ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠯᠢᠦ ᠶᠠᠩ ᠨᠠᠢᠮᠠᠨ ᠬᠤᠰᠢᠭᠤᠨ ᠤ ︽ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠤᠨ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ︾ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠤᠷᠠᠨ ᠰᠠᠶᠢᠬᠠᠨ ᠤ ᠲᠣᠭᠯᠠᠯᠲᠠ ᠳᠤ ᠣᠷᠣᠯᠴᠠᠪᠠ
ᠨᠡᠶᠢᠲᠡᠯᠡᠭᠰᠡᠨ ᠴᠠᠭ᠄
2025/1/6
    9 ᠰᠠᠷ᠎ᠠ ᠶᠢᠨ 29 ᠤ ᠣᠷᠣᠶ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠢᠮᠠᠨ ᠬᠤᠰᠢᠭᠤᠨ ᠤ ᠬᠤᠷᠢᠶ᠎ᠠ ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠵᠦ᠂ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠬᠠᠮᠲᠤᠷᠠᠨ ᠡᠷᠭᠢᠯᠡᠭᠰᠡᠨ ︽ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠤᠨ ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠶ᠎ᠠ︾ ᠭᠡᠬᠦ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠤᠷᠠᠨ ᠰᠠᠶᠢᠬᠠᠨ ᠤ ᠲᠣᠭᠯᠠᠯᠲᠠ ᠬᠤᠰᠢᠭᠤᠨ ᠤ ᠠᠷᠠᠳ ᠤᠨ ᠲᠠᠯᠠᠪᠠᠶ ᠳᠤ ᠶᠠᠪᠤᠭᠳᠠᠪᠠ᠃ ᠬᠤᠰᠢᠭᠤᠨ ᠤ ᠤᠳᠤᠷᠢᠳᠤᠯᠭ᠎ᠠ ᠪᠦᠦ ᠯᠢᠶᠠᠨ ᠱᠠᠨ᠂ ᠬᠤᠸᠠᠩ ᠰᠢ ᠶᠠᠨ᠂ ᠵᠠᠩ ᠬᠤᠩ ᠪᠢᠩ᠂ ᠵᠣᠣ ᡁᠢ ᠭᠠᠩ᠂ ᠵᠠᠩ ᠬᠤᠩ ᠸᠧᠶ ᠂ ᠹᠧᠩ ᠬᠠᠶ ᠲᠤᠤ᠂ ᠯᠢ ᠰᠢᠤᠸᠠᠢ ᠲᠤᠤ᠂ ᠯᠢᠦ ᠶᠠᠩ᠂ ᠯᠢ ᠮᠢᠨ᠂ ᠶᠠᠩ ᠴᠦᠨ ᠱᠧᠩ᠂ ᠯᠢ ᠸᠠᠨ ᠢᠦᠶ ᠬᠤᠷᠠᠯ ᠳᠤ ᠣᠷᠣᠯᠴᠠᠵᠠᠶ᠃ ᠲᠣᠭᠯᠠᠯᠲᠠ ᠶᠢᠨ ᠠᠬᠤᠢ ᠲᠠᠯᠠᠪᠠᠢ ᠳᠤ᠂ ︽ᠲᠠᠯ᠎ᠠ ᠨᠤᠲᠤᠭ ᠤᠨ ᠬᠥᠪᠡᠭᠦᠳ ᠥᠬᠢᠳ ᠤᠨ ᠰᠡᠳᠬᠢᠯ ᠨᠠᠮ ᠲᠠᠭᠠᠨ︾᠂ ︽ᠬᠤᠪᠢᠰᠬᠠᠯᠲᠤ ᠢᠲᠡᠭᠡᠯ ᠪᠢᠰᠢᠷᠡᠯ︾᠂ ︽ᠡᠬᠡ ᠤᠯᠤᠰ ᠢᠶᠠᠨ ᠮᠠᠭᠲᠠᠨ ᠳᠠᠭᠤᠯᠠᠶ᠎ᠠ︾ ᠵᠡᠷᠭᠡ 12 ᠲᠣᠭᠯᠠᠯᠲᠠ ᠡᠭᠡᠯᠵᠢᠯᠡᠨ ᠶᠠᠪᠤᠭᠳᠠᠪᠠ᠃ ᠲᠣᠰ ᠤᠳᠠᠭᠠᠨ ᠤ ᠤᠷᠠᠨ ᠰᠠᠶᠢᠬᠠᠨ ᠤ ᠲᠣᠭᠯᠠᠯᠲᠠ ᠨᠢ ᠨᠠᠢᠮᠠᠨ ᠬᠤᠰᠢᠭᠤᠨ ᠤ ᠠᠷᠠᠳ ᠲᠦᠮᠡᠨ ᠤ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠬᠠᠮᠲᠤ ᠪᠠᠷ ᠡᠷᠡᠯᠬᠡᠭᠯᠡᠨ ᠤᠷᠤᠭᠰᠢᠯᠠᠬᠤ ᠣᠶᠤᠨ ᠰᠠᠨᠠᠭᠠᠨ ᠤ ᠳᠦᠷᠰᠦ ᠪᠠᠶᠢᠳᠠᠯ ᠪᠠ ᠰᠠᠶᠢᠨ ᠰᠠᠶᠢᠬᠠᠨ ᠳᠦᠷᠢ ᠲᠥᠷᠬᠦ ᠶᠢ ᠭᠦᠢᠴᠡᠳ ᠢᠯᠡᠷᠡᠭᠦᠯᠦᠭᠰᠡᠨ ᠪᠥᠭᠡᠳ ᠨᠠᠢᠮᠠᠨ ᠬᠤᠰᠢᠭᠤᠨ ᠤ ᠬᠥᠪᠡᠭᠦᠳ ᠥᠬᠢᠳ ᠤᠨ ᠠᠭᠤᠤ ᠶᠡᠭᠡ ᠡᠬᠡ ᠤᠯᠤᠰ ᠤᠨ ᠴᠡᠴᠡᠭᠯᠡᠨ ᠬᠦᠴᠦᠷᠬᠡᠭᠵᠢᠵᠦ᠂ ᠭᠠᠷ ᠬᠤᠯᠪᠣᠨ ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠬᠤ ᠴᠢᠩ ᠦᠨᠡᠨᠴᠢ ᠰᠡᠳᠬᠢᠯᠭᠡ ᠶᠢ ᠢᠯᠡᠳᠬᠡᠵᠡᠶ᠃
旗人民政府副旗长刘洋出席奈曼旗“建功新时代 奋进新征程”庆祝中华人民共和国成立75周年文艺演出.png
 
ᠢᠷᠡᠯᠲᠡ᠄ ᠨᠠᠢᠮᠠᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06000874号