1 ᠰᠠᠷ᠎ᠠ ᠶᠢᠨ 16 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠢᠦᠶ ᠶᠦᠩ ᠵᠥᠩ ᠱᠧᠩ ᠲᠦᠮᠦᠰᠦ ᠤᠶᠤᠨᠴᠢᠯᠠᠨ | ᠨᠦᠬᠡᠴᠡᠯᠡᠬᠦ ᠠᠷᠠᠯᠵᠢᠶᠠᠨ ᠤ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠢ ᠠᠬᠢᠭᠤᠯᠬᠤ ᠬᠤᠷᠠᠯ ᠢ | ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠤᠳᠤᠷᠢᠳᠤᠯᠭ᠎ᠠ ᠰᠦ᠋ ᠯᠢ ᡁᠢ᠂ ᠵᠠᠩ ᠶᠦᠩ ᠴᠢᠤᠸᠠᠨ ᠬᠤᠷᠠᠯ ᠳᠤ | ᠣᠷᠣᠯᠴᠠᠵᠤ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ | ᠬᠤᠷᠠᠯ ᠳᠤ ᠣᠷᠣᠯᠴᠠᠵᠠᠶ᠃ | | | | | ᠬᠤᠷᠠᠯ ᠳᠡᠭᠡᠷ᠎ᠡ᠂ ᠵᠥᠩ ᠱᠧᠩ ᠲᠦᠮᠦᠰᠦᠨ ᠤ ᠣᠶᠤᠨᠴᠢ ᠨᠥᠭᠡᠴᠡ ᠠᠷᠠᠯᠵᠢᠶᠠᠨ ᠤ ᠠᠵᠤ ᠦᠢᠯᠡᠰ ᠤᠨ | ᠬᠦᠷᠢᠶᠡᠯᠡᠩ ᠤᠨ ᠲᠥᠷᠥᠯ ᠵᠦᠢᠯ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠪᠠᠶᠢᠳᠠᠯ ᠢ ᠲᠠᠨᠢᠯᠴᠠᠭᠤᠯᠵᠤ᠂ | ᠬᠤᠷᠠᠯ ᠳᠤ ᠣᠷᠣᠯᠴᠠᠭᠰᠠᠳ ᠠᠮᠲᠠᠲᠤ ᠲᠥᠮᠥᠰᠥ ᠶᠢᠨ ᠠᠵᠤ ᠦᠢᠯᠡᠰ ᠤᠨ ᠬᠥᠭᠵᠢᠯᠲᠡ᠂ ᠠᠵᠤ ᠦᠢᠯᠡᠰ ᠤᠨ | ᠮᠡᠷᠭᠡᠵᠢᠯ ᠤᠨ ᠦᠢᠯᠡᠴᠢᠯᠡᠭᠡ᠂ ᠨᠠᠷᠠᠲᠤ ᠲᠡᠮᠳᠡᠭᠲᠦ ᠶᠢ ᠤᠬᠠᠭᠤᠯᠤᠨ ᠳᠡᠯᠭᠡᠷᠡᠭᠦᠯᠬᠦ ᠵᠡᠷᠭᠡ ᠲᠠᠯ᠎ᠠ ᠪᠠᠷ ᠶᠠᠷᠢᠶ᠎ᠠ | ᠲᠠᠯᠪᠢᠵᠤ᠂ ᠲᠠᠷᠠᠭᠠᠴᠢ ᠶᠢᠨ ᠠᠯᠬᠤᠮ ᠤᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠲᠦᠷᠦᠯ ᠤᠨ ᠡᠬᠢ ᠪᠠᠶᠠᠯᠢᠭ ᠢ ᠲᠥᠪᠯᠡᠷᠡᠭᠦᠯᠦᠨ ᠨᠢᠭᠡᠳᠭᠡᠵᠦ᠂ | ᠰᠢᠬᠢᠷᠯᠢᠭ ᠲᠥᠮᠥᠰᠥ ᠲᠠᠷᠢᠬᠤ ᠦᠵᠦᠭᠦᠷ ᠪᠣᠯᠤᠨ ᠵᠠᠬ᠎ᠠ ᠳᠡᠯᠭᠡᠭᠦᠷ ᠤᠨ ᠦᠵᠦᠭᠦᠷ ᠤᠨ ᠬᠤᠶᠠᠷ ᠦᠵᠦᠭᠦᠷ ᠤᠨ | ᠬᠦᠴᠦᠯᠡᠬᠦ ᠶᠢ ᠳᠡᠮᠵᠢᠵᠦ᠂ ᠰᠢᠬᠢᠷᠯᠢᠭ ᠲᠥᠮᠥᠰᠥ ᠶᠢᠨ ᠠᠵᠤ ᠦᠢᠯᠡᠰ ᠤᠨ ᠴᠢᠨᠠᠷ ᠰᠠᠶᠢᠲᠠᠢ ᠪᠦᠲᠦᠮᠵᠢᠲᠡᠢ | ᠳᠡᠭᠡᠭᠰᠢᠯᠡᠬᠦ ᠪᠠᠷ ᠪᠠᠷᠠᠬᠤ ᠦᠭᠡᠢ ᠪᠠᠰᠠ ᠲᠤᠭ᠎ᠠ ᠬᠡᠮᠵᠢᠶ᠎ᠡ ᠲᠠᠢ ᠵᠦᠢ ᠵᠣᠬᠢᠰᠲᠠᠢ ᠨᠡᠮᠡᠭᠳᠡᠬᠦ ᠶᠢ ᠠᠬᠢᠭᠤᠯᠬᠤ ᠬᠡᠷᠡᠭᠲᠡᠢ᠃ | ᠪᠠᠷᠠᠭᠠᠨ ᠤ ᠭᠦᠢᠯᠭᠡᠭᠡᠨ ᠤ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠳᠡᠭᠡᠳᠦ | ᠱᠠᠲᠤᠨ ᠤ ᠲᠦᠷᠦᠯ ᠵᠦᠢᠯ ᠤᠨ ᠪᠡᠯᠡ ᠮᠥᠩᠭᠦ ᠶᠢᠨ ᠳᠡᠮᠵᠢᠯᠭᠡ ᠶᠢ ᠶᠡᠬᠡᠪᠡᠷ ᠣᠯᠵᠤ᠂ ︽ᠰᠠᠭᠠᠳ ᠦᠭᠡᠢ ᠨᠡᠪᠲᠡᠷᠡᠬᠦ | ᠂ ᠡᠷᠴᠢᠮᠯᠢᠭ ᠥᠨᠳᠥᠷ ᠪᠦᠲᠦᠮᠵᠢᠲᠡᠢ ᠪᠠᠶᠢᠬᠤ︾ ᠪᠠᠷᠠᠭᠠᠨ ᠤ ᠭᠦᠢᠯᠭᠡᠭᠡᠨ ᠤ ᠰᠢᠰᠲ᠋ᠧᠮ ᠢ ᠢᠳᠡᠪᠬᠢᠲᠡᠢ ᠪᠠᠶᠢᠭᠤᠯᠬᠤ | ᠬᠡᠷᠡᠭᠲᠡᠢ᠃ ᠠᠮᠲᠠᠲᠤ ᠲᠥᠮᠥᠰᠥ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠵᠣᠬᠢᠶᠠᠨ | ᠪᠠᠶᠢᠭᠤᠯᠤᠯᠲᠠ ᠶᠢᠨ ᠪᠦᠲᠦᠴᠡ ᠶᠢ ᠰᠢᠯᠢᠳᠡᠭᠵᠢᠭᠦᠯᠵᠦ᠂ ᠲᠣᠳᠣᠷᠬᠠᠶ ᠬᠠᠷᠠᠯᠲᠠ ᠶᠢᠨ ᠰᠢᠰᠲ᠋ᠧᠮ ᠢ ᠲᠣᠭᠲᠠᠭᠠᠵᠤ᠂ | ᠠᠮᠲᠠᠲᠤ ᠲᠥᠮᠥᠰᠥ ᠶᠢᠨ ᠠᠵᠤ ᠦᠢᠯᠡᠰ ᠤᠨ ᠣᠬᠤᠷ ᠬᠤᠭᠤᠴᠠᠭ᠎ᠠ ᠪᠣᠯᠤᠨ ᠳᠤᠮᠳᠠ ᠣᠷᠳᠣ ᠬᠤᠭᠤᠴᠠᠭᠠᠨ ᠤ | ᠬᠥᠭᠵᠢᠯᠲᠡ ᠶᠢᠨ ᠲᠥᠯᠥᠪᠵᠢᠭᠦᠯᠭᠡ ᠶᠢ ᠪᠣᠳᠠᠲᠠᠶᠢᠵᠢᠭᠤᠯᠤᠨ ᠨᠠᠷᠢᠯᠢᠬᠵᠢᠭᠤᠯᠵᠤ᠂ ᠠᠯᠬᠤᠮ ᠠᠯᠬᠤᠮ ᠢᠶᠠᠷ | ᠡᠵᠡᠩᠨᠡᠵᠦ᠂ ᠯᠠᠪᠳᠠᠭᠤᠨ ᠪᠠᠲᠤᠲᠠᠶ ᠠᠵᠢᠯᠯᠠᠵᠤ᠂ ᠠᠮᠲᠠᠲᠤ ᠲᠥᠮᠥᠰᠥ ᠶᠢᠨ ᠠᠵᠤ ᠦᠢᠯᠡᠰ ᠤᠨ ᠦᠷᠭᠦᠯᠵᠢᠯᠡᠨ | ᠡᠷᠡᠭᠦᠯ ᠪᠥᠭᠡᠳ ᠴᠢᠨᠠᠷ ᠰᠠᠶᠢᠲᠠᠶ ᠬᠥᠭᠵᠢᠬᠦ ᠶᠢ ᠠᠬᠢᠭᠤᠯᠬᠤ ᠬᠡᠷᠡᠭᠲᠡᠶ᠃ |