ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠯᠢ ᠮᠢᠨ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠥᠩᠭᠦ ᠶᠢᠨ ᠵᠥᠪᠯᠡᠯ ᠤᠨ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠢ ᠵᠣᠯᠭᠠᠭᠤᠯᠬᠤ ᠶᠠᠷᠢᠯᠴᠠᠬᠤ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2025/1/6
    9 ᠰᠠᠷ᠎ᠠ ᠶᠢᠨ 26 ᠤ ᠡᠳᠦᠷ᠂ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠥᠩᠭᠦᠨ ᠤ ᠵᠥᠪᠯᠡᠯ ᠤᠨ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠢ ᠵᠣᠯᠭᠠᠭᠤᠯᠬᠤ ᠶᠠᠷᠢᠯᠴᠠᠬᠤ ᠬᠤᠷᠠᠯ ᠨᠠᠢᠮᠠᠨ ᠬᠤᠰᠢᠭᠤᠨ ᠳᠤ ᠬᠤᠷᠠᠯᠳᠤᠵᠤ᠂ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠥᠩᠭᠦᠨ ᠤ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ ᠸᠠᠩ ᠰᠢ ᠴᠢᠨ᠂ ᠴᠢᠩᠳᠣᠤ ᠶᠢᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠳᠡᠳ᠋ ᠱᠦᠵᠢ᠂ ᠰᠤᠷᠭᠠᠭᠤᠯᠢ ᠶᠢᠨ ᠵᠠᠬᠢᠷᠤᠯ ᠵᠤᠤ ᠶᠢᠨ ᠱᠠᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ ᠵᠢᠶᠤᠤ ᠭᠠᠩ ᠸᠧᠢ᠂ ᠲᠦᠩᠯᠢᠶᠣᠤ ᠬᠤᠳᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠢ ᠮᠢᠩ ᠬᠤᠷᠠᠯ ᠳᠤ ᠣᠷᠣᠯᠴᠠᠵᠤ᠂ ᠲᠦᠩᠯᠢᠶᠣᠤ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠢᠮᠠᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠢᠤᠸᠠᠨ ᠳ᠋ᠦᠩ ᠱᠧᠩ ᠬᠤᠷᠠᠯ ᠢ ᠡᠷᠬᠢᠯᠡᠪᠡ᠃ ᠬᠤᠰᠢᠭᠤᠨ ᠤ ᠤᠳᠤᠷᠢᠳᠤᠯᠭ᠎ᠠ ᠪᠦᠦ ᠯᠢᠶᠠᠨ ᠱᠠᠨ᠂ ᠬᠠᠨ ᠹᠧᠩ ᠡᠤ᠂ ᠵᠠᠩ ᠬᠤᠩ ᠪᠢᠩ᠂ ᠯᠢ ᠰᠢᠤᠸᠠᠢ ᠲᠤᠤ᠂ ᠯᠢ ᠮᠢᠨ᠂ ᠯᠢ ᠬᠠᠢ ᠯᠦᠩ ᠶᠠᠷᠢᠯᠴᠠᠬᠤ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠤᠨ ᠲᠤᠰᠬᠠᠶ ᠰᠡᠳᠦᠪᠲᠦ ᠹᠢᠯᠢᠮ ᠢ ᠦᠵᠡᠪᠡ︔ ᠸᠠᠩ ᠰᠢ ᠴᠢᠨ ᠨᠠᠢᠮᠠᠨ ᠬᠤᠰᠢᠭᠤᠨ ᠳᠤ ︽ᠨᠠᠢᠮᠠᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠵᠢᠷᠤᠭ ᠤᠨ ᠲᠡᠭᠦᠪᠦᠷᠢ︾ ᠶᠢ ᠬᠠᠨᠳᠢᠪᠯᠠᠪᠠ︔ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠪᠦᠦ ᠯᠢᠶᠠᠨ ᠱᠠᠨ ᠪᠥᠬᠦ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠴᠢ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠤᠨ ᠠᠬᠢᠴᠠ ᠶᠢᠨ ᠪᠠᠶᠢᠳᠠᠯ ᠢ ᠬᠠᠷᠢᠭᠤ ᠮᠡᠳᠡᠭᠦᠯᠪᠡ᠃ ᠳᠠᠷᠠᠭ᠎ᠠ ᠨᠢ ᠶᠠᠷᠢᠯᠴᠠᠨ ᠰᠣᠯᠢᠯᠴᠠᠪᠠ᠃
旗人民政府副旗长李敏出席国家自然科学基金委定点帮扶工作对接座谈会.jpg
 
ᠢᠷᠡᠯᠲᠡ᠄ ᠨᠠᠢᠮᠠᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06000874号