1 ᠰᠠᠷ᠎ᠠ ᠶᠢᠨ 10 ᠤ ᠡᠳᠦᠷ᠂ ᠲᠦᠩᠯᠢᠶᠣᠤ ᠶᠢᠨ ᠨᠠᠢᠮᠠᠨ ᠤ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠪᠠᠶᠢᠴᠠᠭᠠᠬᠤ ᠳᠤᠭᠤᠶᠢᠯᠠᠩ ᠬᠠᠢ ᠴᠤᠸᠠᠩ ᠰᠢᠨᠵᠢᠯᠡᠬᠦ ᠤᠬᠠᠭᠠᠨ | ᠮᠡᠷᠭᠡᠵᠢᠯ ᠤᠨ ᠺᠣᠮᠫᠠᠨᠢ᠂ ᠾᠧ ᠢ ᠨᠢᠺᠧᠯ ᠾᠷᠣᠮ ᠤᠨ ᠺᠣᠮᠫᠠᠨᠢ ᠵᠡᠷᠭᠡ ᠠᠵᠤ ᠠᠬᠤᠶᠢᠯᠠᠯ ᠳᠤ ᠭᠦᠨᠵᠡᠭᠡᠶᠢᠷᠡᠨ | ᠠᠶᠤᠯᠭᠦᠢ ᠦᠢᠯᠡᠳᠪᠦᠷᠢᠯᠡᠯ ᠤᠨ ᠠᠵᠢᠯ ᠢ ᠲᠤᠬᠠᠢ ᠶᠢᠨ ᠭᠠᠵᠠᠷ ᠲᠤᠨᠢ ᠱᠠᠯᠠᠪᠳᠠᠭᠤᠯᠤᠨ ᠵᠢᠯᠣᠭᠤᠳᠪᠠ᠃ | ᠪᠠᠶᠢᠴᠠᠭᠠᠬᠤ ᠳᠤᠭᠤᠶᠢᠯᠠᠩ ᠤᠨ ᠬᠢᠨ ᠲᠤᠬᠠᠢ ᠶᠢᠨ ᠲᠠᠯᠠᠪᠠᠢ ᠳᠤ ᠪᠠᠶᠢᠴᠠᠭᠠᠬᠤ᠂ ᠮᠠᠲ᠋ᠧᠷᠢᠶᠠᠯ ᠢ ᠪᠠᠶᠢᠴᠠᠭᠠᠨ ᠦᠵᠡᠬᠦ᠂ | ᠶᠠᠷᠢᠯᠴᠠᠨ ᠣᠶᠢᠯᠠᠭᠠᠬᠤ ᠬᠡᠯᠪᠡᠷᠢ ᠪᠠᠷ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ | ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ᠂ ᠭᠠᠯ ᠤᠨᠲᠠᠷᠠᠭᠠᠬᠤ ᠠᠮᠤᠷ | ᠲᠦᠪᠰᠢᠨ᠂ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠬᠠᠮᠢᠶᠠᠷᠤᠯᠲᠠ ᠵᠡᠷᠭᠡ ᠠᠵᠢᠯ ᠢ ᠥᠷᠨᠢᠭᠦᠯᠵᠦ | ᠪᠠᠶᠢᠭ᠎ᠠ ᠪᠠᠶᠢᠳᠠᠯ ᠢ ᠪᠠᠶᠢᠴᠠᠭᠠᠨ ᠦᠵᠡᠵᠦ᠂ ᠠᠵᠢᠯᠯᠠᠵᠤ ᠪᠠᠶᠢᠭ᠎ᠠ ᠬᠥᠮᠦᠰ ᠤᠨ ᠠᠮᠤᠷ ᠲᠦᠪᠰᠢᠨ ᠤ ᠬᠥᠮᠦᠵᠢᠯ | ᠪᠣᠯᠪᠠᠰᠤᠷᠠᠯ᠂ ᠬᠦᠨᠳᠦ ᠶᠡᠭᠡ ᠠᠳᠡᠯ ᠤᠨ ᠬᠡᠮ ᠰᠣᠭᠤᠭ ᠢ ᠬᠥᠳᠡᠯᠦᠩᠭᠦᠢ ᠪᠠᠷ ᠪᠠᠶᠢᠴᠠᠭᠠᠵᠤ ᠴᠡᠭᠴᠡᠯᠡᠨ ᠵᠠᠰᠠᠬᠤ᠂ | ᠣᠨᠴᠠᠭᠠᠢ ᠠᠵᠢᠯ ᠢ ᠬᠢᠨᠠᠨ ᠵᠥᠪᠰᠢᠶᠡᠷᠡᠬᠦ ᠵᠢᠴᠢ ᠣᠨᠴᠠ ᠲᠦᠷᠦᠯ ᠤᠨ ᠠᠵᠢᠯᠯᠠᠭᠴᠢ ᠶᠢᠨ ᠦᠨᠡᠮᠯᠡᠯ ᠲᠠᠢ ᠪᠠᠷ | ᠠᠵᠢᠯ ᠤᠨ ᠪᠠᠶᠢᠷᠢ ᠳᠤ ᠭᠠᠷᠬᠤ᠂ ᠭᠠᠯ ᠤᠨ ᠠᠶᠤᠯ ᠢ ᠰᠡᠷᠭᠡᠶᠢᠯᠡᠬᠦ ᠪᠠ ᠴᠠᠬᠢᠯᠭᠠᠨ ᠬᠥᠳᠡᠯᠭᠡᠭᠦᠷᠲᠦ ᠲᠡᠷᠭᠡᠨ ᠤ | ᠬᠠᠮᠢᠶᠠᠷᠤᠯᠲᠠ᠂ ᠭᠤᠣᠯ ᠬᠠᠷᠢᠭᠤᠴᠠᠯᠭᠠᠲᠠᠨ ᠲᠤᠬᠠᠢ ᠶᠢᠨ ᠲᠠᠯᠠᠪᠠᠢ ᠳᠤ ᠪᠦᠯᠬᠦᠮ ᠳᠠᠭᠠᠭᠤᠯᠤᠨ ᠭᠦᠢᠴᠡᠳᠬᠡᠭᠰᠡᠨ | ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ | ᠨᠠᠷᠢᠨ ᠣᠶᠢᠯᠠᠭᠠᠵᠤ᠂ ᠣᠳᠣᠬᠠᠨ ᠤ ᠪᠠ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠬᠤᠭᠤᠴᠠᠭᠠᠨ ᠳᠠᠬᠢ | ᠠᠶᠤᠯᠭᠦᠢ ᠦᠢᠯᠡᠳᠪᠦᠷᠢᠯᠡᠯ ᠤᠨ ᠠᠵᠢᠯ ᠤᠨ ᠴᠢᠬᠤᠯᠠ ᠴᠢᠨᠠᠷ ᠢ ᠴᠢᠬᠤᠯᠠᠴᠢᠯᠠᠵᠤ᠂ ᠠᠵᠤ ᠠᠬᠤᠶᠢᠯᠠᠯ ᠤᠨ | ᠬᠠᠷᠢᠭᠤᠴᠠᠯᠭᠠᠲᠠᠨ ᠪᠠ ᠠᠵᠢᠯᠲᠠᠳ ᠢ ᠱᠠᠯᠠᠪᠳᠠᠭᠤᠯᠤᠨ ᠠᠮᠤᠷ ᠲᠦᠪᠰᠢᠨ ᠤ ᠤᠬᠠᠮᠰᠠᠷ ᠢ ᠨᠢ ᠳᠡᠭᠡᠭᠰᠢᠯᠡᠭᠦᠯᠵᠦ᠂ | ᠡᠯ᠎ᠡ ᠵᠦᠢᠯ ᠤᠨ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠪᠠ᠃ | | | |