9 ᠰᠠᠷ᠎ᠠ ᠶᠢᠨ 29 ᠤ ᠡᠳᠦᠷ᠂ ᠨᠠᠢᠮᠠᠨ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠲᠠᠪᠤᠳᠤᠭᠠᠷ ᠤᠳᠠᠭᠠᠨ ᠤ ᠬᠤᠷᠠᠯ | ᠬᠤᠷᠠᠯᠳᠤᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠡᠷᠬᠢᠯᠡᠭᠴᠢ ᠬᠠᠨ ᠹᠧᠩ ᠦ᠋ ᠬᠤᠷᠠᠯ ᠡᠷᠭᠢᠯᠡᠵᠦ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠠᠶ ᠡᠷᠳᠡᠨᠢᠪᠠᠭᠠᠲᠤᠷ᠂ ᠶᠠᠩ ᠴᠢᠩ ᠴᠦᠨ᠂ ᠯᠢ ᠰᠢᠨ | ᠬᠤᠷᠠᠯ ᠳᠤ ᠣᠷᠣᠯᠴᠠᠵᠠᠶ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠸᠠᠩ | ᠸᠧᠶ ᠱᠧᠩ᠂ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠤᠯᠠᠭᠠᠨ᠂ | ᠬᠤᠰᠢᠭᠤᠨ ᠤ ᠬᠢᠨᠠᠨ ᠪᠠᠶᠢᠴᠠᠭᠠᠬᠤ ᠵᠥᠪᠯᠡᠯ᠂ ᠠᠷᠠᠳ ᠤᠨ ᠰᠢᠭᠦᠬᠦ ᠬᠤᠷᠢᠶᠠᠨ ᠤ ᠬᠠᠮᠢᠶ᠎ᠠ ᠪᠥᠬᠦᠶ | ᠬᠠᠷᠢᠭᠤᠴᠠᠯᠭᠠᠲᠠᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ᠂ ᠲᠣᠮᠢᠯᠠᠨ ᠰᠠᠭᠤᠯᠭᠠᠭᠰᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠬᠤᠰᠢᠭᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠮᠢᠶ᠎ᠠ ᠪᠥᠬᠦᠶ ᠵᠥᠪᠯᠡᠯ ᠠᠯᠪᠠᠨ | ᠬᠡᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠵᠠᠶ᠃ ᠬᠤᠷᠠᠯ ᠠᠴᠠ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠰᠢᠲᠠᠮᠠᠬᠠᠶ ᠬᠡᠶ ᠶᠢᠨ ᠬᠠᠮᠢᠶᠠᠷᠤᠯᠲᠠ ᠶᠢᠨ ᠲᠦᠷᠢᠮ︾ ᠢ ᠬᠡᠷᠡᠭᠵᠢᠭᠦᠯᠦᠭᠰᠡᠨ | ᠪᠠᠶᠢᠳᠠᠯ ᠢ ᠪᠠᠶᠢᠴᠠᠭᠠᠭᠰᠠᠨ ᠲᠤᠬᠠᠶ ᠮᠡᠳᠡᠭᠦᠯᠦᠯᠲᠡ᠂ ᠪᠥᠬᠦ ᠬᠤᠰᠢᠭᠤᠨ ᠤ ᠪᠡᠶ᠎ᠡ ᠶᠢᠨ ᠲᠠᠮᠢᠷ ᠤᠨ ᠲᠠᠯᠠᠪᠠᠶ ᠶᠢᠨ | ᠪᠥᠲᠥᠭᠡᠨ ᠪᠠᠶᠢᠭᠤᠯᠤᠯᠲᠠ ᠶᠢ ᠬᠡᠷᠡᠭᠯᠡᠵᠦ ᠪᠠᠶᠢᠭ᠎ᠠ ᠪᠠᠶᠢᠳᠠᠯ ᠤᠨ ᠲᠤᠬᠠᠶ ᠪᠠᠶᠢᠴᠠᠭᠠᠨ ᠦᠵᠡᠭᠰᠡᠨ ᠮᠡᠳᠡᠭᠦᠯᠦᠯᠲᠡ᠂ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠰᠠᠭᠤᠷᠢᠨ ᠭᠠᠵᠠᠷ ᠤᠨ ᠪᠥᠲᠥᠭᠡᠨ | ᠪᠠᠶᠢᠭᠤᠯᠤᠯᠲᠠ ᠶᠢᠨ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢ ᠰᠣᠨᠣᠰᠴᠤ ᠬᠢᠨᠠᠨ | ᠵᠥᠪᠯᠡᠪᠡ᠃ ᠬᠤᠷᠠᠯ ᠠᠴᠠ ᠬᠤᠰᠢᠭᠤᠨ ᠤ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ᠂ ᠬᠤᠰᠢᠭᠤᠨ ᠤ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ ᠠᠵᠢᠯ ᠤᠨ ᠦᠨᠡᠯᠡᠯᠲᠡ ᠬᠢᠵᠦ᠂ ᠬᠡᠰᠡᠭ ᠬᠤᠲᠠ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠲᠤ ᠲᠤᠰᠢᠶᠠᠯ ᠤᠨ ᠮᠡᠳᠡᠭᠦᠯᠦᠯᠲᠡ ᠪᠠ | ᠦᠨᠡᠯᠡᠯᠲᠡ ᠬᠢᠪᠠ᠃ | | | |