ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠤᠪᠴᠢᠶ᠎ᠠ ᠶᠢᠨ ᠲᠣᠪᠴᠢᠶᠠᠨ ᠳᠠᠷᠤᠭ᠎ᠠ ᠶᠠᠩ ᠴᠦᠨ ᠱᠧᠩ ᠪᠦᠯᠬᠦᠮ ᠳᠠᠭᠠᠭᠤᠯᠤᠨ ᠬᠤᠸᠠᠷ ᠫᠤᠤᠵᠢᠩ ᠤᠨ ᠠᠮᠤᠷ ᠲᠦᠪᠰᠢᠨ ᠤ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2025/1/20
    1 ᠰᠠᠷ᠎ᠠ ᠶᠢᠨ 15 ᠤ ᠡᠳᠦᠷ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠤᠪᠴᠢᠶ᠎ᠠ ᠶᠢᠨ ᠲᠣᠪᠴᠢᠶᠠᠨ ᠳᠠᠷᠤᠭ᠎ᠠ ᠶᠠᠩ ᠴᠦᠨ ᠱᠧᠩ ᠪᠦᠯᠬᠦᠮ ᠳᠠᠭᠠᠭᠤᠯᠤᠨ ᠬᠤᠸᠠᠷ ᠫᠤᠤᠵᠢᠩ ᠪᠣᠷᠣᠯᠠᠭᠤᠯᠬᠤ ᠴᠡᠭ ᠲᠤ ᠭᠦᠨᠵᠡᠭᠡᠶᠢᠷᠡᠨ ᠠᠮᠤᠷ ᠲᠦᠪᠰᠢᠨ ᠤ ᠪᠠᠶᠢᠴᠠᠭᠠᠯᠲᠠ ᠬᠢᠪᠡ ᠃ ᠲᠣᠰ ᠤᠳᠠᠭᠠᠨ ᠤ ᠪᠠᠶᠢᠴᠠᠭᠠᠯᠲᠠ ᠳᠤ ︽ᠳᠥᠷᠪᠡᠨ ᠥᠬᠡᠶ ᠬᠤᠶᠠᠷ ᠰᠢᠭᠤᠳ︾ ᠬᠡᠯᠪᠡᠷᠢ ᠪᠠᠷ ᠬᠤᠸᠠᠷ ᠫᠤᠤᠵᠢᠩ ᠪᠣᠷᠣᠯᠠᠭᠤᠯᠬᠤ ᠴᠡᠭ ᠲᠤ ᠲᠣᠬᠢᠶᠠᠯᠳᠤᠯ ᠢᠶᠠᠷ ᠰᠤᠭᠤᠴᠢᠨ ᠪᠠᠶᠢᠴᠠᠭᠠᠯᠲᠠ ᠬᠢᠪᠠ᠃ ᠪᠠᠶᠢᠴᠠᠭᠠᠬᠤ ᠶᠠᠪᠤᠴᠠ ᠳᠤ᠂ ᠪᠠᠶᠢᠴᠠᠭᠠᠬᠤ ᠳᠤᠭᠤᠶᠢᠯᠠᠩ ᠪᠣᠷᠣᠯᠠᠭᠤᠯᠭ᠎ᠠ ᠶᠢᠨ ᠴᠡᠭ ᠤᠨ ᠣᠳᠣᠬᠠᠨ ᠤ ᠡᠵᠡᠩᠨᠡᠯᠲᠡ ᠠᠵᠢᠯᠯᠠᠭᠠᠨ ᠤ ᠪᠠᠶᠢᠳᠠᠯ ᠢ ᠨᠠᠷᠢᠨ ᠣᠶᠢᠯᠠᠭᠠᠵᠤ᠂ ᠡᠬᠡ ᠲᠠᠩᠰᠠ ᠶᠢ ᠪᠠᠶᠢᠴᠠᠭᠠᠨ ᠦᠵᠡᠬᠦ ᠪᠠ ᠲᠤᠬᠠᠶ ᠶᠢᠨ ᠲᠠᠯᠠᠪᠤᠷ ᠲᠤ ᠪᠠᠶᠢᠴᠠᠭᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠫᠤᠤᠵᠢᠩ ᠬᠠᠳᠠᠭᠠᠯᠠᠬᠤ ᠣᠷᠴᠢᠨ ᠲᠣᠭᠤᠷᠢᠨ ᠤ ᠠᠮᠤᠷ ᠲᠦᠪᠰᠢᠨ ᠴᠢᠨᠠᠷ᠂ ᠵᠢᠷᠤᠮᠵᠢᠯ ᠤᠨ ᠴᠢᠨᠠᠷ᠂ ᠭᠠᠯ ᠢ ᠰᠡᠷᠭᠡᠶᠢᠯᠡᠬᠦ᠂ ᠳᠡᠯᠪᠡᠷᠡᠯᠲᠡ ᠶᠢ ᠰᠡᠷᠭᠡᠶᠢᠯᠡᠬᠦ᠂ ᠲᠠᠶᠢᠪᠤᠩ ᠴᠠᠬᠢᠯᠭᠠᠨ ᠢ ᠰᠡᠷᠭᠡᠶᠢᠯᠡᠬᠦ ᠵᠡᠷᠭᠡ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠦᠨᠡᠮᠯᠡᠯ ᠥᠬᠡᠶ ᠪᠠᠷ ᠡᠵᠡᠩᠨᠡᠬᠦ᠂ ᠵᠥᠪᠰᠢᠶᠡᠷᠡᠯ ᠤᠨ ᠬᠡᠪᠴᠢᠶ᠎ᠡ ᠠᠴᠠ ᠳᠠᠪᠠᠭᠤᠯᠤᠨ ᠡᠵᠡᠩᠨᠡᠭᠰᠡᠨ ᠡᠰᠡᠬᠦ᠂ ᠶᠠᠰᠤ ᠴᠢᠨᠠᠷ ᠨᠢ ᠬᠢᠷᠢ ᠲᠡᠩᠴᠡᠭᠰᠡᠨ ᠥᠬᠡᠶ ᠪᠤᠶᠤ ᠬᠤᠭᠤᠴᠠᠭ᠎ᠠ ᠠᠴᠠ ᠬᠡᠲᠦᠷᠡᠭᠰᠡᠨ ᠦᠢᠯᠡᠳᠬᠦᠨ ᠣᠷᠣᠰᠢᠵᠤ ᠪᠠᠶᠢᠬᠤ ᠡᠰᠡᠬᠦ ᠵᠡᠷᠭᠡ ᠳᠤ ᠭᠤᠤᠯᠳᠠᠯᠭ᠎ᠠ ᠲᠠᠢ ᠨᠠᠷᠢᠨ ᠪᠠᠶᠢᠴᠠᠭᠠᠯᠲᠠ ᠬᠢᠪᠠ᠃ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠠᠮᠤᠷ ᠲᠦᠪᠰᠢᠨ ᠤ ᠳᠠᠯᠳᠠ ᠬᠡᠮ ᠳᠤ ᠪᠠᠶᠢᠴᠠᠭᠠᠬᠤ ᠳᠤᠭᠤᠶᠢᠯᠠᠩ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠴᠤ᠂ ᠡᠵᠡᠩᠨᠡᠯᠲᠡ ᠶᠢᠨ ᠬᠠᠷᠢᠭᠤᠴᠠᠯᠭᠠᠲᠠᠨ ᠢ ᠳᠠᠷᠦ᠋ᠢᠬᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠶ ᠭᠡᠵᠦ ᠱᠠᠭᠠᠷᠳᠠᠪᠠ᠃
旗人民政府副旗长、公安局局长杨春生带队开展烟花爆竹安全检查.jpg
 
ᠢᠷᠡᠯᠲᠡ᠄ ᠨᠠᠢᠮᠠᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06000874号