1 ᠰᠠᠷ᠎ᠠ ᠶᠢᠨ 13 ᠤ ᠡᠳᠦᠷ ᠠᠴᠠ 16 ᠤ ᠡᠳᠦᠷ ᠪᠣᠯᠲᠠᠯ᠎ᠠ᠂ ᠨᠠᠢᠮᠠᠨ ᠬᠤᠰᠢᠭᠤᠨ ᠤ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ | ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠰᠢᠭᠤᠨ ᠤ ᠪᠠᠯᠠ | ᠣᠷᠣᠭᠤᠯᠤᠯᠲᠠ ᠶᠢ ᠠᠬᠢᠭᠤᠯᠬᠤ ᠲᠣᠪᠴᠢᠶ᠎ᠠ᠂ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ | ᠠᠩᠭᠢ ᠲᠠᠢ ᠬᠠᠮᠲᠤᠷᠠᠨ ᠬᠠᠶᠠᠭᠳᠠᠮᠠᠯ ᠬᠠᠭᠤᠴᠢᠨ ᠡᠳ᠋ ᠪᠣᠳᠠᠰ ᠬᠤᠳᠠᠯᠳᠤᠨ ᠠᠪᠬᠤ ᠦᠢᠯᠡᠰ ᠤᠨ ᠠᠶᠤᠯᠭᠦᠢ ᠶᠢᠨ | ᠪᠠᠶᠢᠴᠠᠭᠠᠯᠲᠠ ᠶᠢᠨ ᠠᠵᠢᠯ ᠥᠷᠨᠢᠭᠦᠯᠪᠡ᠃ ᠠᠵᠢᠯᠯᠠᠭᠠᠨ ᠤ ᠳᠤᠮᠳᠠ᠂ ᠪᠠᠶᠢᠴᠠᠭᠠᠬᠤ ᠳᠤᠭᠤᠶᠢᠯᠠᠩ ᠤᠨ ᠬᠢᠨ | ᠬᠠᠶᠠᠭᠳᠠᠮᠠᠯ ᠬᠠᠭᠤᠴᠢᠨ ᠡᠳ᠋ ᠪᠣᠳᠠᠰ ᠬᠤᠳᠠᠯᠳᠤᠨ ᠠᠪᠬᠤ ᠥᠷᠲᠡᠭᠡ ᠶᠢᠨ ᠡᠵᠡᠩᠨᠡᠯᠲᠡ ᠶᠢᠨ ᠵᠥᠪᠰᠢᠶᠡᠷᠡᠯ᠂ | ᠡᠵᠡᠩᠨᠡᠯᠲᠡ ᠶᠢᠨ ᠬᠦᠷᠢᠶ᠎ᠡ ᠬᠡᠪᠴᠢᠶ᠎ᠡ᠂ ᠳᠠᠩᠰᠠᠯᠠᠯ ᠤᠨ ᠡᠬᠡ ᠲᠠᠩᠰᠠ᠂ ᠬᠢᠨᠠᠨ ᠡᠵᠡᠮᠳᠡᠬᠦ ᠲᠥᠬᠦᠭᠡᠷᠦᠮᠵᠢ᠂ ᠭᠠᠯ | ᠬᠡᠷᠡᠭᠯᠡᠬᠦ ᠴᠠᠬᠢᠯᠭᠠᠨ ᠬᠡᠷᠡᠭᠯᠡᠬᠦ᠂ ᠭᠠᠯ ᠤᠨᠲᠠᠷᠠᠭᠠᠬᠤ ᠲᠥᠬᠦᠭᠡᠷᠦᠮᠵᠢ ᠶᠢ ᠲᠣᠬᠢᠷᠠᠭᠤᠯᠬᠤ᠂ ᠬᠠᠶᠠᠭᠳᠠᠮᠠᠯ ᠬᠠᠭᠤᠴᠢᠨ | ᠡᠳ᠋ ᠤᠨ ᠢᠷᠡᠯᠲᠡ ᠶᠢᠨ ᠠᠷᠭ᠎ᠠ ᠵᠠᠮ᠂ ᠲᠦᠷᠦᠯ ᠵᠦᠢᠯ᠂ ᠬᠠᠳᠠᠭᠠᠯᠠᠬᠤ ᠪᠠ ᠣᠪᠣᠭᠠᠯᠠᠬᠤ ᠵᠡᠷᠭᠡ ᠳᠤ ᠨᠠᠷᠢᠨ ᠨᠢᠭᠲᠠ | ᠪᠠᠶᠢᠴᠠᠭᠠᠯᠲᠠ ᠬᠢᠵᠦ᠂ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠠᠮᠤᠷ ᠲᠦᠪᠰᠢᠨ ᠤ ᠬᠡᠮ ᠰᠣᠭᠤᠭ ᠢ ᠴᠠᠭ | ᠲᠤᠬᠠᠶ ᠳᠤᠨᠢ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠵᠤ᠂ ᠵᠠᠷᠯᠢᠭᠳᠠᠵᠤ ᠪᠠᠶᠢᠭᠠᠳ ᠲᠡᠷᠡ | ᠳᠠᠷᠤᠶ ᠳᠤᠨᠢ ᠴᠡᠭᠴᠡᠯᠡᠨ ᠰᠠᠶᠢᠵᠢᠷᠠᠭᠤᠯᠪᠠ᠃ ᠡᠭᠦᠨ ᠤ ᠬᠠᠮᠲᠤ ᠡᠵᠡᠩᠨᠡᠯᠲᠡ ᠶᠢᠨ ᠬᠠᠷᠢᠭᠤᠴᠠᠯᠭᠠᠲᠠᠨ ᠢ ︽ᠬᠡᠨ | ᠡᠵᠡᠩᠨᠡᠪᠡᠯ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠭᠠᠯ ᠤᠨᠲᠠᠷᠠᠭᠠᠬᠤ ᠪᠡᠯᠡᠳᠬᠡᠮᠵᠢ ᠪᠠ ᠪᠠᠴᠢᠮ ᠪᠠᠶᠢᠳᠠᠯ ᠢ | ᠠᠷᠭᠠᠴᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯ ᠡᠷᠭᠢᠯᠡᠬᠦ ᠬᠤᠷᠢᠭ᠎ᠠ ᠱᠤᠭᠤᠮ ᠢ ᠪᠠᠲᠤ | ᠰᠠᠬᠢᠵᠤ᠂ ᠢᠷᠡᠭᠰᠡᠨ ᠵᠠᠮ ᠨᠢ ᠲᠣᠳᠣᠷᠬᠠᠶ ᠥᠬᠡᠶ ᠡᠳ᠋ ᠪᠣᠳᠠᠰ ᠢ ᠬᠤᠳᠠᠯᠳᠤᠨ ᠠᠪᠬᠤ ᠶᠢ ᠴᠢᠩᠭ᠎ᠠ ᠴᠠᠭᠠᠵᠠᠯᠠᠨ᠂ | ᠬᠡᠷᠪᠡ ᠰᠡᠵᠢᠭᠯᠡᠯᠲᠡᠶ ᠬᠥᠮᠦᠰ ᠢ ᠤᠯᠵᠤ ᠮᠡᠳᠡᠪᠡᠯ ᠲᠡᠷᠡ ᠳᠠᠷᠤᠶ ᠳᠤᠨᠢ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠳᠤ ᠮᠡᠳᠡᠭᠦᠯᠦᠨ ᠳᠠᠩᠰᠠᠯᠠᠭᠤᠯᠵᠤ᠂ ᠶᠠᠯᠠᠲᠤ ᠡᠲᠡᠭᠡᠳ ᠤᠨ ᠪᠤᠵᠠᠷ ᠵᠣᠭᠤᠰ ᠢᠶᠠᠨ ᠪᠣᠷᠣᠯᠠᠭᠤᠯᠬᠤ ᠠᠷᠭ᠎ᠠ | ᠵᠠᠮ ᠢ ᠡᠷᠡᠰ ᠪᠥᠭᠯᠡᠬᠦ ᠬᠡᠷᠡᠭᠲᠡᠶ ᠭᠡᠵᠦ ᠱᠠᠭᠠᠷᠳᠠᠪᠠ᠃ | |