1 ᠰᠠᠷ᠎ᠠ ᠶᠢᠨ 14 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ | ᠣᠷᠳᠣᠨ ᠤ ᠬᠤᠰᠢᠭᠤᠨ ᠳᠠᠷᠤᠭ᠎ᠠ ᠢᠦᠶ ᠶᠦᠩ ᠲᠣᠮᠣ ᠳ᠋ᠠᠶᠢᠲ᠋ᠠ ᠶᠢᠨ ᠲᠥᠪ ᠲᠤ ᠬᠦᠷᠴᠦ ᠲᠣᠮᠣ ᠳ᠋ᠠᠶᠢᠲ᠋ᠠ ᠶᠢᠨ | ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠦ᠂ ᠬᠤᠰᠢᠭᠤᠨ ᠤ ᠵᠠᠰᠠᠭ ᠤᠨ | ᠣᠷᠳᠣᠨ ᠤ ᠳᠡᠳ᠋ ᠬᠤᠰᠢᠭᠤᠨ ᠳᠠᠷᠤᠭ᠎ᠠ ᠵᠠᠩ ᠶᠦᠩ ᠴᠢᠤᠸᠠᠨ ᠣᠷᠣᠯᠴᠠᠵᠠᠶ᠃ ᠢᠦᠶ ᠶᠦᠩ ᠤᠷᠢᠳ ᠬᠤᠵᠢᠳ | ᠲᠣᠮᠣ ᠳ᠋ᠠᠶᠢᠲ᠋ᠠ ᠶᠢᠨ ᠡᠭᠦᠯᠡᠨ ᠪᠤᠳᠤᠯᠲᠠ ᠶᠢᠨ ᠲᠥᠪ᠂ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠰᠤᠷᠭᠠᠨ ᠬᠥᠮᠦᠵᠢᠯ ᠤᠨ ᠰᠠᠭᠤᠷᠢᠨ ᠭᠠᠵᠠᠷ᠂ ᠵᠠᠰᠠᠭ ᠤᠨ ᠶᠠᠪᠤᠳᠠᠯ ᠤᠨ ᠡᠭᠦᠯᠡᠨ ᠮᠠᠰᠢᠨ ᠤ | ᠲᠠᠰᠤᠭ᠂ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠲᠥᠪ᠂ ᠵᠠᠰᠠᠭ ᠤᠨ ᠶᠠᠪᠤᠳᠠᠯ ᠤᠨ ᠰᠦᠯᠵᠢᠶᠡᠨ ᠤ ᠬᠢᠨᠠᠨ | ᠬᠡᠮᠵᠢᠬᠦ ᠲᠠᠪᠴᠠᠩ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠲᠣᠮᠣ ᠳ᠋ᠠᠶᠢᠲ᠋ᠠ ᠶᠢᠨ ᠲᠥᠪ ᠲᠤ ᠶᠠᠷᠢᠯᠴᠠᠬᠤ | ᠬᠤᠷᠠᠯ ᠬᠤᠷᠠᠯᠳᠤᠭᠤᠯᠪᠠ᠃ | | | | | ᠬᠤᠷᠠᠯ ᠳᠡᠭᠡᠷ᠎ᠡ᠂ ᠢᠦᠢ ᠶᠦᠩ ᠪᠦᠬᠦ ᠬᠤᠰᠢᠭᠤᠨ ᠤ ᠲᠤᠮᠤ ᠳ᠋ᠠᠶᠢᠲ᠋ᠠ ᠶᠢᠨ ᠲᠠᠪᠴᠠᠩ ᠤᠨ ᠪᠠᠶᠢᠭᠤᠯᠤᠯᠲᠠ | ᠪᠣᠯᠤᠨ ᠬᠡᠷᠡᠭᠯᠡᠯᠲᠡ ᠶᠢᠨ ᠪᠠᠶᠢᠳᠠᠯ ᠢ ᠨᠠᠷᠢᠨ ᠣᠶᠢᠯᠠᠭᠠᠵᠤ᠂ ᠲᠤᠮᠤ ᠳ᠋ᠠᠶᠢᠲ᠋ᠠ ᠶᠢᠨ ᠠᠵᠤ ᠦᠢᠯᠡᠰ ᠤᠨ | ᠬᠥᠭᠵᠢᠯᠲᠡ ᠶᠢᠨ ᠲᠥᠯᠥᠪᠵᠢᠭᠦᠯᠭᠡ ᠶᠢ ᠭᠦᠨᠵᠡᠭᠡᠢ ᠰᠠᠶᠢᠲᠤᠷ ᠬᠢᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ | ᠲᠥᠯᠥᠪᠵᠢᠭᠦᠯᠭᠡ ᠶᠢ ᠤᠷᠢᠳᠴᠢᠯᠠᠨ ᠲᠥᠯᠥᠪᠵᠢᠭᠦᠯᠦᠨ ᠪᠠᠶᠢᠷᠢᠰᠢᠭᠤᠯᠵᠤ᠂ ᠳᠡᠭᠡᠳᠦ ᠱᠠᠲᠤᠨ ᠤ ᠲᠦᠷᠦ ᠶᠢᠨ | ᠪᠤᠳᠤᠯᠭ᠎ᠠ ᠪᠡᠯᠡ ᠮᠥᠩᠭᠦ ᠶᠢᠨ ᠳᠡᠮᠵᠢᠯᠭᠡ ᠶᠢ ᠲᠡᠮᠡᠴᠡᠨ ᠤᠯᠬᠤ ᠳᠤ ᠭᠦᠢᠴᠡᠳ ᠪᠡᠯᠡᠳᠬᠡᠯ ᠬᠢᠬᠦ ᠬᠡᠷᠡᠭᠲᠡᠢ᠃ ᠲᠤᠭ᠎ᠠ | ᠪᠠᠷᠢᠮᠲᠠ ᠶᠢ ᠨᠠᠷᠢᠯᠢᠭ ᠣᠨᠣᠴᠠᠲᠠᠶ ᠪᠠᠷ ᠴᠤᠭᠯᠠᠭᠤᠯᠵᠤ᠂ ᠲᠤᠭ᠎ᠠ ᠪᠠᠷᠢᠮᠲᠠ ᠶᠢ ᠡᠮᠬᠢᠯᠡᠨ ᠨᠡᠶᠢᠯᠡᠭᠦᠯᠬᠦ ᠪᠠ | ᠬᠡᠷᠡᠭᠯᠡᠬᠦ ᠶᠢ ᠢᠳᠡᠪᠬᠢᠲᠡᠶ ᠳᠥᠯᠭᠢᠨ ᠠᠬᠢᠭᠤᠯᠵᠤ᠂ ᠲᠣᠭᠠᠴᠢᠯᠠᠭᠰᠠᠨ ᠣᠶᠢᠯᠠᠭᠠᠭᠳᠠᠬᠤᠨ ᠢ ᠠᠷᠠᠳ ᠤᠨ ᠠᠮᠢᠳᠤᠷᠠᠯ᠂ | ᠵᠠᠰᠠᠭ ᠤᠨ ᠶᠠᠪᠤᠳᠠᠯ᠂ ᠪᠠᠴᠢᠮ ᠪᠠᠶᠢᠳᠠᠯ ᠢ ᠠᠷᠭᠠᠴᠠᠬᠤ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ | ᠵᠡᠷᠭᠡ ᠡᠯ᠎ᠡ ᠭᠤᠭᠴᠤᠭ᠎ᠠ ᠳᠤ ᠦᠨᠡᠨᠬᠦ ᠲᠤᠭᠤᠰᠢᠯᠠᠭᠤᠯᠵᠤ᠂ ᠲᠣᠭᠠᠴᠢᠯᠠᠭᠰᠠᠨ ᠵᠠᠰᠠᠭ ᠤᠨ ᠣᠷᠳᠣᠨ᠂ ᠤᠶᠤᠨᠲᠤ | ᠬᠤᠲᠠ ᠶᠢᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂ ᠵᠠᠰᠠᠭ ᠵᠠᠬᠢᠷᠭᠠᠨ ᠤ | ᠦᠷ᠎ᠡ ᠪᠦᠲᠦᠮᠵᠢ ᠪᠠ ᠬᠠᠮᠢᠶᠠᠷᠤᠯᠲᠠ ᠶᠢᠨ ᠦᠢᠯᠡᠳᠦᠯ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ | ᠵᠥᠭᠡᠯᠡᠨ ᠬᠠᠲᠠᠭᠤ ᠬᠡᠷᠡᠭᠰᠡᠯ ᠤᠨ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠲᠣᠮᠣ ᠳ᠋ᠠᠶᠢᠲ᠋ᠠ ᠶᠢᠨ | ᠡᠵᠡᠩᠨᠡᠯᠲᠡ ᠬᠠᠮᠢᠶᠠᠷᠤᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠲᠦᠷᠭᠡᠳᠬᠡᠨ᠂ ᠲᠤᠰᠬᠠᠶ ᠮᠡᠷᠭᠡᠵᠢᠯ ᠤᠨ | ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠳᠬᠠᠵᠤ᠂ ᠰᠠᠯᠠᠭ᠎ᠠ ᠮᠥᠴᠢᠷ ᠤᠨ ᠬᠤᠭᠤᠷᠣᠨᠳᠣᠬᠢ ᠵᠣᠬᠢᠴᠠᠯᠳᠤᠨ | ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠨ᠂ ᠨᠠᠩ ᠥᠨᠳᠥᠷ ᠬᠢᠷᠢ ᠲᠦᠪᠰᠢᠨ ᠪᠥᠬᠦᠶ ᠡᠬᠢ ᠪᠠᠶᠠᠯᠢᠭ ᠢ ᠡᠮᠬᠢᠯᠡᠨ | ᠨᠡᠶᠢᠯᠡᠭᠦᠯᠬᠦ ᠪᠠ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ᠃ ᠲᠣᠭᠠᠴᠢᠯᠠᠭᠰᠠᠨ | ᠬᠤᠳᠠ ᠶᠢᠨ ᠬᠠᠮᠢᠶᠠᠷᠤᠯᠲᠠ ᠶᠢᠨ ᠴᠢᠳᠠᠪᠬᠢ ᠶᠢ ᠲᠠᠰᠤᠷᠠᠯᠲᠠ ᠦᠭᠡᠢ ᠴᠢᠩᠭᠠᠳᠬᠠᠵᠤ᠂ ᠲᠣᠭᠠᠴᠢᠯᠠᠭᠰᠠᠨ ᠵᠠᠰᠠᠭ ᠤᠨ | ᠣᠷᠳᠣᠨ ᠤ ᠪᠠᠶᠢᠭᠤᠯᠤᠯᠲᠠ ᠪᠣᠯᠤᠨ ᠦᠨᠳᠦᠰᠦᠨ ᠱᠠᠲᠤᠨ ᠤ ᠵᠠᠰᠠᠯᠲᠠ ᠶᠢᠨ ᠭᠦᠨᠵᠡᠭᠡᠢ ᠠᠭᠤᠰᠤᠯᠴᠠᠯ ᠢ | ᠲᠦᠷᠭᠡᠳᠬᠡᠨ ᠠᠬᠢᠭᠤᠯᠵᠤ᠂ ᠦᠢᠯᠡᠴᠢᠯᠡᠭᠡᠨ ᠤ ᠴᠢᠳᠠᠪᠤᠷᠢ ᠪᠠᠷ ᠨᠡᠩ ᠴᠢᠩᠭ᠎ᠠ᠂ ᠲᠤᠯᠭᠠᠭᠤᠷᠢᠯᠠᠬᠤ ᠡᠷᠴᠢᠮ ᠢᠶᠠᠷ | ᠨᠡᠩ ᠶᠡᠭᠡ ᠤᠶᠤᠨᠲᠤ ᠬᠤᠳᠠ ᠶᠢ ᠴᠢᠷᠮᠠᠶᠢᠨ ᠪᠠᠶᠢᠭᠤᠯᠬᠤ ᠬᠡᠷᠡᠭᠲᠡᠢ᠃ ᠲᠣᠭᠠᠴᠢᠯᠠᠭᠰᠠᠨ ᠠᠵᠤ ᠠᠬᠤᠢ ᠶᠢᠨ | ᠬᠦᠷᠢᠶᠡᠨ ᠤ ᠲᠦᠷᠦᠭᠦᠦ ᠠᠵᠤ ᠠᠬᠤᠶᠢᠯᠠᠯ ᠢ ᠶᠡᠬᠡᠪᠡᠷ ᠣᠷᠣᠭᠤᠯᠤᠨ ᠠᠪᠴᠢᠷᠠᠵᠤ᠂ ᠲᠣᠭᠠᠴᠢᠯᠠᠭᠰᠠᠨ ᠠᠵᠤ | ᠦᠢᠯᠡᠰᠵᠢᠯᠲᠡ᠂ ᠠᠵᠤ ᠦᠢᠯᠡᠰ ᠤᠨ ᠲᠣᠭᠠᠴᠢᠯᠠᠭᠰᠠᠨ ᠬᠥᠭᠵᠢᠯᠲᠡ ᠶᠢ ᠲᠦᠷᠭᠡᠳᠬᠡᠵᠦ᠂ ᠠᠵᠤ ᠠᠬᠤᠢ ᠶᠢᠨ | ᠨᠡᠮᠡᠭᠳᠡᠯ ᠤᠨ ᠰᠢᠨ᠎ᠡ ᠴᠢᠳᠠᠮᠵᠢ ᠶᠢ ᠪᠤᠶᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ |