ᠣᠶᠢᠷ᠎ᠠ ᠶᠢᠨ ᠡᠳᠦᠷ᠂ ᠪᠠᠶᠢᠰᠢᠩᠲᠤ ᠪᠠᠯᠭᠠᠰᠤ ᠫᠢᠩ ᠠᠨ ᠳ᠋ᠢ ᠲᠣᠰᠬᠤᠨ ᠪᠠ ᠨᠡᠶᠢᠭᠡᠮ ᠲᠣᠭᠤᠷᠢᠭ ᠲᠤ | ᠣᠯᠣᠰᠤᠨ ᠳᠡᠭᠡᠰᠦ ᠨᠡᠬᠡᠬᠦ ᠪᠣᠯᠪᠠᠰᠤᠷᠠᠯ ᠤᠨ ᠠᠩᠭᠢ ᠡᠷᠭᠢᠯᠡᠪᠡ᠃ ᠪᠣᠯᠪᠠᠰᠤᠷᠠᠯ ᠢ ᠪᠠᠶᠢᠰᠢᠩᠲᠤ ᠪᠠᠯᠭᠠᠰᠤᠨ ᠤ | ᠡᠮᠡᠭᠲᠡᠶᠢᠴᠦᠳ ᠤᠨ ᠬᠤᠯᠪᠣᠭᠠᠲᠤ ᠬᠤᠷᠠᠯ ᠠᠴᠠ ᠵᠣᠬᠢᠶᠠᠨ ᠪᠠᠶᠢᠭᠤᠯᠵᠤ᠂ ᠰᠢᠯᠢᠳᠡᠭ ᠭᠠᠷ ᠨᠡᠬᠡᠮᠡᠯ ᠤᠨ ᠪᠠᠭᠰᠢ ᠶᠢ | ᠤᠷᠢᠵᠤ ᠣᠯᠣᠰᠤᠨ ᠳᠡᠭᠡᠰᠦ ᠨᠡᠬᠡᠬᠦ ᠤᠷ᠎ᠠ ᠮᠡᠷᠭᠡᠵᠢᠯ ᠢ ᠤᠯᠠᠮᠵᠢᠯᠠᠪᠠ᠃ ᠪᠣᠯᠪᠠᠰᠤᠷᠠᠯ ᠨᠢ ᠲᠥᠪᠯᠡᠷᠡᠭᠦᠯᠦᠨ | ᠬᠢᠴᠢᠶᠡᠯᠯᠡᠬᠦ᠂ ᠲᠤᠬᠠᠶ ᠶᠢᠨ ᠲᠠᠯᠠᠪᠤᠷ ᠲᠤ ᠵᠢᠱᠢᠶ᠎ᠡ ᠦᠵᠡᠭᠦᠯᠬᠦ ᠵᠡᠷᠭᠡ ᠣᠯᠠᠨ ᠵᠦᠢᠯ ᠤᠨ ᠵᠢᠭᠠᠨ ᠰᠤᠷᠭᠠᠬᠤ ᠠᠷᠭ᠎ᠠ | ᠮᠠᠶ᠋ᠢᠭ ᠢ ᠠᠪᠴᠤ᠂ ᠰᠤᠷᠤᠭᠴᠢᠳ ᠲᠤ ᠭᠠᠷ ᠢᠶᠠᠷ ᠰᠦᠯᠵᠢᠮᠡᠯ ᠨᠡᠬᠡᠮᠡᠯ ᠤᠨ ᠦᠢᠯᠡᠳᠭᠦᠨ ᠤ ᠥᠩᠭᠡ ᠪᠤᠳᠤᠭ | ᠲᠣᠬᠢᠷᠠᠭᠤᠯᠬᠤ᠂ ᠨᠡᠬᠡᠬᠦ ᠮᠠᠲ᠋ᠧᠷᠢᠶᠠᠯ ᠤᠨ ᠲᠥᠷᠥᠯ ᠵᠦᠢᠯ ᠤᠨ ᠰᠣᠩᠭᠤᠯᠲᠠ ᠵᠢᠴᠢ ᠭᠠᠷ ᠢᠶᠠᠷ ᠰᠦᠯᠵᠢᠮᠡᠯ | ᠨᠡᠬᠡᠮᠡᠯ ᠤᠨ ᠦᠨᠳᠦᠰᠦᠨ ᠮᠡᠷᠭᠡᠵᠢᠯ ᠪᠠ ᠠᠩᠬᠠᠷᠬᠤ ᠵᠦᠢᠯᠡᠰ ᠵᠡᠷᠭᠡ ᠠᠭᠤᠯᠭ᠎ᠠ ᠶᠢ ᠲᠠᠶᠢᠯᠪᠤᠷᠢᠯᠠᠨ ᠥᠭᠴᠦ᠂ | ᠰᠤᠷᠤᠭᠴᠢᠳ ᠢ ᠵᠢᠯᠣᠭᠤᠳᠤᠨ ᠪᠣᠳᠠᠲᠠᠶ ᠠᠵᠢᠯᠯᠠᠭᠤᠯᠵᠤ᠂ ᠰᠤᠷᠤᠭᠴᠢ ᠨᠢᠭᠡᠪᠦᠷᠢ ᠶᠢᠨ ᠰᠤᠷᠴᠤ ᠤᠶᠢᠯᠭᠠᠬᠤ ᠶᠢ | ᠦᠨᠡᠨᠬᠦ ᠪᠠᠲᠤᠯᠠᠵᠤ᠂ ᠨᠢᠭᠡ ᠵᠦᠢᠯ ᠤᠨ ᠤᠷ᠎ᠠ ᠴᠢᠳᠠᠪᠤᠷᠢ ᠶᠢ ᠦᠨᠡᠨ ᠪᠣᠳᠠᠲᠠᠶ ᠪᠠᠷ ᠡᠵᠡᠮᠰᠢᠭᠦᠯᠵᠦ᠂ ᠠᠵᠢᠯ ᠣᠯᠬᠤ | ᠴᠢᠳᠠᠪᠤᠷᠢ ᠶᠢ ᠳᠡᠭᠡᠭᠰᠢᠯᠡᠭᠦᠯᠪᠡ᠃ ᠡᠯ᠎ᠡ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠭᠠᠷ ᠤᠷᠠᠯᠠᠯ ᠤᠨ | ᠳᠤᠷ᠎ᠠ ᠪᠠᠭ᠋ᠠᠲᠠᠶ ᠬᠥᠮᠦᠰ ᠨᠡᠶᠢᠲᠡ 50 ᠭᠠᠷᠤᠶ ᠬᠥᠮᠦᠨ ᠪᠣᠯᠪᠠᠰᠤᠷᠠᠯ ᠳᠤ ᠣᠷᠣᠯᠴᠠᠪᠠ᠃ | | | |