1 ᠰᠠᠷ᠎ᠠ ᠶᠢᠨ 13 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ | ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠢᠦᠶ ᠶᠦᠩ ᠴᠢᠩ ᠯᠦᠩ ᠱᠠᠨ ᠪᠠᠯᠭᠠᠰᠤᠨ ᠳᠤ ᠬᠦᠷᠴᠦ ᠠᠮᠲᠠᠲᠤ | ᠲᠥᠮᠥᠰᠥ ᠶᠢᠨ ᠠᠵᠤ ᠦᠢᠯᠡᠰ ᠤᠨ ᠲᠠᠷᠢᠶᠠᠯᠠᠩ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠵᠢᠱᠢᠶ᠎ᠡ | ᠦᠵᠡᠭᠦᠯᠬᠦ ᠲᠥᠷᠥᠯ ᠵᠦᠢᠯ ᠢ ᠪᠠᠶᠢᠴᠠᠭᠠᠨ ᠰᠤᠳᠤᠯᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠵᠠᠩ ᠬᠤᠩ ᠪᠢᠩ ᠪᠠᠶᠢᠴᠠᠭᠠᠨ ᠰᠤᠳᠤᠯᠤᠯᠲᠠ ᠳᠤ | ᠣᠷᠣᠯᠴᠠᠪᠠ᠃ | | | | | ᠢᠦᠶ ᠶᠦᠩ ᠤᠷᠢᠳ ᠬᠤᠵᠢᠳ ᠵᠥᠩ ᠱᠧᠩ ᠲᠦᠮᠦᠰᠦ ᠨᠥᠭᠡᠴᠡᠯᠡᠬᠦ ᠠᠷᠠᠯᠵᠢᠶᠠᠨ ᠤ ᠠᠵᠤ ᠦᠢᠯᠡᠰ ᠤᠨ | ᠬᠦᠷᠢᠶᠡᠯᠡᠩ᠂ ᠴᠢᠩ ᠯᠦᠩ ᠱᠠᠨ ᠸᠠ ᠵᠢᠭᠤᠯᠴᠢᠯᠠᠯ ᠤᠨ ᠣᠷᠣᠨ᠂ ᠮᠠᠨ ᠲᠦᠩ ᠲᠠᠷᠢᠶᠠᠯᠠᠩ ᠤᠨ | ᠪᠦᠲᠦᠭᠡᠭᠳᠡᠬᠦᠨ ᠤ ᠬᠢᠵᠠᠭᠠᠷᠲᠤ ᠺᠣᠮᠫᠠᠨᠢ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠴᠢᠩ ᠯᠦᠩ ᠱᠠᠨ | ᠪᠠᠯᠭᠠᠰᠤᠨ ᠤ ᠵᠠᠰᠠᠭ ᠤᠨ ᠣᠷᠳᠣᠨ ᠳᠤ ᠴᠢᠩ ᠯᠦᠩ ᠱᠠᠨ ᠪᠠᠯᠭᠠᠰᠤᠨ ᠤ ᠨᠠᠮ ᠵᠠᠰᠠᠭ ᠤᠨ ᠪᠠᠭ ᠤᠨ ᠪᠦᠷᠢᠯᠳᠦᠬᠦᠨ | ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠬᠤᠰᠢᠭᠤᠨ ᠤ ᠰᠢᠭᠤᠳ ᠬᠠᠷᠢᠶ᠎ᠠ | ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ᠂ ᠠᠵᠤ ᠠᠬᠤᠶᠢᠯᠠᠯ ᠤᠨ | ᠬᠠᠷᠢᠭᠤᠴᠠᠯᠭᠠᠲᠠᠨ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ | ᠶᠠᠷᠢᠯᠴᠠᠬᠤ ᠬᠤᠷᠠᠯ ᠳᠡᠭᠡᠷ᠎ᠡ᠂ ᠢᠦᠶ ᠶᠦᠩ ᠴᠢᠩ ᠯᠦᠩ ᠱᠠᠨ ᠪᠠᠯᠭᠠᠰᠤᠨ ᠤ ᠨᠠᠮ ᠵᠠᠰᠠᠭ ᠤᠨ ᠤᠳᠤᠷᠢᠳᠬᠤ | ᠪᠠᠭ ᠤᠨ ᠠᠮᠲᠠᠲᠤ ᠲᠥᠮᠥᠰᠥ ᠶᠢᠨ ᠠᠵᠤ ᠦᠢᠯᠡᠰ ᠤᠨ ᠲᠦᠯᠦᠪᠵᠢᠯᠡᠭᠡ ᠠᠬᠢᠭᠤᠯᠤᠯᠲᠠ ᠶᠢ ᠨᠤᠲᠠᠯᠠᠵᠠᠶ᠂ ᠲᠡᠷᠡ᠂ | ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ | ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠮᠥᠨ᠂ ᠨᠤᠲᠤᠭ ᠤᠨ ᠣᠨᠴᠠ ᠭᠠᠷᠤᠯᠲᠠ ᠶᠢᠨ ᠶᠡᠭᠡ ᠶᠠᠪᠤᠳᠠᠯ ᠢ | ᠰᠠᠶᠢᠲᠤᠷ ᠬᠢᠬᠦ ᠨᠢ ᠵᠠᠩᠭᠢᠯᠠᠭ᠎ᠠ ᠮᠦᠨ᠂ ᠮᠠᠨ ᠤ ᠬᠤᠰᠢᠭᠤᠨ ᠤ ᠠᠮᠲᠠᠲᠤ ᠲᠥᠮᠥᠰᠥ ᠶᠢᠨ ᠠᠵᠤ ᠦᠢᠯᠡᠰ ᠨᠢ ᠰᠠᠶᠢᠨ | ᠠᠵᠤ ᠦᠢᠯᠡᠰ ᠤᠨ ᠰᠠᠭᠤᠷᠢ ᠪᠠ ᠥᠷᠭᠡᠨ ᠠᠭᠤᠳᠠᠮ ᠵᠠᠬ᠎ᠠ ᠳᠡᠯᠭᠡᠭᠦᠷ ᠤᠨ ᠣᠷᠣᠨ ᠵᠠᠶ ᠲᠠᠢ ᠪᠠᠶᠢᠵᠤ᠂ ᠯᠤᠲᠤ ᠶᠡᠭᠡ | ᠨᠠᠷᠠᠲᠤ ᠲᠡᠮᠳᠡᠭᠲᠦ ᠶᠢᠨ ᠦᠨ᠎ᠡ ᠥᠷᠲᠡᠭ ᠲᠠᠢ ᠪᠠᠶᠢᠵᠤ᠂ ᠡᠷᠬᠡᠪᠰᠢ ᠰᠠᠶᠢᠲᠤᠷ ᠲᠥᠯᠥᠪᠵᠢᠭᠦᠯᠵᠦ᠂ ᠰᠠᠶᠢᠲᠤᠷ | ᠠᠰᠢᠭᠯᠠᠵᠤ᠂ ᠰᠠᠶᠢᠲᠤᠷ ᠪᠥᠲᠥᠭᠡᠨ ᠪᠠᠶᠢᠭᠤᠯᠬᠤ ᠬᠡᠷᠡᠭᠲᠡᠶ᠃ ᠠᠮᠲᠠᠲᠤ ᠲᠥᠮᠥᠰᠥ ᠶᠢᠨ ᠠᠵᠤ ᠦᠢᠯᠡᠰ ᠤᠨ | ᠲᠠᠷᠢᠶᠠᠯᠠᠩ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠪᠦᠬᠦᠯᠢ ᠴᠣᠭᠴᠠ ᠶᠢᠨ | ᠲᠥᠯᠥᠪᠵᠢᠭᠦᠯᠭᠡ ᠶᠢ ᠰᠠᠶᠢᠲᠤᠷ ᠠᠳᠬᠤᠵᠤ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠬᠡᠷᠬᠢᠨ | ᠪᠠᠶᠢᠷᠢᠰᠢᠭᠤᠯᠬᠤ᠂ ᠵᠢᠭᠤᠯᠴᠢᠯᠠᠯ ᠤᠨ ᠠᠵᠤ ᠦᠢᠯᠡᠰ ᠢ ᠬᠡᠷᠬᠢᠨ ᠬᠠᠮᠵᠢᠯᠴᠠᠨ ᠬᠥᠭᠵᠢᠭᠦᠯᠬᠦ ᠳᠤ ᠴᠥᠮ ᠨᠠᠷᠢᠨ | ᠲᠣᠳᠣᠷᠬᠠᠶ ᠲᠥᠯᠥᠪᠵᠢᠭᠦᠯᠭᠡ ᠪᠠ ᠱᠠᠲᠤ ᠦᠶ᠎ᠡ ᠶᠢᠨ ᠴᠢᠨᠠᠷᠲᠠᠶ ᠬᠠᠷᠠᠯᠲᠠ ᠲᠠᠢ ᠪᠠᠶᠢᠬᠤ ᠬᠡᠷᠡᠭᠲᠡᠶ᠃ ᠲᠠᠷᠢᠮᠠᠯ ᠤᠨ | ᠰᠠᠭᠤᠷᠢᠨ ᠭᠠᠵᠠᠷ ᠤᠨ ᠬᠡᠪᠴᠢᠶ᠎ᠡ ᠶᠢ ᠪᠤᠵᠠᠭᠠᠶᠢᠷᠠᠭᠤᠯᠵᠤ᠂ ᠬᠤᠤᠷ ᠦᠭᠡᠶᠢᠳᠡᠭᠦᠯᠦᠭᠰᠡᠨ ᠴᠢᠬᠢ ᠶᠢᠨ | ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠦᠨ᠂ ︽ᠵᠠᠬᠢᠶᠠᠯᠠᠭ᠎ᠠ ᠶᠢᠨ ᠮᠠᠶ᠋ᠢᠭ︾ ᠤᠨ ᠲᠠᠷᠢᠮᠠᠯ ᠤᠨ ᠵᠠᠭᠪᠤᠷ ᠢ | ᠶᠡᠬᠡᠪᠡᠷ ᠬᠥᠭᠵᠢᠭᠦᠯᠵᠦ᠂ ᠭᠠᠵᠠᠷ ᠰᠢᠷᠣᠶ ᠶᠢ ᠵᠣᠬᠢᠰᠲᠠᠶ ᠬᠡᠪᠴᠢᠶᠡᠵᠢᠭᠦᠯᠦᠨ ᠡᠵᠡᠩᠨᠡᠬᠦ ᠶᠢ ᠠᠬᠢᠭᠤᠯᠤᠨ᠂ ᠠᠮᠲᠠᠲᠤ | ᠲᠥᠮᠥᠰᠥ ᠶᠢᠨ ᠤᠨᠠᠯᠲᠠ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ ᠬᠡᠷᠡᠭᠴᠡᠭᠡ ᠶᠢ | ᠬᠠᠩᠭᠠᠵᠤ᠂ ᠵᠠᠬ᠎ᠠ ᠳᠡᠯᠭᠡᠭᠦᠷ ᠤᠨ ᠵᠢᠱᠢᠯᠲᠡ ᠶᠢ ᠲᠣᠭᠲᠠᠪᠤᠷᠢᠵᠢᠭᠤᠯᠤᠨ᠂ ᠲᠠᠷᠢᠮᠠᠯ ᠤᠨ ᠰᠠᠭᠤᠷᠢᠨ ᠭᠠᠵᠠᠷ ᠤᠨ | ᠪᠥᠲᠥᠭᠡᠨ ᠪᠠᠶᠢᠭᠤᠯᠤᠯᠲᠠ ᠬᠢᠭᠡᠳ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠶᠢᠨ ᠰᠠᠶᠢᠨ ᠰᠠᠶᠢᠬᠠᠨ ᠬᠤᠷᠰᠢᠯᠴᠠᠭ᠎ᠠ ᠶᠢ | ᠪᠡᠶᠡᠯᠡᠭᠦᠯᠬᠦ ᠬᠡᠷᠡᠭᠲᠡᠶ᠃ ᠦᠢᠯᠡᠳᠬᠦᠨ ᠤ ᠨᠡᠮᠡᠯᠲᠡ ᠦᠷᠳᠡᠭ ᠪᠣᠯᠤᠨ ᠲᠦᠷᠦᠯ ᠲᠡᠮᠳᠡᠭ ᠢ ᠡᠭᠦᠳᠬᠦ ᠳᠤ | ᠠᠩᠬᠠᠷᠤᠯ ᠢᠶᠠᠨ ᠲᠥᠪᠯᠡᠷᠡᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠯᠤᠭ᠎ᠠ ᠶᠢᠨ | ᠬᠠᠷᠢᠯᠴᠠᠭ᠎ᠠ ᠪᠠᠨ ᠨᠢᠭᠲᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠣᠷᠣᠭᠤᠯᠤᠯᠲᠠ ᠪᠣᠯᠤᠨ ᠤᠷ᠎ᠠ | ᠴᠢᠳᠠᠪᠤᠷᠢ ᠶᠢᠨ ᠪᠣᠯᠪᠠᠰᠤᠷᠠᠯ ᠤᠨ ᠡᠷᠴᠢᠮ ᠢᠶᠠᠨ ᠴᠢᠩᠭᠠᠷᠠᠭᠤᠯᠵᠤ᠂ ᠠᠮᠲᠠᠲᠤ ᠲᠥᠮᠥᠰᠥ ᠶᠢᠨ ᠠᠵᠤ ᠦᠢᠯᠡᠰ ᠤᠨ | ᠵᠣᠬᠢᠶᠠᠨ ᠪᠠᠶᠢᠭᠤᠯᠤᠯᠴᠠᠭᠰᠠᠨ᠂ ᠲᠤᠰᠬᠠᠶᠢᠵᠢᠭᠰᠠᠨ᠂ ᠲᠦᠷᠦᠯ ᠲᠡᠮᠳᠡᠭᠵᠢᠭᠰᠡᠨ ᠬᠥᠭᠵᠢᠯᠲᠡ ᠶᠢ ᠠᠬᠢᠭᠤᠯᠬᠤ | ᠬᠡᠷᠡᠭᠲᠡᠢ᠃ ᠳᠠᠭᠠᠭᠤᠯᠤᠭᠴᠢ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠵᠦ᠂ ᠳᠠᠭᠠᠭᠤᠯᠤᠭᠴᠢ ᠠᠵᠤ | ᠠᠬᠤᠶᠢᠯᠠᠯ ᠤᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠲᠠᠷᠢᠶᠠᠯᠠᠩ ᠯᠤᠭ᠎ᠠ ᠬᠤᠯᠪᠣᠭᠠᠯᠠᠵᠤ | ᠲᠠᠷᠢᠶᠠᠯᠠᠩ ᠢ ᠳᠠᠶᠢᠴᠢᠯᠠᠬᠤ ᠠᠰᠢᠭ ᠲᠤᠰᠠ ᠶᠢ ᠬᠤᠯᠪᠣᠬᠤ ᠲᠣᠭᠲᠠᠴᠠ ᠶᠢ ᠪᠦᠷᠢᠨᠰᠢᠭᠦᠯᠵᠦ᠂ ᠲᠠᠷᠢᠶᠠᠴᠢᠨ | ᠡᠷᠦᠬᠡ ᠶᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠬᠦ ᠮᠥᠷᠲᠡᠭᠡᠨ ᠪᠠᠰᠠ ᠬᠠᠮᠲᠤ ᠶᠢᠨ ᠠᠵᠤ ᠠᠬᠤᠶ ᠶᠢᠨ | ᠦᠷᠭᠦᠯᠵᠢᠯᠡᠨ ᠬᠥᠭᠵᠢᠬᠦ ᠶᠢ ᠠᠬᠢᠭᠤᠯᠵᠤ᠂ ᠠᠮᠲᠠᠲᠤ ᠲᠥᠮᠥᠰᠥ ᠶᠢᠨ ᠠᠵᠤ ᠦᠢᠯᠡᠰ ᠢ ᠠᠷᠠᠳ ᠢ ᠪᠠᠶᠠᠵᠢᠭᠤᠯᠬᠤ | ᠠᠵᠤ ᠦᠢᠯᠡᠰ᠂ ᠬᠤᠰᠢᠭᠤ ᠪᠠᠨ ᠬᠦᠴᠦᠷᠬᠡᠭᠵᠢᠭᠦᠯᠬᠦ ᠠᠵᠤ ᠦᠢᠯᠡᠰ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃ |