9 ᠰᠠᠷ᠎ᠠ ᠶᠢᠨ 29 ᠤ ᠣᠷᠣᠶ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠢᠮᠠᠨ ᠬᠤᠰᠢᠭᠤᠨ ᠤ ᠬᠤᠷᠢᠶ᠎ᠠ | ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠵᠦ᠂ ᠬᠤᠰᠢᠭᠤᠨ ᠤ ᠨᠠᠮ ᠤᠨ | ᠬᠤᠷᠢᠶᠠᠨ ᠤ ᠤᠬᠠᠭᠤᠯᠬᠤ ᠬᠡᠯᠲᠡᠰ᠂ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠬᠠᠮᠲᠤᠷᠠᠨ | ᠡᠷᠭᠢᠯᠡᠭᠰᠡᠨ ︽ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠤᠨ ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠶ᠎ᠠ︾ | ᠭᠡᠬᠦ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ | ᠤᠷᠠᠨ ᠰᠠᠶᠢᠬᠠᠨ ᠤ ᠲᠣᠭᠯᠠᠯᠲᠠ ᠬᠤᠰᠢᠭᠤᠨ ᠤ ᠠᠷᠠᠳ ᠤᠨ ᠲᠠᠯᠠᠪᠠᠶ ᠳᠤ ᠶᠠᠪᠤᠭᠳᠠᠪᠠ᠃ ᠬᠤᠰᠢᠭᠤᠨ ᠤ | ᠤᠳᠤᠷᠢᠳᠤᠯᠭ᠎ᠠ ᠪᠦᠦ ᠯᠢᠶᠠᠨ ᠱᠠᠨ᠂ ᠬᠤᠸᠠᠩ ᠰᠢ ᠶᠠᠨ᠂ ᠵᠠᠩ ᠬᠤᠩ ᠪᠢᠩ᠂ ᠵᠣᠣ ᡁᠢ ᠭᠠᠩ᠂ ᠵᠠᠩ ᠬᠤᠩ ᠸᠧᠶ | ᠂ ᠹᠧᠩ ᠬᠠᠶ ᠲᠤᠤ᠂ ᠯᠢ ᠰᠢᠤᠸᠠᠢ ᠲᠤᠤ᠂ ᠯᠢᠦ ᠶᠠᠩ᠂ ᠯᠢ ᠮᠢᠨ᠂ ᠶᠠᠩ ᠴᠦᠨ ᠱᠧᠩ᠂ ᠯᠢ ᠸᠠᠨ ᠢᠦᠶ | ᠬᠤᠷᠠᠯ ᠳᠤ ᠣᠷᠣᠯᠴᠠᠵᠠᠶ᠃ ᠲᠣᠭᠯᠠᠯᠲᠠ ᠶᠢᠨ ᠠᠬᠤᠢ ᠲᠠᠯᠠᠪᠠᠢ ᠳᠤ᠂ ︽ᠲᠠᠯ᠎ᠠ ᠨᠤᠲᠤᠭ ᠤᠨ ᠬᠥᠪᠡᠭᠦᠳ | ᠥᠬᠢᠳ ᠤᠨ ᠰᠡᠳᠬᠢᠯ ᠨᠠᠮ ᠲᠠᠭᠠᠨ︾᠂ ︽ᠬᠤᠪᠢᠰᠬᠠᠯᠲᠤ ᠢᠲᠡᠭᠡᠯ ᠪᠢᠰᠢᠷᠡᠯ︾᠂ ︽ᠡᠬᠡ ᠤᠯᠤᠰ ᠢᠶᠠᠨ ᠮᠠᠭᠲᠠᠨ | ᠳᠠᠭᠤᠯᠠᠶ᠎ᠠ︾ ᠵᠡᠷᠭᠡ 12 ᠲᠣᠭᠯᠠᠯᠲᠠ ᠡᠭᠡᠯᠵᠢᠯᠡᠨ ᠶᠠᠪᠤᠭᠳᠠᠪᠠ᠃ ᠲᠣᠰ ᠤᠳᠠᠭᠠᠨ ᠤ ᠤᠷᠠᠨ ᠰᠠᠶᠢᠬᠠᠨ ᠤ | ᠲᠣᠭᠯᠠᠯᠲᠠ ᠨᠢ ᠨᠠᠢᠮᠠᠨ ᠬᠤᠰᠢᠭᠤᠨ ᠤ ᠠᠷᠠᠳ ᠲᠦᠮᠡᠨ ᠤ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ | ᠬᠠᠮᠲᠤ ᠪᠠᠷ ᠡᠷᠡᠯᠬᠡᠭᠯᠡᠨ ᠤᠷᠤᠭᠰᠢᠯᠠᠬᠤ ᠣᠶᠤᠨ ᠰᠠᠨᠠᠭᠠᠨ ᠤ ᠳᠦᠷᠰᠦ ᠪᠠᠶᠢᠳᠠᠯ ᠪᠠ ᠰᠠᠶᠢᠨ ᠰᠠᠶᠢᠬᠠᠨ ᠳᠦᠷᠢ | ᠲᠥᠷᠬᠦ ᠶᠢ ᠭᠦᠢᠴᠡᠳ ᠢᠯᠡᠷᠡᠭᠦᠯᠦᠭᠰᠡᠨ ᠪᠥᠭᠡᠳ ᠨᠠᠢᠮᠠᠨ ᠬᠤᠰᠢᠭᠤᠨ ᠤ ᠬᠥᠪᠡᠭᠦᠳ ᠥᠬᠢᠳ ᠤᠨ ᠠᠭᠤᠤ ᠶᠡᠭᠡ | ᠡᠬᠡ ᠤᠯᠤᠰ ᠤᠨ ᠴᠡᠴᠡᠭᠯᠡᠨ ᠬᠦᠴᠦᠷᠬᠡᠭᠵᠢᠵᠦ᠂ ᠭᠠᠷ ᠬᠤᠯᠪᠣᠨ ᠰᠢᠨ᠎ᠡ ᠴᠠᠭ ᠦᠶ᠎ᠡ ᠳᠤ ᠡᠷᠡᠯᠬᠡᠭᠯᠡᠨ | ᠤᠷᠤᠭᠰᠢᠯᠠᠬᠤ ᠴᠢᠩ ᠦᠨᠡᠨᠴᠢ ᠰᠡᠳᠬᠢᠯᠭᠡ ᠶᠢ ᠢᠯᠡᠳᠬᠡᠵᠡᠶ᠃ | | | |