷ ᠤᠨ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠦᠨ᠎ᠡ︔ ᠯᠠᠪᠳᠠᠭᠤᠨ ᠪᠠᠲᠤᠲᠠᠶ | ᠡᠷᠳᠡᠮ ᠮᠡᠳᠡᠯᠭᠡ ᠲᠠᠢ᠂ ᠨᠠᠰᠤᠨ ᠲᠤᠷᠰᠢᠳᠠ ᠰᠤᠷᠤᠯᠴᠠᠵᠤ᠂ ᠥᠪᠡᠷ ᠢ ᠪᠠᠨ ᠲᠠᠰᠤᠷᠠᠯᠲᠠ ᠦᠭᠡᠢ | ᠲᠡᠭᠦᠯᠳᠡᠷᠵᠢᠭᠦᠯᠦᠨ᠎ᠡ︔ ᠡᠨᠡᠷᠢᠩᠭᠦᠶ ᠰᠡᠳᠬᠢᠯ ᠲᠠᠢ᠂ ᠰᠤᠷᠤᠭᠴᠢᠳ ᠢ ᠬᠠᠶᠢᠷᠠᠯᠠᠵᠤ᠂ ᠰᠤᠷᠤᠭᠴᠢᠳ ᠢ ᠬᠠᠯᠠᠮᠵᠢᠯᠠᠵᠤ | ᠂ ᠰᠤᠷᠤᠭᠴᠢᠳ ᠤᠨ ᠰᠠᠶᠢᠨ ᠪᠠᠭᠰᠢ ᠪᠣᠯᠬᠤ ᠬᠡᠷᠡᠭᠲᠡᠶ᠃ | 18. ᠠᠯᠪᠠᠨ ᠵᠢᠷᠤᠮ ᠤᠨ ᠰᠤᠷᠭᠠᠨ ᠬᠥᠮᠦᠵᠢᠯ ᠤᠨ ︽ᠬᠤᠶᠠᠷ ᠢ ᠬᠥᠩᠭᠡᠷᠡᠭᠦᠯᠬᠦ︾ ᠲᠥᠷᠥ ᠶᠢᠨ ᠪᠣᠳᠣᠯᠭ᠎ᠠ᠄ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠣᠷᠣᠭᠴᠢ ᠶᠢᠨ ᠳᠠᠰᠬᠠᠯ ᠤᠨ ᠳᠠᠷᠤᠭᠠᠰᠤ ᠶᠢ ᠬᠥᠩᠭᠡᠷᠡᠭᠦᠯᠬᠦ᠂ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠣᠷᠣᠭᠴᠢ ᠶᠢᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ | ᠳᠠᠷᠤᠭᠠᠰᠤ ᠶᠢ ᠬᠥᠩᠭᠡᠷᠡᠭᠦᠯᠬᠦ ᠶᠢ ᠵᠢᠭᠠᠵᠤ ᠪᠣᠶ᠃ | 19. ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ︽ᠬᠤᠤᠰ ᠰᠢᠯᠢᠳᠡᠭ︾ ᠤᠨ ᠲᠥᠯᠥᠪᠯᠡᠭᠡ᠄ ᠳᠤᠮᠳᠠ | ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠᠷ ᠰᠠᠭᠤᠷᠢ ᠪᠣᠯᠭᠠᠭᠰᠠᠨ᠂ ᠳᠡᠭᠡᠳᠦ ᠵᠡᠷᠭᠡ ᠶᠢᠨ ᠠᠵᠢᠯ | ᠮᠡᠷᠭᠡᠵᠢᠯ ᠤᠨ ᠲᠤᠰᠬᠠᠶ ᠮᠡᠷᠭᠡᠵᠢᠯ ᠢᠶᠠᠷ ᠭᠤᠤᠯ ᠴᠣᠭᠴᠠ ᠪᠣᠯᠭᠠᠭᠰᠠᠨ᠂ ᠠᠵᠢᠯ ᠮᠡᠷᠭᠡᠵᠢᠯ ᠤᠨ ᠵᠢᠩᠬᠢᠨᠢ ᠠᠩᠭᠢ ᠪᠠᠷ | ᠬᠥᠲᠥᠯᠦᠮᠵᠢ ᠪᠣᠯᠭᠠᠭᠰᠠᠨ᠂ ᠠᠵᠤ ᠠᠬᠤᠶ ᠨᠡᠶᠢᠭᠡᠮ ᠤᠨ ᠬᠥᠭᠵᠢᠯᠲᠡ ᠪᠠ ᠮᠡᠷᠭᠡᠵᠢᠯ ᠴᠢᠳᠠᠪᠤᠷᠢ ᠶᠢᠨ | ᠴᠢᠳᠠᠪᠤᠷᠢᠲᠠᠨ ᠢ ᠬᠥᠮᠦᠵᠢᠭᠦᠯᠬᠦ ᠬᠡᠷᠡᠭᠴᠡᠭᠡ ᠳᠤ ᠨᠡᠶᠢᠴᠡᠭᠰᠡᠨ ᠨᠢᠭᠡ ᠪᠦᠯᠦᠭ ᠳᠤᠮᠳᠠ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠨ ᠬᠦᠮᠦᠵᠢᠯ ᠤᠨ ᠰᠢᠯᠢᠳᠡᠭ ᠰᠤᠷᠭᠠᠭᠤᠯᠢ ᠪᠠ ᠰᠢᠯᠢᠳᠡᠭ ᠲᠤᠰᠬᠠᠢ ᠮᠡᠷᠭᠡᠵᠢᠯ ᠢ ᠪᠦᠲᠦᠭᠡᠨ | ᠪᠠᠶᠢᠭᠤᠯᠬᠤ ᠶᠢ ᠵᠢᠭᠠᠵᠤ ᠪᠣᠶ᠃ | 20. ᠠᠮᠤᠷ ᠲᠦᠪᠰᠢᠨ ᠤ ᠰᠡᠷᠭᠡᠶᠢᠯᠡᠯᠲᠡ ᠶᠢᠨ ︽ᠳᠥᠷᠪᠡᠨ ᠵᠠᠭᠤᠨ ᠤ ᠵᠠᠭᠤ︾ ᠶᠢᠨ ᠪᠥᠲᠥᠭᠡᠨ ᠪᠠᠶᠢᠭᠤᠯᠤᠯᠲᠠ᠄ | ᠰᠤᠷᠭᠠᠭᠤᠯᠢ ᠶᠢᠨ ᠬᠦᠷᠢᠶᠡᠨ ᠤ ᠪᠢᠲᠡᠭᠦᠮᠵᠢᠯᠡᠭᠰᠡᠨ ᠮᠠᠶ᠋ᠢᠭ ᠤᠨ ᠬᠠᠮᠢᠶᠠᠷᠤᠯᠲᠠ ᠶᠢᠨ ᠪᠠᠷᠢᠮᠵᠢᠶ᠎ᠠ ᠳᠤ ᠬᠦᠷᠦᠭᠰᠡᠨ | ᠨᠣᠷᠮ᠎ᠠ᠂ ᠲᠤᠰᠬᠠᠶ ᠲᠤᠰᠢᠶᠠᠯᠲᠤ ᠠᠮᠤᠷ ᠢ ᠬᠠᠮᠠᠭᠠᠯᠠᠭᠴᠢ ᠶᠢᠨ ᠲᠣᠬᠢᠷᠠᠭᠤᠯᠤᠯᠲᠠ ᠶᠢᠨ ᠨᠣᠷᠮ᠎ᠠ᠂ ᠨᠢᠭᠡ | ᠳᠠᠷᠤᠪᠴᠢᠲᠤ ᠪᠠᠴᠢᠮ ᠲᠦᠭᠰᠢᠭᠦᠷᠢ ᠮᠡᠳᠡᠭᠦᠯᠬᠦ ᠪᠠ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠰᠢᠰᠲ᠋ᠧᠮ ᠤᠨ | ᠪᠠᠷᠢᠮᠵᠢᠶ᠎ᠠ ᠳᠤ ᠬᠦᠷᠦᠭᠰᠡᠨ ᠨᠣᠷᠮ᠎ᠠ᠂ ︽ᠰᠤᠷᠤᠯᠭ᠎ᠠ ᠬᠠᠮᠠᠭᠠᠯᠠᠬᠤ ᠠᠵᠢᠯ ᠤᠨ ᠪᠠᠶᠢᠷᠢ︾ ᠶᠢᠨ | ᠪᠠᠶᠢᠷᠢᠯᠠᠭᠤᠯᠤᠯᠲᠠ ᠶᠢᠨ ᠨᠣᠷᠮ᠎ᠠ ᠶᠢ ᠴᠥᠮ 100% ᠳᠤ ᠬᠦᠷᠦᠭᠦᠯᠬᠦ ᠶᠢ ᠵᠢᠭᠠᠵᠤ ᠪᠣᠶ᠃ | 21. ᠡᠮᠴᠢᠯᠡᠭᠡᠨ ᠤ ᠭᠤᠤᠯᠳᠠᠯᠭ᠎ᠠ ᠲᠠᠢ ᠲᠤᠰᠬᠠᠶ ᠮᠡᠷᠭᠡᠵᠢᠯ ᠤᠨ ︽ᠵᠠᠭᠤ ᠮᠢᠩᠭ᠎ᠠ ᠲᠦᠮᠡ ᠶᠢᠨ ᠢᠨᠵᠧᠨᠧᠷᠢᠩ︾᠄ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ᠂ ᠤᠯᠤᠰ ᠤᠨ ᠲᠠᠰ ᠳᠠᠪᠬᠤᠷᠭ᠎ᠠ ᠳᠤ ᠡᠯ᠎ᠡ | ᠮᠤᠵᠢ ᠶᠢᠨ ᠤᠯᠤᠰ ᠤᠨ ᠡᠮᠴᠢᠯᠡᠭᠡᠨ ᠤ ᠭᠤᠤᠯᠳᠠᠯᠭ᠎ᠠ ᠲᠠᠢ ᠲᠤᠰᠬᠠᠶ ᠮᠡᠷᠭᠡᠵᠢᠯ ᠤᠨ ᠪᠥᠲᠥᠭᠡᠨ ᠪᠠᠶᠢᠭᠤᠯᠤᠯᠲᠠ ᠶᠢᠨ | ᠲᠥᠷᠥᠯ ᠵᠦᠢᠯ ᠢ ᠪᠠᠶᠢᠭᠤᠯᠬᠤ ᠶᠢ ᠳᠡᠮᠵᠢᠨ᠎ᠡ︔ ᠮᠤᠵᠢ ᠶᠢᠨ ᠱᠠᠲᠤᠨ ᠤ 31 ᠮᠤᠵᠢ ᠣᠷᠣᠨ ᠳᠤ ᠮᠤᠵᠢ ᠶᠢᠨ | ᠱᠠᠲᠤᠨ ᠤ ᠡᠮᠴᠢᠯᠡᠭᠡᠨ ᠤ ᠭᠤᠤᠯᠳᠠᠯᠭ᠎ᠠ ᠲᠠᠢ ᠲᠤᠰᠬᠠᠶ ᠮᠡᠷᠭᠡᠵᠢᠯ ᠤᠨ ᠪᠥᠲᠥᠭᠡᠨ ᠪᠠᠶᠢᠭᠤᠯᠤᠯᠲᠠ ᠶᠢᠨ ᠲᠥᠷᠥᠯ | ᠵᠦᠢᠯ ᠢ ᠨᠡᠶᠢᠲᠡ 5000 ᠭᠠᠷᠤᠶ ᠳᠡᠮᠵᠢᠨ᠎ᠡ︔ ᠬᠤᠲᠠ ︵ᠰᠢᠶᠠᠨ︶ ᠶᠢᠨ ᠲᠠᠰ ᠤᠨ ᠳᠠᠪᠬᠤᠷᠭ᠎ᠠ ᠳᠤ 31 ᠮᠤᠵᠢ | ᠣᠷᠣᠨ ᠳᠤ ᠨᠡᠶᠢᠲᠡ 1 ᠲᠦᠮᠡᠨ ᠲᠤᠰᠬᠠᠶ ᠣᠷᠣᠨ ᠤ ᠲᠠᠰ ᠤᠨ ᠪᠠ ᠰᠢᠶᠠᠨ ᠤ ᠱᠠᠲᠤᠨ ᠤ ᠡᠮᠴᠢᠯᠡᠭᠡᠨ ᠤ ᠲᠤᠰᠬᠠᠶ | ᠮᠡᠷᠭᠡᠵᠢᠯ ᠤᠨ ᠴᠢᠳᠠᠪᠤᠷᠢ ᠶᠢᠨ ᠪᠠᠶᠢᠭᠤᠯᠤᠯᠲᠠ ᠶᠢᠨ ᠲᠥᠷᠥᠯ ᠵᠦᠢᠯ ᠢ ᠳᠡᠮᠵᠢᠨ᠎ᠡ᠃ | 22. ᠡᠮᠡᠭᠲᠡᠶᠢᠴᠦᠳ ᠬᠡᠤᠬᠡᠳ ᠤᠨ ᠬᠥᠭᠵᠢᠯᠲᠡ ᠶᠢᠨ ︽ᠬᠤᠶᠠᠷ ᠲᠥᠯᠥᠪᠵᠢᠭᠦᠯᠭᠡ︾᠄ ︽ᠳᠤᠮᠳᠠᠳᠤ ᠤᠯᠤᠰ ᠤᠨ | ᠡᠮᠡᠭᠲᠡᠶᠢᠴᠦᠳ ᠤᠨ ᠬᠥᠭᠵᠢᠯᠲᠡ ᠶᠢᠨ ᠬᠥᠲᠥᠯᠪᠦᠷᠢ ︵2021-2030 ᠣᠨ︶︾᠂ ︽ᠳᠤᠮᠳᠠᠳᠤ ᠤᠯᠤᠰ ᠤᠨ | ᠬᠡᠤᠬᠡᠳ ᠤᠨ ᠬᠥᠭᠵᠢᠯᠲᠡ ᠶᠢᠨ ᠬᠥᠲᠥᠯᠪᠦᠷᠢ ︵2021-2030 ᠣᠨ︶︾ ᠶᠢ ᠵᠢᠭᠠᠵᠤ ᠪᠠᠶᠢᠨ᠎ᠠ᠃ | 23. ᠢᠳᠡᠭᠡᠨ ᠪᠠ ᠡᠮ ᠤᠨ ᠵᠦᠢᠯ ᠤᠨ ᠠᠶᠤᠯ ᠦᠭᠡᠶ ᠶᠢᠨ ︽ᠳᠥᠷᠪᠡᠨ ᠬᠠᠮᠤᠭ ᠤᠨ ᠴᠢᠩᠭ᠎ᠠ ᠪᠠᠶᠢᠬᠤ︾ | ᠱᠠᠭᠠᠷᠳᠠᠯᠭ᠎ᠠ᠄ ᠬᠠᠮᠤᠭ ᠤᠨ ᠴᠢᠩᠭ᠎ᠠ ᠪᠠᠷᠢᠮᠵᠢᠶ᠎ᠠ᠂ ᠬᠠᠮᠤᠭ ᠤᠨ ᠴᠢᠩᠭ᠎ᠠ ᠬᠢᠨᠠᠯᠲᠠ ᠬᠠᠮᠢᠶᠠᠷᠤᠯᠲᠠ᠂ ᠬᠠᠮᠤᠭ ᠤᠨ | ᠴᠢᠩᠭ᠎ᠠ ᠰᠢᠳᠬᠡᠨ ᠲᠣᠷᠭᠠᠬᠤ᠂ ᠬᠠᠮᠤᠭ ᠤᠨ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠶᠢ ᠵᠢᠭᠠᠵᠤ ᠪᠤᠶ᠃ | 24. ᠬᠠᠤᠯᠢ ᠪᠠᠷ ᠵᠠᠰᠠᠬᠤ ᠪᠠᠶᠢᠭᠤᠯᠤᠯᠲᠠ ᠶᠢᠨ ︽ᠨᠢᠭᠡ ᠲᠥᠯᠥᠪᠵᠢᠭᠦᠯᠭᠡ ᠬᠤᠶᠠᠷ ᠬᠥᠲᠥᠯᠪᠦᠷᠢ︾᠄ ︽ | ᠬᠠᠤᠯᠢ ᠪᠠᠷ ᠵᠠᠰᠠᠬᠤ ᠳᠤᠮᠳᠠᠳᠤ ᠤᠯᠤᠰ ᠤᠨ ᠪᠠᠶᠢᠭᠤᠯᠤᠯᠲᠠ ᠶᠢᠨ ᠲᠥᠯᠥᠪᠵᠢᠭᠦᠯᠭᠡ ︵2020 - 2025 ᠣᠨ︶ | ︾᠂ ︽ᠬᠠᠤᠯᠢ ᠪᠠᠷ ᠵᠠᠰᠠᠬᠤ ᠨᠡᠶᠢᠭᠡᠮ ᠤᠨ ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ ︵2020 - | 2025 ᠣᠨ︶︾᠂ ︽ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ | ᠬᠥᠲᠥᠯᠪᠦᠷᠢ ︵2021 - 2025 ᠣᠨ︶︾ ᠶᠢ ᠵᠢᠭᠠᠵᠤ ᠪᠣᠶ᠃ | |