ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠬᠤᠰᠢᠭᠤᠨ ᠳᠠᠷᠤᠭ᠎ᠠ ᠢᠦᠶ ᠶᠦᠩ ᠡᠨᠡ ᠡᠪᠦᠯ ᠢᠷᠡᠬᠦ ᠬᠠᠪᠤᠷ ᠤᠨ ᠲᠠᠷᠢᠶᠠᠯᠠᠩ ᠬᠥᠳᠡᠭᠡ ᠲᠣᠰᠬᠤᠨ ᠤ ᠳᠥᠷᠪᠡᠨ ᠵᠦᠢᠯ ᠤᠨ ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/9
    1 ᠰᠠᠷ᠎ᠠ ᠶᠢᠨ 8 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠣᠷᠣᠯᠠᠭᠴᠢ ᠬᠤᠰᠢᠭᠤᠨ ᠳᠠᠷᠤᠭ᠎ᠠ ᠢᠦᠶ ᠶᠦᠩ ᠡᠨᠡ ᠡᠪᠦᠯ ᠢᠷᠡᠬᠦ ᠬᠠᠪᠤᠷ ᠤᠨ ᠲᠠᠷᠢᠶᠠᠯᠠᠩ ᠬᠥᠳᠡᠭᠡ ᠲᠣᠰᠬᠤᠨ ᠤ ᠳᠥᠷᠪᠡᠨ ᠵᠦᠢᠯ ᠤᠨ ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠤᠳᠤᠷᠢᠳᠤᠯᠭ᠎ᠠ ᠬᠠᠨ ᠵᠠᠨ ᠹᠧᠩ᠂ ᠰᠦ᠋ ᠯᠢ ᡁᠢ ᠬᠤᠷᠠᠯ ᠳᠤ ᠣᠷᠣᠯᠴᠠᠵᠤ᠂ ᠡᠯ᠎ᠡ ᠰᠤᠮᠤ ᠰᠢᠶᠠᠩ ᠪᠠᠯᠭᠠᠰᠤ ︵ᠲᠠᠯᠠᠪᠠᠶ︶᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠵᠢᠴᠢ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
旗委副书记、政府代旗长于勇主持召开今冬明春农业农村四项重点工作调度会.jpg
    ᠬᠤᠷᠠᠯ ᠳᠡᠭᠡᠷ᠎ᠡ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠡᠨᠡ ᠡᠪᠦᠯ ᠢᠷᠡᠬᠦ ᠬᠠᠪᠤᠷ ᠤᠨ ᠲᠠᠷᠢᠶᠠᠯᠠᠩ ᠬᠥᠳᠡᠭᠡ ᠲᠣᠰᠬᠤᠨ ᠤ ᠳᠥᠷᠪᠡᠨ ᠵᠦᠢᠯ ᠤᠨ ᠭᠤᠤᠯᠳᠠᠯᠭ᠎ᠠ ᠲᠠᠢ ᠠᠵᠢᠯ ᠤᠨ ᠠᠬᠢᠴᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠵᠦ᠂ ᠬᠠᠨ ᠵᠠᠨ ᠹᠧᠩ᠂ ᠰᠦ᠋ ᠯᠢ ᡁᠢ ᠲᠣᠰ ᠲᠣᠰ ᠬᠤᠯᠪᠣᠭᠳᠠᠯ ᠪᠥᠬᠦᠶ ᠭᠤᠤᠯᠳᠠᠯᠭ᠎ᠠ ᠲᠠᠢ ᠠᠵᠢᠯ ᠤᠨ ᠲᠤᠬᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃    ᠢᠦᠢ ᠶᠦᠩ ᠴᠢᠬᠤᠯᠠᠴᠢᠯᠠᠭᠰᠠᠨ ᠨᠢ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠲᠠᠬᠢᠨ ᠭᠦᠨᠵᠡᠭᠡᠶᠢᠷᠡᠭᠦᠯᠵᠦ᠂ ᠡᠨᠡ ᠡᠪᠦᠯ ᠢᠷᠡᠬᠦ ᠬᠠᠪᠤᠷ ᠤᠨ ᠬᠥᠳᠡᠭᠡ ᠠᠵᠤ ᠠᠬᠤᠢ ᠬᠥᠳᠡᠭᠡ ᠲᠣᠰᠬᠤᠨ ᠤ ᠲᠦᠷᠪᠡᠨ ᠵᠦᠢᠯ ᠤᠨ ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠪᠦᠬᠦ ᠲᠠᠯ᠎ᠠ ᠪᠠᠷ ᠴᠢᠩᠭᠠᠳᠬᠠᠵᠤ᠂ ᠭᠤᠣᠯ ᠠᠵᠢᠯ ᠢ ᠭᠤᠣᠯ ᠪᠠᠶᠢᠷᠢ ᠠᠴᠠ ᠨᠢ ᠰᠠᠯᠭᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠠᠬᠢᠭᠤᠯᠬᠤ ᠡᠷᠴᠢᠮ ᠢᠶᠠᠨ ᠳᠠᠬᠢᠨ ᠴᠢᠩᠭᠠᠷᠠᠭᠤᠯᠵᠤ᠂ ᠭᠤᠤᠯ ᠬᠠᠷᠢᠭᠤᠴᠠᠯᠭᠠᠲᠠᠨ ᠪᠡᠶ᠎ᠡ ᠪᠠᠷ ᠢᠶᠠᠨ ᠭᠠᠷᠳᠠᠵᠤ᠂ ᠪᠡᠶ᠎ᠡ ᠪᠠᠷ ᠢᠶᠠᠨ ᠲᠣᠬᠢᠷᠠᠭᠤᠯᠵᠤ᠂ ᠪᠡᠶ᠎ᠡ ᠪᠠᠷ ᠢᠶᠠᠨ ᠠᠬᠢᠭᠤᠯᠵᠤ᠂ ᠬᠤᠷᠴᠠ ᠴᠢᠳᠠᠮᠠᠭᠠᠶ ᠬᠦᠴᠦᠨ ᠢ ᠰᠣᠩᠭᠤᠨ ᠲᠣᠮᠢᠯᠠᠵᠤ᠂ ᠪᠥᠬᠦ ᠬᠦᠴᠦᠨ ᠢᠶᠠᠷ ᠢᠶᠠᠨ ᠠᠬᠢᠭᠤᠯᠵᠤ᠂ ᠲᠣᠭᠲᠠᠭᠰᠠᠨ ᠴᠠᠭ ᠬᠤᠭᠤᠴᠠᠭ᠎ᠠ ᠶᠣᠰᠣᠭᠠᠷ ᠡᠯ᠎ᠡ  ᠵᠦᠢᠯ ᠤᠨ ᠠᠵᠢᠯ ᠤᠨ ᠡᠭᠦᠷᠭᠡ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠵᠣᠬᠢᠴᠠᠯᠳᠤᠨ ᠬᠠᠮᠵᠢᠯᠴᠠᠬᠤ ᠪᠠᠨ ᠴᠢᠩᠭᠠᠳᠬᠠᠵᠤ᠂ ᠪᠠᠶᠢᠩᠭᠤᠵᠢᠭᠰᠠᠨ ᠨᠡᠪᠲᠡᠷᠡᠯᠴᠡᠨ ᠵᠥᠪᠳᠡᠯᠴᠡᠬᠦ ᠲᠣᠭᠲᠠᠴᠠ ᠶᠢ ᠪᠠᠶᠢᠭᠤᠯᠤᠨ᠂ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ ᠲᠤᠬᠠᠶ ᠶᠢᠨ ᠭᠠᠵᠠᠷ ᠲᠤᠨᠢ ᠭᠦᠨᠵᠡᠭᠡᠶᠢᠷᠡᠨ᠂ ᠲᠤᠭ᠎ᠠ ᠪᠠᠷᠢᠮᠲᠠ ᠶᠢᠨ ᠶᠠᠰᠤ ᠴᠢᠨᠠᠷ ᠢ ᠬᠢᠨᠠᠨ ᠪᠠᠶᠢᠴᠠᠭᠠᠵᠤ᠂ ᠡᠯ᠎ᠡ ᠭᠠᠵᠠᠷ ᠢ ᠵᠢᠯᠣᠭᠤᠳᠤᠨ ᠠᠵᠢᠯ ᠤᠨ ᠦᠷ᠎ᠡ ᠪᠦᠲᠦᠭᠡᠯ ᠢᠶᠠᠨ ᠪᠠᠲᠤᠳᠬᠠᠬᠤ ᠬᠡᠷᠡᠭᠲᠡᠶ᠃ ᠬᠢᠨᠠᠨ ᠵᠢᠯᠣᠭᠤᠳᠴᠤ ᠲᠤᠬᠢᠷᠠᠭᠤᠯᠬᠤ ᠲᠠᠯ᠎ᠠ ᠪᠠᠷ ᠲᠠᠬᠢᠨ ᠣᠨᠣᠪᠴᠢᠲᠠᠢ ᠪᠠᠶᠢᠵᠤ᠂ ︽ᠱᠠᠯᠠᠪᠳᠠᠭᠤᠯᠬᠤ︾ ᠲᠠᠯ᠎ᠠ ᠪᠠᠷ ᠠᠬᠢᠭᠤᠯᠵᠤ᠂ ᠠᠰᠠᠭᠤᠳᠠᠯ ᠢ ᠡᠷᠢᠵᠦ᠂ ᠠᠬᠢᠴᠠ ᠶᠢ ᠱᠠᠯᠠᠪᠳᠠᠭᠤᠯᠵᠤ᠂ ᠶᠠᠰᠤ ᠴᠢᠨᠠᠷ ᠢ ᠠᠳᠬᠤᠬᠤ ᠪᠠᠷ ᠪᠠᠷᠠᠬᠤ ᠦᠭᠡᠢ ᠪᠠᠰᠠ ︽ᠵᠢᠯᠣᠭᠤᠳᠬᠤ︾ ᠲᠠᠯ᠎ᠠ ᠪᠠᠷ ᠬᠦᠳᠦᠯᠦᠨ ᠳᠠᠭᠠᠭᠤᠯᠵᠤ᠂ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠵᠦ᠂ ᠤᠨᠢᠨ ᠳᠡᠭᠡᠷ᠎ᠡ ᠨᠢ ᠠᠷᠭ᠎ᠠ ᠪᠤᠳᠤᠯᠭ᠎ᠠ ᠬᠡᠷᠡᠭᠵᠢᠭᠦᠯᠵᠦ᠂ ᠬᠥᠳᠡᠭᠡ ᠠᠵᠤ ᠠᠬᠤᠢ ᠬᠥᠳᠡᠭᠡ ᠲᠣᠰᠬᠤᠨ ᠪᠣᠯᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠪᠣᠳᠠᠲᠠᠢ ᠨᠠᠷᠢᠯᠢᠭ ᠨᠠᠶᠢᠳᠠᠪᠤᠷᠢᠵᠢᠭᠤᠯᠬᠤ ᠶᠢ ᠦᠨᠡᠨᠬᠦ ᠠᠬᠢᠭᠤᠯᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ᠃   
 
ᠢᠷᠡᠯᠲᠡ᠄ ᠨᠠᠢᠮᠠᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06000874号