ᠬᠠᠤᠯᠢ ᠬᠡᠷᠡᠭᠵᠢᠭᠦᠯᠬᠦ ᠪᠣᠯᠪᠠᠰᠤᠷᠠᠯ ᠢ ᠴᠢᠩᠭᠠᠳᠬᠠᠵᠤ᠂ ᠬᠠᠤᠯᠢ ᠪᠠᠷ ᠵᠠᠰᠠᠬᠤ ᠬᠤᠷᠴᠠ ᠰᠡᠯᠡᠮ᠎ᠡ ᠶᠢ ᠡᠭᠦᠳᠪᠡ
ᠨᠡᠶᠢᠲᠡᠯᠡᠭᠰᠡᠨ ᠴᠠᠭ᠄
2025/1/21
      ᠤᠯᠤᠰ ᠲᠥᠷᠥ ᠶᠢᠨ ᠲᠠᠯ᠎ᠠ ᠪᠠᠷ ᠪᠠᠲᠤ ᠴᠢᠩᠭ᠎ᠠ᠂ ᠬᠡᠪ ᠴᠢᠨᠠᠷ ᠢᠶᠠᠷ ᠴᠢᠩᠭ᠎ᠠ᠂ ᠰᠠᠬᠢᠯᠭ᠎ᠠ ᠪᠠᠲᠤ ᠴᠢᠩᠭ᠎ᠠ᠂ ᠣᠪᠣᠷ ᠰᠤᠷᠲᠠᠯ ᠰᠢᠯᠢᠳᠡᠭ᠂ ᠠᠷᠢᠭᠤᠨ ᠴᠢᠬᠡᠴᠢ ᠥᠨᠳᠥᠷ ᠪᠦᠲᠦᠮᠵᠢᠲᠡᠶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡ ᠶᠢ ᠪᠠᠶᠢᠭᠤᠯᠬᠤ ᠶᠢᠨ ᠲᠥᠯᠥᠭᠡ᠂ ᠨᠠᠢᠮᠠᠨ ᠬᠤᠰᠢᠭᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢ  ᠭᠦᠨᠵᠡᠭᠡᠶᠢᠷᠡᠭᠦᠯᠪᠡ᠃ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠵᠥᠪ ᠤᠳᠤᠷᠢᠳᠤᠯᠭ᠎ᠠ ᠳᠣᠤᠷ᠎ᠠ᠂ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠡᠯ᠎ᠡ ᠲᠥᠷᠥᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠣᠯᠪᠠᠰᠤᠷᠠᠯ ᠢ ᠢᠳᠡᠪᠬᠢᠲᠡᠶ ᠵᠣᠬᠢᠶᠠᠨ ᠪᠠᠶᠢᠭᠤᠯᠤᠨ ᠥᠷᠨᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡ ᠶᠢᠨ ᠲᠤᠰᠬᠠᠶᠢᠵᠢᠭᠰᠠᠨ ᠪᠠᠶᠢᠭᠤᠯᠤᠯᠲᠠ ᠶᠢ ᠲᠠᠰᠤᠷᠠᠯᠲᠠ ᠥᠬᠡᠶ ᠴᠢᠩᠭᠠᠳᠬᠠᠵᠤ᠂ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠵᠢᠷᠤᠮᠵᠢᠭᠤᠯᠤᠨ᠂ ᠬᠠᠤᠯᠢ ᠬᠡᠷᠡᠭᠵᠢᠭᠦᠯᠬᠦ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠵᠦ᠂ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠨᠡᠮᠡᠭᠳᠡᠭᠦᠯᠦᠨ᠂ ᠨᠠᠢᠮᠠᠨ ᠬᠤᠰᠢᠭᠤᠨ ᠤ ᠬᠠᠤᠯᠢ ᠪᠠᠷ ᠵᠠᠰᠠᠬᠤ ᠪᠠᠶᠢᠭᠤᠯᠤᠯᠲᠠ ᠪᠠ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠪᠠ᠃
强化执法培训 铸就法治利剑.png
      ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠤᠯᠪᠠᠰᠤᠷᠠᠯ ᠳᠤᠮᠳᠠ᠂ ᠠᠵᠢᠯ ᠤᠨ ᠭᠤᠤᠯᠳᠠᠯᠭ᠎ᠠ᠂ ᠬᠦᠴᠢᠷ ᠠᠰᠠᠭᠤᠳᠠᠯ ᠪᠠ ᠬᠠᠯᠠᠮᠰᠢᠯ ᠠᠰᠠᠭᠤᠳᠠᠯ ᠢ ᠨᠢᠭᠲᠠ ᠤᠶᠠᠯᠳᠤᠭᠤᠯᠤᠨ᠂ ᠨᠠᠷᠢᠯᠢᠭ ᠣᠨᠣᠴᠠᠲᠠᠶ ᠪᠠᠷ ᠬᠦᠴᠦᠯᠡᠵᠦ᠂ ᠬᠠᠤᠯᠢ ᠬᠡᠷᠡᠭᠵᠢᠭᠦᠯᠬᠦ ᠠᠵᠢᠯᠲᠠᠨ ᠤ ᠴᠢᠳᠠᠪᠤᠷᠢ ᠶᠢ ᠦᠨᠡᠨᠬᠦ ᠳᠡᠭᠡᠭᠰᠢᠯᠡᠭᠦᠯᠪᠠ᠃ ᠨᠢᠭᠡ ᠲᠠᠯ᠎ᠠ ᠪᠠᠷ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢᠨ ᠪᠤᠯᠪᠠᠰᠤᠷᠠᠯ ᠢ ᠴᠢᠩᠭᠠᠳᠬᠠᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠬᠠᠤᠯᠢ︾᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ︽ᠭᠤᠷᠪᠠᠨ ᠵᠦᠢᠯ ᠤᠨ ᠳᠦᠷᠢᠮ︾᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠡᠯ᠎ᠡ ᠬᠦᠷᠢᠶᠡᠨ ᠤ ᠲᠤᠰᠬᠠᠶ ᠮᠡᠷᠭᠡᠵᠢᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ  ᠪᠤᠯᠪᠠᠰᠤᠷᠠᠯ ᠤᠨ ᠭᠤᠣᠯ ᠠᠭᠤᠯᠭ᠎ᠠ ᠪᠣᠯᠭᠠᠵᠤ᠂ ᠲᠤᠰᠬᠠᠶ ᠮᠡᠷᠭᠡᠵᠢᠯᠲᠡᠨ ᠠᠴᠠ ᠲᠠᠶᠢᠯᠪᠤᠷᠢᠯᠠᠬᠤ᠂ ᠬᠡᠷᠡᠭ ᠤᠨ ᠵᠢᠱᠢᠶ᠎ᠡ ᠶᠢ ᠵᠠᠳᠠᠯᠬᠤ᠂ ᠬᠠᠤᠯᠢ ᠶᠢᠨ ᠵᠦᠢᠯ ᠵᠤᠷᠪᠤᠰ ᠤᠨ ᠲᠠᠶᠢᠯᠪᠤᠷᠢ ᠬᠢᠬᠦ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠬᠠᠤᠯᠢ ᠬᠡᠷᠡᠭᠵᠢᠭᠦᠯᠬᠦ ᠠᠵᠢᠯᠲᠠᠳ ᠢ ᠬᠠᠪᠰᠤᠷᠤᠨ ᠬᠠᠤᠯᠢ ᠴᠠᠭᠠᠵᠠ ᠶᠢᠨ ᠵᠦᠢᠯ ᠵᠤᠷᠪᠤᠰ ᠤᠨ ᠠᠭᠤᠯᠤᠭᠳᠠᠬᠤᠨ ᠪᠠ ᠬᠡᠷᠡᠭᠯᠡᠬᠦ ᠬᠡᠪᠴᠢᠶ᠎ᠡ ᠶᠢ ᠭᠦᠨᠵᠡᠭᠡᠶ ᠣᠶᠢᠯᠠᠭᠠᠭᠤᠯᠵᠤ᠂ ᠬᠠᠤᠯᠢ ᠴᠠᠭᠠᠵᠠ ᠶᠢᠨ ᠦᠵᠡᠯ ᠤᠬᠠᠮᠰᠠᠷ ᠪᠠ ᠬᠠᠤᠯᠢ ᠪᠠᠷ ᠵᠠᠰᠠᠬᠤ ᠦᠵᠡᠯᠲᠡ ᠶᠢ ᠴᠢᠩᠭᠠᠷᠠᠭᠤᠯᠤᠨ᠂ ᠬᠠᠤᠯᠢ ᠶᠣᠰᠣᠭᠠᠷ ᠠᠵᠢᠯ ᠶᠠᠪᠤᠳᠠᠯ ᠡᠷᠬᠢᠯᠡᠬᠦ ᠴᠢᠳᠠᠪᠤᠷᠢ ᠶᠢ ᠨᠢ ᠳᠡᠭᠡᠭᠰᠢᠯᠡᠭᠦᠯᠪᠡ᠃ ᠨᠥᠭᠦᠭᠡ ᠲᠠᠯ᠎ᠠ ᠪᠠᠷ᠂ ᠬᠠᠤᠯᠢ ᠬᠡᠷᠡᠭᠵᠢᠭᠦᠯᠬᠦ ᠲᠤᠬᠠᠶᠢᠯᠠᠭᠰᠠᠨ ᠠᠵᠢᠯ ᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠬᠤᠯᠠᠴᠢᠯᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠡᠰ ᠳᠠᠷᠠᠭᠠᠯᠠᠯ᠂ ᠪᠠᠶᠢᠴᠠᠭᠠᠨ ᠭᠡᠷᠡᠴᠢ ᠠᠪᠬᠤ᠂ ᠪᠢᠴᠢᠭ ᠬᠠᠷ᠎ᠠ ᠵᠣᠬᠢᠶᠠᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠳᠤ ᠴᠢᠭᠯᠡᠭᠦᠯᠦᠨ᠂ ᠲᠤᠰᠬᠠᠶ ᠰᠡᠳᠦᠪᠲᠦ ᠪᠣᠯᠪᠠᠰᠤᠷᠠᠭᠤᠯᠤᠯ ᠢ ᠥᠷᠨᠢᠭᠦᠯᠵᠦ᠂ ᠬᠠᠤᠯᠢ ᠬᠡᠷᠡᠭᠵᠢᠭᠦᠯᠬᠦ ᠠᠵᠢᠯᠲᠠᠨ ᠳᠤ ᠬᠠᠤᠯᠢ ᠬᠡᠷᠡᠭᠵᠢᠭᠦᠯᠬᠦ ᠤᠷ᠎ᠠ ᠮᠡᠷᠭᠡᠵᠢᠯ ᠪᠣᠯᠤᠨ ᠠᠵᠢᠯᠯᠠᠬᠤ ᠴᠤᠪᠤᠷᠠᠯ ᠢ ᠪᠣᠯᠪᠠᠰᠤᠷᠠᠩᠭᠤᠶ ᠡᠵᠡᠮᠰᠢᠭᠦᠯᠵᠦ᠂ ᠬᠠᠤᠯᠢ ᠬᠡᠷᠡᠭᠵᠢᠭᠦᠯᠬᠦ ᠶᠢᠨ ᠵᠢᠷᠤᠮᠵᠢᠯᠳᠤ ᠴᠢᠨᠠᠷ ᠪᠣᠯᠤᠨ ᠣᠨᠣᠪᠴᠢᠲᠤ ᠴᠢᠨᠠᠷ ᠢ ᠳᠡᠭᠡᠭᠰᠢᠯᠡᠭᠦᠯᠪᠡ᠃      2024 ᠣᠨ ᠳᠤ ᠨᠠᠢᠮᠠᠨ ᠬᠤᠰᠢᠭᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠣᠯᠪᠠᠰᠤᠷᠠᠯ ᠢ ᠨᠡᠶᠢᠲᠡ 9 ᠤᠳᠠᠭ᠎ᠠ ᠵᠣᠬᠢᠶᠠᠨ ᠪᠠᠶᠢᠭᠤᠯᠵᠤ᠂ ᠪᠥᠬᠦ ᠬᠤᠰᠢᠭᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡ ᠶᠢᠨ ᠪᠦᠬᠦᠯᠢ ᠴᠣᠭᠴᠠ ᠶᠢᠨ ᠬᠡᠪ ᠴᠢᠨᠠᠷ ᠪᠠ ᠬᠠᠤᠯᠢ ᠬᠡᠷᠡᠭᠵᠢᠭᠦᠯᠬᠦ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠵᠦ᠂ ᠬᠠᠤᠯᠢ ᠬᠡᠷᠡᠭᠵᠢᠭᠦᠯᠬᠦ ᠮᠠᠷᠭᠤᠯᠳᠤᠭᠠᠨ ᠪᠠ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠶᠢᠨ ᠬᠡᠷᠡᠭ ᠡᠭᠦᠰᠬᠦ ᠶᠢ ᠡᠬᠢ ᠡᠭᠦᠰᠦᠯ ᠠᠴᠠ ᠨᠢ ᠪᠠᠭᠠᠰᠬᠠᠪᠠ᠃ ᠠᠳᠠᠯᠢ ᠬᠤᠭᠤᠴᠠᠭᠠᠨ ᠤ ᠵᠠᠰᠠᠭ ᠵᠠᠬᠢᠷᠠᠭᠠᠨ ᠤ ᠳᠠᠬᠢᠨ ᠵᠦᠪᠯᠡᠬᠦ ᠶᠢᠨ ᠵᠠᠯᠠᠷᠠᠭᠤᠯᠬᠤ ᠨᠤᠷᠮ᠎ᠠ13.5% ᠪᠠᠷ ᠪᠠᠭᠤᠷᠠᠵᠤ᠂ ᠵᠠᠰᠠᠭ ᠵᠠᠬᠢᠷᠠᠭᠠᠨ ᠤ ᠵᠠᠷᠭᠤ ᠢᠯᠠᠭᠳᠠᠭᠰᠠᠨ ᠨᠤᠷᠮ᠎ᠠ 10% ᠪᠠᠷ ᠪᠠᠭᠤᠷᠠᠪᠠ᠃      ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢᠨ ᠠᠩᠬᠠᠨ ᠤ ᠢᠯᠠᠯᠲᠠ ᠣᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠤᠰᠬᠠᠶ ᠮᠡᠷᠭᠡᠵᠢᠯ ᠤᠨ ᠪᠤᠯᠪᠠᠰᠤᠷᠠᠯ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡ ᠶᠢᠨ ᠴᠤᠭ ᠪᠠᠳᠠᠷᠠᠩᠭᠤᠶ ᠠᠮᠢᠵᠢᠷᠠᠯ ᠤᠨ ᠬᠦᠴᠦᠨ ᠢ ᠪᠤᠢ ᠪᠣᠯᠭᠠᠪᠠ᠃   
 
ᠢᠷᠡᠯᠲᠡ᠄ ᠨᠠᠢᠮᠠᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06000874号