ᠬᠤᠷᠠᠯ ᠤᠨ ᠲᠠᠶᠢᠯᠤᠮᠵᠢ᠄ 2024 ᠣᠨ ᠤ 4 ᠰᠠᠷ᠎ᠠ ᠶᠢᠨ 11 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂  ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠪᠦᠦ ᠯᠢᠶᠠᠨ ᠱᠠᠨ ᠨᠠᠢᠮᠠᠨ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ 34 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/6
      4 ᠰᠠᠷ᠎ᠠ ᠶᠢᠨ 11 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠪᠦᠦ ᠯᠢᠶᠠᠨ ᠱᠠᠨ ᠨᠠᠢᠮᠠᠨ ᠬᠤᠰᠢᠭᠤᠨ ᠤ ᠠᠷᠪᠠᠨ  ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ 34 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠬᠤ ᠪᠠ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠰᠦᠪ ᠢ ᠨᠡᠮᠡᠬᠦ ᠶᠢ ᠰᠤᠳᠤᠯᠵᠤ᠂ ︽︿ᠨᠠᠢᠮᠠᠨ ᠬᠤᠰᠢᠭᠤᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ﹀ ᠶᠢ ᠬᠡᠷᠡᠭᠵᠢᠭᠦᠯᠬᠦ ᠳᠤᠮᠳᠠ ᠬᠤᠭᠤᠴᠠᠭᠠᠨ ᠤ ᠦᠨᠡᠯᠡᠯᠲᠡ ᠶᠢᠨ ᠮᠡᠳᠡᠭᠦᠯᠦᠯᠲᠡ︾ ︽ᠨᠠᠢᠮᠠᠨ ᠬᠤᠰᠢᠭᠤᠨ ᠤ ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ ᠡᠭᠦᠷᠭᠡ ᠶᠢᠨ ᠨᠠᠷᠢᠨ ᠲᠠᠩᠰᠠ︾ ᠵᠡᠷᠭᠡ ᠵᠦᠢᠯᠡᠰ ᠢ ᠬᠢᠨᠠᠨ ᠵᠥᠪᠯᠡᠪᠡ᠃          ᠬᠤᠷᠠᠯ ᠠᠴᠠ᠂ ᠠᠷᠠᠳ ᠤᠨ ᠲᠥᠯᠥᠭᠡ ᠭᠡᠬᠦ ᠵᠣᠷᠢᠯᠲᠠ ᠶᠢ ᠪᠠᠲᠤ ᠪᠤᠢ ᠪᠣᠯᠭᠠᠵᠤ᠂ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠢ ᠴᠢᠩᠭ᠎ᠠ ᠠᠩᠬᠠᠷᠴᠤ᠂ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ ᠪᠠᠨ ᠴᠢᠩᠭᠠᠳᠬᠠᠵᠤ᠂ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠡᠮᠦᠨᠡᠬᠢ ᠬᠤᠭᠤᠴᠠᠭᠠᠨ ᠤ ᠠᠵᠢᠯ ᠢ ᠨᠠᠷᠢᠨ ᠬᠢᠨᠠᠮᠠᠭᠠᠢ ᠥᠷᠨᠢᠭᠦᠯᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠳᠤᠲᠠᠭᠤᠳᠠᠯ ᠪᠠᠭᠤᠷᠠᠢ ᠲᠠᠯ᠎ᠠ ᠪᠠᠨ ᠤᠯᠠᠮ ᠴᠢᠨᠠᠭᠰᠢᠳᠠ ᠨᠥᠬᠦᠪᠥᠷᠢᠯᠡᠵᠦ᠂ ᠰᠠᠭᠤᠭᠠᠯᠢ ᠠᠷᠠᠳ ᠤᠨ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ  ᠭᠡᠵᠦ ᠴᠢᠩᠭᠠᠳᠬᠠᠪᠠ᠃       ᠬᠤᠷᠠᠯ ᠠᠴᠠ᠂ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠠᠵᠢᠯ ᠤᠨ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠪᠣᠯᠤᠨ ᠤᠨᠴᠠᠯᠢᠬᠳᠤ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠵᠤ᠂ ᠰᠠᠨᠠᠯ ᠰᠠᠨᠠᠭᠤᠯᠭ᠎ᠠ ᠶᠢ ᠬᠤᠷᠢᠶᠠᠩᠭᠤᠶᠢᠯᠠᠨ ᠡᠮᠬᠢᠯᠡᠬᠦ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠢᠯᠡᠳᠬᠡᠯ ᠳᠤ ᠭᠦᠢᠴᠡᠳ ᠰᠢᠩᠭᠡᠭᠡᠨ ᠠᠪᠬᠤ ᠪᠥᠭᠡᠳ ᠠᠭᠤᠰᠤᠯᠴᠠᠭᠤᠯᠵᠤ᠂ ᠠᠷᠠᠳ ᠤᠨ ᠲᠥᠯᠥᠭᠡ ᠪᠣᠳᠠᠲᠠᠢ ᠶᠢ ᠡᠷᠬᠢᠮᠯᠡᠭᠰᠡᠨ᠂ ᠵᠠᠮ ᠨᠡᠭᠡᠭᠡᠨ ᠤᠷᠤᠭᠰᠢᠯᠠᠭᠰᠠᠨ ᠴᠢᠨᠠᠷ ᠰᠠᠶᠢᠲᠠᠢ ᠮᠡᠳᠡᠭᠦᠯᠦᠯᠲᠡ ᠶᠢ ᠪᠦᠷᠢᠯᠳᠦᠭᠦᠯᠬᠦ ᠬᠡᠷᠡᠭᠲᠡᠢ ᠭᠡᠵᠦ ᠴᠢᠩᠭᠠᠳᠬᠠᠪᠠ᠃       ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠬᠠᠷᠠᠯᠲᠠ ᠡᠭᠦᠷᠭᠡ ᠪᠠᠨ ᠴᠢᠩᠭ᠎ᠠ ᠲᠣᠭᠲᠠᠭᠠᠵᠤ᠂ ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠢ ᠠᠮᠵᠢᠵᠤ᠂ ᠬᠥᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠲᠦᠷᠦ ᠶᠢᠨ ᠪᠤᠳᠤᠯᠭ᠎ᠠ ᠶᠢᠨ ᠠᠰᠢᠭ ᠢ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠩᠭᠠᠳᠬᠠᠪᠠ᠃       ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠨᠠᠢᠮᠠᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06000874号